
1
ᠰᠠᠷ᠎ᠠ
ᠵᠢᠨ 28᠎ᠤ᠋
ᠡᠳᠦᠷ᠂ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ᠍ ᠢᠷᠡᠬᠦ᠌
ᠲᠠᠱᠢᠷᠠᠮ᠎ᠢᠶᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ
ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠳᠤᠮᠳᠠ ᠬᠡᠰᠡᠭ᠎ᠦᠨ ᠪᠠᠢᠯᠳᠤᠭᠠᠨ᠎ᠤ ᠲᠣᠭᠣᠷᠢᠭ᠎ᠲᠤ
ᠠᠵᠢᠯ ᠪᠠᠢᠴᠠᠭᠠᠨ ᠪᠤᠯᠭᠤᠭᠠᠨ ᠲᠣᠬᠣᠨᠢᠭᠤᠯᠵᠤ᠂ ᠨᠠᠮ᠎ᠤᠨ ᠲᠥᠪ ᠬᠣᠷᠢᠶ᠎ᠠ ᠪᠠ ᠲᠥᠪ᠎ᠦᠨ ᠴᠡᠷᠢᠭ᠎ᠦᠨ ᠶᠠᠪᠤᠳᠠᠯ᠎ᠤᠨ
ᠬᠣᠷᠢᠶᠠᠨ᠎ᠤ ᠡᠮᠦᠨ᠎ᠡ᠎ᠡᠴᠡ ᠠᠷᠠᠳ᠎ᠤᠨ ᠴᠢᠯᠥᠭᠡᠯᠡᠬᠦ᠌ ᠴᠡᠷᠢᠭ᠎ᠦᠨ ᠪᠦᠬᠦ᠌ ᠵᠢᠯᠤᠭᠤᠳᠤᠬ᠍ᠴᠢ ᠪᠠᠢᠯᠳᠤᠭ᠍ᠴᠢ᠂
ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ᠂ ᠴᠡᠷᠢᠭ ᠠᠩᠬᠢ᠎ᠶ᠋ᠢᠨ ᠪᠢᠴᠢᠭ᠎ᠦᠨ
ᠲᠤᠱᠢᠶᠠᠯᠲᠠᠨ᠂ ᠡᠷᠦᠭᠡ᠎ᠶ᠋ᠢᠨ ᠴᠡᠷᠢᠭ᠎ᠦᠨ ᠪᠡᠯᠡᠳᠭᠡᠯ ᠠᠯᠪᠠᠨ᠎ᠤ ᠬᠥᠮᠦᠰ᠎ᠲᠦ ᠴᠢᠩ ᠰᠡᠳᠭᠢᠯ᠎ᠦᠨ ᠮᠡᠨᠳᠦᠴᠢᠯᠡᠯ
ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃ ᠵᠢᠷᠤᠭ ᠪᠤᠯ ᠰᠢ ᠵᠢᠨ ᠫᠢᠩ ᠳᠤᠮᠳᠠ ᠬᠡᠰᠡᠭ᠎ᠦᠨ ᠪᠠᠢᠯᠳᠤᠭᠠᠨ᠎ᠤ
ᠲᠣᠭᠣᠷᠢᠭ᠎ᠤᠨ ᠬᠠᠮᠲᠤᠷᠠᠭ᠍ᠰᠠᠨ ᠪᠠᠢᠯᠳᠤᠭᠠᠨ᠎ᠤ ᠵᠢᠯᠣᠭᠣᠳᠭᠤ ᠲᠥᠪ᠎ᠲᠦ ᠬᠦᠷᠴᠦ᠍᠂ ᠪᠠᠢᠯᠳᠤᠭᠠᠨ᠎ᠤ ᠲᠣᠭᠣᠷᠢᠭ᠎ᠤᠨ
