​《 ᠪᠠᠷᠰ ᠵᠢᠯ᠎ᠳᠤ ᠬᠠᠮᠲᠤ᠎ᠳᠠᠭᠠᠨ ᠪᠠᠶᠠᠰᠤᠶ᠎ᠡ》 ᠴᠠᠭᠠᠨ ᠰᠠᠷ᠎ᠠ᠎ᠶ᠋ᠢᠨ ᠪᠦᠲᠦᠭᠡᠯ ᠡᠯᠰᠡᠬᠦ᠌ ᠬᠥᠳᠡᠯᠭᠡᠭᠡᠨ ᠡᠬᠢᠯᠡᠪᠡ!
2022-01-29 15:48:20
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠤᠭ ᠎ᠤᠨ ᠦᠪᠡᠳᠡᠭ᠌ᠰᠢ ᠶᠡᠬᠡ ᠤᠯᠠᠮᠵᠢᠯᠠᠯᠲᠤ ᠪᠠᠶᠠᠷ᠎ᠤᠨ ᠡᠳᠦᠷ ᠪᠣᠯᠬᠤ ᠪᠥᠭᠡᠳ ᠪᠠᠰᠠ ᠭᠡᠷ ᠬᠣᠲᠠᠯᠠᠭᠠᠷ᠎ᠢᠶᠠᠨ ᠴᠤᠭ᠍ᠯᠠᠷᠠᠵᠦ᠂ ᠬᠥᠭ᠌ᠵᠢᠯ ᠮᠠᠨᠳᠤᠯ᠎ᠢ ᠪᠡᠯᠭᠡᠳᠡᠨ ᠢᠷᠡᠭᠡᠳᠦᠢ᠎ᠳᠡᠭᠡᠨ ᠱᠢᠨ᠎ᠡ ᠬᠦᠰᠡᠯ ᠬᠦᠪᠦᠷᠡᠭᠦᠯᠭᠦ ᠪᠠᠶᠠᠷ᠎ᠤᠨ ᠡᠳᠦᠷ ᠪᠣᠯᠤᠨ᠎ᠠ᠃ ᠪᠠᠶᠠᠷ ᠵᠢᠷᠭᠠᠯᠳᠤ ᠪᠠᠶᠠᠷ᠎ᠤᠨ ᠡᠳᠦᠷ᠎ᠦᠨ ᠠᠭᠤᠷ ᠠᠮᠢᠰᠭᠤᠯ᠎ᠢ ᠪᠣᠢ ᠪᠣᠯᠭᠠᠬᠤ᠎ᠶ᠋ᠢᠨ ᠲᠥᠯᠥᠭᠡ᠂ ᠲᠠᠯ᠎ᠠ ᠨᠤᠲᠤᠭ᠎ᠤᠨ ᠰᠡᠭᠦᠳᠡᠷᠯᠡᠭ᠌ᠴᠢ ᠣᠨᠴᠠᠭᠠᠢᠯᠠᠨ ᠴᠠᠭᠠᠨ ᠰᠠᠷ᠎ᠠ᠎ᠶ᠋ᠢᠨ ᠪᠦᠲᠦᠭᠡᠯ ᠡᠯᠰᠡᠬᠦ᠌ ᠬᠥᠳᠡᠯᠭᠡᠭᠡᠨ ᠡᠷᠬᠢᠯᠡᠪᠠ᠃


微信图片_20220129153703.jpg


ᠲᠠᠨ᠎ᠤ ᠴᠠᠭᠠᠨ ᠰᠠᠷ᠎ᠠ᠎ᠶ᠋ᠢᠨ ᠬᠤᠭᠤᠴᠠᠭᠠᠨ᠎ᠤ ᠬᠤᠪᠢ ᠬᠥᠮᠦᠨ᠂ ᠬᠡᠷ ᠪᠦᠯᠢ ᠪᠤᠶᠤ ᠪᠦᠯᠬᠦᠮ ᠨᠡᠢᠲᠡ᠎ᠶ᠋ᠢᠨ ᠠᠮᠢᠳᠤᠷᠠᠯ᠎ᠤᠨ᠎ᠶ᠋ᠢᠡᠨ ᠪᠠᠶᠠᠷ ᠬᠦᠷ ᠲᠠᠢ᠂ ᠮᠠᠷᠲᠠᠭ᠍ᠳᠠᠰᠢ ᠥᠬᠡᠶ ᠴᠠᠭ ᠮᠦᠴᠠ᠎ᠪᠠᠨ ᠰᠡᠭᠦᠳᠡᠷ᠂ ᠸᠢᠳᠢᠣ᠋᠎ᠶᠢᠨ ᠬᠡᠯᠪᠡᠷᠢ᠎ᠪᠡᠷ ᠲᠡᠮᠳᠡᠭ᠌ᠯᠡᠵᠦ᠂ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ᠎ᠤᠨ ᠡᠳᠦᠷ᠎ᠦᠨ ᠥᠳᠭᠡᠨ ᠵᠤᠵᠠᠭᠠᠨ ᠠᠭᠤᠷ ᠠᠮᠢᠰᠭᠤᠯ ᠪᠠ ᠪᠠᠶᠠᠷ ᠎ᠤᠨ ᠡᠳᠦᠷ᠎ᠦᠨ ᠰᠣᠶᠣᠯ᠎ᠤᠨ ᠠᠭᠤᠯᠤᠭ᠍ᠳᠠᠬᠤᠨ᠎ᠢ ᠳᠡᠯᠭᠡᠨ ᠦᠵᠡᠭᠦᠯᠵᠦ᠍᠂ ᠠᠷᠠᠳ ᠢᠷᠭᠡᠳ᠎ᠦᠨ ᠥᠭᠡᠳᠡᠯᠡᠨ ᠳᠠᠪᠱᠢᠬᠤ ᠣᠮᠣᠭ ᠵᠣᠷᠢᠭ ᠪᠠ ᠡᠬᠡ ᠣᠷᠣᠨ᠂ ᠳᠤᠮᠳᠠᠳᠤ᠎ᠶ᠋ᠢᠨ ᠦᠨᠳᠦᠰᠦᠲᠡᠨ᠎ᠳᠡᠭᠡᠨ ᠬᠢᠵᠠᠭᠠᠯᠠᠰᠢ ᠥᠬᠡᠶ ᠬᠠᠢᠷᠠᠲᠠᠶ ᠪᠠᠢᠬᠤ᠎ᠶ᠋ᠢ ᠢᠯᠡᠷᠡᠭᠦᠯᠦᠭᠰᠡᠨ ᠴᠠᠭᠠᠨ ᠰᠠᠷ᠎ᠠ᠎ᠶ᠋ᠢᠨ ᠭᠣᠢᠳᠠ ᠰᠠᠢᠬᠠᠨ ᠴᠠᠭ ᠮᠦᠴᠡ᠎ᠪᠠᠨ ᠬᠤᠪᠢᠶᠠᠯᠴᠠᠬᠤ᠎ᠵᠢ ᠴᠢᠨᠢ ᠬᠦᠰᠡᠵᠦ ᠪᠠᠢᠨ᠎ᠠ᠃

ᠲᠣᠰ ᠤᠳᠠᠭᠠᠨ᠎ᠤ ᠠᠵᠢᠯᠯᠠᠭ᠎ᠠ᠎ᠳᠤ ᠨᠢᠭᠡᠳᠦᠭᠡᠷ ᠳᠡᠰ᠎ᠤᠨ ᠱᠠᠩᠨᠠᠯ 3᠂ ᠬᠣᠶᠠᠳᠤᠭᠠᠷ ᠳᠡᠰ᠎ᠤᠨ ᠱᠠᠩᠨᠠᠯ 10᠂ ᠭᠤᠷᠪᠠᠳᠤᠭᠠᠷ ᠳᠡᠰ᠎ᠤᠨ ᠱᠠᠩᠨᠠᠯ 20 ᠵᠢ ᠱᠢᠯᠭᠠᠷᠠᠭᠤᠯᠤᠨ ᠰᠣᠩᠭᠣᠵᠤ᠂ ᠪᠠᠢᠳᠠᠯ᠎ᠢ ᠦᠵᠡᠵᠦ᠍ ᠪᠠᠢᠭᠠᠳ ᠱᠢᠯᠢᠳᠡᠭ ᠱᠠᠩᠨᠠᠯ᠎ᠢ ᠵᠣᠬᠢᠰᠲᠠᠶ ᠱᠢᠯᠭᠠᠷᠠᠭᠤᠯᠤᠨ᠎ᠠ᠃ ᠱᠠᠩᠨᠠᠯ ᠬᠦᠷᠲᠡᠭ᠌ᠴᠢ ᠲᠠᠯ᠎ᠠ ᠨᠤᠲᠤᠭ᠎ᠤᠨ ᠱᠢᠯᠵᠢᠶ᠎ᠠ ᠶ᠋ᠢᠨ ᠪᠦᠲᠦᠭᠡᠯᠴᠢ ᠰᠣᠶᠣᠯ᠎ᠤᠨ ᠪᠦᠲᠦᠭᠡᠭ᠌ᠳᠡᠬᠦᠨ᠎ᠢ ᠬᠦᠷᠳᠡᠬᠦ ᠮᠦᠷᠳᠡᠬᠡᠨ ᠱᠠᠩᠨᠠᠯ ᠣᠯᠤᠭ᠍ᠰᠠᠨ ᠪᠦᠲᠦᠭᠡᠯ᠎ᠢ ᠴᠦ᠍ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠡᠯ᠎ᠡ ᠲᠠᠪᠴᠠᠩ᠎ᠳᠤ ᠳᠡᠯᠭᠡᠨ ᠨᠡᠪᠲᠡᠷᠡᠭᠦᠯᠦᠨ᠎ᠡ᠃

