ᠱ᠌ᠢ᠎ᠲᠡᠶ ᠹᠸᠩ ᠤᠯᠠᠭᠠᠨᠴᠠᠪ ᠬᠣᠲᠠ᠎ᠳᠤ ᠭᠠᠪᠢᠶᠠᠲᠤ ᠵᠢᠱ᠌ᠢᠶᠡᠴᠢ ᠬᠥᠮᠦᠰ ᠪᠣᠯᠤᠨ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ᠎ᠢ ᠪᠣᠯᠭᠣᠭᠠᠨ ᠲᠣᠬᠣᠨᠢᠭᠤᠯᠵᠤ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠬᠦ ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ᠎ᠢ ᠭᠦᠨᠵᠡᠭᠡᠢ ᠱᠢᠨᠵᠢᠯᠡᠨ ᠪᠠᠢᠴᠠᠭᠠᠪᠠ
2022-01-29 09:47:00
ᠵᠣᠬᠢᠶᠠᠭ᠍ᠴᠢ᠄
ᠯᠢᠦ ᠱᠢᠶᠤᠤ ᠳ᠋ᠦᠩ
ᠣᠩᠱᠢᠭ᠍ᠰᠠᠨ ᠣᠳᠠᠭ᠎ᠠ᠄
★★★☆☆

ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ 1 ᠰᠠᠷ᠎ᠠ᠎ᠶ᠋ᠢᠨ 28 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ᠎ᠲᠡᠶ ᠹᠸᠩ᠎ᠤᠯᠠᠭᠠᠨᠴᠠᠪ᠎ᠬᠤᠳᠠ᠎ᠶ᠋ᠢᠨ ᠵᠢᠨᠢᠩ ᠲᠣᠭᠣᠷᠢᠭ᠂ ᠳᠥᠷᠪᠡᠳ ᠬᠣᠱᠢᠭᠤᠨ᠎ᠳᠤ ᠭᠦᠨᠵᠡᠭᠡᠢᠷᠡᠨ ᠭᠠᠪᠢᠶᠠᠲᠤ ᠵᠢᠱ᠌ᠢᠶᠡᠴᠢ ᠬᠥᠮᠦᠰ᠂ ᠠᠮᠢᠳᠦᠷᠠᠯ ᠨᠢ ᠬᠦᠴᠢᠷᠳᠡᠯᠲᠡᠢ ᠤᠯᠠᠨ ᠲᠦᠮᠡᠨ᠂ ᠨᠠᠮ᠎ᠤᠨ ᠭᠡᠱᠢᠭᠦᠨ ᠺᠠᠳ᠋ᠷᠴᠤᠳ᠎ᠢ ᠪᠣᠯᠭᠣᠭᠠᠨ ᠲᠣᠬᠣᠨᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠮᠦᠨ᠎ᠡ᠎ᠡᠴᠡ ᠤᠯᠠᠨ᠎ᠳᠤ ᠴᠢᠩ ᠰᠡᠳᠭᠢᠯ᠎ᠦᠨ ᠮᠡᠨᠳᠦᠴᠢᠯᠡᠯ ᠪᠠ ᠪᠠᠶᠠᠷ᠎ᠤᠨ ᠡᠳᠦᠷ᠎ᠦᠨ᠎ᠵᠥᠩᠨᠡᠯ᠎ᠳᠡᠪᠱᠢᠭᠦᠯᠦᠭ᠌ᠰᠡᠨ᠎ᠪᠥᠭᠡᠳ᠎ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠦᠷᠭᠡᠳᠭᠡᠬᠦ ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠬᠤ ᠵᠡᠷᠭᠡ ᠠᠵᠢᠯ᠎ᠢ  ᠱᠢᠨᠵᠢᠯᠡᠨ ᠪᠠᠢᠴᠠᠭᠠᠪᠠ᠃

