1 ᠰᠠᠷ᠎ᠠ᠎ᠶ᠋ᠢᠨ 27 ᠤ᠋ ᠡᠳᠦᠷ᠂ ᠥᠪᠡᠷᠲᠡᠭᠡᠨ
ᠵᠠᠰᠠᠬᠤ ᠣᠷᠣᠨ ᠤ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠥᠪᠡᠷᠲᠡᠭᠡᠨ
ᠵᠠᠰᠠᠬᠤ ᠣᠷᠣᠨ᠎ᠤ ᠳᠡᠳ᠋ ᠲᠡᠷᠢᠭᠦᠯᠡᠭ᠌ᠴᠢ ᠵᠠᠩ ᠱᠤᠤ ᠴᠦᠨ ᠬᠥᠬᠡᠬᠣᠲᠠ ᠳᠤ ᠱᠢᠲᠠᠮᠠᠬᠠᠢ ᠬᠡᠢ᠎ᠶ᠋ᠢᠨ ᠠᠮᠤᠷ
ᠲᠦᠪᠱᠢᠨ ᠦ ᠠᠵᠢᠯ ᠢ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠪᠠ᠃
ᠵᠠᠩ
ᠱᠤᠤ ᠴᠦᠨ ᠤᠷᠢᠳ ᠬᠣᠵᠢᠳ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠯᠦᠩ ᠱ᠌ᠢ ᠹᠸᠩ ᠠᠷᠠᠳ ᠲᠤ ᠲᠦᠬᠦᠮ
ᠦᠵᠡᠭᠦᠯᠬᠦ᠌ ᠵᠠᠬ᠎ᠠ ᠳᠡᠯᠭᠡᠭᠦᠷ᠂ ᠵᠢᠩ ᠸᠧᠢ ᠰᠠᠭᠤᠭᠠᠯᠢ ᠠᠷᠠᠳ᠎ᠤᠨ ᠲᠣᠭᠣᠷᠢᠭ ᠵᠡᠷᠭᠡ ᠭᠠᠵᠠᠷ᠎ᠤᠳ ᠵᠢᠡᠷ ᠬᠦᠷᠴᠦ᠍᠂
ᠬᠤᠳᠠᠯᠳᠤᠭᠠᠴᠢᠨ ᠡᠷᠦᠬᠡ ᠵᠢᠨ ᠯᠣᠩᠬᠣᠨ᠎ᠳᠤ ᠰᠠᠪᠠᠯᠠᠭ᠍ᠰᠠᠨ ᠱᠢᠩᠭᠡᠨᠵᠢᠮᠡᠯ ᠰᠢᠲᠠᠮᠠᠬᠠᠢ ᠬᠡᠢ᠎ᠶ᠋ᠢᠨ ᠠᠮᠤᠷ
ᠲᠦᠪᠱᠢᠨ᠎ᠦ ᠬᠡᠷᠡᠭ᠌ᠯᠡᠯᠲᠡ᠂ ᠱᠢᠲᠠᠮᠠᠬᠠᠢ ᠬᠡᠢ᠎ᠶ᠋ᠢᠨ ᠮᠡᠷᠭᠡᠵᠢᠯ᠎ᠦᠨ ᠰᠡᠷᠭᠡᠢᠯᠡᠯᠲᠡ᠎ᠶ᠋ᠢᠨ ᠲᠥᠬᠥᠭᠡᠷᠦᠮᠵᠢ᠎ᠶ᠋ᠢᠨ ᠤᠭ᠍ᠰᠠᠷᠠᠯᠲᠠ᠂ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠤᠨ ᠱᠢᠲᠠᠮᠠᠬᠠᠢ ᠬᠡᠢ᠎ᠶ᠋ᠢᠨ ᠬᠣᠭᠣᠯᠠᠢ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ ᠪᠣᠯᠤᠨ ᠰᠠᠭᠤᠭᠠᠯᠢ ᠠᠷᠠᠳ᠎ᠤᠨ ᠱᠢᠲᠠᠮᠠᠬᠠᠢ ᠬᠡᠢ ᠶ᠋ᠢᠨ ᠲᠥᠬᠥᠭᠡᠷᠦᠮᠵᠢ᠎ᠶ᠋ᠢᠨ
