ᠸᠠᠩ ᠯᠢ ᠱᠢᠶᠠ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠳᠡᠭᠡᠳᠦ ᠲᠡᠰᠵᠢᠭᠰᠡᠨ ᠤᠶᠤᠨᠴᠢᠯᠠᠭᠰᠠᠨ ᠪᠣᠬᠢᠷᠲᠤᠯ ᠦᠭᠡᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠰᠭᠠᠢ ᠰᠡᠳᠦᠪᠲᠦ ᠬᠤᠷᠠᠯ ᠳᠡᠭᠡᠷ᠎ᠡ ᠵᠠᠪᠠᠯ ᠢᠯᠠᠬᠤ ᠢᠳᠡᠬᠡᠯ ᠵᠣᠷᠢᠭ᠎ᠢᠶᠡᠷ ᠬᠦᠴᠦᠲᠡᠶ ᠠᠷᠭ᠎ᠠ ᠬᠡᠮᠵᠢᠶ᠎ᠡ ᠠᠪᠴᠤ᠌ ᠲᠤᠰᠭᠠᠶ ᠪᠠᠭ᠎ᠲᠤᠰᠭᠠᠶ ᠬᠠᠷᠢᠭᠤᠴᠠᠨ ᠠᠬᠢᠭᠤᠯᠵᠤ ᠪᠦᠬᠦ᠌ ᠬᠦᠴᠦᠨ᠎ᠢᠶᠡᠷ᠎ᠢᠶᠡᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠶ᠋ᠢ ᠠᠳᠭᠤᠵᠤ ᠪᠦᠲᠦᠴᠡ᠎ᠶ᠋ᠢ ᠲᠤᠬᠢᠷᠠᠭᠤᠯᠵᠤ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ
2022-01-29 09:58:06
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 28᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ ᠸᠠᠩ ᠯᠢ ᠱᠢᠶᠠ ᠠᠵᠤ᠎ᠦᠢᠯᠡᠳᠪᠦᠷᠢ᠎ᠶ᠋ᠢᠨ᠎ᠬᠦᠷᠢᠶᠡᠯᠡᠩ᠎ᠲᠣᠭᠣᠷᠢᠭ᠎ᠤᠨ ᠳᠡᠭᠡᠳᠦ ᠳᠡᠰᠵᠢᠭᠰᠡᠨ᠂ ᠤᠶᠤᠨᠴᠢᠯᠠᠬ᠍ᠰᠠᠨ᠂ ᠪᠣᠬᠢᠷᠲᠤᠯ ᠦᠭᠡᠢ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠤᠰᠭᠠᠢ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ᠂ ᠵᠠᠪᠠᠯ ᠢᠯᠠᠬᠤ ᠢᠳᠡᠬᠡᠯ ᠵᠣᠷᠢᠭ᠎ᠢᠶᠡᠷ ᠬᠦᠴᠦᠲᠡᠢ ᠠᠷᠭ᠎ᠠ ᠬᠡᠮᠵᠢᠶ᠎ᠡ ᠠᠪᠴᠤ᠌᠂ ᠲᠤᠰᠭᠠᠢ ᠪᠠᠭ ᠲᠤᠰᠭᠠᠢ ᠬᠠᠷᠢᠭᠤᠴᠠᠨ ᠠᠬᠢᠭᠤᠯᠵᠤ᠂ ᠪᠦᠬᠦ᠌ ᠬᠦᠴᠦᠨ᠎ᠢᠶᠡᠷ᠎ᠢᠶᠡᠨ ᠬᠦᠷᠢᠶᠡᠯᠡᠩ ᠲᠣᠭᠣᠷᠢᠭ᠎ᠤᠨ ᠬᠥᠭ᠌ᠵᠢᠯᠲᠡ᠎ᠶ᠋ᠢ ᠠᠳᠭᠤᠵᠤ᠂ ᠪᠦᠲᠦᠴᠡ᠎ᠶ᠋ᠢ ᠲᠤᠬᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ 

