ᠡᠮᠤᠨᠡᠬᠡᠨ᠂
ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠣᠷᠢᠢ᠎ᠠ
ᠡᠴᠡ ᠵᠤᠬᠢᠶᠠᠨ ᠪᠠᠢᠭᠤᠯᠤᠭᠰᠠᠨ 《ᠭᠠᠷ ᠭᠠᠷ ᠢᠶᠠᠨ
ᠬᠣᠯᠪᠣᠯᠴᠠᠨ ᠬᠡᠦᠬᠡᠳ᠎ᠦᠨ ᠰᠡᠳᠭᠢᠯ᠎ᠢ ᠳᠤᠯᠠᠭᠠᠴᠠᠭᠤᠯᠤᠶ᠎ᠠ᠂ ᠦᠨᠳᠦᠰᠦᠲᠡᠨ ᠦ ᠪᠦᠯᠬᠦᠮᠳᠡᠯ ᠢ ᠠᠬᠢᠭᠤᠯᠵᠤ ᠬᠠᠮᠲᠤ ᠪᠠᠷ ᠦᠰᠦᠨ ᠪᠣᠢᠵᠢᠶᠠ》 ᠬᠡᠬᠦ ᠭᠤᠤᠯ
ᠰᠡᠳᠦᠪᠳᠦ ᠴᠠᠭᠠᠨ ᠰᠠᠷ᠎ᠠ᠎ᠶ᠋ᠢᠨ ᠲᠣᠬᠣᠨᠢᠭᠤᠯᠬᠤ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃
ᠠᠵᠢᠯᠯᠠᠭ᠎ᠠ ᠨᠢ ᠨᠠᠮ᠎ᠤᠨ ᠠᠷᠪᠠ ᠶᠢᠰᠦᠳᠦᠭᠡᠷ
ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠦᠭᠦᠳᠡ
ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠶ᠋ᠢ ᠭᠦᠨᠵᠡᠭᠡᠶ ᠲᠤᠭᠤᠰᠢᠯᠠᠭᠤᠯᠵᠤ᠂ ᠪᠠᠭᠠᠴᠤᠳ᠎ᠤᠨ ᠬᠣᠱᠢᠭᠤᠴᠢ
ᠠᠩᠭᠢ᠎ᠶ᠋ᠢᠨ ᠭᠡᠱᠢᠭᠦᠳ᠎ᠦᠨ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠤᠬᠴᠠᠯᠠᠬᠤ᠎ᠶ᠋ᠢ ᠠᠬᠢᠭᠤᠯᠵᠤ᠂ ᠮᠠᠯᠵᠢᠬᠤ ᠲᠠᠷᠢᠶᠠᠯᠠᠬᠤ
ᠣᠷᠣᠨ᠎ᠤ ᠪᠠᠭᠠᠴᠤᠳ ᠬᠡᠦᠬᠡᠳ ᠲᠸ᠋ ᠠᠩᠬᠠᠷᠤᠯ ᠵᠢᠡᠨ ᠲᠦᠪᠯᠡᠷᠡᠭᠦᠯᠵᠦ᠂ ᠦᠷᠭᠦᠯᠵᠢᠯᠡᠨ ᠬᠠᠢᠷᠠᠯᠠᠨ