ᠪᠣᠳᠠᠲᠠᠶ ᠱᠠᠭᠠᠷᠳᠠᠯᠭ᠎ᠠ ᠨᠢ ᠳᠤᠤᠷᠠᠬᠢ ᠮᠡᠲᠦ᠄

ᠨᠢᠭᠡ᠂ ᠠᠵᠢᠯᠯᠠᠭ᠎ᠠ᠎ᠶ᠋ᠢᠨ ᠭᠣᠣᠯ ᠰᠡᠳᠦᠪ

《ᠪᠠᠷᠰ ᠵᠢᠯ ᠬᠠᠮᠲᠤ᠎ᠳᠠᠭᠠᠨ ᠪᠠᠶᠠᠰᠤᠶ᠎ᠡ》 ᠭᠡᠬᠦ᠌ ᠪᠦᠲᠦᠭᠡᠯ ᠨᠢ ᠯᠠ ᠰᠠᠷ᠎ᠠ᠎ᠶ᠋ᠢᠨ ᠰᠢᠨ᠎ᠠ᠎ᠶᠢᠨ ᠨᠠᠢ᠍ᠮᠠᠨ᠂ ᠪᠠᠭ᠎ᠠ ᠱᠢᠨ᠎ᠡ᠂ ᠪᠢᠲᠡᠭᠦᠨ᠎ᠦ ᠡᠳᠦᠷ᠂ ᠴᠠᠭᠠᠨ ᠰᠠᠷ᠎ᠠ᠎ᠶ᠋ᠢᠨ ᠠᠷᠪᠠᠨ ᠲᠠᠪᠤᠨ᠎ᠤ ᠪᠠᠶᠠᠷ᠂ ᠬᠣᠶᠠᠳᠤᠭᠠᠷ ᠰᠠᠷ᠎ᠠ᠎ᠶ᠋ᠢᠨ ᠬᠣᠶᠠᠷ ᠵᠡᠷᠭᠡ ᠵᠠᠩᠭᠢᠯᠠᠭ᠎ᠠ᠎ᠶ᠋ᠢᠨ ᠴᠠᠭ᠎ᠤᠨ ᠲᠣᠭᠣᠷᠢᠨ᠎ᠳᠤ ᠬᠤᠪᠢ ᠬᠥᠮᠦᠨ᠂ ᠭᠡᠷ ᠪᠦᠯᠢ᠂ ᠪᠦᠯᠬᠦᠮ ᠨᠡᠢᠲᠡ᠎ᠶ᠋ᠢᠨ ᠠᠮᠢᠳᠤᠷᠠᠯ᠎ᠤᠨ ᠦᠯᠢᠭᠡᠷ ᠪᠣᠯᠤᠨ ᠠᠮᠢᠳᠤ ᠰᠣᠷᠭᠣᠭ ᠵᠢᠷᠤᠭ ᠳᠦᠷᠰᠦ᠎ᠶ᠋ᠢ ᠴᠤᠭ᠍ᠯᠠᠭᠤᠯᠵᠤ᠂ ᠳᠤᠮᠳᠠᠳᠤ ᠤᠯᠤᠰ᠎ᠤᠨ ᠤᠯᠠᠮᠵᠢᠯᠠᠯᠲᠤ ᠪᠠᠶᠠᠷ᠎ᠤᠨ ᠡᠳᠦᠷ᠎ᠦᠨ ᠬᠦᠷ ᠬᠥᠭ᠌ᠵᠢᠶᠡᠨ᠎ᠲᠡᠶ ᠪᠠᠶᠠᠷ ᠪᠠᠶᠠᠰᠤᠯ᠎ᠲᠠᠶ ᠥᠳᠭᠡᠨ ᠵᠤᠵᠠᠭᠠᠨ ᠠᠭᠤᠷ ᠠᠮᠢᠰᠭᠤᠯ ᠪᠣᠯᠤᠨ ᠭᠦᠨ ᠵᠤᠵᠠᠭᠠᠨ ᠪᠠᠶᠠᠷ᠎ᠤᠨ ᠡᠳᠦᠷ᠎ᠦᠨ ᠰᠣᠶᠣᠯ᠎ᠤᠨ ᠠᠭᠤᠯᠤᠭ᠍ᠳᠠᠬᠤᠨ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠪᠠᠨ ᠢᠯᠠᠯᠲᠠ᠎ᠲᠠᠶ᠎ᠪᠠᠷ ᠪᠡᠶᠡᠯᠡᠭᠦᠯᠦᠭᠡᠳ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ ᠪᠠᠢᠭ᠎ᠠ ᠪᠠᠶᠠᠷᠲᠤ ᠰᠡᠳᠭᠢᠯᠭᠡ ᠪᠣᠯᠤᠨ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠢᠯᠡᠷᠡᠭᠦᠯᠵᠦ᠍᠂ ᠠᠭᠤᠤ ᠶᠡᠬᠡ ᠡᠬᠡ ᠤᠯᠤᠰ᠂ ᠳᠤᠮᠳᠠᠳᠤ᠎ᠶ᠋ᠢᠨ ᠦᠨᠳᠦᠰᠦᠲᠡᠨ᠎ᠳᠡᠭᠡᠨ ᠬᠢᠵᠠᠭᠠᠯᠠᠰᠢ ᠦᠭᠡᠢ ᠬᠠᠯᠠᠭᠤᠨ ᠰᠡᠳᠭᠢᠯᠭᠡ ᠪᠠ ᠴᠢᠩ ᠦᠨᠡᠨᠴᠢ ᠰᠡᠳᠭᠢᠯᠭᠡ᠎ᠪᠡᠨ ᠢᠯᠡᠳᠭᠡᠭ᠌ᠰᠡᠨ ᠪᠠᠢᠬᠤ ᠬᠡᠷᠡᠭᠳᠡᠢ᠃

ᠬᠣᠶᠠᠷ᠂ ᠬᠥᠳᠡᠯᠭᠡᠭᠡᠨ ᠡᠷᠬᠢᠯᠡᠬᠦ ᠴᠠᠭ

2022 ᠣᠨ᠎ᠤ 1ᠰᠠᠷ᠎ᠠ᠎ᠶ᠋ᠢᠨ 10᠎ᠤ ᠡᠳᠦᠷ 3 ᠰᠠᠷ᠎ᠠ᠎ᠶ᠋ᠢᠨ 4᠎ᠦ ᠡᠳᠦᠷ᠃

ᠭᠤᠷᠪᠠ᠂ ᠬᠦᠳᠡᠯᠭᠡᠭᠡᠨ᠎ᠳᠦ ᠤᠷᠤᠯᠴᠠᠬᠤ ᠡᠲᠡᠭᠡᠳ

ᠥᠷᠭᠡᠨ ᠣᠯᠠᠨ ᠣᠬᠣᠷ ᠸᠢᠳᠢᠣ᠋ ᠰᠣᠨᠢᠷᠬᠠᠭ᠍ᠴᠢᠳ᠂ ᠬᠤᠪᠢ ᠬᠥᠮᠦᠨ ᠪᠠ ᠪᠦᠯᠬᠦᠮ ᠨᠡᠢᠳᠡ ᠴᠥᠮ ᠣᠷᠣᠯᠴᠠᠵᠤ ᠪᠣᠯᠤᠨ᠎ᠠ᠃

ᠳᠥᠷᠪᠡ᠂ ᠬᠦᠳᠡᠯᠭᠡᠭᠡᠨ᠎ᠤ ᠠᠭᠤᠯᠭ᠎ᠠ ᠵᠢᠴᠢ ᠱᠠᠭᠠᠷᠳᠠᠯᠭ᠎ᠠ

( ᠨᠢᠭᠡ ) ᠪᠦᠲᠦᠭᠡᠯ᠎ᠦᠨ ᠬᠡᠯᠪᠡᠷᠢ 

ᠪᠠᠶᠠᠷ᠎ᠤᠨ ᠡᠳᠦᠷ ᠵᠢᠴᠢ ᠳᠣᠲᠣᠨᠣᠰᠣᠭ ᠠᠮᠢᠳᠤᠷᠠᠯ᠎ᠤᠨ ᠲᠡᠮᠳᠡᠭ᠌ᠯᠡᠯ᠂ ᠭᠡᠷ ᠪᠦᠯᠢ᠎ᠶ᠋ᠢᠨ ᠴᠤᠭ᠍ᠯᠠᠭᠠᠨ᠂ ᠪᠠᠶᠠᠷ᠎ᠤᠨ ᠡᠳᠦᠷ᠎ᠦᠨ ᠵᠠᠩ ᠵᠠᠩᠱᠢᠯ ᠵᠡᠷᠭᠡ ᠡᠯ᠎ᠡ ᠲᠥᠷᠥᠯ᠎ᠦᠨ ᠵᠢᠷᠤᠭ ᠪᠠ ᠸᠢᠳᠢᠣ᠋ ᠪᠦᠷ ᠪᠣᠯᠤᠨ᠎ᠠ᠂ ᠸᠢᠳᠢᠣ᠋᠎ᠶ᠋ᠢᠨ ᠴᠠᠭ ᠨᠢ 3 ᠮᠢᠨᠦ᠋ᠲ ᠡᠴᠡ ᠬᠡᠲᠦᠷᠡᠬᠦ᠌ ᠦᠭᠡᠢ᠂ ᠰᠡᠳᠦᠪ ᠨᠢ ᠬᠢᠵᠠᠭᠠᠷ ᠦᠭᠡᠢ᠂ ᠤᠳᠤᠷᠢᠳᠤᠮᠵᠢ ᠨᠢ ᠵᠥᠪ᠂ ᠵᠢᠷᠤᠭ ᠨᠢ ᠲᠣᠳᠣᠷᠬᠠᠶ᠂ ᠦᠰᠦᠭ ᠪᠢᠴᠢᠭ ᠨᠢ ᠣᠨᠣᠪᠴᠢᠲᠠᠶ ᠪᠠᠢᠬᠤ᠎ᠶ᠋ᠢ ᠱᠠᠭᠠᠷᠳᠠᠨ᠎ᠠ᠃

( ᠬᠣᠶᠠᠷ ) ᠪᠦᠲᠦᠭᠡᠯ᠎ᠦᠨ ᠱᠠᠭᠠᠷᠳᠠᠯᠭ᠎ᠠ

1᠂ ᠪᠦᠲᠦᠭᠡᠯ ᠨᠢ ᠭᠣᠣᠯ ᠰᠡᠳᠦᠪ᠎ᠲᠡᠶ᠎ᠪᠡᠨ ᠨᠡᠢᠴᠡᠵᠦ᠍᠂ ᠠᠭᠤᠯᠭ᠎ᠠ ᠨᠢ ᠨᠡᠢᠭᠡᠮ᠎ᠦᠨ ᠢᠳᠡᠪᠬᠢ ᠬᠦᠴᠦᠨ᠎ᠢ ᠤᠯᠠᠮᠵᠢᠯᠠᠬᠤ᠎ᠶ᠋ᠢ ᠱᠠᠭᠠᠷᠳᠠᠨ᠎ᠠ᠃

2.ᠪᠦᠲᠦᠭᠡᠯ᠎ᠢ ᠴᠥᠮ ᠠᠩᠬᠠᠨ᠎ᠤ ᠡᠭᠦᠳᠦᠯᠲᠡ᠎ᠪᠡᠷ ᠱᠠᠭᠠᠷᠳᠠᠵᠤ᠂ ᠪᠤᠰᠤᠳ᠎ᠤᠨ ᠮᠡᠳᠡᠯᠭᠡ᠎ᠶ᠋ᠢᠨ ᠪᠦᠲᠦᠭᠡᠭ᠌ᠳᠡᠬᠦᠨ᠎ᠦ ᠥᠮᠴᠢᠯᠡᠬᠦ᠌ ᠡᠷᠬᠡ᠂ ᠨᠡᠷ᠎ᠡ ᠬᠦᠨᠳᠦ᠍᠎ᠶ᠋ᠢᠨ ᠡᠷᠬᠡ ᠪᠤᠶᠤ ᠬᠤᠪᠢ᠎ᠶ᠋ᠢᠨ ᠨᠢᠭᠤᠴᠠ᠎ᠶ᠋ᠢᠨ ᠡᠷᠬᠡ᠎ᠳᠦ ᠬᠠᠯᠳᠠᠵᠤ ᠪᠣᠯᠬᠤ ᠥᠬᠡᠶ᠂ ᠬᠤᠯᠠᠭᠠᠢᠯᠠᠬᠤ ᠪᠤᠶᠤ ᠬᠠᠭᠤᠯᠵᠤ ᠪᠣᠯᠬᠤ ᠦᠭᠡᠢ᠃

3.ᠭᠤᠤᠯᠯᠠᠨ ᠡᠷᠭᠢᠯᠡᠭ᠌ᠰᠡᠨ ᠲᠠᠯ᠎ᠠ ᠨᠢ ᠴᠤᠭ᠍ᠯᠠᠭᠤᠯᠤᠭ᠍ᠰᠠᠨ ᠪᠦᠲᠦᠭᠡᠯ᠎ᠢᠶᠡᠨ ᠢᠯᠡ᠎ᠪᠡᠷ ᠳᠡᠯᠭᠡᠨ ᠦᠵᠡᠭᠦᠯᠬᠦ᠌ ᠪᠠ ᠬᠡᠷᠡᠭ᠎ᠦᠨ ᠵᠢᠱ᠌ᠢᠶ᠎ᠡ ᠪᠡᠷ ᠵᠢᠭᠠᠨ ᠰᠤᠷᠭᠠᠬᠤ᠎ᠳᠤ ᠬᠡᠷᠡᠭ᠌ᠯᠡᠬᠦ᠌ ᠡᠷᠬᠡ᠎ᠲᠡᠶ᠃