ᠭᠠᠳᠠᠭᠠᠳᠤ᠎ᠳᠠᠬᠢ ᠡᠩᠬᠡ ᠲᠠᠢᠪᠤᠩ᠎ᠢ ᠬᠠᠮᠠᠭᠠᠯᠠᠬᠤ ᠶᠠᠪᠠᠭᠠᠨ
ᠴᠡᠷᠢᠭ᠎ᠦᠨ ᠪᠠᠲ᠋ᠯᠢᠶᠣᠨ᠂ ᠪᠠᠷᠢᠯᠭ᠎ᠠ᠎ᠶ᠋ᠢᠨ ᠴᠡᠷᠢᠭ᠎ᠦᠨ ᠬᠤᠪᠢᠶᠠᠷᠢ ᠠᠩᠬᠢ᠂ ᠡᠮᠴᠢᠯᠡᠭᠡᠨ᠎ᠦ ᠬᠤᠪᠢᠶᠠᠷᠢ ᠠᠩᠬᠢ᠂
ᠡᠭ᠌ᠴᠡ ᠨᠢᠰᠭᠡᠯ᠎ᠦᠨ ᠬᠤᠪᠢᠶᠠᠷᠢ ᠠᠩᠬᠢ ᠲᠠᠶ ᠸᠢᠳᠢᠣ᠋᠎ᠪᠠᠷ ᠶᠠᠷᠢᠯᠴᠠᠪᠠ᠃
ᠰᠢᠨᠬᠤᠸᠠ ᠬᠤᠷᠢᠶᠠᠨᠦ ᠰᠤᠷᠪᠤᠯᠵᠢᠯᠠᠭᠴᠢ ᠯᠢ ᠭᠠᠩ
ᠰᠡᠬᠦᠳᠡᠷᠯᠡᠪᠡ

1
ᠰᠠᠷ᠎ᠠ
ᠵᠢᠨ 28᠎ᠤ᠋
ᠡᠳᠦᠷ᠂ ᠳᠤᠮᠳᠠᠳᠤ᠎ᠶ᠋ᠢᠨ ᠦᠨᠳᠦᠰᠦᠲᠡᠨ᠎ᠦ ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ᠍ ᠢᠷᠡᠬᠦ᠌
ᠲᠠᠱᠢᠷᠠᠮ᠎ᠢᠶᠠᠷ᠂ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ
ᠶᠠᠪᠤᠳᠠᠯ᠎ᠤᠨ ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ ᠳᠤᠮᠳᠠ ᠬᠡᠰᠡᠭ᠎ᠦᠨ ᠪᠠᠢᠯᠳᠤᠭᠠᠨ᠎ᠤ ᠲᠣᠭᠣᠷᠢᠭ᠎ᠲᠤ
ᠠᠵᠢᠯ ᠪᠠᠢᠴᠠᠭᠠᠨ ᠪᠤᠯᠭᠤᠭᠠᠨ ᠲᠣᠬᠣᠨᠢᠭᠤᠯᠵᠤ᠂ ᠨᠠᠮ᠎ᠤᠨ
ᠲᠥᠪ ᠬᠣᠷᠢᠶ᠎ᠠ ᠪᠠ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠡᠴᠡ ᠠᠷᠠᠳ᠎ᠤᠨ ᠴᠢᠯᠥᠭᠡᠯᠡᠬᠦ᠌
