ᠱᠢᠨᠬᠤᠸᠠ ᠬᠣᠷᠢᠶᠠᠨ᠎ᠤ ᠪᠡᠭᠡᠵᠢᠩ᠎ᠦᠨ 1 ᠰᠠᠷ᠎ᠠ᠎ᠶ᠋ᠢᠨ
28
ᠤ᠋
ᠴᠠᠬᠢᠯᠭᠠᠨ ᠮᠡᠳᠡᠭᠡ ᠨᠠᠮ᠎ᠤᠨ ᠲᠥᠪ ᠬᠣᠷᠢᠶᠠᠨ᠎ᠤ ᠨᠠᠮ᠎ᠤᠨ
ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠡᠴᠡ ᠨᠠᠢᠷᠠᠭᠤᠯᠤᠭ᠍ᠰᠠᠨ ᠰᠢ ᠵᠢᠨ ᠫᠢᠩ ᠨᠥᠬᠥᠷ᠎ᠦᠨ 《ᠬᠥᠮᠦᠨ ᠬᠢᠬᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠪᠠᠷᠢᠮᠲᠠᠯᠠᠬᠤ
ᠲᠤᠬᠠᠢ ᠥᠭᠦᠯᠡᠬᠦ᠌ ᠨᠢ》
ᠭᠡᠬᠦ᠌
ᠨᠣᠮ᠎ᠢ ᠤᠢ᠍ᠢᠷᠠᠳ᠋ᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ᠎ᠠᠴᠠ ᠬᠡᠪᠯᠡᠭᠦᠯᠵᠦ᠍᠂ ᠪᠦᠬᠦ᠌
ᠤᠯᠤᠰ᠎ᠲᠤ ᠲᠠᠷᠬᠠᠭᠠᠪᠠ᠃
ᠡᠨᠡ ᠬᠦ᠌ ᠲᠤᠰᠭᠠᠢ ᠰᠡᠳᠦᠪᠲᠦ ᠵᠣᠬᠢᠶᠠᠯ᠎ᠤᠨ ᠲᠡᠭᠦᠪᠦᠷᠢ᠎ᠳᠦ ᠰᠢ ᠵᠢᠨ ᠫᠢᠩ
ᠨᠥᠬᠥᠷ᠎ᠦᠨ ᠬᠥᠮᠦᠨ ᠬᠢᠬᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠪᠠᠷᠢᠮᠲᠠᠯᠠᠬᠤ ᠲᠤᠬᠠᠢ
79
ᠴᠢᠬᠤᠯᠠ
ᠵᠣᠬᠢᠶᠠᠯ᠎ᠢ ᠪᠠᠬᠳᠠᠭᠠᠨ ᠣᠷᠣᠭᠤᠯᠵᠠᠢ᠃ ᠡᠭᠦᠨ᠎ᠳᠦ ᠬᠡᠰᠡᠭ ᠵᠤᠬᠢᠶᠠᠯ᠎ᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ᠍
ᠪᠠᠢᠨ᠎ᠠ᠃
ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠪᠣᠯ ᠳᠤᠮᠳᠠᠳᠤ᠎ᠶ᠋ᠢᠨ ᠦᠨᠳᠦᠰᠦᠲᠡᠨ᠎ᠦ
ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠲᠠᠢ ᠬᠣᠯᠪᠣᠭ᠍ᠳᠠᠬᠤ ᠦᠨᠳᠦᠰᠦᠨ ᠶᠡᠬᠡ ᠪᠤᠳᠤᠯᠭ᠎ᠠ ᠮᠥᠨ᠃ ᠨᠠᠮ᠎ᠤᠨ
ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ ᠰᠢ
ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠤᠷᠢᠳ ᠡᠮᠦᠨ᠎ᠡ ᠪᠠᠢᠭ᠎ᠠ ᠦᠭᠡᠢ ᠡᠷᠴᠢᠮ᠎ᠢᠶᠡᠷ
ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠳᠭᠤᠵᠤ ᠦᠵᠡᠯ ᠰᠠᠨᠠᠭ᠎ᠠ᠂ ᠬᠠᠤᠯᠢ ᠴᠠᠭᠠᠵᠠ᠂ ᠪᠠᠢᠭᠤᠯᠤᠮᠵᠢ᠂
ᠵᠣᠬᠢᠶᠠᠨ ᠪᠠᠢᠭᠤᠯᠤᠯᠲᠠ᠂ ᠰᠤᠷᠲᠠᠯ ᠵᠡᠷᠬᠡ ᠪᠦᠬᠦ᠌ ᠲᠠᠯ᠎ᠠ᠎ᠪᠠᠷ ᠬᠦᠴᠦᠯᠡᠵᠦ᠍᠂ ᠪᠦᠬᠦ᠌ ᠲᠠᠯ᠎ᠠ᠎ᠪᠠᠷ᠂ ᠪᠦᠬᠦ᠌