4.ᠪᠦᠲᠦᠭᠡᠯ᠎ᠦᠨ ᠬᠡᠪᠯᠡᠯ᠎ᠦᠨ ᠡᠷᠬᠡ ᠨᠢ ᠠᠵᠢᠯᠯᠠᠭ᠎ᠠ᠎ᠶ᠋ᠢ ᠭᠤᠤᠯᠯᠠᠨ ᠡᠷᠭᠢᠯᠡᠭ᠌ᠰᠡᠨ ᠲᠠᠯ᠎ᠠ᠎ᠳᠤ ᠥᠮᠴᠢᠯᠡᠭ᠌ᠳᠡᠨ᠎ᠡ᠂ ᠠᠵᠢᠯᠯᠠᠭ᠎ᠠ᠎ᠶ᠋ᠢ ᠭᠤᠤᠯᠯᠠᠨ ᠡᠷᠭᠢᠯᠡᠭ᠌ᠰᠡᠨ ᠲᠠᠯ᠎ᠠ ᠨᠢ ᠴᠤᠭ᠍ᠯᠠᠭᠤᠯᠤᠭ᠍ᠰᠠᠨ ᠪᠦᠲᠦᠭᠡᠯ᠎ᠢ ᠢᠯᠡ᠎ᠪᠡᠷ ᠨᠡᠢᠲᠡᠯᠡᠬᠦ᠌᠂ ᠨᠡᠪᠲᠡᠷᠡᠭᠦᠯᠬᠦ᠌᠂ ᠳᠡᠯᠭᠡᠨ ᠦᠵᠡᠭᠦᠯᠬᠦ᠌ ᠵᠡᠷᠭᠡ ᠡᠷᠬᠡ᠎ᠲᠡᠶ᠃

5. ᠲᠣᠰ ᠡᠬᠡ ᠪᠢᠴᠢᠭ᠎ᠦᠨ ᠲᠤᠬᠠᠶ ᠮᠡᠳᠡᠭ᠌ᠳᠡᠯ ᠪᠠᠭᠤᠯᠭᠠᠬᠤ ᠡᠷᠬᠡ ᠨᠢ ᠭᠤᠤᠯᠯᠠᠨ ᠡᠷᠭᠢᠯᠡᠭ᠌ᠰᠡᠨ ᠨᠢᠭᠡᠴᠢ᠎ᠳᠦ ᠬᠠᠷᠢᠶᠠᠯᠠᠭ᠍ᠳᠠᠨ᠎ᠠ᠃ ᠡᠬᠡ ᠪᠢᠴᠢᠭ ᠥᠭ᠌ᠭᠦᠭ᠌ᠰᠡᠳ᠎ᠢ ᠲᠤᠰ ᠡᠬᠡ ᠪᠢᠴᠢᠭ ᠡᠯᠰᠡᠬᠦ᠌ ᠮᠡᠳᠡᠭ᠌ᠳᠡᠯ᠎ᠦᠨ ᠪᠤᠶ ᠪᠦᠬᠦᠢ ᠲᠣᠭ᠍ᠲᠠᠭᠠᠯ᠎ᠢ ᠵᠥᠪᠱᠢᠶᠡᠷᠡᠭ᠌ᠰᠡᠨ᠎ᠢᠶᠡᠷ ᠦᠵᠡᠨ᠎ᠡ᠃