ᠬᠠᠯᠠᠮᠵᠢᠯᠠᠬᠤ ᠪᠡᠷ ᠭᠤᠤᠯ ᠵᠤᠷᠢᠯᠲᠠ ᠪᠡᠨ ᠪᠤᠯᠭᠠᠵᠠᠢ ᠃
ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ ᠳᠤ᠂ ᠬᠥᠬᠡᠬᠣᠲᠠ
ᠶ᠋ᠢᠨ ᠰᠠᠢᠬᠠᠨ ᠲᠣᠭᠣᠷᠢᠭ ᠤᠨ ᠵᠢᠤᠢ ᠬᠤᠸᠠ ᠬᠣᠶᠠᠳᠤᠭᠠᠷ ᠪᠠᠭ᠎ᠠ ᠰᠤᠷᠭᠠᠭᠤᠯᠢ ᠪᠣᠯᠤᠨ ᠬᠥᠬᠡᠬᠣᠲᠠ ᠶ᠋ᠢᠨ
ᠬᠣᠩ ᠱᠧᠩ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠤᠨ ᠠᠢ ᠬᠤᠸᠠ ᠪᠠᠭ᠎ᠠ ᠰᠤᠷᠭᠠᠭᠤᠯᠢ ᠶ᠋ᠢᠨ
50 ᠭᠠᠷᠤᠢ ᠪᠠᠭᠠᠴᠤᠳ᠎ᠤᠨ ᠬᠣᠱᠢᠭᠤᠴᠢ ᠠᠩᠬᠢ᠎ᠶ᠋ᠢᠨ ᠭᠡᠱᠢᠭᠦᠳ᠎ᠦᠨ
ᠲᠥᠯᠥᠭᠡᠯᠡᠭ᠌ᠴᠢᠳ ᠭᠣᠢᠳᠠ ᠰᠠᠢᠬᠠᠨ ᠲᠣᠭ᠍ᠯᠠᠯᠲᠠ ᠭᠠᠷᠭᠠᠵᠤ᠂ ᠱᠢᠨ᠎ᠡ ᠵᠢᠯ᠎ᠦᠨ ᠪᠡᠯᠡᠭ ᠰᠤᠯᠢᠯᠴᠠᠨ᠂ ᠭᠠᠷ
ᠭᠠᠷ ᠵᠢᠡᠨ ᠬᠤᠯᠪᠤᠯᠳᠦᠨ᠂ ᠨᠦᠭᠦᠷᠯᠡᠯ ᠵᠢᠡᠨ ᠵᠤᠵᠠᠭᠠᠳᠬᠠᠬᠰᠠᠨ ᠪᠠᠢᠨ᠎ᠠ ᠃ ᠥᠪᠡᠷᠲᠡᠭᠡᠨ
ᠵᠠᠰᠠᠬᠤ ᠣᠷᠣᠨ ᠤ ᠡᠪᠯᠡᠯ ᠤᠨ ᠬᠤᠷᠢᠶ᠎ᠠ᠎ᠡᠴᠡ ᠪᠠᠰᠠ ᠵᠢᠤᠢ ᠬᠤᠸᠠ ᠬᠣᠶᠠᠳᠤᠭᠠᠷ ᠪᠠᠭ᠎ᠠ ᠰᠤᠷᠭᠠᠭᠤᠯᠢ ᠪᠣᠯᠤᠨ
ᠠᠢ ᠬᠤᠸᠠ ᠪᠠᠭ᠎ᠠ ᠰᠤᠷᠭᠠᠭᠤᠯᠢ ᠵᠢᠨ 《ᠤᠯᠠᠭᠠᠨ ᠪᠥᠴᠡᠲᠡᠨ᠎ᠦ ᠨᠣᠮ ᠤᠨ ᠦᠷᠦᠭᠡ》 ᠳ᠋ᠤ ᠫᠠᠢᠰᠠ