ᠣᠷᠣᠨ ᠪᠦᠰᠡ᠂ ᠪᠦᠬᠦ᠌ ᠶᠠᠪᠤᠴᠠ ᠳ᠋ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂
ᠠᠯᠢ ᠤᠯᠠᠨ ᠦᠨᠳᠦᠰᠦᠨ ᠴᠢᠨᠠᠷᠲᠠᠢ᠂ ᠪᠦᠲᠦᠭᠡᠯᠴᠢ ᠴᠢᠨᠠᠷᠲᠠᠢ᠂ ᠠᠯᠤᠰ ᠬᠡᠳᠦ᠍᠎ᠶ᠋ᠢᠨ ᠴᠢᠨᠠᠷᠲᠠᠢ ᠠᠵᠢᠯ᠎ᠢ ᠥᠷᠨᠢᠭᠦᠯᠦᠭᠰᠡᠨ᠎ᠢᠶᠡᠷ
ᠪᠦᠬᠦ᠌ ᠨᠠᠮ ᠪᠦᠬᠦ᠌ ᠤᠯᠤᠰ᠎ᠤᠨ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠤᠬᠠᠮᠰᠠᠷᠲᠤ ᠴᠢᠨᠠᠷ ᠪᠠ
ᠰᠠᠨᠠᠭᠠᠴᠢᠯᠠᠭᠠᠲᠤ ᠴᠢᠨᠠᠷ ᠢᠯᠡᠳᠲᠡ ᠴᠢᠩᠭᠠᠷᠠᠵᠤ᠂ ᠦᠵᠡᠰᠭᠦᠯᠡᠩᠲᠦ ᠰᠠᠢᠬᠠᠨ ᠳᠤᠮᠳᠠᠳᠤ
ᠤᠯᠤᠰ᠎ᠤᠨ ᠪᠦᠳᠦᠭᠡᠨ ᠪᠠᠢᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠵᠤ᠂ ᠮᠠᠨ᠎ᠤ ᠤᠯᠤᠰ᠎ᠤᠨ ᠠᠮᠢ ᠠᠬᠤᠢ ᠣᠷᠴᠢᠨ
ᠲᠣᠭᠣᠷᠢᠨ᠎ᠤ ᠬᠠᠮᠠᠭᠠᠯᠠᠯᠲᠠ᠎ᠳᠤ ᠲᠡᠦᠬᠡᠲᠦ ᠴᠢᠨᠠᠷᠲᠠᠢ᠂ ᠡᠷᠭᠢᠯᠲᠡ᠎ᠶ᠋ᠢᠨ ᠴᠢᠨᠠᠷᠲᠠᠢ᠂ ᠪᠦᠬᠦ᠌ ᠲᠠᠯ᠎ᠠ᠎ᠶ᠋ᠢᠨ
ᠴᠢᠨᠠᠷᠲᠠᠢ ᠬᠤᠪᠢᠷᠠᠯᠲᠠ ᠭᠠᠷᠴᠠᠢ᠃ ᠮᠠᠨ᠎ᠤ ᠤᠯᠤᠰ ᠪᠦᠬᠦ᠌ ᠪᠥᠮᠪᠥᠷᠴᠡᠭ᠎ᠦᠨ ᠣᠷᠴᠢᠨ ᠲᠣᠭᠣᠷᠢᠨ ᠪᠣᠯᠤᠨ ᠠᠭᠤᠷ
ᠠᠮᠢᠰᠭᠤᠯ᠎ᠤᠨ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠪᠦᠬᠦ᠌ ᠪᠥᠮᠪᠥᠷᠴᠡᠭ᠎ᠦᠨ ᠠᠮᠢ ᠠᠬᠤᠢ᠎ᠶ᠋ᠢᠨ ᠪᠣᠯᠪᠠᠰᠤᠨ᠎ᠤ
ᠪᠠᠢᠭᠤᠯᠤᠯᠲᠠ᠎ᠶ᠋ᠢᠨ ᠴᠢᠬᠤᠯᠠ ᠣᠷᠣᠯᠴᠠᠭ᠍ᠴᠢ᠂ ᠬᠤᠪᠢ ᠨᠡᠮᠡᠷᠢ ᠦᠵᠡᠭᠦᠯᠦᠭ᠌ᠴᠢ᠂ ᠬᠦᠳᠦᠯᠦᠨ ᠳᠠᠭᠠᠭᠤᠯᠤᠭ᠍ᠴᠢ
ᠪᠤᠯᠵᠤ᠂ ᠬᠠᠷᠢᠭᠤᠴᠠᠯᠭ᠎ᠠ᠎ᠲᠠᠶ ᠶᠡᠬᠡ ᠤᠯᠤᠰ᠎ᠤᠨ ᠡᠭᠦᠷᠭᠡᠯᠡᠯ᠎ᠢ ᠢᠯᠡᠷᠡᠭᠦᠯᠪᠡ᠃ ᠰᠢ ᠵᠢᠨ ᠫᠢᠩ ᠨᠥᠬᠥᠷ ᠳᠤᠮᠳᠠᠳᠤ᠎ᠶ᠋ᠢᠨ
ᠦᠨᠳᠦᠰᠦᠲᠡᠨ᠎ᠦ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠵᠤ᠂ ᠴᠠᠭ ᠦᠶ᠎ᠡ᠎ᠶ᠋ᠢᠨ ᠤᠷᠤᠰᠭᠠᠯ ᠪᠠ
ᠠᠷᠠᠳ ᠲᠦᠮᠡᠨ᠎ᠦ ᠬᠦᠰᠡᠯ ᠰᠠᠨᠠᠭ᠎ᠠ᠎ᠳᠤ ᠨᠡᠢᠴᠡᠭᠦᠯᠦᠨ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ
ᠪᠠᠷᠢᠮᠲᠠᠯᠠᠨ ᠬᠥᠭ᠌ᠵᠢᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ
ᠳᠤᠮᠳᠠᠳᠤ ᠵᠢᠨ ᠵᠡᠭᠦᠳᠦ᠍᠎ᠶ᠋ᠢ ᠲᠡᠷᠭᠡᠯᠰᠢᠭᠦᠯᠬᠦ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠠᠮᠢ ᠠᠬᠤᠢ᠎ᠶ᠋ᠢᠨ
