ᠸᠠᠩ ᠯᠢ ᠱᠢᠶᠠ ᠤᠷᠳᠤᠰ᠎ᠲᠤ ᠦᠨᠳᠦᠰᠦᠨ ᠱᠠᠲᠤᠨ᠎ᠤ ᠺᠠᠳ᠋ᠷ ᠤᠯᠠᠨ ᠲᠦᠮᠡᠨ᠎ᠢ ᠪᠣᠯᠭᠣᠭᠠᠨ ᠲᠣᠬᠣᠨᠢᠭᠤᠯᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠤᠳᠤᠯᠵᠤ ᠪᠠᠢᠴᠠᠭᠠᠪᠠ
2022-01-29 09:56:25
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 27 ᠤ᠋ ᠡᠳᠦᠷ᠂ ᠪᠢᠯᠢᠭ᠎ᠦᠨ ᠤᠯᠠᠷᠢᠯ᠎ᠤᠨ ᠪᠠᠷᠰ ᠵᠢᠯ᠎ᠤᠨ ᠴᠠᠭᠠᠨ ᠰᠠᠷ᠎ᠠ ᠬᠦᠷᠴᠦ᠍ ᠢᠷᠡᠬᠦ᠌ ᠲᠠᠱᠢᠷᠠᠮ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ ᠤᠷᠳᠤᠰ ᠬᠤᠳᠠ᠎ᠶ᠋ᠢᠨ ᠦᠨᠳᠦᠰᠦᠨ ᠱᠠᠲᠤᠨ᠎ᠤ ᠡᠮᠦᠨ᠎ᠡ ᠹᠷᠣᠨᠲ ᠲᠤ᠌ ᠭᠦᠨᠵᠡᠭᠡᠢᠷᠡᠵᠦ᠍᠂ ᠺᠠᠳ᠋ᠷ ᠤᠯᠠᠨ ᠲᠦᠮᠡᠨ᠎ᠢ ᠪᠣᠯᠭᠣᠭᠠᠨ ᠲᠣᠬᠣᠨᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠶᠤᠯᠭᠦᠢ ᠦᠢᠯᠡᠳᠪᠦᠷᠢᠯᠡᠯ᠎ᠦᠨ ᠠᠵᠢᠯ᠎ᠢ ᠰᠤᠳᠤᠯᠵᠤ ᠪᠠᠢᠴᠠᠭᠠᠪᠠ᠃

ᠡᠵᠡᠨ ᠬᠣᠷᠣᠭ᠎ᠠ ᠬᠣᠱᠢᠭᠤᠨ᠎ᠤ ᠠᠯᠳᠠᠨᠱᠢᠷᠡᠬᠡᠳᠤ ᠪᠠᠯᠭᠠᠰᠤ᠎ᠶ᠋ᠢᠨ ᠱᠢᠨ ᠪᠸᠢ ᠨᠡᠢᠭᠡᠮ ᠲᠣᠭᠣᠷᠢᠭ ᠨᠢ 2017 ᠣᠨ᠎ᠳᠤ ᠪᠠᠢᠭᠤᠯᠤᠭ᠍ᠳᠠᠵᠤ᠂ ᠬᠠᠷᠢᠶ᠎ᠠ ᠣᠷᠣᠨ ᠳ᠋ᠡᠬᠢ ᠨᠡᠬᠦᠯᠭᠡᠵᠦ ᠢᠷᠡᠭᠰᠡᠨ ᠮᠠᠯᠴᠢᠨ ᠲᠠᠷᠢᠶᠠᠴᠢᠨ ᠪᠦᠬᠦ᠌ ᠰᠠᠭᠤᠭᠠᠯᠢ ᠠᠷᠠᠳ᠎ᠤᠨ 87% ᠎ᠶᠢ  ᠡᠵᠡᠯᠡᠵᠤ ᠪᠤᠢ᠃ ᠸᠠᠩ ᠯᠢ ᠱᠢᠶᠠ ᠨᠡᠢᠭᠡᠮ ᠲᠣᠭᠣᠷᠢᠭ᠎ᠤᠨ ᠨᠠᠮ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ ᠬᠦᠷᠴᠦ᠍ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡ᠂ ᠨᠡᠢᠭᠡᠮ ᠲᠣᠭᠣᠷᠢᠭ᠎ᠤᠨ ᠵᠠᠰᠠᠯᠲᠠ ᠪᠣᠯᠤᠨ ᠨᠡᠬᠦᠯᠭᠡᠭᠰᠡᠨ ᠮᠠᠯᠴᠢᠨ ᠲᠠᠷᠢᠶᠠᠴᠢᠨ᠎ᠤ ᠠᠵᠢᠯ ᠣᠯᠭᠣᠯᠲᠠ᠎ᠶ᠋ᠢᠨ ᠪᠣᠯᠪᠠᠰᠤᠷᠠᠯ ᠵᠡᠷᠭᠡ ᠪᠠᠢᠳᠠᠯ᠎ᠢ ᠨᠠᠷᠢᠨ ᠣᠢᠯᠠᠭᠠᠬᠤ᠎ᠶ᠋ᠢᠨ ᠬᠠᠮᠲᠤ ᠺᠠᠳ᠋ᠷ ᠤᠯᠠᠨ ᠲᠦᠮᠡᠨ᠎ᠳᠦ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠱᠢᠭᠦᠯᠪᠡ᠃ ᠸᠠᠩ ᠯᠢ ᠱᠢᠶᠠ᠂ ᠨᠡᠢᠭᠡᠮ ᠲᠣᠭᠣᠷᠢᠭ᠎ᠤᠨ ᠠᠵᠢᠯ ᠪᠣᠯ ᠤᠯᠠᠨ ᠲᠦᠮᠡᠨ᠎ᠲᠠᠢ ᠬᠠᠮᠤᠭ᠎ᠡᠴᠡ ᠤᠢᠷᠠᠲᠤᠭᠰᠠᠨ ᠠᠵᠢᠯ᠎ᠤᠨ ᠪᠠᠢᠷᠢ ᠮᠥᠨ᠂ ᠤᠯᠠᠨ ᠲᠦᠮᠡᠨ᠎ᠦ ᠠᠵᠢᠯ᠎ᠢ ᠰᠠᠢᠲᠤᠷ ᠬᠢᠬᠦ᠌᠎ᠶ᠋ᠢᠨ《ᠡᠴᠦᠰ᠎ᠦᠨ ᠨᠢᠭᠡ ᠮᠧᠲ᠋ᠷ》 ᠮᠥᠨ᠂ ᠤᠯᠠᠨ ᠲᠦᠮᠡᠨ᠎ᠦ ᠵᠣᠭ᠍ᠰᠣᠯᠲᠠ᠎ᠠᠴᠠ ᠨᠡᠢᠭᠡᠮ ᠲᠣᠭᠣᠷᠢᠭ᠎ᠤᠨ ᠦᠢᠯᠡᠴᠢᠯᠡᠭᠡ᠎ᠶ᠋ᠢ ᠨᠠᠷᠢᠨ ᠨᠢᠮᠪᠠᠢ ᠰᠠᠢᠲᠤᠷ ᠬᠢᠵᠦ᠍᠂ ᠤᠯᠠᠨ ᠲᠦᠮᠡᠨ᠎ᠦ ᠪᠠᠭ᠎ᠠ ᠶᠠᠪᠤᠳᠠᠯ᠎ᠢ ᠶᠡᠬᠡ ᠶᠠᠪᠤᠳᠠᠯ ᠪᠣᠯᠭᠠᠨ ᠦᠵᠡᠵᠤ᠂ ᠤᠯᠠᠨ ᠲᠦᠮᠡᠨ᠎ᠦ ᠪᠠᠴᠢᠮ ᠶᠠᠪᠤᠳᠠᠯ ᠬᠦᠴᠢᠷ ᠶᠠᠪᠤᠳᠠᠯ᠎ᠢ ᠴᠢᠬᠤᠯᠠ ᠶᠠᠪᠤᠳᠠᠯ ᠪᠣᠯᠭᠠᠨ ᠦᠵᠡᠵᠤ᠂ ᠦᠢᠯᠡᠴᠢᠯᠡᠭᠡᠨ᠎ᠦ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠤᠯᠠᠨ ᠲᠦᠮᠡᠨ᠎ᠦ ᠠᠵᠢᠯ᠎ᠢ ᠨᠠᠷᠢᠯᠢᠭ᠎ᠠᠴᠠ ᠨᠠᠷᠢᠯᠢᠭ᠂ ᠦᠬᠡ ᠲᠠᠭᠤᠨ ᠦᠬᠡᠢ ᠪᠡᠷ ᠰᠠᠢᠲᠤᠷ ᠬᠢᠬᠦ᠌ ᠬᠡᠷᠡᠭ᠌ᠲᠡᠢ᠃ ᠢᠯᠠᠩᠭᠤᠶ᠎ᠠ ᠨᠡᠬᠦᠯᠭᠡᠭᠰᠡᠨ ᠮᠠᠯᠴᠢᠨ ᠲᠠᠷᠢᠶᠠᠴᠢᠨ ᠳ᠋ᠤ ᠠᠵᠢᠯ ᠣᠯᠭᠣᠵᠤ ᠦᠢᠯᠡᠰ ᠪᠤᠰᠬᠠᠬᠤ ᠦᠢᠯᠡᠴᠢᠯᠡᠭᠡ ᠪᠠ ᠦᠨᠳᠦᠰᠦᠲᠡᠨ᠎ᠨᠦᠭᠦᠳ᠎ᠦᠨ ᠬᠠᠷᠢᠯᠴᠠᠨ ᠠᠭᠤᠰᠤᠯᠴᠠᠬᠰᠠᠨ ᠮᠠᠶᠢᠭ᠎ᠤᠨ ᠨᠡᠢᠭᠡᠮ ᠲᠣᠭᠣᠷᠢᠭ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠷᠭᠦᠯᠵᠢᠯᠡᠨ ᠪᠠᠲᠤ ᠴᠤᠭᠴᠠᠯᠠᠵᠤ᠂ ᠡᠶ᠎ᠡ ᠵᠤᠬᠢᠴᠠᠩᠭᠤᠢ ᠵᠣᠯ ᠵᠢᠷᠭᠠᠯᠲᠤ ᠨᠡᠢᠭᠡᠮ ᠲᠣᠭᠣᠷᠢᠭ᠎ᠢ ᠪᠠᠢᠭᠤᠯᠬᠤ ᠬᠡᠷᠡᠭ᠌ᠲᠡᠢ ᠬᠡᠵᠤ ᠴᠢᠬᠤᠯᠠᠴᠢᠯᠠᠪᠠ᠃

ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠬᠥᠮᠦᠰ᠎ᠦᠨ ᠨᠠᠭᠠᠰᠢ ᠴᠠᠭᠠᠰᠢ ᠶᠠᠪᠤᠬᠤ ᠨᠢ ᠣᠯᠠᠱᠢᠷᠠᠨ᠎ᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠨᠢᠭᠡ ᠮᠥᠴᠡ ᠴᠦ᠍ ᠰᠤᠯᠠᠷᠠᠭᠤᠯᠵᠤ ᠪᠣᠯᠬᠤ ᠦᠭᠡᠢ᠃ ᠸᠠᠩ ᠯᠢ ᠱᠢᠶᠠ ᠲᠤᠰᠬᠠᠢᠯᠠᠨ ᠤᠷᠳᠤᠰ ᠬᠤᠳᠠ᠎ᠶ᠋ᠢᠨ ᠡᠪᠡᠳᠴᠢᠨ ᠬᠢᠵᠢᠭ ᠎ᠢ ᠰᠡᠷᠭᠡᠢᠯᠡᠨ ᠡᠵᠡᠮᠳᠡᠬᠦ᠌ ᠲᠥᠪ᠎ᠲᠦ ᠬᠦᠷᠴᠦ᠍᠂ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠴᠢᠩᠭᠡᠯᠢᠭᠳᠤ ᠲᠤᠷᠱᠢᠯᠲᠠ᠎ᠶ᠋ᠢᠨ ᠲᠠᠰᠤᠭ᠎ᠤᠨ ᠠᠵᠢᠯᠯᠠᠭᠠᠨ᠎ᠤ ᠪᠠᠢᠳᠠᠯ᠎ᠢ ᠪᠠᠢᠴᠠᠭᠠᠨ ᠰᠤᠳᠤᠯᠵᠤ᠂ ᠡᠮᠦᠨ᠎ᠡ ᠹᠷᠣᠨᠲ᠎ᠤᠨ ᠠᠵᠢᠯᠲᠠᠳ᠎ᠢ ᠲᠣᠬᠣᠨᠢᠭᠤᠯᠵᠤ᠂ ᠨᠠᠮ ᠪᠣᠯᠤᠨ ᠠᠷᠠᠳ ᠲᠦᠮᠡᠨ᠎ᠳᠦ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠣᠪᠣᠷ᠎ᠢᠶᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠡᠯ᠎ᠡ ᠵᠦᠢᠯ᠎ᠦᠨ ᠠᠵᠢᠯ᠎ᠢ ᠦᠨᠡᠨ ᠬᠦ᠌ ᠰᠠᠢᠲᠤᠷ ᠬᠢᠵᠦ᠍᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠴᠢᠳᠠᠪᠤᠷᠢ ᠪᠣᠯᠤᠨ ᠲᠦᠪᠱᠢᠨ᠎ᠢᠶᠡᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠠᠮᠢ ᠨᠠᠰᠤ ᠡᠷᠡᠭᠦᠯ ᠮᠡᠨᠳᠦ᠍᠎ᠶ᠋ᠢ ᠰᠠᠢᠲᠤᠷ ᠬᠠᠮᠠᠭᠠᠯᠠᠬᠤ ᠬᠡᠷᠡᠭ᠌ᠲᠡᠢ ᠭᠡᠵᠦ᠍ ᠵᠠᠬᠢᠪᠠ᠃

ᠸᠠᠩ ᠯᠢ ᠱᠢᠶᠠ ᠥᠪᠥᠷ ᠮᠣᠩᠭᠣᠯ᠎ᠤᠨ ᠵᠢᠩ ᠨᠸᠩ᠎ᠤᠨ ᠬᠢᠶ᠎ᠠ ᠪᠠᠭ᠍ᠰᠢ᠎ᠳᠡᠬᠢ ᠢᠯᠴᠢ ᠵᠢᠨ ᠴᠠᠬᠢᠯᠭᠠᠨ᠎ᠤ ᠬᠢᠵᠠᠭᠠᠷᠲᠤ ᠺᠣᠮᠫᠠᠨᠢ᠎ᠳᠤ ᠬᠦᠷᠴᠦ᠍᠂ ᠠᠵᠤ ᠠᠬᠤᠢᠯᠠᠯ᠎ᠤᠨ ᠦᠢᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ᠎ᠢ ᠨᠠᠷᠢᠨ ᠣᠢᠯᠠᠭᠠᠬᠰᠠᠨ ᠪᠦᠬᠡᠳ ᠬᠠᠩᠭᠠᠯᠭ᠎ᠠ᠎ᠶ᠋ᠢ ᠪᠠᠲᠤᠯᠠᠬᠤ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ ᠪᠣᠯᠤᠨ ᠠᠷᠠᠳ᠎ᠤᠨ ᠠᠮᠢᠳᠤᠷᠠᠯ᠎ᠢ ᠪᠠᠲᠤᠯᠠᠬᠤ ᠨᠡᠢᠭᠡᠮ᠎ᠦᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠦᠢᠯᠡᠳᠪᠦᠷᠢᠯᠡᠯ ᠡᠵᠡᠩᠨᠡᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠡᠨᠡ ᠡᠪᠦᠯ ᠢᠷᠡᠬᠦ᠌ ᠬᠠᠪᠤᠷ᠎ᠤᠨ ᠴᠠᠬᠢᠯᠭᠠᠨ᠂ ᠢᠯᠴᠢ᠎ᠶ᠋ᠢᠨ ᠲᠣᠭ᠍ᠲᠠᠭᠤᠨ ᠬᠠᠩᠭᠠᠯᠭ᠎ᠠ᠎ᠶ᠋ᠢ ᠪᠠᠲᠤᠯᠠᠬᠤ ᠬᠡᠷᠡᠭ᠌ᠲᠡᠢ᠃ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠭᠠᠬᠤ᠎ᠶ᠋ᠢ ᠲᠦᠷᠭᠡᠳᠭᠡᠨ ᠠᠬᠢᠭᠤᠯᠵᠤ᠂ ᠵᠠᠩᠭᠢᠯᠠᠭ᠎ᠠ᠎ᠶ᠋ᠢᠨ ᠮᠡᠷᠭᠡᠵᠢᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠴᠢᠩᠭᠠᠳᠭᠠᠵᠤ᠂ ᠪᠦᠬᠦ᠌ ᠣᠷᠣᠨ᠎ᠤ《ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ᠎ᠳᠤ ᠬᠦᠷᠬᠦ ᠨᠡᠬᠦᠷᠡᠰᠦᠳᠦᠶ᠋ᠷᠦᠭᠴᠢ ᠵᠢ ᠰᠠᠭᠠᠷᠮᠠᠬᠵᠢᠭᠤᠯᠬᠤ》᠂《 ᠡᠨ᠋ᠸᠷᠬᠢ ᠵᠢᠨ ᠬᠤᠷᠤᠭᠳᠠᠯ᠎ᠤᠨ ᠨᠡᠮᠡᠭᠳᠡᠯ ᠪᠠ ᠬᠤᠷᠤᠬᠳᠠᠯ᠎ᠤᠨ ᠡᠷᠴᠢᠮ᠎ᠢ ᠡᠵᠡᠮᠳᠡᠬᠦ》᠎ᠳ᠋ᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠬᠦ᠌ ᠬᠡᠷᠡᠭ᠌ᠲᠡᠢ᠃ ᠠᠶᠤᠯᠭᠦᠶ ᠦᠶ᠋ᠯᠡᠳᠪᠦᠷᠢᠯᠡᠯ᠎ᠦᠨ ᠬᠦᠪᠴᠢ ᠵᠢ ᠴᠠᠭ ᠢᠮᠠᠭ᠍ᠲᠠ ᠴᠢᠩᠳᠠᠯᠠᠵᠤ᠂ ᠪᠠᠶᠠᠷ᠎ᠤᠨ ᠡᠳᠦᠷ᠎ᠡᠴᠡ ᠡᠮᠦᠨᠡᠬᠢ ᠬᠡᠮ ᠰᠣᠭᠣᠭ᠎ᠢ ᠵᠢᠭ᠍ᠰᠠᠭᠠᠨ ᠪᠠᠢᠴᠠᠭᠠᠬᠤ ᠠᠵᠢᠯ᠎ᠢ ᠬᠢᠨᠠᠮᠠᠭᠠᠶ ᠰᠠᠢᠲᠤᠷ ᠬᠢᠵᠦ᠍᠂ ᠠᠶᠤᠯᠭᠦᠶ ᠦᠶ᠋ᠯᠡᠳᠪᠦᠷᠢᠯᠡᠯ᠎ᠦᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭ᠌ᠲᠡᠶ ᠬᠡᠵᠤ ᠴᠢᠬᠤᠯᠠᠴᠢᠯᠠᠪᠠ᠃

ᠠᠬᠠᠮᠠᠳ ᠨᠠᠮ᠎ᠤᠨ ᠭᠡᠱᠢᠭᠦᠨ ᠰᠦᠨ ᠸᠧᠢ ᠪᠣᠯ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ ᠰᠠᠢ᠌ᠨ ᠳᠤᠷ᠎ᠠ᠎ᠶ᠋ᠢᠨ ᠴᠡᠷᠢᠭ᠎ᠦᠨ ᠠᠬᠠᠮᠠᠳ ᠪᠠᠢᠯᠳᠤᠭ᠍ᠴᠢ ᠪᠣᠯᠤᠨ᠎ᠠ᠂ ᠸᠠᠩ ᠯᠢ ᠱᠢᠶᠠ ᠲᠡᠭᠦᠨ᠎ᠦ ᠭᠡᠷ᠎ᠲᠦ ᠢᠷᠡᠵᠥ᠍᠂ ᠠᠭᠤᠯᠵᠠᠮᠠᠭ᠍ᠴᠠ ᠪᠡᠨ ᠨᠠᠰᠤᠲᠠᠨ᠎ᠳᠤ ᠳᠣᠲᠣᠨᠣ ᠮᠡᠨᠳᠦᠴᠢᠯᠡᠯ ᠬᠦᠷᠭᠡᠵᠦ᠍᠂ ᠠᠮᠢᠳᠤᠷᠠᠯ᠎ᠤᠨ ᠬᠢᠨᠢ ᠪᠠᠢᠳᠠᠯ ᠪᠣᠯᠤᠨ ᠪᠡᠶ᠎ᠡ ᠵᠢᠨ  ᠪᠠᠢᠳᠠᠯ᠎ᠢ ᠨᠢ ᠠᠰᠠᠭᠤᠵᠤ᠂ ᠨᠠᠰᠤᠲᠠᠨ᠎ᠤ ᠶᠠᠷᠢᠬᠰᠠᠨ ᠲᠤᠬᠠᠢ᠎ᠶ᠋ᠢᠨ ᠵᠢᠯ᠎ᠦᠨ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ ᠲᠠᠢ᠌ᠨ᠎ᠳᠦ ᠣᠷᠣᠯᠴᠠᠭ᠍ᠰᠠᠨ ᠦᠯᠢᠭᠡᠷ᠎ᠢ ᠰᠣᠨᠣᠰᠴᠤ᠌᠂ ᠲᠡᠭᠦᠨ᠎ᠦ ᠨᠠᠮ ᠪᠣᠯᠤᠨ ᠤᠯᠤᠰ᠎ᠲᠤ ᠴᠢᠬᠤᠯᠠ ᠬᠤᠪᠢ ᠨᠡᠮᠡᠷᠢ ᠦᠵᠡᠭᠦᠯᠦᠭ᠌ᠰᠡᠨ᠎ᠳᠦ ᠲᠠᠯᠠᠷᠬᠠᠪᠠ᠃ ᠸᠠᠩ ᠯᠢ ᠱᠢᠶᠠ ᠨᠠᠰᠤᠲᠠᠨ᠎ᠳᠤ ᠪᠡᠶ᠎ᠡ᠎ᠪᠡᠨ ᠰᠠᠢᠳᠤᠷ ᠭᠠᠮᠨᠠᠵᠤ᠂ ᠥᠲᠡᠯᠦᠭᠡ ᠨᠠᠰᠤ᠎ᠪᠠᠨ ᠠᠮᠤᠷ ᠵᠢᠷᠭᠠᠯ ᠲᠠᠢ ᠥᠩᠭᠡᠷᠡᠭᠦᠯᠬᠦ ᠵᠢ ᠬᠦᠰᠡᠭᠰᠡᠨ ᠪᠥᠭᠡᠳ ᠲᠤᠬᠠᠢ᠎ᠶ᠋ᠢᠨ ᠭᠠᠵᠠᠷ᠎ᠤᠨ ᠬᠠᠷᠢᠭᠤᠴᠠᠯᠭᠠᠲᠠᠨ ᠨᠥᠬᠥᠳ᠎ᠲᠦ ᠠᠬᠠᠮᠠᠳ ᠨᠠᠮ᠎ᠤᠨ ᠭᠡᠱᠢᠭᠦᠨ᠂ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠎ᠢ ᠢᠯᠡᠭᠦᠬᠡᠨ ᠬᠠᠯᠠᠮᠵᠢᠯᠠᠨ ᠬᠠᠷᠠᠭᠠᠯᠵᠠᠵᠤ᠂ ᠪᠦᠬᠦ᠌ ᠬᠦᠴᠦᠨ᠎ᠢᠶᠡᠷ᠎ᠢᠶᠡᠨ ᠲᠡᠳᠡᠨ᠎ᠦ ᠪᠣᠳᠠᠲᠠᠢ ᠠᠰᠠᠭᠤᠳᠠᠯ᠎ᠢ ᠨᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ ᠭᠡᠵᠦ᠍ ᠵᠠᠬᠢᠪᠠ᠃

ᠸᠠᠩ ᠯᠢ ᠱᠢᠶᠠ ᠪᠠᠰᠠ ᠤᠷᠳᠤᠰ᠎ᠤᠨ ᠴᠡᠷᠢᠭ᠎ᠦᠨ ᠬᠤᠪᠢᠶᠠᠷᠢ ᠲᠣᠭᠣᠷᠢᠭ᠎ᠲᠤ ᠬᠦᠷᠴᠦ᠍ ᠥᠷᠭᠡᠨ᠎ᠤᠯᠠᠨ ᠵᠢᠯᠤᠭᠤᠳᠤᠬ᠍ᠴᠢ ᠪᠠᠢᠯᠳᠤᠭ᠍ᠴᠢᠳ᠎ᠢ ᠪᠣᠯᠭᠣᠭᠠᠨ ᠲᠣᠬᠣᠨᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠡᠮᠦᠨ᠎ᠡ᠎ᠡᠴᠡ ᠪᠦᠬᠦ᠌ ᠳᠠᠷᠤᠭ᠎ᠠ ᠪᠠᠢᠯᠳᠤᠭ᠍ᠴᠢ᠎ᠳᠤ ᠤᠷᠢᠳᠴᠢᠯᠠᠨ ᠪᠠᠶᠠᠷ᠎ᠤᠨ ᠡᠳᠦᠷ᠎ᠦᠨ ᠮᠡᠨᠳᠦᠴᠢᠯᠠᠯ ᠵᠥᠩᠨᠡᠯ ᠳᠡᠪᠱᠢᠭᠦᠯᠪᠡ᠃

ᠥᠪᠡᠷᠲᠡᠭᠡᠨ ᠵᠠᠰᠠᠬᠤ ᠣᠷᠣᠨ᠎ᠤ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠤᠷᠳᠤᠰ ᠬᠤᠳᠠ᠎ᠶ᠋ᠢᠨ ᠬᠠᠷᠢᠭᠤᠴᠠᠯᠭᠠᠲᠠᠨ ᠨᠦᠬᠦᠳ ᠲᠣᠬᠣᠨᠢᠭᠤᠯᠬᠤ ᠪᠠ ᠪᠠᠢᠴᠠᠭᠠᠨ ᠰᠤᠳᠤᠯᠬᠤ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号