ᠱ᠌ᠢ᠎ᠲᠡᠶ ᠹᠧᠩ ᠤᠯᠠᠭᠠᠨᠬᠤᠸᠠ ᠪᠠᠯᠭᠠᠰᠤᠨ᠎ᠳᠤ ᠬᠦᠷᠴᠦ᠍᠂ 《ᠠᠷᠠᠳ᠎ᠤᠨ ᠵᠢᠱ᠌ᠢᠶᠡᠴᠢ》 ᠤᠯᠤᠰ᠎ᠤᠨ᠎ᠢᠷᠠᠭᠤ ᠠᠯᠳᠠᠷ᠎ᠤᠨ ᠴᠣᠯᠠ ᠵᠢ ᠬᠦᠷᠲᠡᠭ᠌ᠴᠢ ᠲᠦᠬᠦᠢᠮ᠎ᠡ᠎ᠶ᠋ᠢ ᠪᠣᠯᠭᠣᠭᠠᠨ ᠦᠵᠡᠪᠡ᠃ 《ᠴᠠᠭᠠᠨ ᠰᠠᠷ᠎ᠠ ᠤᠳᠠᠯ ᠥᠬᠡᠶ ᠬᠦᠷᠴᠦ᠍ ᠢᠷᠡᠬᠦ᠌ ᠪᠣᠯᠤᠯ᠎ᠠ᠂ ᠪᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢ ᠲᠥᠯᠥᠭᠡᠯᠡᠨ ᠲᠠᠨ᠎ᠢ ᠡᠷᠬᠢᠨ ᠦᠵᠡᠵᠦ᠍᠂ ᠲᠠᠨ᠎ᠳᠤ ᠱᠢᠨ᠎ᠡ ᠵᠢᠯ᠎ᠦᠨ ᠮᠡᠨᠳᠦᠴᠢᠯᠡᠯ ᠳᠡᠪᠱᠢᠭᠦᠯᠵᠦ᠍ ᠪᠠᠢᠨ᠎ᠠ᠂ ᠲᠠᠨ᠎ᠳᠤ ᠰᠠᠷ᠎ᠠ ᠰᠢᠨ᠎ᠡ᠎ᠶ᠋ᠢᠨ ᠮᠡᠨᠳᠦ ᠬᠦᠷᠭᠡᠵᠦ᠍᠂ ᠣᠷᠳᠣ ᠨᠠᠰᠤᠯᠠᠵᠤ ᠤᠳᠠᠭᠠᠨ ᠵᠢᠷᠭᠠᠬᠤ᠎ᠶ᠋ᠢ ᠵᠥᠩᠨᠡᠶ᠎ᠡ》᠃ ᠱ᠌ᠢ᠎ᠲᠡᠶ ᠹᠸᠩ ᠲᠦᠬᠦᠢᠮ᠎ᠡ᠎ᠲᠡᠶ ᠮᠥᠷᠥ᠍ ᠵᠡᠷᠭᠡᠴᠡᠨ ᠰᠠᠭᠤᠵᠤ᠂ ᠳᠣᠲᠣᠨᠣ᠎ᠪᠠᠷ ᠶᠠᠷᠢᠯᠴᠠᠨ᠂ ᠨᠠᠰᠤᠲᠠᠨ᠎ᠤ ᠠᠮᠢᠳᠤᠷᠠᠯ᠎ᠤᠨ ᠪᠠᠢᠳᠠᠯ᠂ ᠡᠷᠡᠭᠦᠯ ᠮᠡᠨᠳᠦ᠍᠎ᠶ᠋ᠢᠨ ᠪᠠᠢᠳᠠᠯ᠎ᠢ ᠬᠠᠯᠠᠮᠵᠢᠯᠠᠨ ᠠᠰᠠᠭᠤᠵᠤ᠂ ᠨᠠᠰᠤᠲᠠᠨ᠎ᠤ ᠲᠡᠷᠡ ᠬᠦ᠌ ᠮᠠᠷᠲᠠᠭ᠍ᠳᠠᠰᠢ ᠦᠭᠡᠢ ᠤᠨ ᠰᠠᠷ᠎ᠠ ᠪᠡᠨ ᠡᠷᠭᠢᠴᠡᠭᠦᠯᠬᠦ ᠵᠢ ᠨᠠᠷᠢᠨ ᠬᠢᠨᠠᠮᠠᠭᠠᠢ ᠰᠣᠨᠣᠰᠪᠠ᠃ ᠱ᠌ᠢ᠎ᠲᠡᠶ ᠹᠸᠩ᠂ ᠲᠠ᠎ᠪᠣᠯ᠎ᠠᠷᠠᠳ ᠲᠦᠮᠡᠨ᠎ᠦ ᠥᠯᠢᠭᠡᠷ ᠳᠠᠭᠤᠷᠢᠶᠠᠯ ᠮᠥᠨ᠂ ᠲᠠ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠬᠤ᠎ᠶ᠋ᠢ ᠦᠶ᠋ᠯᠡᠳᠦᠯᠭᠡᠵᠢᠭᠦᠯᠦᠭ᠌ᠰᠡᠨ᠎ᠨᠢ ᠪᠢᠳᠡᠨ᠎ᠦ ᠰᠤᠷᠤᠯᠴᠠᠬᠤ ᠥᠯᠢᠭᠡᠷ ᠳᠠᠭᠤᠷᠢᠶᠠᠯ ᠮᠥᠨ᠃ ᠲᠠᠨ᠎ᠤ ᠲᠡᠷᠢᠭᠦᠨ᠎ᠦ ᠦᠢᠯᠡ ᠠᠵᠢᠯᠯᠠᠭ᠎ᠠ ᠪᠣᠯ ᠦᠨᠳᠦᠰᠦᠲᠡᠨ᠎ᠦ ᠪᠦᠯᠬᠦᠮᠳᠡᠯ᠎ᠦᠨ ᠠᠮᠢᠳᠤᠯᠢᠭ ᠵᠢᠭᠠᠬᠤ ᠮᠠᠲ᠋ᠧᠷᠢᠶᠠᠯ ᠪᠠᠢᠵᠤ᠂ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠭᠡᠷ ᠪᠦᠯᠢ᠎ᠶ᠋ᠢᠨ ᠬᠠᠯᠠᠭᠤᠨ ᠳᠤᠯᠠᠭᠠᠨ᠎ᠢ ᠠᠮᠢᠳᠤᠯᠢᠭ᠎ᠢᠶᠠᠷ ᠢᠯᠡᠷᠡᠭᠦᠯᠵᠦ᠂ ᠨᠡᠢᠭᠡᠮ ᠵᠢᠷᠤᠮᠲᠤ ᠪᠠᠢᠭᠤᠯᠤᠯ᠎ᠤᠨ ᠳᠠᠪᠠᠭᠤᠯᠢᠭ ᠴᠢᠨᠠᠷ᠎ᠢ ᠬᠠᠷᠠᠭᠤᠯᠤᠭᠰᠠᠨ ᠪᠠᠢᠨ᠎ᠠ ᠭᠡᠵᠦ ᠬᠡᠯᠡᠪᠠ᠃ ᠲᠦᠬᠦᠢᠮ᠎ᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠬᠠᠢᠷ᠎ᠠ ᠬᠠᠯᠠᠮᠵᠢᠯᠠᠯ᠎ᠳᠤ ᠲᠠᠯᠠᠷᠬᠠᠵᠤ᠂ ᠦᠨᠳᠦᠰᠦᠲᠡᠨ ᠨᠤᠭᠦᠳ᠎ᠦᠨ ᠠᠷᠠᠳ ᠲᠦᠮᠡᠨ ᠨᠠᠮ᠎ᠤᠨ ᠤᠳᠤᠷᠢᠳᠤᠯᠭ᠎ᠠ ᠳᠣᠣᠷ᠎ᠠ ᠨᠢᠭ᠍ᠲᠠᠷᠠᠨ ᠪᠦᠯᠬᠦᠮᠳᠡᠵᠦ᠍᠂ ᠨᠡᠩ ᠰᠠᠢ᠌ᠨ ᠰᠠᠢᠬᠠᠨ ᠠᠮᠢᠳᠤᠷᠠᠯ᠎ᠢ ᠴᠣᠭ᠍ᠴᠠᠯᠠᠬᠤ ᠨᠢ ᠯᠠᠪᠲᠠᠢ ᠭᠡᠵᠦ᠍ ᠬᠡᠯᠡᠪᠡ᠃ ᠠᠬᠠᠮᠠᠳ ᠨᠠᠮ᠎ᠤᠨ ᠭᠡᠱᠢᠭᠦᠳ᠎ᠦᠨ ᠠᠮᠢᠳᠤᠷᠠᠯ ᠶᠠᠮᠠᠷ ᠵᠡᠷᠭᠡ ᠪᠠᠢᠬᠤ᠎ᠶ᠋ᠢ ᠱ᠌ᠢ᠎ᠲᠡᠶ ᠹᠸᠩ ᠮᠠᠰᠢ ᠬᠠᠯᠠᠮᠵᠢᠯᠠᠵᠤ ᠪᠠᠢᠯ᠎ᠠ᠃ ᠴᠡᠩᠭᠡᠯᠳᠦ᠍᠎ᠶ᠋ᠢᠨ ᠭᠡᠷ᠎ᠲᠦ᠂ ᠱ᠌ᠢ᠎ᠲᠡᠶ ᠹᠸᠩ ᠡᠨᠡ ᠬᠦ᠌ 89 ᠨᠠᠰᠤᠲᠠᠢ ᠠᠬᠠᠮᠠᠳ ᠨᠠᠮ᠎ᠤᠨ ᠭᠡᠱᠢᠭᠦᠨ᠎ᠲᠡᠶ ᠳᠣᠲᠣᠨᠣ᠎ᠪᠠᠷ ᠶᠠᠷᠢᠯᠴᠠᠵᠤ᠂ ᠠᠮᠢᠳᠤᠷᠠᠯ᠎ᠤᠨ ᠪᠠᠢᠳᠠᠯ᠎ᠢ ᠨᠢ ᠬᠠᠯᠠᠮᠵᠢᠯᠠᠨ ᠠᠰᠠᠭᠤᠪᠠ᠃ ᠱ᠌ᠢ᠎ᠲᠡᠶ ᠹᠸᠩ ᠠᠬᠠᠮᠠᠳ ᠨᠠᠮ᠎ᠤᠨ ᠭᠡᠱᠢᠭᠦᠨ᠂ ᠠᠬᠠᠮᠠᠳ ᠨᠥᠬᠥᠳ ᠪᠣᠯ ᠨᠠᠮ ᠪᠣᠯᠤᠨ ᠤᠯᠤᠰ ᠬᠡᠷ᠎ᠤᠨ ᠡᠷᠬᠢᠮ ᠨᠠᠨᠳᠢᠨ ᠥᠪ ᠬᠥᠷᠥᠩᠭᠡ ᠮᠥᠨ᠂ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ ᠠᠬᠠᠮᠠᠳ ᠨᠠᠮ᠎ᠤᠨ ᠭᠡᠱᠢᠭᠦᠨ᠂ ᠠᠬᠠᠮᠠᠳ ᠨᠥᠬᠥᠳ᠎ᠢ ᠢᠯᠡᠭᠦᠬᠡᠨ ᠬᠠᠯᠠᠮᠵᠢᠯᠠᠵᠤ ᠢᠯᠡᠭᠦᠬᠡᠨ ᠬᠠᠢᠷᠠᠯᠠᠵᠤ᠂ ᠲᠡᠳᠡᠨ᠎ᠢ ᠪᠠᠶᠠᠷ ᠬᠥᠷ᠎ᠲᠡᠶ ᠠᠮᠢᠳᠤᠷᠠᠭᠤᠯᠵᠤ᠂ ᠥᠲᠡᠯᠦᠭᠡ ᠨᠠᠰᠤ ᠵᠢ ᠨᠢ ᠠᠮᠤᠷ ᠵᠢᠷᠭᠠᠯ᠎ᠲᠠᠶ ᠥᠩᠭᠡᠷᠡᠭᠦᠯᠬᠦ᠌ ᠬᠡᠷᠡᠭ᠌ᠲᠡᠶ ᠭᠡᠵᠦ ᠬᠡᠯᠡᠪᠡ᠃

ᠬᠠᠷᠠᠮ ᠦᠬᠡᠢ ᠬᠠᠢᠷ᠎ᠠ ᠬᠠᠯᠠᠮᠵᠢ ᠬᠠᠬᠢᠷ ᠡᠪᠦᠯ᠎ᠢ ᠤᠶᠠᠰᠬᠠᠵᠤ ᠰᠡᠳᠭᠢᠯ᠎ᠢ ᠲᠤᠯᠠᠭᠠᠴᠠᠭᠤᠯᠤᠨ᠎ᠠ᠂ ᠱ᠌ᠢ᠎ᠲᠡᠶ ᠹᠸᠩ ᠠᠮᠢᠳᠦᠷᠠᠯ ᠨᠢ ᠬᠦᠴᠢᠷᠳᠡᠯᠲᠡᠢ ᠤᠯᠠᠨ ᠲᠦᠮᠡᠨ᠎ᠢ ᠮᠠᠰᠢ ᠰᠠᠨᠠᠭᠠᠯᠵᠠᠵᠤ ᠪᠠᠢᠯ᠎ᠠ᠃ ᠲᠡᠷᠡ ᠱᠢᠶᠠᠩ ᠷᠦᠢ ᠰᠠᠭᠤᠭᠠᠯᠢ ᠠᠷᠠᠳ᠎ᠤᠨ ᠲᠣᠭᠣᠷᠢᠭ᠎ᠤᠨ ᠳ᠋ᠦᠩ ᠵᠢᠶᠦ᠋ᠨ ᠹᠸᠩ᠎ᠤᠨ ᠭᠡᠷ᠎ᠲᠦ ᠬᠦᠷᠴᠦ᠍᠂ ᠲᠡᠳᠡᠨ᠎ᠦ ᠨᠢᠭᠡ ᠭᠡᠷ᠎ᠦᠨ ᠬᠢᠨ᠎ᠲᠡᠶ ᠵᠤᠭᠤᠭ ᠲᠡᠯᠭᠡᠯ᠎ᠡ᠃ ᠳ᠋ᠦᠩ ᠵᠢᠶᠦ᠋ᠨ ᠹᠸᠩ ᠥᠩᠭᠡᠷᠡᠭ᠌ᠰᠡᠨ᠎ᠳᠦ ᠴᠡᠷᠢᠭ᠎ᠤ᠋ᠨ ᠠᠯᠪᠠ ᠬᠠᠭᠠᠵᠤ᠂ ᠠᠵᠢᠯ᠎ᠤᠨ ᠪᠠᠢᠷᠢ᠎ᠠᠴᠠ᠎ᠪᠠᠨ ᠪᠠᠭᠤᠭ᠍ᠰᠠᠨ᠎ᠤ ᠳᠠᠷᠠᠭ᠎ᠠ ᠨᠡᠢᠭᠡᠮ ᠲᠣᠭᠣᠷᠢᠭ᠎ᠤᠨ ᠬᠠᠪᠰᠤᠷᠤᠯᠭ᠎ᠠ ᠳᠤᠤᠷ᠎ᠠ ᠳᠠᠬᠢᠨ ᠠᠵᠢᠯ ᠣᠯᠤᠭ᠍ᠰᠠᠨ᠎ᠢ ᠰᠣᠨᠣᠰᠤᠭᠠᠳ ᠱ᠌ᠢ᠎ᠲᠡᠶ ᠹᠸᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠠᠵᠢᠯ᠎ᠢ ᠰᠠᠢᠲᠤᠷ ᠬᠢᠬᠦ᠌᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠬᠠᠷᠢᠭᠤᠴᠠᠯᠭ᠎ᠠ ᠲᠠᠢ ᠪᠡᠷ᠂ ᠬᠠᠢᠷ᠎ᠠ ᠰᠡᠳᠭᠢᠯᠭᠡ᠎ᠲᠡᠶ᠎ᠪᠡᠷ ᠠᠷᠭ᠎ᠠ ᠪᠦᠬᠦᠨ᠎ᠢ ᠰᠦᠪᠡᠭ᠌ᠴᠢᠯᠡᠨ ᠲᠡᠳᠡᠨ᠎ᠢ ᠬᠠᠪᠰᠤᠷᠤᠨ ᠬᠦᠴᠢᠷᠳᠡᠯ᠎ᠢ᠎ᠨᠢ ᠱᠢᠶ᠋ᠳᠪᠦᠷᠢᠯᠡᠵᠦ᠍ ᠥᠭ᠌ᠬᠦ ᠬᠡᠷᠡᠭ᠌ᠲᠡᠶ ᠭᠡᠵᠦ ᠴᠢᠬᠤᠯᠠᠴᠢᠯᠠᠪᠠ᠃ ᠵᠢᠤᠢ ᠯᠦᠩ ᠲᠠᠢ ᠲᠣᠰᠭᠣᠨ᠎ᠤ ᠬᠤᠸᠠᠩ ᠹᠦ᠋ ᠬᠦᠶ᠎ᠶ᠋ᠢᠨ ᠬᠡᠷ᠎ᠲᠦ᠂ ᠱ᠌ᠢ᠎ᠲᠡᠶ ᠹᠸᠩ ᠤᠰᠤ ᠤᠮᠳᠠ᠂ ᠳᠤᠯᠠᠭᠠᠯᠠᠭ᠎ᠠ ᠵᠡᠷᠭᠡ ᠲᠥᠬᠥᠭᠡᠷᠦᠮᠵᠢ ᠎ᠶ᠋ᠢ ᠎ᠨᠢ ᠨᠠᠷᠢᠯᠢᠬ ᠪᠠᠢᠴᠠᠭᠠᠨ ᠦᠵᠡᠵᠦ᠍᠂ ᠣᠷᠣᠯᠭ᠎ᠠ᠎ᠶ᠋ᠢᠨ ᠢᠷᠡᠯᠲᠡ᠂ ᠦᠶ᠋ᠯᠡᠳᠪᠦᠷᠢᠯᠡᠯ ᠠᠮᠢᠳᠤᠷᠠᠯ ᠵᠡᠷᠭᠡ ᠪᠠᠢᠳᠠᠯ᠎ᠢ᠎ᠨᠢ ᠨᠠᠷᠢᠨ ᠠᠰᠠᠭᠤᠵᠤ᠂ ᠲᠡᠳᠡᠨ᠎ᠦ ᠨᠢᠭᠡ ᠬᠡᠷ᠎ᠦᠨ᠎ᠬᠢᠨ᠎ᠢ ᠢᠲᠡᠭᠡᠯ ᠵᠣᠷᠢᠭ᠎ᠢᠶᠠᠨ ᠪᠠᠲᠤᠳᠭᠠᠨ᠂ ᠬᠠᠨᠴᠤᠶ ᠱᠢᠮᠠᠯᠠᠨ ᠴᠢᠷᠮᠠᠢᠨ ᠠᠵᠢᠯᠯᠠᠪᠠᠯ᠂ ᠬᠣᠢᠱᠢᠳᠠ᠎ᠶ᠋ᠢᠨ ᠠᠮᠢᠳᠤᠷᠠᠯ᠎ᠴᠢᠨᠢ ᠯᠠᠪᠲᠠᠶ ᠶᠠᠪᠤᠬᠤ ᠲᠤᠲᠤᠮ ᠰᠠᠢᠵᠢᠷᠠᠬᠤ ᠶᠤᠮ ᠭᠡᠵᠦ᠍ ᠵᠣᠷᠢᠭ᠍ᠵᠢᠭᠤᠯᠪᠠ᠃

ᠶᠡᠬᠡ᠎ᠲᠦᠷᠭᠡᠨ᠎ᠭᠣᠣᠯ ᠱᠢᠶᠠᠩ᠎ᠳᠤ᠂ ᠱ᠌ᠢ᠎ᠲᠡᠶ ᠹᠸᠩ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ ᠵᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭᠠᠭᠤᠯᠤᠭ᠍ᠰᠠᠨ ᠪᠠᠢᠳᠠᠯ᠎ᠢ ᠭᠦᠨᠵᠡᠭᠡᠢ ᠱᠢᠨᠵᠢᠯᠡᠨ ᠪᠠᠢᠴᠠᠭᠠᠵᠤ᠂ ᠲᠣᠰᠭᠣᠨ᠎ᠤ《ᠬᠣᠶᠠᠷ ᠵᠥᠪᠯᠡᠯ》 ᠤ᠋ᠨ ᠺᠠᠳ᠋ᠷ ᠪᠣᠯᠤᠨ ᠲᠣᠰᠭᠣᠨ᠎ᠳᠤ ᠰᠠᠭᠤᠭ᠎ᠠ ᠠᠵᠢᠯᠯᠠᠬᠤ ᠠᠩᠬᠢ᠎ᠶ᠋ᠢ ᠡᠷᠬᠢᠨ ᠦᠵᠡᠵᠦ᠍ ᠲᠣᠬᠣᠨᠢᠭᠤᠯᠤᠨ᠂ ᠵᠢᠤᠢ ᠯᠦᠩ ᠲᠠᠢ ᠲᠣᠰᠭᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠠᠪᠤᠨ ᠵᠢᠯ᠎ᠦᠨ ᠬᠥᠭ᠌ᠵᠢᠬᠦᠯᠦᠯᠲᠡ᠎ᠶ᠋ᠢᠨ ᠲᠥᠯᠥᠪᠵᠢᠭᠦᠯᠭᠡ᠎ᠶ᠋ᠢᠨ ᠲᠠᠨᠢᠯᠴᠠᠭᠤᠯᠭ᠎ᠠ᠎ᠶ᠋ᠢ ᠰᠣᠨᠣᠰᠪᠠ᠃ ᠱ᠌ᠢ᠎ᠲᠡᠶ ᠹᠸᠩ᠂ ᠲᠣᠰᠭᠣᠨ᠎ᠤ ᠺᠠᠳ᠋ᠷ ᠪᠣᠯᠤᠨ ᠲᠣᠰᠭᠣᠨ᠎ᠳᠤ ᠰᠠᠭᠤᠭ᠎ᠠ ᠠᠵᠢᠯᠯᠠᠬᠤ ᠠᠩᠬᠢ ᠵᠢᠯ ᠲᠤᠷᠰᠢ ᠬᠥᠳᠡᠭᠡ ᠲᠣᠰᠭᠣᠨ᠎ᠤ ᠡᠮᠦᠨ᠎ᠡ ᠹᠷᠣᠨᠲ᠎ᠲᠤ ᠭᠠᠪᠱᠢᠭᠠᠢᠯᠠᠵᠤ᠂ ᠤᠯᠠᠨ᠎ᠢᠶᠠᠷ᠎ᠢᠶᠠᠨ ᠵᠦᠳᠡᠷᠡᠯ᠎ᠡ᠃ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠤᠭᠰᠠᠨ ᠨᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠳᠤ ᠲᠦᠱᠢᠭ᠌ᠯᠡᠪᠠ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠮᠥᠨ ᠬᠦ᠌ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ ᠪᠣᠯᠤᠨ ᠦᠨᠳᠦᠰᠦᠨ ᠱᠠᠲᠤᠨ᠎ᠤ ᠥᠷᠭᠡᠨ ᠤᠯᠠᠨ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ᠃ ᠲᠣᠰᠭᠣᠨ᠎ᠤ《ᠬᠣᠶᠠᠷ ᠵᠥᠪᠯᠡᠯ》  ᠎ᠤ᠋ᠨ᠎ᠬᠤᠭᠤᠴᠠᠭ᠎ᠠ ᠰᠤᠯᠢᠬᠤ ᠠᠵᠢᠯ᠎ᠢ ᠨᠢᠭᠡᠨᠲᠡ ᠪᠡᠶᠡᠯᠡᠭᠦᠯᠪᠡ᠂ ᠱᠢᠨ᠎ᠡ ᠤᠳᠤᠷᠢᠳᠭᠤ ᠪᠠᠭ ᠱᠢᠨ᠎ᠡ ᠳᠦᠷᠰᠦ ᠪᠠᠢᠳᠠᠯ ᠲᠠᠢ ᠪᠠᠢᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠤᠯᠠᠨ ᠲᠦᠮᠡᠨ᠎ᠢ ᠳᠠᠭᠠᠭᠤᠯᠤᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠲᠥᠯᠥᠪᠵᠢᠭᠦᠯᠭᠡ ᠬᠦᠰᠡᠯ ᠡᠷᠡᠮᠡᠯᠵᠡᠯ᠎ᠢᠶᠡᠨ ᠦᠨᠡᠨ ᠬᠦ᠌ ᠪᠣᠳᠠᠲᠤ ᠦᠵᠡᠮᠵᠢ᠂ ᠭᠤᠶᠤ ᠦᠵᠡᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ ᠭᠡᠵᠦ ᠬᠡᠯᠡᠪᠡ᠃ ᠲᠡᠷᠡ ᠲᠤᠬᠠᠶ᠎ᠶ᠋ᠢᠨ ᠭᠠᠵᠠᠷ᠎ᠤᠨ ᠬᠠᠷᠢᠭᠤᠴᠠᠯᠭᠠᠲᠠᠨ᠎ᠳᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠵᠢᠷᠤᠮᠯᠠᠵᠤ᠂ ᠣᠯᠠᠨ ᠲᠦᠮᠡᠨ᠎ᠦ᠎ᠬᠦᠰᠡᠯ᠎ᠰᠠᠨᠠᠭ᠎ᠠ᠎ᠶ᠋ᠢ᠎ᠬᠦᠨᠳᠦᠳᠭᠡᠵᠦ᠍᠂ ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠎ᠶ᠋ᠢ ᠴᠢᠬᠤᠯᠠᠴᠢᠯᠠᠵᠤ᠂ ᠲᠤᠬᠠᠶ᠎ᠶ᠋ᠢᠨ ᠭᠠᠵᠠᠷ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠡᠯ᠎ᠡ ᠵᠦᠶ᠋ᠯ᠎ᠦᠨ ᠠᠵᠢᠯ᠎ᠢ ᠨᠠᠷᠢᠨ ᠨᠢᠬᠳᠠ ᠯᠠᠪᠳᠠᠭᠤᠨ ᠪᠠᠲᠤᠲᠠᠶ ᠦᠨᠡᠨ ᠬᠦ᠌ ᠪᠤᠳᠠᠳᠠᠢ ᠨᠠᠢᠳᠠᠪᠤᠷᠢᠵᠢᠭᠤᠯᠤᠨ ᠬᠢᠬᠦ᠌ ᠬᠡᠷᠡᠭ᠌ᠲᠡᠶ᠃ ᠤᠯᠠᠭᠠᠨᠴᠠᠪ ᠬᠣᠲᠠ᠎ᠶ᠋ᠢᠨ᠎ᠬᠢᠨ᠎ᠳᠤ  ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶ᠋ᠢᠨ ᠲᠣᠮᠣ ᠲᠠᠪᠴᠠᠩ᠎ᠢ ᠭᠦᠶ᠋ᠴᠡᠳ ᠰᠠᠢᠲᠤᠷ ᠠᠱᠢᠭ᠍ᠯᠠᠵᠤ᠂ ᠪᠡᠭᠡᠵᠢᠩ᠎ᠦᠨ ᠬᠡᠷᠡᠭ᠌ᠯᠡᠭᠡᠨ᠎ᠦ ᠲᠣᠮᠣ ᠵᠠᠬ᠎ᠠ ᠳᠡᠯᠭᠡᠭᠦᠷ᠎ᠢ ᠴᠢᠩᠭ᠎ᠠ ᠠᠩᠬᠠᠷᠴᠤ᠌᠂ ᠨᠠᠩ ᠣᠯᠠᠨ ᠰᠢᠯᠢᠳᠡᠭ ᠠᠵᠤ ᠠᠬᠤᠢᠯᠠᠯ᠂ ᠲᠣᠮᠣ ᠠᠵᠤ ᠠᠬᠤᠢᠯᠠᠯ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠪᠡᠭᠡᠵᠢᠩ᠎ᠦᠨ ᠴᠢᠨᠠᠷ ᠰᠠᠢᠲᠠᠶ ᠡᠬᠢ ᠪᠠᠶᠠᠯᠢᠭ᠎ᠢ ᠠᠱᠢᠭ᠍ᠯᠠᠨ ᠦᠶ᠋ᠯᠡᠳᠬᠦᠨ᠎ᠢᠶᠡᠨ ᠰᠠᠢᠲᠤᠷ ᠪᠤᠢᠵᠢᠭᠤᠯᠵᠤ᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠰᠠᠢᠲᠤᠷ ᠨᠡᠭᠡᠭᠡᠵᠦ᠍᠂ ᠤᠨᠴᠠᠯᠢᠬ᠍ᠳᠤ ᠲᠠᠷᠢᠶᠠᠯᠠᠩ ᠮᠠᠯ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ ᠬᠡᠷᠡᠭ᠌ᠲᠡᠶ ᠭᠡᠵᠦ᠍ ᠵᠠᠬᠢᠪᠠ᠃

ᠱᠢᠨ᠎ᠡ ᠴᠠᠭ ᠦᠶ᠎ᠡ᠎ᠳᠦ ᠨᠡᠢᠭᠡᠮ᠎ᠦᠨ ᠥᠨᠳᠥᠷ ᠪᠦᠲᠦᠮᠵᠢᠲᠡᠢ ᠵᠠᠰᠠᠯᠲᠠ᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ ᠨᠢ ᠨᠠᠮ᠎ᠤᠨ ᠤᠳᠤᠷᠢᠳᠤᠯᠭ᠎ᠠ᠎ᠳᠤ ᠪᠠᠢᠵᠤ᠂ ᠲᠤᠰᠤᠯᠳᠠ ᠨᠢ ᠦᠨᠳᠦᠰᠦᠨ ᠱᠠᠲᠤᠨ᠎ᠳᠤ ᠪᠤᠢ᠃ ᠱ᠌ᠢ᠎ᠲᠡᠶ ᠹᠸᠩ ᠴᠢᠤᠸᠠᠨ ᠱᠠᠨ ᠵᠡᠭᠡᠯᠢ ᠭᠤᠳᠤᠮᠵᠢ᠎ᠶ᠋ᠢᠨ ᠴᠠᠬᠠᠷ ᠨᠡᠢᠭᠡᠮ ᠲᠣᠭᠣᠷᠢᠭ᠎ᠲᠤ ᠬᠦᠷᠴᠦ᠍᠂《ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠂ ᠣᠯᠠᠨ ᠡᠰᠢᠵᠢᠬᠦᠯᠦᠨ ᠬᠠᠮᠲᠤ᠎ᠪᠠᠷ ᠵᠠᠰᠠᠬᠤ᠂ ᠳᠥᠷᠪᠡᠨ ᠬᠡᠯᠬᠢᠶ᠎ᠡ᠎ᠵᠢ ᠲᠤᠤᠷ ᠪᠣᠯᠭᠠᠬᠤ》ᠦᠨᠳᠦᠰᠦᠨ ᠱᠠᠲᠤᠨ᠎ᠤ ᠵᠠᠰᠠᠯᠲᠠ᠎ᠶ᠋ᠢᠨ ᠵᠠᠭ᠍ᠪᠤᠷ᠎ᠤᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠶ ᠰᠣᠨᠣᠰᠴᠤ᠌᠂ ᠨᠡᠢᠭᠡᠮ ᠲᠣᠭᠣᠷᠢᠭ᠎ᠤᠨ ᠠᠵᠢᠯᠲᠠᠳ᠎ᠢ ᠪᠣᠯᠭᠣᠭᠠᠨ ᠲᠣᠬᠣᠨᠢᠭᠤᠯᠪᠠ᠃ ᠱ᠌ᠢ᠎ᠲᠡᠶ ᠹᠸᠩ᠂ ᠨᠡᠢᠭᠡᠮ ᠲᠣᠭᠣᠷᠢᠭ ᠪᠣᠯ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠣᠯᠠᠨ ᠲᠦᠮᠡᠨ᠎ᠲᠡᠶ ᠬᠠᠷᠢᠯᠴᠠᠬᠤ᠂ ᠣᠯᠠᠨ ᠲᠦᠮᠡᠨ᠎ᠳᠦ ᠦᠶ᠋ᠯᠡᠴᠢᠯᠡᠬᠦ᠌ ᠮᠡᠳᠡᠷᠡᠯ᠎ᠦᠨ ᠰᠡᠵᠢᠭᠦᠷ ᠮᠥᠨ᠂ ᠨᠡᠢᠭᠡᠮ ᠲᠣᠭᠣᠷᠢᠭ᠎ᠤᠨ ᠠᠵᠢᠯ᠎ᠢ ᠰᠠᠢᠲᠤᠷ ᠬᠢᠬᠦ᠌ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠭᠤ ᠦᠢᠯᠡᠳᠦᠯ ᠪᠣᠯᠤᠨ ᠤᠯᠤᠰ ᠲᠦᠷᠦ᠍᠎ᠶ᠋ᠢᠨ ᠴᠢᠳᠠᠮᠵᠢ᠎ᠶ᠋ᠢ ᠭᠦᠢᠴᠡᠳ ᠪᠠᠳᠠᠷᠠᠭᠤᠯᠵᠤ᠂ ᠨᠡᠢᠭᠡᠮ ᠲᠣᠭᠣᠷᠢᠭ᠎ᠤᠨ ᠵᠠᠰᠠᠯᠲᠠ᠎ᠶ᠋ᠢ ᠴᠢᠨᠠᠭ᠍ᠰᠢᠳᠠ ᠠᠬᠢᠭᠤᠯᠵᠤ᠂ ᠢᠯᠠᠩᠭᠤᠶ᠎ᠠ ᠦᠨᠳᠦᠰᠦᠨ ᠱᠠᠲᠤᠨ᠎ᠤ ᠲᠣᠣᠷᠵᠢᠭᠤᠯᠤᠯᠲᠠ᠎ᠵᠢᠨ ᠦᠨᠡᠨ ᠬᠦ᠌ ᠠᠮᠢᠳᠤᠯᠢᠭ ᠬᠦᠳᠡᠯᠦᠩᠬᠦᠢ ᠪᠤᠯᠵᠤ᠂ ᠦᠨᠡᠨ ᠬᠦ᠌ ᠦᠢᠯᠡᠳᠦᠯ ᠦᠵᠡᠬᠦᠯᠬᠦ ᠵᠢ ᠪᠡᠶᠡᠯᠡᠬᠦᠯᠵᠤ᠂ ᠨᠠᠮ᠎ᠤᠨ ᠬᠣᠷᠢᠢ᠎ᠠ ᠪᠣᠯᠤᠨ ᠵᠠᠰᠠᠭ᠎ᠤᠨ ᠣᠷᠳᠣᠨ᠎ᠤ ᠱᠠᠭᠠᠷᠳᠠᠯᠭ᠎ᠠ᠎ᠶ᠋ᠢ ᠦᠳᠳᠡᠷ ᠲᠦᠷᠭᠡᠨ ᠣᠨᠣᠴᠠᠲᠠᠢ ᠪᠡᠷ ᠨᠠᠢᠳᠠᠪᠤᠷᠢᠵᠢᠭᠤᠯᠵᠤ᠂ ᠤᠯᠠᠨ ᠲᠦᠮᠡᠨ᠎ᠲᠡᠶ ᠬᠠᠷᠢᠯᠴᠠᠬᠤ ᠪᠠ ᠤᠯᠠᠨ ᠲᠦᠮᠡᠨ᠎ᠳᠦ ᠦᠢᠯᠡᠴᠢᠯᠡᠬᠦ᠌ ᠠᠵᠢᠯ᠎ᠢ ᠰᠠᠢᠲᠤᠷ ᠥᠷᠨᠢᠭᠦᠯᠬᠦ᠌ ᠬᠡᠷᠡᠭ᠌ᠲᠡᠢ᠃ ᠮᠡᠳᠡᠭᠡ ᠵᠠᠩᠭᠢᠵᠢᠯᠲᠠ᠎ᠶ᠋ᠢᠨ ᠠᠷᠭ᠎ᠠ ᠪᠠᠷᠢᠯ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠳ᠋ᠠᠢᠲ᠋ᠠ᠎ᠶ᠋ᠢ ᠴᠢᠳᠠᠬᠤ᠎ᠶ᠋ᠢᠨ ᠬᠢᠷᠢ᠎ᠪᠡᠷ ᠢᠯᠡᠭᠦᠬᠡᠨ ᠠᠰᠢᠭᠯᠠᠵᠤ᠂ ᠤᠯᠠᠨ ᠲᠦᠮᠡᠨ᠎ᠢ ᠳᠤᠲᠠᠭᠤ ᠭᠦᠶᠦᠯᠭᠡᠵᠦ᠍᠂ ᠨᠡᠩ ᠳᠥᠭᠥᠮ ᠳᠥᠲᠡ ᠥᠨᠳᠥᠷ ᠪᠦᠲᠦᠮᠵᠢᠲᠡᠢ᠎ᠪᠡᠷ ᠤᠯᠠᠨ ᠲᠦᠮᠡᠨ᠎ᠳᠦ ᠦᠢᠯᠡᠴᠢᠯᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠲᠡᠷᠡ᠂ ᠤᠯᠠᠨ ᠲᠦᠮᠡᠨ᠎ᠲᠡᠶ ᠬᠠᠷᠢᠯᠴᠠᠵᠤ᠂ ᠤᠯᠠᠨ ᠲᠦᠮᠡᠨ᠎ᠳᠦ ᠦᠢᠯᠡᠴᠢᠯᠡᠬᠦ᠌᠎ᠳᠦ ᠡᠩ ᠲᠡᠷᠢᠭᠦᠨ᠎ᠳᠦ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠍᠂ ᠤᠯᠠᠨ ᠲᠦᠮᠡᠨ᠎ᠦ ᠳᠤᠮᠳᠠ ᠠᠭᠤᠰᠤᠯᠴᠠᠬᠤ ᠬᠡᠷᠡᠭ᠌ᠲᠡᠢ᠂ ᠥᠷᠭᠡᠨ ᠤᠯᠠᠨ᠎ᠨᠠᠮ᠎ᠤᠨ᠎ᠭᠡᠱᠢᠭᠦᠨ᠂᠎ᠺᠠᠳ᠋ᠷᠴᠤᠳ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠨᠡᠨ ᠬᠦ᠌ ᠨᠡᠪᠳᠡᠷᠡᠳᠡᠯ᠎ᠡ ᠣᠢᠯᠠᠭᠠᠵᠤ᠂ ᠭᠦᠨᠵᠡᠭᠡᠢ ᠦᠢᠯᠡᠳᠦᠯᠭᠡᠵᠢᠭᠦᠯᠵᠦ᠍᠂ ᠦᠨᠡᠨ ᠬᠦ᠌ ᠤᠯᠠᠨ ᠲᠦᠮᠡᠨ᠎ᠲᠡᠶ ᠪᠤᠳᠤᠯ᠎ᠢᠶᠠᠨ ᠨᠢᠭᠡᠳᠭᠡᠨ᠂ ᠬᠦᠴᠦ᠍᠎ᠪᠡᠨ ᠬᠠᠮᠲᠤᠳᠭᠠᠵᠤ᠂ ᠤᠯᠠᠨ ᠲᠦᠮᠡᠨ᠎ᠢ ᠨᠡᠩ ᠰᠠᠢᠳᠤᠷ ᠵᠣᠬᠢᠶᠠᠨ ᠪᠠᠢᠭᠤᠯᠵᠤ᠂ ᠤᠯᠠᠨ ᠲᠦᠮᠡᠨ᠎ᠢ ᠨᠢᠭ᠍ᠲᠠᠷᠠᠭᠤᠯᠵᠤ᠂ ᠤᠯᠠᠨ ᠲᠦᠮᠡᠨ᠎ᠳᠦ ᠤᠬᠠᠭᠤᠯᠵᠤ᠂ ᠤᠯᠠᠨ ᠲᠦᠮᠡᠨ᠎ᠳᠦ ᠦᠢᠯᠡᠴᠢᠯᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠨᠠᠷᠢᠨ ᠪᠢᠴᠢᠭ᠎ᠦᠨ ᠳᠠᠷᠤᠭ᠎ᠠ ᠢᠦᠢ ᠯᠢ ᠱᠢᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号