ᠪᠣᠯᠪᠠᠰᠤᠨ᠎ᠤ ᠪᠠᠢᠭᠤᠯᠤᠯᠲᠠ᠎ᠶ᠋ᠢᠨ ᠲᠣᠭᠣᠷᠢᠨ᠎ᠳᠤ ᠠᠯᠢ ᠤᠯᠠᠨ ᠴᠢᠬᠤᠯᠠ ᠥᠭᠦᠯᠡᠯᠲᠡ ᠨᠡᠢᠲᠡᠯᠡᠵᠦ᠍᠂ ᠶᠠᠭᠤᠨ᠎ᠳᠤ
ᠠᠮᠢ ᠠᠬᠤᠢ᠎ᠶ᠋ᠢᠨ ᠪᠣᠯᠪᠠᠰᠤᠨ᠎ᠢ ᠪᠠᠢᠭᠤᠯᠬᠤ᠂ ᠶᠠᠮᠠᠷ ᠶᠠᠩᠵᠤ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠢ ᠪᠠᠢᠭᠤᠯᠬᠤ᠂
ᠠᠮᠢ ᠠᠬᠤᠢ᠎ᠶ᠋ᠢᠨ ᠪᠣᠯᠪᠠᠰᠤᠨ᠎ᠢ ᠬᠡᠷᠬᠢᠨ ᠪᠠᠢᠭᠤᠯᠬᠤ ᠵᠡᠷᠭᠡ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ
ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭ᠌ᠴᠦ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ
ᠰᠠᠨᠠᠭ᠎ᠠ᠎ᠶ᠋ᠢ ᠪᠦᠷᠢᠯᠳᠦᠭᠦᠯᠪᠡ᠃ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯ
ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ
ᠰᠠᠨᠠᠭᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ
ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠬᠤ᠂ ᠦᠢᠯᠡᠳᠪᠦᠷᠢᠯᠡᠯ ᠬᠥᠭ᠌ᠵᠢᠭ᠌ᠰᠡᠨ᠂ ᠠᠮᠢᠳᠤᠷᠠᠯ
ᠴᠢᠨᠡᠭᠡᠯᠢᠭ᠌ᠵᠢᠭ᠌ᠰᠡᠨ᠂ ᠠᠮᠢ ᠠᠬᠤᠢ ᠰᠠᠢ᠌ᠨ ᠰᠠᠢᠬᠠᠨ ᠪᠣᠯᠪᠠᠰᠤᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠂
ᠬᠥᠮᠦᠨ ᠬᠢᠬᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠣᠳᠣᠬᠢᠴᠢᠯᠠᠯᠲᠠᠶ᠋ᠢᠴᠢᠷᠮᠠᠢᠨᠪᠦᠳᠦᠬᠡᠨ
ᠪᠠᠢᠭᠤᠯᠬᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ
ᠱᠢᠨ᠎ᠡ ᠢᠯᠠᠯᠲᠠ᠎ᠶ᠋ᠢ ᠲᠡᠮᠡᠴᠡᠨ ᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ
ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠲᠤᠢᠯ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ
ᠶᠤᠮ᠃