ᠠᠮᠤᠷ ᠲᠦᠪᠱᠢᠨ᠎ᠦ ᠬᠡᠷᠡᠭ᠌ᠯᠡᠯᠲᠡ ᠵᠡᠷᠭᠡ ᠲᠠᠯ᠎ᠠ ᠶ᠋ᠢᠨ ᠪᠠᠢᠳᠠᠯ᠎ᠢ ᠲᠤᠬᠠᠢ ᠶ᠋ᠢᠨ ᠲᠠᠯᠠᠪᠠᠢ᠎ᠳᠤ ᠪᠠᠢᠴᠠᠭᠠᠪᠠ᠃
ᠵᠠᠩ
ᠱᠤᠤ ᠴᠦᠨ᠂ ᠱᠢᠲᠠᠮᠠᠬᠠᠢ ᠬᠡᠢ᠎ᠶ᠋ᠢᠨ ᠠᠮᠤᠷ ᠲᠦᠪᠱᠢᠨ ᠨᠢ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ ᠶ᠋ᠢᠨ
ᠠᠮᠤᠷ ᠲᠦᠪᠱᠢᠨ ᠲᠡᠶ ᠬᠣᠯᠪᠣᠭ᠍ᠳᠠᠵᠤ᠂ ᠮᠥᠨ ᠴᠦ᠍ ᠠᠷᠠᠳ᠎ᠤᠨ ᠠᠮᠢᠳᠤᠷᠠᠯ ᠤᠨ ᠶᠡᠬᠡ ᠪᠤᠳᠤᠯᠭ᠎ᠠ ᠪᠣᠯᠤᠨ᠎ᠠ᠃
ᠡᠯ᠎ᠡ ᠱᠠᠲᠤᠨ᠎ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠦᠨ ᠬᠢᠨ ᠶᠡᠷᠦᠩᠬᠡᠶ ᠱᠦᠵᠢ ᠰᠢ᠎ᠶ᠋ᠢᠨ ᠫᠢᠩ᠎ᠦᠨ ᠱᠢᠲᠠᠮᠠᠬᠠᠶ ᠬᠡᠢ᠎ᠶ᠋ᠢᠨ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠲᠤᠬᠠᠶ ᠴᠢᠬᠤᠯᠠ
ᠵᠢᠭᠠᠪᠤᠷᠢ᠎ᠶ᠋ᠢᠨ ᠵᠣᠷᠢᠭᠰᠠᠨᠠᠭᠠᠶ᠋ᠢᠨᠠᠷᠢᠨᠬᠢᠨᠠᠮᠠᠭᠠᠶᠲᠤᠭᠤᠰᠢᠯᠠᠭᠤᠯᠤᠨᠨᠠᠢᠳᠠᠪᠤᠷᠢᠵᠢᠭᠤᠯᠵᠤ᠂
ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠷᠢᠮᠲᠠᠯᠠᠨ᠂
ᠬᠣᠲᠠ ᠪᠠᠯᠭᠠᠰᠤ ᠶ᠋ᠢᠨ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ
ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠍᠂ ᠭᠣᠸ᠋ᠯᠳᠠᠯᠭᠠ ᠲᠠᠶ ᠬᠡᠰᠡᠭ ᠪᠠ ᠵᠠᠩᠭᠢᠯᠠᠭ᠎ᠠ᠎ᠶ᠋ᠢᠨ