ᠴᠡᠷᠢᠭ᠎ᠦᠨ ᠪᠦᠬᠦ᠌ ᠵᠢᠯᠤᠭᠤᠳᠤᠬ᠍ᠴᠢ ᠪᠠᠢᠯᠳᠤᠭ᠍ᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ
ᠳᠠᠷᠤᠭ᠎ᠠ ᠪᠠᠢᠯᠳᠤᠭ᠍ᠴᠢ᠂ ᠴᠡᠷᠢᠭ ᠠᠩᠬᠢ᠎ᠶ᠋ᠢᠨ ᠪᠢᠴᠢᠭ᠎ᠦᠨ ᠲᠤᠱᠢᠶᠠᠯᠲᠠᠨ᠂ ᠡᠷᠦᠭᠡ᠎ᠶ᠋ᠢᠨ ᠴᠡᠷᠢᠭ᠎ᠦᠨ ᠪᠡᠯᠡᠳᠭᠡᠯ
ᠠᠯᠪᠠᠨ᠎ᠤ ᠬᠥᠮᠦᠰ᠎ᠲᠦ ᠴᠢᠩ ᠰᠡᠳᠭᠢᠯ᠎ᠦᠨ ᠮᠡᠨᠳᠦᠴᠢᠯᠡᠯ ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃
ᠵᠢᠷᠤᠭ ᠪᠤᠯ ᠰᠢ ᠵᠢᠨ ᠫᠢᠩ ᠳᠤᠮᠳᠠ ᠬᠡᠰᠡᠭ᠎ᠤᠨ ᠪᠠᠢᠯᠳᠤᠭᠠᠨ᠎ᠤ ᠲᠣᠭᠣᠷᠢᠭ᠎ᠤᠨ ᠳᠠᠷᠤᠭ᠎ᠠ ᠪᠠᠢᠯᠳᠤᠭ᠍ᠴᠢᠳ᠎ᠤᠨ
ᠲᠥᠯᠥᠭᠡᠯᠡᠭ᠌ᠴᠢᠳ᠎ᠲᠡᠶ ᠳᠣᠲᠣᠨᠣ᠎ᠪᠠᠷ ᠠᠭᠤᠯᠵᠠᠵᠤ᠂ ᠤᠯᠠᠨ᠎ᠲᠠᠶ ᠬᠠᠮᠲᠤ᠎ᠶ᠋ᠢᠨ ᠬᠡᠷᠡᠯ ᠵᠢᠷᠤᠭ ᠲᠠᠲᠠᠭᠤᠯᠵᠤ
ᠳᠤᠷᠠᠰᠭᠠᠯ ᠦᠯᠡᠳᠡᠭᠡᠪᠡ᠃
ᠰᠢᠨᠬᠤᠸᠠ ᠬᠤᠷᠢᠶᠠᠨᠦ ᠰᠤᠷᠪᠤᠯᠵᠢᠯᠠᠭᠴᠢ ᠯᠢ ᠭᠠᠩ ᠰᠡᠬᠦᠳᠡᠷᠯᠡᠪᠡ
ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ
28
ᠤ᠋
ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠮᠧᠢ ᠴᠠᠩ ᠸᠧᠢ ) ᠳᠤᠮᠳᠠᠳᠤ᠎ᠶ᠋ᠢᠨ
ᠦᠨᠳᠦᠰᠦᠲᠡᠨ᠎ᠦ ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ᠍ ᠢᠷᠡᠬᠦ᠌ ᠲᠠᠱᠢᠷᠠᠮ᠎ᠢᠶᠠᠷ᠂
ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ
ᠬᠣᠷᠢᠶᠠᠨ᠎ᠤ ᠲᠡᠷᠢᠭᠦᠯᠡᠭ᠌ᠴᠢ ᠰᠢ ᠵᠢᠨ ᠫᠢᠩ 28᠎ᠤ᠋ ᠡᠳᠦᠷ ᠳᠤᠮᠳᠠ ᠬᠡᠰᠡᠭ᠎ᠦᠨ ᠪᠠᠢᠯᠳᠤᠭᠠᠨ᠎ᠤ ᠲᠣᠭᠣᠷᠢᠭ᠎ᠲᠤ ᠠᠵᠢᠯ ᠪᠠᠢᠴᠠᠭᠠᠨ ᠪᠤᠯᠭᠤᠭᠠᠨ ᠲᠣᠬᠣᠨᠢᠭᠤᠯᠵᠤ᠂ ᠨᠠᠮ᠎ᠤᠨ ᠲᠥᠪ ᠬᠣᠷᠢᠶ᠎ᠠ ᠪᠠ ᠲᠥᠪ᠎ᠦᠨ ᠴᠡᠷᠢᠭ᠎ᠦᠨ
ᠶᠠᠪᠤᠳᠠᠯ᠎ᠤᠨ ᠬᠣᠷᠢᠶᠠᠨ᠎ᠤ ᠡᠮᠦᠨ᠎ᠡ᠎ᠡᠴᠡ ᠠᠷᠠᠳ᠎ᠤᠨ ᠴᠢᠯᠥᠭᠡᠯᠡᠬᠦ᠌ ᠴᠡᠷᠢᠭ᠎ᠦᠨ ᠪᠦᠬᠦ᠌ ᠵᠢᠯᠤᠭᠤᠳᠤᠬ᠍ᠴᠢ
ᠪᠠᠢᠯᠳᠤᠭ᠍ᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ᠂ ᠴᠡᠷᠢᠭ ᠠᠩᠬᠢ᠎ᠶ᠋ᠢᠨ
ᠪᠢᠴᠢᠭ᠎ᠦᠨ ᠲᠤᠱᠢᠶᠠᠯᠲᠠᠨ᠂ ᠡᠷᠦᠭᠡ᠎ᠶ᠋ᠢᠨ ᠴᠡᠷᠢᠭ᠎ᠦᠨ ᠪᠡᠯᠡᠳᠭᠡᠯ ᠠᠯᠪᠠᠨ᠎ᠤ ᠬᠥᠮᠦᠰ᠎ᠲᠦ ᠴᠢᠩ ᠰᠡᠳᠭᠢᠯ᠎ᠦᠨ
ᠮᠡᠨᠳᠦᠴᠢᠯᠡᠯ ᠪᠠ ᠴᠠᠭᠠᠨ ᠰᠠᠷ᠎ᠠ᠎ᠶ᠋ᠢᠨ ᠵᠥᠩᠨᠡᠯ ᠳᠡᠪᠱᠢᠭᠦᠯᠪᠡ᠃
ᠴᠠᠭᠠᠨ ᠰᠠᠷ᠎ᠠ ᠣᠢᠷᠠᠳᠬᠤᠶᠠ᠂ ᠨᠡᠢᠰᠯᠡᠯ ᠪᠡᠭᠡᠵᠢᠩ᠎ᠳᠦ ᠪᠠᠶᠠᠷ᠎ᠤᠨ ᠡᠳᠦᠷ᠎ᠤᠨ
ᠠᠭᠤᠷ ᠠᠮᠢᠰᠭᠤᠯ᠎ᠢᠶᠠᠷ ᠪᠢᠯᠬᠠᠨ᠎ᠠ᠃ ᠦᠳᠡ᠎ᠶ᠋ᠢᠨ ᠬᠣᠢᠨᠠᠬᠢ 4 ᠴᠠᠭ᠎ᠤᠨ
ᠦᠶ᠎ᠡ᠎ᠪᠡᠷ᠂ ᠰᠢ ᠵᠢᠨ ᠫᠢᠩ ᠳᠤᠮᠳᠠ ᠬᠡᠰᠡᠭ᠎ᠦᠨ ᠪᠠᠢᠯᠳᠤᠭᠠᠨ᠎ᠤ ᠲᠣᠭᠣᠷᠢᠭ᠎ᠤᠨ ᠬᠠᠮᠲᠤᠷᠠᠭ᠍ᠰᠠᠨ ᠪᠠᠢᠯᠳᠤᠭᠠᠨ᠎ᠤ
ᠵᠢᠯᠣᠭᠣᠳᠭᠤ ᠲᠥᠪ᠎ᠲᠦ ᠬᠦᠷᠴᠦ᠍᠂ ᠶᠠᠭᠤᠨ᠎ᠤ ᠡᠮᠦᠨ᠎ᠡ ᠪᠠᠢᠯᠳᠤᠭᠠᠨ᠎ᠤ ᠲᠣᠭᠣᠷᠢᠭ᠎ᠤᠨ ᠪᠦᠲᠦᠭᠡᠨ ᠪᠠᠢᠭᠤᠯᠤᠯᠲᠠ
ᠪᠣᠯᠤᠨ ᠪᠠᠢᠯᠳᠤᠭᠠᠨ᠎ᠤ ᠲᠣᠭᠣᠷᠢᠭ᠎ᠤᠨ ᠬᠠᠮᠲᠤᠷᠠᠭ᠍ᠰᠠᠨ ᠵᠢᠯᠣᠭᠣᠳᠭᠤ ᠲᠥᠪ᠎ᠦᠨ ᠠᠵᠢᠯᠯᠠᠭᠠᠨ᠎ᠤ ᠪᠠᠢᠳᠠᠯ᠎ᠢ
ᠲᠤᠰᠭᠠᠭ᠍ᠰᠠᠨ ᠤᠯᠠᠨ ᠵᠠᠭᠤᠴᠢᠲᠤ ᠹᠢᠯᠢᠮ᠎ᠢ ᠦᠵᠡᠵᠦ᠍᠂ ᠬᠣᠯᠪᠣᠭ᠍ᠳᠠᠯ ᠪᠦᠬᠦᠢ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ
ᠰᠣᠨᠣᠰᠴᠠᠢ᠃
ᠳᠠᠷᠠᠭ᠎ᠠ ᠨᠢ᠂ ᠰᠢ ᠵᠢᠨ ᠫᠢᠩ ᠳᠤᠮᠳᠠ ᠬᠡᠰᠡᠭ᠎ᠤᠨ ᠪᠠᠢᠯᠳᠤᠭᠠᠨ᠎ᠤ ᠲᠣᠭᠣᠷᠢᠭ᠎ᠤᠨ
ᠭᠠᠳᠠᠭᠠᠳᠤ᠎ᠳᠠᠬᠢ ᠡᠩᠬᠡ ᠲᠠᠢᠪᠤᠩ᠎ᠢ ᠬᠠᠮᠠᠭᠠᠯᠠᠬᠤ ᠬᠤᠪᠢᠶᠠᠷᠢ ᠠᠩᠭᠢ᠎ᠲᠠᠶ ᠸᠢᠳᠢᠣ᠋᠎ᠪᠠᠷ ᠶᠠᠷᠢᠯᠴᠠᠪᠠ᠃ ᠡᠩᠬᠡ
ᠲᠠᠢᠪᠤᠩ᠎ᠢ ᠬᠠᠮᠠᠭᠠᠯᠠᠬᠤ ᠶᠠᠪᠠᠭᠠᠨ ᠴᠡᠷᠢᠭ᠎ᠦᠨ ᠪᠠᠲ᠋ᠯᠢᠶᠣᠨ᠂ ᠪᠠᠷᠢᠯᠭ᠎ᠠ᠎ᠶ᠋ᠢᠨ ᠴᠡᠷᠢᠭ᠎ᠦᠨ ᠬᠤᠪᠢᠶᠠᠷᠢ
ᠠᠩᠬᠢ᠂ ᠡᠮᠴᠢᠯᠡᠭᠡᠨ᠎ᠦ ᠬᠤᠪᠢᠶᠠᠷᠢ ᠠᠩᠬᠢ᠂ ᠡᠭ᠌ᠴᠡ ᠨᠢᠰᠭᠡᠯ᠎ᠦᠨ ᠬᠤᠪᠢᠶᠠᠷᠢ ᠠᠩᠬᠢ᠎ᠶ᠋ᠢᠨ ᠨᠥᠬᠥᠳ ᠲᠡᠷᠢ ᠲᠡᠭ᠌ᠰᠢ
ᠵᠢᠭ᠍ᠰᠠᠵᠤ᠂ ᠳᠡᠰ ᠳᠠᠷᠠᠭ᠎ᠠ᠎ᠲᠠᠶ᠎ᠪᠠᠷ ᠰᠢ ᠵᠢᠨ ᠫᠢᠩ᠎ᠳᠦ ᠮᠡᠳᠡᠭᠦᠯᠦᠯᠲᠡ ᠬᠢᠪᠡ᠃ ᠰᠢ ᠵᠢᠨ ᠫᠢᠩ ᠳᠡᠳᠡ ᠨᠡᠷ
ᠲᠸ᠋᠂ ᠲᠡᠷᠡᠴᠢᠯᠡᠨ ᠮᠠᠨ᠎ᠤ ᠴᠡᠷᠢᠭ᠎ᠦᠨ ᠭᠠᠳᠠᠭᠠᠳᠤ᠎ᠳᠤ ᠡᠭᠦᠷᠭᠡ ᠭᠦᠢᠴᠡᠳᠭᠡᠵᠦ᠍ ᠪᠠᠢᠭ᠎ᠠ ᠪᠦᠬᠦ᠌ ᠳᠠᠷᠤᠭ᠎ᠠ