ᠸᠠᠩ ᠯᠢ ᠱᠢᠶᠠ᠂ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ ᠪᠣᠯ ᠪᠦᠲᠦᠴᠡ᠎ᠶ᠋ᠢ ᠲᠤᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠭᠣᠣᠯ ᠣᠷᠣᠨ ᠵᠠᠢ᠎ᠶ᠋ᠢᠨ ᠠᠴᠢᠶᠠᠯᠠᠪᠤᠷᠢ ᠮᠥᠨ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ᠎ᠦᠭᠡᠢ᠎ᠬᠥᠭ᠌ᠵᠢᠭᠦᠯᠬᠦ᠌᠎ᠪᠡᠷ᠎ᠤᠳᠤᠷᠢᠳᠤᠮᠵᠢ᠎ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠵᠠᠩᠭᠢᠯᠠᠭ᠎ᠠ᠎ᠶ᠋ᠢᠨ ᠲᠤᠯᠭᠠᠭᠤᠷᠢᠯᠠᠯ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠪᠠᠢᠯᠳᠤᠬᠤ ᠪᠣᠳᠣᠯᠭ᠎ᠠ ᠪᠠ ᠪᠥᠬᠥ᠌ ᠲᠠᠯ᠎ᠠ᠎ᠶ᠋ᠢᠨ ᠦᠨᠳᠦᠷᠴᠡ᠎ᠠᠴᠠ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠤᠢᠯ᠎ᠤᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ᠎ᠢ ᠭᠦᠨᠵᠡᠭᠡᠶ ᠲᠠᠨᠢᠵᠤ᠂ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠪᠡᠨ ᠲᠣᠳᠣᠷᠬᠠᠢᠯᠠᠵᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠦᠨᠡᠨ ᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠲᠥᠯᠥᠨ ᠳᠠᠭᠠᠭᠤᠯᠬᠤ ᠣᠷᠣᠨ᠂ ᠥᠨᠳᠥᠷ ᠲᠦᠪᠱᠢᠨ ᠪᠥᠬᠥᠶ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠵᠢᠱ᠌ᠢᠶ᠎ᠡ ᠦᠵᠡᠭᠦᠯᠬᠦ᠌ ᠣᠷᠣᠨ᠂ ᠦᠶ᠋ᠯᠡᠰ ᠪᠤᠰᠬᠠᠵᠤ ᠱᠢᠨ᠎ᠡ᠎ᠶ᠋ᠢ ᠡᠭᠦᠳᠬᠦ᠌ ᠲᠥᠪᠯᠡᠷᠡᠯ ᠣᠷᠣᠨ᠂ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ ᠪᠠ ᠪᠠᠢᠭᠤᠯᠤᠮᠵᠢ᠎ᠵᠢᠨ ᠱᠢᠨ᠎ᠡ᠎ᠶ᠋ᠢ ᠡᠭᠦᠳᠬᠦ᠌ ᠬᠣᠱᠢᠭᠤᠴᠢ ᠣᠷᠣᠨ ᠪᠣᠯᠭᠠᠨ ᠪᠥᠲᠥᠭᠡᠨ ᠪᠠᠢᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃

ᠸᠠᠩ ᠯᠢ ᠱᠢᠶᠠ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠳᠠᠪᠠᠭᠤᠯᠢᠭ ᠣᠨᠴᠠᠯᠢᠭ᠎ᠢ ᠳᠣᠪᠣᠢᠯᠭᠠᠵᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠬᠥᠲᠥᠯᠥᠨ ᠵᠢᠯᠣᠭᠣᠳᠴᠤ᠌ ᠡᠬᠢ ᠪᠠᠶᠠᠯᠢᠭ᠎ᠤᠨ ᠦᠨᠳᠦᠰᠦᠨ ᠲᠠᠪᠠᠭᠤᠯᠢᠭ ᠪᠣᠯᠤᠨ ᠰᠠᠭᠤᠷᠢ ᠨᠥᠬᠥᠴᠡᠯ᠎ᠳᠦ ᠰᠠᠭᠤᠷᠢᠯᠠᠵᠤ᠂ ᠭᠤᠤᠯᠯᠠᠬᠤ ᠠᠵᠤ ᠦᠶ᠋ᠯᠡᠰ ᠪᠣᠯᠤᠨ ᠭᠤᠤᠯ ᠱᠢᠪᠲᠤᠯᠬᠤ ᠴᠢᠭ᠌ᠯᠡᠯ᠎ᠢ ᠲᠣᠳᠣᠷᠬᠠᠢᠯᠠᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠪᠣᠯᠤᠨ᠎ᠠᠵᠤ᠎ᠦᠶ᠋ᠯᠡᠰ᠎ᠦᠨ᠎ᠨᠢᠭᠡᠳᠦᠯᠲᠡᠶ ᠲᠥᠯᠥᠪᠵᠢᠭᠦᠯᠭᠡ᠎ᠶ᠋ᠢ ᠴᠢᠩᠭᠠᠳᠭᠠᠵᠤ᠂ ᠨᠢᠭᠡ ᠪᠦᠯᠦᠭ ᠳᠠᠪᠠᠭᠤᠯᠢᠭ ᠤᠨᠴᠠᠯᠢᠬ᠍ᠳᠤ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠲᠦᠷᠭᠡᠳᠬᠡᠨ ᠪᠤᠵᠠᠭᠠᠢᠷᠠᠭᠤᠯᠵᠦ ᠬᠦᠴᠦᠷᠬᠡᠭ᠌ᠵᠢᠭᠦᠯᠬᠦ᠌ ᠬᠡᠷᠡᠭ᠌ᠲᠡᠶ᠃ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢ ᠵᠢ ᠳᠤᠪᠤᠢᠯᠭᠠᠵᠤ᠂ ᠡᠨᠧᠷᠭᠢ᠎ᠶ᠋ᠢᠨ ᠬᠣᠷᠣᠭ᠍ᠳᠠᠯ ᠶᠡᠬᠡᠲᠡᠶ ᠲᠥᠷᠥᠯ ᠵᠦᠶ᠋ᠯ᠎ᠦᠨ ᠦᠶ᠋ᠯᠡᠳᠪᠦᠷᠢᠯᠡᠯ᠎ᠤᠨ ᠴᠢᠳᠠᠪᠤᠷᠢ᠎ᠶ᠋ᠢᠨ ᠬᠡᠪᠴᠢᠶᠡᠵᠢᠯ᠎ᠢ ᠴᠢᠩᠭ᠎ᠠ ᠬᠢᠵᠠᠭᠠᠷᠯᠠᠵᠤ᠂ ᠪᠣᠬᠢᠷᠲᠤᠯ᠎ᠢ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠡᠨᠧᠷᠭᠢ ᠠᠷᠪᠢᠯᠠᠵᠤ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠨ ᠰᠠᠢᠵᠢᠷᠠᠭᠤᠯᠤᠯᠳᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠶᠡᠬᠡ ᠬᠡᠮᠵᠢᠶᠡᠨ᠎ᠦ ᠠᠵᠤ ᠦᠶ᠋ᠯᠡᠳᠪᠦᠷᠢ᠎ᠶ᠋ᠢᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠵᠤ᠂ ᠨᠢᠭᠡ ᠪᠦᠯᠦᠭ ᠪᠣᠬᠢᠷᠲᠤᠯ ᠥᠬᠡᠶ ᠦᠶ᠋ᠯᠡᠳᠬᠦᠨ᠂ ᠪᠣᠬᠢᠷᠲᠤᠯ ᠥᠬᠡᠶ ᠦᠶ᠋ᠯᠡᠳᠪᠦᠷᠢ᠂ ᠪᠣᠬᠢᠷᠲᠤᠯ ᠥᠬᠡᠶ ᠬᠦᠷᠢᠶᠡᠯᠡᠩ ᠲᠣᠭᠣᠷᠢᠭ᠎ᠢ ᠦᠷᠭᠦᠯᠵᠢᠯᠡᠨ ᠡᠭᠦᠳᠦᠨ ᠪᠠᠢᠭᠤᠯᠬᠤ ᠬᠡᠷᠡᠭ᠌ᠲᠡᠶ᠃ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ᠎ᠢ ᠲᠤᠪᠤᠢ᠌ᠯᠭᠠᠵᠤ᠂ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌᠎ᠶ᠋ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢᠯᠠᠯ᠎ᠢ ᠶᠡᠬᠡ᠎ᠪᠡᠷ ᠪᠣᠢᠵᠢᠭᠤᠯᠵᠤ᠂ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌᠎ᠳᠦ ᠠᠱᠢᠭ᠍ᠲᠠᠢ ᠣᠷᠴᠢᠨ ᠨᠦᠬᠦᠴᠡᠯ᠎ᠢ ᠢᠳᠡᠪᠬᠢᠲᠡᠢ ᠪᠤᠢ ᠪᠣᠯᠭᠠᠬᠤ ᠬᠡᠷᠡᠭ᠌ᠲᠡᠢ᠃ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ᠎ᠶ᠋ᠢ ᠳᠣᠪᠣᠢᠯᠭᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠲᠥᠷᠥᠯ ᠵᠦᠶ᠋ᠯ᠎ᠢᠶᠡᠷ ᠭᠤᠤᠯ ᠪᠣᠯᠭᠠᠬᠤ》 ᠣᠢᠯᠠᠭᠠᠭ᠍ᠳᠠᠬᠤᠨ᠎ᠢ ᠪᠣᠶ ᠪᠣᠯᠭᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠢᠷᠤᠭ᠎ᠤᠨ ᠵᠢᠭ᠍ᠰᠠᠯ᠎ᠲᠠᠶ ᠬᠠᠷᠭᠤᠭᠤᠯᠵᠤ᠂ ᠠᠷᠠᠯᠵᠢᠶᠠᠴᠢᠨ ᠤᠷᠢᠵᠤ ᠲᠥᠷᠥᠯ ᠵᠦᠶ᠋ᠯ᠎ᠢ ᠠᠳᠭᠤᠬᠤ᠎ᠶ᠋ᠢ ᠠᠬᠢᠭᠤᠯᠵᠤ᠂᠎ᠪᠥᠬᠥ᠌᠎ᠶᠠᠪᠤᠴᠠ᠎ᠵᠢᠨ᠂᠎ᠠᠰᠠᠷᠠᠭ᠍ᠴᠢ᠎ᠮᠠᠶᠢᠭ᠎ᠤᠨ᠎ᠦᠶ᠋ᠯᠡᠴᠢᠯᠡᠭᠡ᠎ᠪᠠ ᠬᠠᠮᠢᠶᠠᠷᠤᠯᠲᠠ᠎ᠶ᠋ᠢᠨ ᠠᠵᠢᠯ᠎ᠢ ᠰᠠᠢᠲᠤᠷ ᠬᠢᠵᠦ᠍᠂ ᠠᠷᠠᠯᠵᠢᠶᠠᠴᠢᠨ ᠤᠷᠢᠬᠤ᠎ᠶ᠋ᠢ ᠪᠥᠬᠥ᠌ ᠬᠦᠴᠦ᠍ᠨ᠎ᠢᠶᠡᠷ᠎ᠢᠶᠡᠨ ᠠᠳᠭᠤᠬᠤ᠂ ᠪᠦᠬᠦ ᠬᠦᠮᠦᠰ ᠠᠷᠠᠯᠵᠢᠶᠠᠴᠢᠨ ᠤᠷᠢᠬᠤ᠎ᠶ᠋ᠢ ᠠᠳᠭᠤᠬᠤ ᠭᠦᠨ ᠵᠤᠵᠠᠭᠠᠨ ᠠᠭᠤᠷ ᠠᠮᠢᠰᠭᠤᠯ᠎ᠢ ᠪᠦᠷᠢᠯᠳᠦᠭᠦᠯᠬᠦ᠌ ᠬᠡᠷᠡᠭ᠌ᠲᠡᠶ᠃ ᠰᠠᠭᠤᠷᠢ ᠲᠥᠬᠥᠭᠡᠷᠦᠮᠵᠢ᠎ᠶ᠋ᠢᠨ ᠪᠠᠲᠤᠯᠠᠭ᠎ᠠ᠎ᠶ᠋ᠢ ᠳᠣᠪᠣᠢᠯᠭᠠᠵᠤ᠂ 《ᠭᠤᠷᠪᠠᠨ ᠱᠤᠭᠤᠮ ᠨᠢᠭᠡ ᠲᠠᠩᠰᠠ》 ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠦᠷᠢᠶᠡᠯᠡᠩ ᠲᠣᠭᠣᠷᠢᠭ᠎ᠤᠨ ᠠᠳᠠᠯᠢ ᠪᠤᠰᠤ ᠲᠥᠯᠥᠪᠵᠢᠭᠦᠯᠭᠡ᠎ᠶ᠋ᠢᠨ ᠭᠦᠨᠵᠡᠭᠡᠶ ᠠᠭᠤᠰᠤᠯᠴᠠᠯ᠂ ᠵᠠᠪᠰᠠᠷ ᠥᠬᠡᠶ ᠵᠣᠯᠭᠠᠯᠴᠠᠭ᠎ᠠ᠎ᠶ᠋ᠢ ᠠᠬᠢᠭᠤᠯᠵᠤ᠂ ᠡᠳ᠋᠎ᠦᠨ ᠵᠠᠰᠠᠭ᠎ᠤᠨ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠲᠥᠷᠥ᠎ᠶ᠋ᠢᠨ ᠪᠣᠳᠣᠯᠭ᠎ᠠ᠂ ᠪᠠᠯᠠ ᠮᠥᠩᠭᠥ᠌᠂ ᠲᠥᠷᠥᠯ ᠵᠦᠶ᠋ᠯ᠎ᠢ ᠢᠵᠢ ᠪᠥᠷᠢᠳᠦᠭᠦᠯᠬᠦ᠎ᠶ᠋ᠢ ᠰᠠᠢᠲᠤᠷ ᠬᠢᠵᠦ᠍᠂ ᠡᠯ᠎ᠡ ᠲᠥᠷᠥᠯ᠎ᠦᠨ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶ᠋ᠢ᠎ᠨᠢᠭᠡᠳᠦᠯᠲᠡᠶ᠎ᠲᠥᠯᠥᠪᠵᠢᠭᠦᠯᠦᠨ᠎ᠰᠠᠢᠲᠤᠷ ᠠᠳᠭᠤᠵᠤ᠂ ᠬᠦᠷᠢᠶᠡᠯᠡᠩ ᠲᠣᠭᠣᠷᠢᠭ᠎ᠤᠨ ᠡᠭᠦᠯᠡᠨ ᠲᠠᠪᠴᠠᠩ᠎ᠤᠨ ᠪᠦᠷᠬᠦᠴᠡ ᠪᠠ ᠤᠶᠤᠨᠴᠢᠯᠠᠬ᠍ᠰᠠᠨ ᠬᠡᠷᠡᠭ᠌ᠯᠡᠯᠳᠡ ᠵᠢ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠲᠥᠯᠥᠪᠵᠢᠭᠦᠯᠭᠡ᠂ ᠪᠥᠲᠥᠭᠡᠨ ᠪᠠᠢᠭᠤᠯᠤᠯᠲᠠ᠂ ᠬᠠᠮᠢᠶᠠᠷᠤᠯᠲᠠ᠎ᠶ᠋ᠢᠨ ᠲᠦᠪᠱᠢᠨ᠎ᠢ ᠬᠦᠴᠦᠲᠡᠶ ᠳᠡᠭᠡᠭ᠌ᠰᠢᠯᠡᠭᠦᠯᠬᠦ᠌ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ 《ᠨᠢᠭᠡ ᠬᠥᠯᠭᠡ ᠱᠢᠲᠠᠷ᠎ᠠ ᠪᠠᠢᠬᠤ》 ᠦᠵᠡᠯ ᠰᠠᠨᠠᠭ᠎ᠠ᠎ᠶ᠋ᠢ ᠪᠠᠲᠤ ᠪᠣᠶ ᠪᠣᠯᠭᠠᠵᠤ᠂ ᠬᠠᠷᠢᠭᠤᠴᠠᠯᠭ᠎ᠠ᠎ᠪᠠᠨ ᠮᠡᠳᠡᠵᠦ᠍ ᠬᠠᠷᠢᠭᠤᠴᠠᠯᠭ᠎ᠠ᠎ᠵᠢ ᠲᠣᠳᠣᠷᠬᠠᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠳᠡᠭᠡᠷ᠎ᠠ ᠳᠤᠤᠷ᠎ᠠ ᠱᠠᠲᠤ᠎ᠪᠠᠷ᠎ᠢᠶᠠᠨ ᠨᠡᠪᠲᠡᠷᠡᠯᠴᠡᠭ᠌ᠰᠡᠨ᠂ ᠵᠡᠭᠦᠨᠰᠢ ᠪᠠᠷᠠᠭᠤᠨᠰᠢ ᠬᠣᠯᠪᠣᠭᠠᠯᠠᠨ ᠬᠥᠳᠡᠯᠦᠯᠴᠡᠭ᠌ᠰᠡᠨ᠂ ᠵᠡᠷᠭᠡ᠎ᠪᠡᠷ ᠠᠳᠭᠤᠨ ᠬᠠᠮᠲᠤ᠎ᠪᠠᠷ ᠬᠠᠮᠢᠶᠠᠷᠤᠭ᠍ᠰᠠᠨ᠂ ᠬᠠᠮᠵᠢᠯᠴᠠᠨ ᠠᠬᠢᠭᠤᠯᠤᠭ᠍ᠰᠠᠨ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠪᠠᠢᠭᠤᠯᠤᠨ ᠪᠦᠷᠢᠯᠳᠦᠭᠦᠯᠵᠦ᠍᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠨᠢᠭᠡᠳᠦᠯᠲᠡᠶ ᠠᠬᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠤᠤ ᠴᠦᠨ᠂ ᠠᠶ ᠯᠢ ᠬᠤᠸᠠ ᠬᠤᠷᠠᠯ᠎ᠳᠤ ᠣᠷᠣᠯᠴᠠᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号