1
ᠰᠠᠷ᠎ᠠ᠎ᠶ᠋ᠢᠨ
28
ᠤ᠋
ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ
38
ᠳ᠋ᠤᠭᠠᠷ
ᠤᠳᠠᠭ᠎ᠠ᠎ᠶ᠋ᠢᠨ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ
ᠪᠠᠲᠤ ᠪᠠᠢᠴᠠᠭᠠᠬᠤ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ
ᠨᠢᠭᠡᠳᠦᠭᠡᠷ ᠬᠤᠭᠤᠴᠠᠭᠠᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠬᠣᠶᠠᠳᠤᠭᠠᠷ ᠪᠦᠬᠦᠳᠠ ᠬᠤᠷᠠᠯ᠎ᠤᠨ
ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠦ᠍᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》 ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂
ᠪᠦᠬᠦ᠌ ᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ
ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠯᠢ ᠱᠢᠤ ᠯᠢᠩ ᠬᠤᠷᠠᠯ᠎ᠢ ᠡᠷᠭᠢᠯᠡᠭ᠌ᠰᠡᠨ ᠪᠥᠭᠡᠳ ᠶᠠᠷᠢᠶ᠎ᠠ
ᠲᠠᠯᠪᠢᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ
ᡁᠢ ᠬᠣ᠌᠂ ᠵᠧᠩ ᠹᠦ᠋ ᠲᠢᠶᠠᠨ᠂ ᠯᠢᠦ ᠱᠢᠨ ᠯᠧ᠂ ᠵᠠᠩ ᠬᠤᠸᠠ᠂ ᠴᠡᠴᠡᠭ᠂ ᠠᠨ ᠷᠦᠨ ᠱᠧᠩ ᠵᠢᠴᠢ ᠨᠠᠷᠢᠨ ᠪᠢᠴᠢᠭ᠎ᠦᠨ
ᠳᠠᠷᠤᠭ᠎ᠠ ᠳ᠋ᠢ ᠷᠦᠢ ᠮᠢᠩ ᠬᠤᠷᠠᠯ᠎ᠳᠤ ᠣᠷᠣᠯᠴᠠᠵᠠᠶ᠃
ᠬᠤᠷᠠᠯ᠎ᠠᠴᠠ᠂ ᠨᠠᠮ᠎ᠤᠨ ᠭᠡᠱᠢᠭᠦᠨ ᠤᠳᠤᠷᠢᠳᠭᠤ ᠺᠠᠳ᠋ᠷᠴᠤᠳ ᠨᠠᠮ᠎ᠤᠨ ᠵᠠᠭᠤᠨ
ᠵᠢᠯ᠎ᠦᠨ ᠲᠡᠮᠡᠴᠡᠯ ᠢᠯᠠᠩᠭᠤᠶ᠎ᠠ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠭᠤᠤ ᠶᠡᠬᠡ
ᠦᠢᠯᠡᠳᠦᠯᠭᠡ᠎ᠶ᠋ᠢᠨ ᠳᠤᠮᠳᠠ᠎ᠠᠴᠠ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠪᠡᠷ ᠠᠭᠤᠤ ᠶᠡᠬᠡ
ᠨᠡᠢᠭᠡᠮ᠎ᠦᠨ ᠬᠤᠪᠢᠰᠭᠠᠯ᠎ᠢ ᠬᠦᠲᠦᠯᠦᠨ ᠳᠠᠭᠠᠭᠤᠯᠬᠤ ᠲᠡᠦᠬᠡᠨ ᠯᠣᠭᠢᠭ᠂ ᠤᠨᠤᠯ᠎ᠤᠨ ᠯᠣᠭᠢᠭ᠂ ᠦᠢᠯᠡᠳᠦᠯᠭᠡ᠎ᠶ᠋ᠢᠨ
ᠯᠣᠭᠢᠭ᠎ᠢ ᠭᠦᠨᠵᠡᠭᠡᠢ ᠡᠵᠡᠮᠳᠡᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ᠎ᠦᠨ ᠪᠡᠶ᠎ᠡ᠎ᠳᠡᠭᠡᠨ ᠬᠤᠪᠢᠰᠭᠠᠯ