ᠪᠠᠢᠯᠳᠤᠭ᠍ᠴᠢᠳ᠎ᠢ ᠪᠤᠯᠭᠤᠭᠠᠨ ᠲᠣᠬᠣᠨᠢᠭᠤᠯᠵᠤ ᠪᠠᠢᠬᠤ᠎ᠪᠠᠨ ᠢᠯᠡᠳᠭᠡᠪᠡ᠃ ᠰᠢ ᠵᠢᠨ ᠫᠢᠩ᠂ ᠡᠩᠬᠡ ᠲᠠᠢᠪᠤᠩ᠎ᠢ
ᠬᠠᠮᠠᠭᠠᠯᠠᠬᠤ ᠡᠭᠦᠷᠭᠡ᠎ᠪᠡᠨ ᠦᠨᠡᠨᠴᠢ ᠱᠢᠳᠤᠷᠭᠤ᠎ᠪᠠᠷ ᠭᠦᠢᠴᠡᠳᠭᠡᠵᠦ᠍᠂ ᠳᠡᠯᠡᠬᠡᠢ᠎ᠶ᠋ᠢᠨ ᠡᠩᠬᠡ ᠲᠠᠢᠪᠤᠩ᠎ᠢ
ᠬᠠᠮᠠᠭᠠᠯᠠᠬᠤ᠎ᠳᠤ ᠨᠡᠩ ᠤᠯᠠᠨ ᠳᠤᠮᠳᠠᠳᠤ ᠤᠯᠤᠰ᠎ᠤᠨ ᠬᠦᠴᠦᠨ ᠴᠢᠳᠠᠯ᠎ᠢᠶᠠᠨ ᠡᠷᠭᠦᠵᠦ᠍᠂ ᠳᠡᠯᠡᠬᠡᠢ ᠳ᠋ᠠᠬᠢᠨ᠎ᠳᠤ
ᠳᠤᠮᠳᠠᠳᠤ ᠤᠯᠤᠰ᠎ᠤᠨ ᠴᠡᠷᠢᠭ ᠠᠩᠬᠢ᠎ᠶ᠋ᠢᠨ ᠰᠠᠢ᠌ᠨ ᠰᠠᠢᠬᠠᠨ ᠳᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠢ᠃
ᠡᠩᠬᠡ ᠲᠠᠢᠪᠤᠩ᠎ᠢ ᠬᠠᠮᠠᠭᠠᠯᠠᠬᠤ ᠡᠭᠦᠷᠭᠡ᠎ᠵᠢ ᠬᠦᠢᠴᠡᠳᠭᠡᠬᠦ ᠣᠷᠣᠨ᠎ᠤ ᠣᠷᠴᠢᠨ ᠲᠣᠭᠣᠷᠢᠨ ᠪᠤᠳᠤᠯᠢᠶᠠᠨᠲᠠᠢ
ᠪᠠᠢᠳᠠᠭ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢ ᠴᠢᠩᠭᠠᠳᠭᠠᠬᠤ᠎ᠶ᠋ᠢ ᠠᠩᠬᠠᠷᠴᠤ᠌᠂ ᠬᠢᠵᠢᠭ᠎ᠦᠨ ᠪᠠᠢᠳᠠᠯ᠎ᠢ
ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠬᠠᠯᠠᠭᠤᠨ ᠠᠯᠠᠭ᠎ᠠ ᠲᠠᠱᠢᠯᠳᠠ᠎ᠶ᠋ᠢᠨ ᠳᠤᠮᠳᠠ᠂ ᠰᠢ ᠵᠢᠨ ᠫᠢᠩ ᠳᠤᠮᠳᠠ ᠬᠡᠰᠡᠭ᠎ᠤᠨ
ᠪᠠᠢᠯᠳᠤᠭᠠᠨ᠎ᠤ ᠲᠣᠭᠣᠷᠢᠭ᠎ᠤᠨ ᠳᠠᠷᠤᠭ᠎ᠠ ᠪᠠᠢᠯᠳᠤᠭ᠍ᠴᠢᠳ᠎ᠤᠨ ᠲᠥᠯᠥᠭᠡᠯᠡᠭ᠌ᠴᠢᠳ᠎ᠲᠡᠶ ᠳᠣᠲᠣᠨᠣ᠎ᠪᠠᠷ ᠠᠭᠤᠯᠵᠠᠵᠤ᠂
