ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ᠄ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ
2022-01-29 10:44:49
ᠵᠣᠬᠢᠶᠠᠭ᠍ᠴᠢ᠄
ᠱᠢᠤᠸᠠᠢ ᠯᠠᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠺᠠᠳ᠋ᠷ ᠠᠵᠢᠯᠳᠠᠨ ᠰᠣᠨᠢᠨ᠂ ᠲᠧᠯᠸᠢᠰ᠂ ᠰᠦᠯᠵᠢᠢ᠎ᠡ ᠵᠡᠷᠭᠡ ᠵᠠᠭᠤᠴᠢᠯᠠᠭᠤᠷ᠎ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠢ ᠨᠢᠭᠲᠠ ᠠᠩᠬᠠᠷᠴᠤ᠌ ᠦᠵᠡᠪᠡ᠃ ᠣᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠨᠡᠢᠴᠡᠵᠦ᠍᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠨᠡᠢᠴᠡᠵᠦ᠍᠂ ᠲᠣᠭ᠎ᠢ ᠥᠨᠳᠥᠷ ᠮᠠᠨᠳᠤᠭᠤᠯᠤᠭ᠍ᠰᠠᠨ᠂ ᠭᠤᠤᠯᠯᠠᠭ᠍ᠴᠢ᠎ᠶ᠋ᠢ ᠬᠠᠮᠠᠭᠠᠯᠠᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠭ᠌ᠰᠡᠨ᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠤᠭ᠍ᠰᠠᠨ ᠰᠠᠢᠨ ᠢᠯᠡᠳᠭᠡᠯ ᠪᠣᠯᠵᠠᠶ ᠭᠡᠵᠦ ᠦᠵᠡᠵᠡᠭᠡᠪᠡ᠃ ᠣᠯᠠᠨ᠎ᠢᠶᠠᠷ᠎ᠢᠶᠠᠨ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ ᠪᠥᠬᠥ᠌ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠭᠵᠢᠯᠲᠡ᠎ᠳᠤ ᠦᠶ᠋ᠯᠡᠴᠢᠯᠡᠨ ᠪᠠᠲᠤᠯᠠᠭ᠎ᠠ ᠬᠠᠩᠭᠠᠬᠤ ᠥᠪᠡᠷ᠎ᠦᠨ ᠭᠠᠷᠳᠠᠬᠤ ᠴᠡᠭ᠎ᠢᠶᠡᠨ ᠴᠢᠷᠮᠠᠢᠨ ᠣᠨᠣᠪᠴᠢᠲᠠᠶ ᠡᠷᠢᠬᠦ᠌ ᠬᠡᠷᠡᠭ᠌ᠲᠡᠶ ᠭᠡᠵᠦ ᠢᠯᠡᠳᠭᠡᠵᠡᠭᠡᠪᠡ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠡᠨᠡ ᠵᠢᠯ᠎ᠦᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠢᠶᠠ ᠶᠤᠸᠠᠢ ᠹᠸᠩ᠂ ᠪᠥᠬᠥ᠌ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ 《ᠬᠣᠷᠢᠭ᠎ᠠ ᠱᠤᠭᠤᠮ᠎ᠢ ᠰᠠᠬᠢᠬᠤ᠂ ᠬᠥᠭ᠌ᠵᠢᠯᠲᠡ᠎ᠶ᠋ᠢ ᠠᠳᠭᠤᠬᠤ᠂ ᠬᠥᠭ᠌ᠵᠢᠭᠦᠯᠦᠨ ᠮᠠᠨᠳᠤᠭᠤᠯᠬᠤ ᠵᠢ ᠠᠬᠢᠭᠤᠯᠬᠤ》ᠳᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠬᠦ᠌ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌᠎ᠶ᠋ᠢ ᠴᠢᠩᠭ᠎ᠠ ᠠᠳᠭᠤᠵᠤ᠂ ᠠᠵᠤ ᠦᠢᠯᠡᠰ ᠪᠠ ᠠᠵᠢᠯ ᠣᠯᠭᠣᠯᠲᠠ᠎ᠶ᠋ᠢ ᠠᠳᠭᠤᠨ᠂ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨ ᠪᠠ ᠤᠨᠳᠤᠤ ᠭᠠᠵᠠᠷ᠎ᠲᠤ ᠨᠡᠭᠦᠯᠭᠡᠨ ᠲᠥᠪᠯᠡᠷᠡᠭᠦᠯᠦᠨ ᠲᠥᠪᠬᠢᠨᠡᠭᠦᠯᠬᠦ᠌ ᠣᠷᠣᠨ᠎ᠤ ᠲᠠᠷᠠᠭᠠᠴᠢ᠎ᠶ᠋ᠢᠨ ᠲᠡᠳᠬᠦᠮᠵᠢ᠎ᠶ᠋ᠢ ᠨᠠᠷᠢᠯᠢᠭ ᠠᠳᠭᠤᠨ᠂ ᠡᠮᠴᠢᠯᠡᠭᠡᠨ᠎ᠦ ᠪᠠᠲᠤᠯᠠᠭ᠎ᠠ ᠪᠠ ᠤᠤᠭᠤᠬᠤ ᠤᠰᠤᠨ᠎ᠤ ᠠᠮᠤᠷ ᠲᠦᠪᠱᠢᠨ᠎ᠢ ᠴᠢᠩᠭ᠎ᠠ ᠠᠩᠬᠠᠷᠴᠤ᠂ ᠬᠥᠳᠡᠭᠡ ᠲᠣᠰᠭᠣᠨ᠎ᠤ ᠱᠢᠨ᠎ᠡ ᠮᠠᠶᠢᠭ᠎ᠤᠨ ᠬᠠᠮᠲᠤ᠎ᠶ᠋ᠢᠨ ᠠᠵᠤ ᠠᠬᠤᠶ ᠪᠠ ᠶᠠᠳᠠᠭᠤ᠎ᠶ᠋ᠢ ᠲᠡᠳᠬᠦᠬᠦ᠌ ᠲᠦᠷᠦᠯ ᠵᠦᠢᠯ᠎ᠦᠨ ᠡᠳ᠋ ᠬᠥᠷᠥᠩᠭᠡ᠎ᠶ᠋ᠢ ᠪᠣᠳᠠᠲᠠᠶ ᠠᠳᠭᠤᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠲᠥᠪ᠎ᠦᠨ ᠨᠢᠭᠡᠴᠢ᠎ᠶ᠋ᠢᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠪᠠ ᠨᠡᠢᠭᠡᠮ᠎ᠦᠨ ᠬᠦᠴᠦᠨ᠎ᠦ ᠬᠠᠪᠰᠤᠷᠤᠨ ᠲᠡᠳᠬᠦᠬᠦ᠎ᠶ᠋ᠢ ᠰᠠᠢᠲᠤᠷ ᠠᠳᠭᠤᠵᠤ᠂ ᠲᠣᠰᠭᠣᠨ᠎ᠳᠤ ᠰᠠᠭᠤᠭ᠎ᠠ ᠠᠵᠢᠯᠯᠠᠬᠤ ᠠᠩᠭᠢ ᠪᠣᠯᠤᠨ ᠬᠥᠳᠡᠭᠡ ᠲᠣᠰᠭᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠰᠠᠢᠲᠤᠷ ᠠᠰᠢᠭᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ ᠬᠡᠷᠡᠭᠲᠡᠢ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠲᠥᠯᠥᠪᠵᠢᠭᠦᠯᠭᠡ ᠡᠳ᠋᠎ᠦᠨ ᠶᠠᠪᠤᠳᠠᠯ᠎ᠤᠨ ᠭᠠᠵᠠᠷ᠎ᠤᠨ ᠳᠠᠷᠤᠭ᠎ᠠ ᠵᠠᠩ ᠭᠦᠸᠧ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂ 《ᠳᠣᠣᠷ᠎ᠠ ᠱᠠᠲᠤᠨ᠎ᠠᠴᠠ ᠲᠡᠭᠡᠷ᠎ᠡ ᠱᠠᠲᠤ ᠲᠡᠢᠰᠢ᠂ ᠲᠣᠰᠭᠣᠨ᠎ᠤ ᠠᠷᠠᠳ ᠥᠪᠡᠷᠲᠡᠭᠡᠨ ᠵᠠᠰᠠᠬᠤ᠂ ᠲᠠᠷᠢᠶᠠᠴᠢᠳ ᠣᠷᠣᠯᠴᠠᠬᠤ》ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠢᠳᠡᠪᠬᠢᠲᠡᠢ ᠯᠠᠪᠳᠠᠭᠤᠨ᠎ᠢᠶᠠᠷ ᠠᠬᠢᠭᠤᠯᠵᠤ᠂ 2022 ᠣᠨ᠎ᠤ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠴᠢᠷᠮᠠᠢᠨ ᠪᠡᠶᠡᠯᠡᠭᠦᠯᠦᠨ᠎ᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号