ᠭᠣᠭ᠍ᠴᠣᠭ᠎ᠠ ᠶ᠋ᠢ ᠨᠢᠬᠳᠠ ᠠᠩᠬᠠᠷᠴᠤ᠌᠂ ᠱᠢᠲᠠᠮᠠᠬᠠᠶ ᠬᠡᠶ ᠶ᠋ᠢᠨ ᠠᠮᠤᠷ ᠲᠦᠪᠱᠢᠨ᠎ᠦ ᠪᠥᠬᠥ᠌ ᠬᠡᠯᠬᠢᠶ᠎ᠡ
ᠶ᠋ᠢᠨ ᠲᠦᠭ᠌ᠰᠢᠭᠦᠷᠢ᠎ᠶ᠋ᠢᠨ ᠬᠡᠮ ᠰᠤᠭᠤᠬ᠎ᠢ ᠭᠦᠨᠵᠡᠭᠡᠶ ᠪᠠᠢᠴᠠᠭᠠᠨ ᠲᠤᠢᠯᠪᠤᠷᠢᠲᠠᠶ ᠠᠷᠢᠯᠭᠠᠵᠦ᠂ ᠱᠢᠲᠠᠮᠠᠬᠠᠶ
ᠬᠡᠶ᠎ᠶ᠋ᠢᠨ ᠠᠮᠤᠷ ᠲᠦᠪᠱᠢᠨ᠎ᠦ ᠡᠨᠳᠡᠯ ᠡᠬᠦᠰᠬᠦ᠎ᠶ᠋ᠢ ᠡᠷᠡᠰ ᠰᠡᠷᠭᠡᠢᠯᠡᠬᠦ᠌ ᠬᠡᠷᠡᠭ᠌ᠲᠡᠶ᠃ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ᠎ᠶ᠋ᠢ ᠳᠡᠭᠡᠳᠦᠯᠡᠬᠦ ᠵᠢ ᠪᠠᠷᠢᠮᠳᠠᠯᠠᠵᠦ᠂ ᠬᠠᠷᠢᠶ᠎ᠠ ᠭᠠᠵᠠᠷ᠎ᠤᠨ ᠬᠠᠮᠢᠶᠠᠷᠤᠯᠳᠠ᠂
ᠠᠵᠢᠯ ᠲᠦᠷᠦᠯ᠎ᠦᠨ ᠬᠢᠨᠠᠯᠲᠠ ᠬᠠᠮᠢᠶᠠᠷᠤᠯᠲᠠ ᠪᠣᠯᠤᠨ ᠠᠵᠤ ᠠᠬᠤᠢᠯᠠᠯ᠎ᠤᠨ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠳᠤ ᠱᠠᠳᠤ᠎ᠪᠠᠷ ᠪᠤᠳᠠᠳᠠᠢ ᠨᠠᠢᠳᠠᠪᠤᠷᠢᠵᠢᠭᠤᠯᠵᠦ᠂ ᠱᠢᠲᠠᠮᠠᠬᠠᠢ ᠬᠡᠢ᠎ᠶ᠋ᠢᠨ ᠠᠮᠤᠷ ᠲᠦᠪᠱᠢᠨ᠎ᠢ
ᠪᠠᠳᠤᠯᠠᠬᠤ ᠲᠦᠪᠱᠢᠨ᠎ᠢ ᠪᠦᠬᠦ᠌ ᠲᠠᠯ᠎ᠠ ᠪᠠᠷ ᠳᠡᠭᠡᠭ᠌ᠰᠢᠯᠡᠭᠦᠯᠬᠦ᠌ ᠬᠡᠷᠡᠭ᠌ᠲᠡᠢ᠃ ᠤᠬᠠᠭᠤᠯᠭ᠎ᠠ ᠶ᠋ᠢᠨ
ᠡᠷᠴᠢᠮ ᠢᠶᠡᠨ ᠴᠢᠩᠭᠠᠷᠠᠭᠤᠯᠵᠤ᠂ ᠱᠢᠲᠠᠮᠠᠬᠠᠶ ᠬᠡᠶ᠎ᠶ᠋ᠢᠨ ᠠᠮᠤᠷ ᠲᠦᠪᠱᠢᠨ᠎ᠢ ᠬᠡᠷ ᠪᠦᠯᠢ ᠨᠢᠭᠡ ᠪᠦᠷᠢ
ᠳᠦ ᠲᠦᠭᠡᠮᠡᠯᠵᠢᠭᠦᠯᠤᠨ᠂ ᠠᠷᠠᠳ ᠣᠯᠠᠨ᠎ᠤ ᠠᠮᠤᠷ ᠲᠦᠪᠱᠢᠨ ᠥᠯᠵᠡᠶ ᠪᠡᠯᠭᠡ᠎ᠲᠡᠶ ᠱᠢᠨᠡᠯᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠬᠡᠵᠦ ᠵᠢᠭᠠᠵᠤ ᠭᠠᠷᠭᠠᠪᠠ᠃