( ᠭᠤᠷᠪᠠ ) ᠣᠷᠣᠯᠴᠠᠬᠤ ᠠᠷᠭ᠎ᠠ ᠮᠠᠶᠢᠭ

(1) ᠡᠬᠡ ᠪᠢᠴᠢᠭ ᠢᠯᠡᠭᠡᠬᠦ᠌ ᠠᠷᠭ᠎ᠠ ᠮᠠᠶᠢᠭ᠄ ᠲᠠᠯ᠎ᠠ ᠨᠤᠲᠤᠭ᠎ᠤᠨ ᠰᠢᠯᠵᠢᠶ᠎ᠠ᠎ᠶᠢᠨ ᠲᠠᠯ᠎ᠠ ᠨᠤᠲᠤᠭ᠎ᠤᠨ ᠰᠡᠭᠦᠳᠡᠷᠯᠡᠭ᠌ᠴᠢ᠎ᠶᠢᠨ ᠰᠤᠪᠠᠭ᠎ᠲᠤ ᠪᠦᠲᠦᠭᠡᠯ᠎ᠶ᠋ᠢᠡᠨ ᠳᠠᠮᠵᠢᠭᠤᠯᠬᠤ᠎ᠶ᠋ᠢᠨ ᠬᠠᠮᠲᠤ 《ᠪᠠᠷᠰ ᠵᠢᠯ ᠬᠠᠮᠲᠤ᠎ᠳᠠᠭᠠᠨ ᠪᠠᠶᠠᠰᠤᠶ᠎ᠡ》 ᠶᠠᠷᠢᠶᠠᠨ᠎ᠤ ᠰᠡᠳᠦᠪ ᠨᠡᠮᠡᠨ᠎ᠡ᠃

(2) ᠮᠠᠭ᠍ᠲᠠᠭᠠᠯ᠎ᠤᠨ ᠠᠷᠭ᠎ᠠ ᠮᠠᠶᠢᠭ᠄

ᠲᠠᠯ᠎ᠠ ᠨᠤᠲᠤᠭ᠎ᠤᠨ ᠰᠢᠯᠵᠢᠶ᠎ᠠ ( ᠳᠤᠤᠷ᠎ᠠ ᠲᠠᠯ᠎ᠠ᠎ᠶ᠋ᠢᠨ ᠬᠣᠶᠠᠷ ᠬᠡᠮᠵᠢᠯᠳᠦ ᠺᠣᠳ᠋᠎ᠢ ᠱᠢᠷᠪᠢᠵᠦ᠍ ᠪᠠᠭᠤᠯᠭᠠᠨ ᠤᠭ᠍ᠰᠠᠷᠠᠨ᠎ᠠ )᠎ᠶ᠋ᠢ ᠨᠡᠭᠡᠭᠡᠵᠦ᠍᠂ 《ᠰᠡᠭᠦᠳᠡᠷᠯᠡᠭ᠌ᠴᠢ》᠎ᠶᠢᠨ ᠰᠤᠪᠠᠭ᠎ᠲᠤ ᠣᠷᠣᠵᠤ᠂ ᠲᠠᠨ᠎ᠤ ᠳᠤᠷᠠᠲᠠᠶ ᠪᠦᠲᠦᠭᠡᠯ᠎ᠳᠦ ᠪᠠᠨ ᠮᠠᠭ᠍ᠲᠠᠭᠠᠯ ᠬᠦᠷᠭᠡᠨ᠎ᠠ᠃


微信图片_20220129160033.png


ᠬᠠᠷᠢᠯᠴᠠᠬᠤ ᠬᠥᠮᠦᠨ᠄

ᠱᠢᠤᠢ ᠢᠩ ( 18648004488 )

ᠨᠢᠤ ᠹᠠᠨ ( 13674820747 )

( ᠳᠥᠷᠪᠡ ) ᠱᠠᠩᠨᠠᠯ᠎ᠤᠨ ᠵᠦᠶ᠋ᠯ᠎ᠦᠨ ᠪᠠᠢᠷᠢᠯᠠᠭᠤᠯᠤᠯᠲᠠ

ᠲᠣᠰ ᠤᠳᠠᠭᠠᠨ᠎ᠤ ᠠᠵᠢᠯᠯᠠᠭ᠎ᠠ᠎ᠨᠢ ᠡᠯᠰᠡᠨ ᠴᠤᠭ᠍ᠯᠠᠭᠤᠯᠤᠭ᠍ᠰᠠᠨ ᠣᠬᠣᠷ ᠸᠢᠳᠢᠣ᠋᠎ᠳᠤ ᠱᠠᠩᠨᠠᠯ ᠱᠢᠯᠭᠠᠷᠠᠭᠤᠯᠵᠤ᠂ ᠨᠢᠭᠡᠳᠦᠭᠡᠷ ᠳᠡᠰ᠎ᠤᠨ ᠱᠠᠩᠨᠠᠯ 3᠂ ᠬᠣᠶᠠᠳᠤᠭᠠᠷ ᠳᠡᠰ᠎ᠤᠨ ᠱᠠᠩᠨᠠᠯ 10᠂ ᠭᠤᠷᠪᠠᠳᠤᠭᠠᠷ ᠳᠡᠰ᠎ᠤᠨ ᠱᠠᠩᠨᠠᠯ 20 ᠲᠣᠬᠢᠷᠠᠭᠤᠯᠵᠤ᠂ ᠡᠯᠰᠡᠨ ᠴᠤᠭ᠍ᠯᠠᠭᠤᠯᠤᠭ᠍ᠰᠠᠨ ᠪᠦᠲᠦᠭᠡᠯ᠎ᠦᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠤᠨ ᠪᠠᠢᠳᠠᠯ᠎ᠢ ᠦᠨᠳᠦᠰᠦᠯᠡᠨ᠂ ᠱᠢᠯᠢᠳᠡᠭ ᠱᠠᠩᠨᠠᠯ᠎ᠢ ᠵᠣᠬᠢᠰᠲᠠᠶ ᠱᠢᠯᠭᠠᠷᠠᠭᠤᠯᠤᠨ᠎ᠠ᠃ ᠱᠠᠩᠨᠠᠯ ᠬᠦᠷᠲᠡᠭ᠌ᠴᠢ ᠲᠠᠯ᠎ᠠ ᠨᠤᠲᠤᠭ᠎ᠤᠨ ᠰᠢᠯᠵᠢᠶ᠎ᠠ᠎ᠶᠢᠨ ᠰᠣᠶᠣᠯ᠎ᠤᠨ ᠡᠭᠦᠳᠦᠯᠲᠡ᠎ᠶ᠋ᠢᠨ ᠪᠦᠲᠦᠭᠡᠭ᠌ᠳᠡᠬᠦᠨ᠎ᠦ ᠳᠤᠷᠠᠰᠭᠠᠯ᠎ᠢ ᠬᠦᠷᠳᠡᠬᠦ ᠪᠣᠯᠤᠨ᠎ᠠ᠃ ᠲᠠᠯ᠎ᠠ ᠨᠤᠲᠤᠭ᠎ᠤᠨ ᠰᠡᠭᠦᠳᠡᠷᠯᠡᠭ᠌ᠴᠢ ᠡᠯᠰᠡᠨ ᠱᠢᠯᠭᠠᠷᠠᠭᠤᠯᠬᠤ ᠠᠵᠢᠯᠯᠠᠭ᠎ᠠ ᠳᠠᠭᠤᠰᠤᠭ᠍ᠰᠠᠨ᠎ᠤ ᠳᠠᠷᠠᠭ᠎ᠠ ᠱᠠᠩᠨᠠᠯ ᠣᠯᠤᠭ᠍ᠰᠠᠨ ᠨᠡᠷᠡᠰ᠎ᠢ ᠨᠡᠢᠲᠡᠯᠡᠨ᠎ᠡ᠃

ᠲᠠᠪᠤ᠂ ᠪᠦᠲᠦᠭᠡᠯ᠎ᠦᠨ ᠦᠵᠡᠭᠦᠯᠭᠡ 

ᠲᠣᠰ ᠤᠳᠠᠭᠠᠨ᠎ᠤ ᠬᠦᠳᠡᠯᠭᠡᠭᠡᠨ᠎ᠳᠤ ᠴᠤᠭ᠍ᠯᠠᠭᠤᠯᠤᠭ᠍ᠰᠠᠨ ᠱᠠᠩᠨᠠᠯ ᠣᠯᠤᠭ᠍ᠰᠠᠨ ᠪᠦᠲᠦᠭᠡᠯ᠎ᠢ ᠲᠠᠯ᠎ᠠ ᠨᠤᠲᠤᠭ᠎ᠤᠨ ᠰᠢᠯᠵᠢᠶ᠎ᠠ᠂ ᠬᠦᠯᠦᠭ ᠰᠢᠯᠵᠢᠶ᠎ᠠ᠂ ᠥᠪᠥᠷ ᠮᠣᠩᠭᠣᠯ᠎ᠤᠨ ᠰᠣᠨᠢᠨ ᠮᠡᠳᠡᠭᠡᠨ ᠎ᠦ ᠰᠦᠯᠵᠢᠶ᠎ᠡ᠂ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡᠨ᠎ᠦ ᠰᠦᠯᠵᠢᠶ᠎ᠡ᠂ ᠤᠮᠠᠷᠠᠳᠦ᠎ᠶᠢᠨ ᠰᠦᠯᠵᠢᠶ᠎ᠡ᠂ ᠥᠪᠥᠷ ᠮᠣᠩᠭᠣᠯ ᠎ᠤᠨ ᠡᠳᠦᠷ᠎ᠦᠨ ᠰᠣᠨᠢᠨ᠎ᠤ ᠠᠯᠪᠠᠨ᠎ᠤ ᠵᠢᠷᠬᠢᠶ᠎ᠠ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠠᠯᠪᠠᠨ᠎ᠤ ᠪᠢᠴᠢᠯ ᠪᠦᠷᠭᠡ ᠵᠡᠷᠭᠡ ᠲᠠᠪᠴᠠᠩ᠎ᠳᠤ ᠳᠡᠯᠭᠡᠨ ᠨᠡᠪᠲᠡᠷᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号