ᠤᠯᠠᠨ᠎ᠲᠠᠶ ᠬᠠᠮᠲᠤ᠎ᠶ᠋ᠢᠨ ᠬᠡᠷᠡᠯ ᠵᠢᠷᠤᠭ ᠲᠠᠲᠠᠭᠤᠯᠵᠤ ᠳᠤᠷᠠᠰᠭᠠᠯ ᠦᠯᠡᠳᠡᠭᠡᠪᠡ᠃ ᠰᠢ ᠵᠢᠨ ᠫᠢᠩ ᠳᠤᠮᠳᠠ ᠬᠡᠰᠡᠭ᠎ᠤᠨ
ᠪᠠᠢᠯᠳᠤᠭᠠᠨ᠎ᠤ ᠲᠣᠭᠣᠷᠢᠭ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠪᠦᠲᠦᠭᠡᠨ ᠪᠠᠢᠭᠤᠯᠤᠯᠲᠠ ᠬᠥᠭ᠌ᠵᠢᠯᠲᠡ ᠪᠠ
ᠡᠭᠦᠷᠭᠡ᠎ᠪᠡᠨ ᠪᠡᠶᠡᠯᠡᠭᠦᠯᠦᠭ᠌ᠰᠡᠨ ᠪᠠᠢᠳᠠᠯ᠎ᠢ ᠭᠦᠢᠴᠡᠳ ᠨᠤᠲᠠᠯᠠᠪᠠ᠃ ᠲᠡᠷᠡ᠂ ᠱᠢᠨ᠎ᠡ ᠴᠠᠭ ᠦᠶ᠎ᠡ᠎ᠶ᠋ᠢᠨ ᠨᠠᠮ᠎ᠤᠨ
ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠱᠢᠨ᠎ᠡ ᠴᠠᠭ ᠦᠶ᠎ᠡ᠎ᠶ᠋ᠢᠨ
ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂
ᠡᠯ᠎ᠡ ᠵᠦᠶ᠋ᠯ᠎ᠦᠨ ᠡᠭᠦᠷᠭᠡ᠎ᠪᠡᠨ ᠥᠨᠳᠥᠷ ᠪᠠᠷᠢᠮᠵᠢᠶ᠎ᠠ᠎ᠪᠠᠷ ᠰᠠᠢᠲᠤᠷ ᠪᠡᠶᠡᠯᠡᠭᠦᠯᠵᠦ᠍᠂ ᠪᠠᠢᠯᠳᠤᠭᠠᠨ᠎ᠤ ᠲᠣᠭᠣᠷᠢᠭ᠎ᠤᠨ
ᠪᠥᠲᠥᠭᠡᠨ ᠪᠠᠢᠭᠤᠯᠤᠯᠲᠠ ᠪᠠ ᠲᠡᠢᠨ᠎ᠳᠦ ᠪᠡᠯᠡᠳᠭᠡᠵᠦ᠍ ᠲᠡᠢᠨ ᠬᠢᠬᠦ᠌ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ
ᠥᠬᠡᠶ ᠡᠭᠦᠳᠴᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ
ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃
ᠰᠢ ᠵᠢᠨ ᠫᠢᠩ ᠬᠠᠮᠤᠭ᠎ᠤᠨ ᠰᠡᠭᠦᠯ᠎ᠳᠦ᠂ ᠴᠠᠭᠠᠨ ᠰᠠᠷ᠎ᠠ ᠣᠢᠷᠠᠳᠴᠤ᠌᠂ ᠪᠡᠭᠡᠵᠢᠩ᠎ᠦᠨ
ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠬᠦ᠌ ᠭᠡᠵᠦ᠍ ᠪᠠᠢᠨ᠎ᠠ᠃ ᠪᠦᠬᠦ᠌ ᠴᠡᠷᠢᠭ ᠠᠡᠭᠭᠢ᠎ᠵᠢᠨ ᠬᠢᠨ ᠲᠠᠢ᠌ᠨ᠎ᠦ ᠪᠡᠯᠡᠳᠭᠡᠯ᠎ᠦᠨ ᠵᠢᠵᠢᠭᠦᠷᠯᠡᠬᠦ ᠪᠠᠨᠴᠢᠩᠭᠠᠳᠭᠠᠵᠤ᠂ ᠤᠯᠤᠰ᠎ᠤᠨ ᠠᠮᠤᠷ ᠲᠦᠪᠱᠢᠨ
ᠪᠠ ᠨᠡᠢᠭᠡᠮ᠎ᠦᠨ ᠲᠣᠭ᠍ᠲᠠᠭᠤᠨ᠎ᠢ ᠰᠠᠢᠲᠤᠷ ᠬᠠᠮᠠᠭᠠᠯᠠᠬᠤ ᠬᠡᠷᠡᠭ᠌ᠲᠡᠢ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ
ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠪᠠᠶᠠᠷ᠎ᠤᠨ ᠡᠳᠦᠷ᠎ᠦᠨ ᠬᠤᠭᠤᠴᠠᠭᠠᠨ᠎ᠤ
ᠠᠮᠢᠳᠤᠷᠠᠯ᠎ᠢᠶᠠᠨ ᠰᠠᠢᠲᠤᠷ ᠲᠣᠬᠢᠷᠠᠭᠤᠯᠵᠤ᠂ ᠳᠠᠷᠤᠭ᠎ᠠ ᠪᠠᠢᠯᠳᠤᠭ᠍ᠴᠢᠳ᠎ᠢ ᠪᠠᠶᠠᠷ ᠬᠥᠷ᠎ᠲᠡᠶ᠂ ᠥᠯᠵᠡᠶ ᠪᠡᠯᠭᠡ᠎ᠲᠡᠶ᠂
ᠠᠮᠤᠷ ᠲᠦᠪᠱᠢᠨᠵᠢᠡᠷ ᠴᠠᠭᠠᠨ ᠰᠠᠷᠠᠶ᠋ᠢ ᠥᠩᠭᠡᠷᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
ᠱᠢᠤᠢ ᠴᠢ ᠯᠢᠶᠠᠩ᠂ ᠵᠠᠩ ᠶᠢᠦ ᠱᠢᠶᠠ᠂ ᠸᠧᠢ ᠹᠸᠩ ᠾᠧ᠂ ᠯᠢ ᠽᠦᠸᠧ ᠴᠧᠩ᠂ ᠮᠢᠶᠣᠣ
ᠬᠤᠸᠠ᠂ ᠵᠠᠩ ᠱᠧᠩ ᠮᠢᠨᠨᠡᠷ ᠠᠵᠢᠯᠯᠠᠭ᠎ᠠ᠎ᠳᠤ ᠣᠷᠣᠯᠴᠠᠵᠠᠢ᠃