ᠣᠯᠭᠣᠵᠤ᠂ 2.4 ᠲᠦᠮᠡᠨ ᠲᠥᠭᠥᠷᠢᠭ᠎ᠦᠨ ᠦᠷᠳᠡᠭᠪᠦᠬᠦᠢ ᠨᠣᠮ ᠪᠢᠴᠢᠭ ᠬᠠᠨᠳᠢᠪᠯᠠᠪᠠ
᠃
ᠠᠵᠢᠯᠯᠠᠭ᠎ᠠ ᠵᠢᠨ ᠲᠠᠷᠠᠭ᠎ᠠ᠂ ᠪᠠᠭᠠᠴᠤᠳ᠎ᠤᠨ ᠬᠣᠱᠢᠭᠤᠴᠢ ᠠᠩᠭᠢ ᠶ᠋ᠢᠨ ᠭᠡᠱᠢᠭᠦᠳ ᠣᠯᠢᠮᠫᠢᠺ ᠤᠨ ᠲᠠᠮᠢᠷ ᠤᠨ
ᠴᠤᠭ᠍ᠯᠠᠭᠠᠨ ᠤ ᠭᠣᠣᠯ ᠰᠡᠳᠦᠪᠲᠦ ᠮᠥᠰᠥ᠍ ᠴᠠᠰᠤᠨ᠎ᠤ ᠶᠢᠷᠲᠢᠨᠴᠦ᠍᠎ᠳᠦ ᠬᠦᠷᠴᠤ᠂ ᠮᠥᠰᠥ᠍ ᠴᠠᠰᠤᠨ ᠤ ᠦᠵᠡᠰᠭᠦᠯᠡᠩ᠎ᠢ
ᠰᠤᠨᠢᠷᠬᠠᠵᠤ᠂ ᠮᠥᠰᠥ᠍ ᠴᠠᠰᠤ ᠪᠣᠯᠤᠨ ᠡᠪᠦᠯ᠎ᠦᠨ ᠤᠯᠠᠷᠢᠯ ᠤᠨ ᠣᠯᠢᠮᠫᠢᠺ ᠤᠨ ᠲᠠᠮᠢᠷ᠎ᠤᠨ ᠴᠤᠭ᠍ᠯᠠᠭᠠᠨ
ᠤ ᠮᠡᠳᠡᠯᠭᠡ ᠶ᠋ᠢ ᠰᠤᠷᠤᠯᠴᠠᠵᠤ᠂ ᠡᠪᠦᠯ᠎ᠦᠨ ᠤᠯᠠᠷᠢᠯ
ᠤᠨ ᠣᠯᠢᠮᠫᠢᠺ ᠤᠨ ᠲᠠᠮᠢᠷ ᠤᠨ ᠴᠤᠭ᠍ᠯᠠᠭᠠᠨ ᠤ ᠵᠣᠷᠢᠭ
ᠰᠠᠨᠠᠭ᠎ᠠ ᠶ᠋ᠢ ᠣᠢᠯᠠᠭᠠᠨ᠂ ᠮᠥᠰᠥ᠍ ᠴᠠᠰᠤᠨ ᠤ ᠬᠦᠳᠡᠯᠭᠡᠭᠡᠨ᠎ᠤ ᠬᠠᠪᠤ ᠴᠡᠩᠭᠡᠯ ᠢ ᠪᠡᠶᠡᠳᠡᠨ ᠣᠢᠯᠠᠭᠠᠵᠤ᠂ ᠪᠡᠶ᠎ᠡ ᠮᠠᠬᠠᠪᠣᠳ ᠢᠶᠠᠨ ᠴᠢᠭᠢᠷᠠᠭ᠍ᠵᠢᠭᠤᠯᠵᠤ᠂ ᠡᠷᠴᠢ ᠵᠣᠷᠢᠭ᠎ᠢᠶᠠᠨ ᠳᠠᠪᠲᠠᠨ ᠪᠣᠯᠪᠠᠰᠤᠷᠠᠭᠤᠯᠵᠤ᠂ ᠥᠪᠡᠷ᠎ᠦᠨ ᠪᠣᠳᠠᠲᠤ ᠠᠵᠢᠯᠯᠠᠭ᠎ᠠ ᠪᠠᠷ ᠢᠶᠠᠨ
2022 ᠣᠨ ᠤ ᠪᠡᠭᠡᠵᠢᠩ
ᠦᠨ ᠡᠪᠦᠯ ᠦᠨ ᠤᠯᠠᠷᠢᠯ ᠤᠨ ᠣᠯᠢᠮᠫᠢᠺ᠎ᠤᠨ ᠲᠠᠮᠢᠷ ᠤᠨ ᠴᠤᠭ᠍ᠯᠠᠭᠠᠨ ᠤ ᠲᠤᠬᠠᠢ ᠬᠦᠰᠡᠯ ᠡᠷᠡᠮᠡᠯᠵᠡᠯ ᠵᠢᠡᠨ ᠢᠯᠡᠳᠭᠡᠵᠡᠭᠡᠭᠰᠡᠨ ᠪᠠᠢᠨ᠎ᠠ
᠃