ᠬᠢᠬᠦ᠌ ᠱᠢᠨ᠎ᠡ ᠠᠬᠤᠶ ᠪᠠᠢᠳᠠᠯ᠎ᠢ ᠭᠦᠨᠵᠡᠭᠡᠶ ᠣᠢᠯᠠᠭᠠᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ
ᠪᠠ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠦᠨ ᠤᠷᠳᠤ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ᠎ᠢ ᠭᠦᠢᠴᠡᠳ
ᠲᠠᠨᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠡᠭᠦᠷᠢᠳᠡ ᠵᠤᠬ᠍ᠰᠤᠰᠢ ᠦᠭᠡᠢ ᠪᠠᠢᠬᠤ
ᠤᠯᠤᠰ ᠲᠦᠷᠦ᠍᠎ᠶ᠋ᠢᠨ ᠤᠬᠠᠮᠰᠠᠷ᠎ᠢ ᠤᠯᠠᠮ ᠴᠢᠨᠠᠭ᠍ᠰᠢᠳᠠ ᠴᠢᠩᠭᠠᠳᠬᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ
ᠬᠠᠷᠢᠭᠤᠴᠠᠯᠭ᠎ᠠ᠎ᠶ᠋ᠢ ᠤᠯᠠᠮ ᠴᠢᠨᠠᠭ᠍ᠰᠢᠳᠠ ᠪᠣᠳᠠᠲᠠᠢᠵᠢᠭᠤᠯᠵᠤ᠂ ᠴᠢᠩᠭ᠎ᠠ ᠪᠠᠢᠬᠤ ᠭᠤᠤᠯ ᠬᠥᠭ ᠠᠶᠠᠰ᠎ᠢ ᠪᠠᠷᠢᠮᠲᠠᠯᠠᠵᠤ᠂
ᠪᠡᠶ᠎ᠡ᠎ᠪᠡᠨ ᠴᠢᠩᠭ᠎ᠠ ᠱᠠᠭᠠᠷᠳᠠᠵᠤ᠂ ᠭᠡᠷ᠎ᠦᠨ ᠬᠥᠮᠦᠰ᠎ᠢᠶᠡᠨ ᠴᠢᠩᠭ᠎ᠠ ᠬᠠᠮᠢᠶᠠᠷᠴᠤ᠂ ᠤᠳᠤᠷᠢᠳᠭᠤ ᠪᠠᠭ ᠪᠣᠯᠤᠨ
ᠡᠩᠨᠡᠭᠡ᠎ᠶ᠋ᠢ ᠴᠢᠩᠭ᠎ᠠ ᠠᠳᠭᠤᠵᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠰᠠᠢᠨ ᠠᠬᠢᠭᠤᠯᠤᠭ᠍ᠴᠢ
ᠪᠣᠯᠵᠤ᠂ ᠪᠥᠬᠥ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢᠨ ᠤᠯᠠᠮ ᠴᠢᠨᠠᠭᠰᠢᠳᠠ ᠰᠠᠢᠵᠢᠷᠠᠬᠤ᠎ᠳᠤ ᠬᠦᠴᠦᠨ
ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ᠎ᠠᠴᠠ᠂ ᠱᠢᠰᠲ᠋ᠧᠮ᠎ᠲᠡᠶ ᠰᠤᠷᠤᠯᠴᠠᠯᠭ᠎ᠠ᠎ᠶ᠋ᠢ ᠴᠢᠩᠭᠠᠳᠬᠠᠵᠤ᠂ ᠥᠪᠡᠷᠲᠡᠭᠡᠨ
ᠵᠠᠰᠠᠬᠤ ᠣᠷᠣᠨ᠎ᠤ《ᠬᠣᠶᠠᠷ ᠬᠤᠷᠠᠯ》᠎ᠤ᠋ᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ
ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠂ ᠥᠪᠡᠷᠲᠡᠭᠡᠨ
ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠂ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠶᠠᠳᠤᠭᠠᠷ ᠪᠥᠬᠥᠳᠡ ᠬᠤᠷᠠᠯ᠎ᠤᠨ
ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠪᠠᠢᠳᠠᠯ᠎ᠢ ᠪᠦᠬᠦ᠌ ᠲᠠᠯ᠎ᠠ ᠪᠡᠷ᠂
ᠪᠤᠰᠤᠳᠴᠢ ᠪᠡᠷ᠂ ᠬᠤᠪᠢᠰᠤᠩᠭᠤᠶ᠎ᠪᠠᠷ ᠦᠵᠡᠵᠤ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠲᠤᠰᠠ᠎ᠶ᠋ᠢ ᠵᠥᠪ᠎ᠢᠶᠡᠷ
ᠲᠠᠨᠢᠬᠤ ᠪᠠ ᠡᠵᠡᠮᠳᠡᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠠᠮᠢ ᠠᠬᠤᠶ᠎ᠶ᠋ᠢ ᠤᠷᠢᠳ ᠵᠢᠨᠷ ᠪᠤᠳᠤᠯᠬᠢᠯᠠᠬᠤ ᠪᠣᠬᠢᠷᠲᠤᠯ ᠦᠭᠡᠢ
ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮᠵᠢᠨᠷ
ᠵᠠᠮᠨᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ ᠢ᠋ ᠪᠠᠷᠢᠮᠳᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ
ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠱᠢᠶ᠋ᠳᠪᠦᠷᠢᠲᠦ ᠪᠣᠳᠣᠯᠭᠠᠪᠠᠢᠷᠢᠯᠠᠭᠤᠯᠤᠯᠲᠠ
ᠳᠡᠭᠡᠷ᠎ᠡ ᠨᠢᠭᠡᠳᠭᠡᠵᠤ᠂ ᠭᠤᠤᠯᠳᠠᠯᠭ᠎ᠠ᠂ ᠶᠡᠬᠡ ᠲᠠᠯ᠎ᠠ᠎ᠶ᠋ᠢᠨ ᠬᠡᠷᠡᠭ᠌ᠴᠡᠭᠡ ᠬᠢᠭᠡᠳ ᠤᠯᠤᠰ ᠲᠦᠷᠦ᠍᠎ᠶ᠋ᠢᠨ
ᠵᠥᠪᠯᠡᠯᠭᠡᠨ᠎ᠦ ᠴᠢᠳᠠᠪᠬᠢ ᠵᠢ ᠤᠨᠤᠪᠴᠢᠳᠠᠢ ᠡᠵᠡᠮᠳᠡᠵᠤ᠂ ᠤᠯᠤᠰ ᠲᠥᠷᠥ᠎ᠶ᠋ᠢᠨ ᠤᠬᠠᠮᠰᠠᠷ᠂ ᠲᠤᠱᠢᠶᠠᠯ ᠬᠠᠷᠢᠭᠤᠴᠠᠯᠭ᠎ᠠ
ᠪᠠᠨ ᠴᠢᠨᠠᠷ ᠰᠠᠢᠲᠠᠶ ᠭᠦᠶ᠋ᠴᠡᠳᠭᠡᠬᠦ᠌ ᠤᠬᠠᠮᠰᠠᠷ ᠪᠠ
ᠰᠤᠷᠤᠯᠴᠠᠬᠤ ᠤᠬᠠᠮᠰᠠᠷ ᠵᠢᠨᠨ ᠴᠢᠨᠠᠬᠰᠢᠳᠠ ᠲᠡᠭᠡᠭᠰᠢᠯᠡᠬᠦᠯᠵᠤ᠂ ᠠᠵᠢᠯ ᠬᠢᠬᠦ ᠵᠢ ᠲᠡᠷᠢᠬᠦᠨ ᠳ᠋ᠤ ᠲᠠᠯᠪᠢᠬᠤ
ᠵᠢ ᠪᠠᠷᠢᠮᠳᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠪᠥᠬᠥ᠌ ᠵᠢᠯ᠎ᠦᠨ ᠡᠯ᠎ᠡ ᠵᠦᠶ᠋ᠯ᠎ᠦᠨ ᠠᠵᠢᠯ᠎ᠢ ᠯᠠᠪᠳᠠᠭᠤᠨ
ᠪᠠᠲᠤᠲᠠᠶ ᠰᠠᠢᠲᠤᠷ ᠬᠢᠵᠤ᠂ ᠱᠢᠯᠢᠳᠡᠭ ᠬᠢᠷᠢ ᠪᠦᠲᠦᠮᠵᠢ᠎ᠪᠡᠷ
ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭᠳᠡᠢ ᠬᠡᠵᠤ ᠴᠢᠬᠤᠯᠠᠴᠢᠯᠠᠪᠠ᠃
ᠬᠤᠷᠠᠯ᠎ᠠᠴᠠ ᠪᠠᠰᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ
ᠨᠠᠮ᠎ᠤᠨ ᠤᠳᠤᠷᠢᠳᠭᠤ ᠳᠤᠭᠤᠢᠯᠠᠩ᠎ᠤᠨ 2022 ᠣᠨ᠎ᠤ ᠠᠵᠢᠯ᠎ᠤᠨ ᠭᠤᠤᠯᠳᠠᠯᠭ᠎ᠠ᠎ᠶ᠋ᠢ ᠤᠯᠠᠮᠵᠢᠯᠠᠨ ᠰᠤᠷᠤᠯᠴᠠᠵᠤ᠂
ᠡᠯ᠎ᠡ ᠲᠤᠰᠭᠠᠶ ᠵᠥᠪᠯᠡᠯ᠎ᠦᠨ 2022 ᠣᠨ᠎ᠤ ᠠᠵᠢᠯ᠎ᠤᠨ ᠲᠥᠯᠥᠪᠯᠡᠭᠡ᠎ᠶ᠋ᠢ ᠰᠣᠨᠣᠰᠪᠠ᠃