1 ᠰᠠᠷ᠎ᠠ᠎ᠶᠢᠨ19᠎ᠤ ᠡᠳᠦᠷ᠂ 《ᠵᠠᠭᠤᠨ ᠲᠣᠰᠬᠣᠨ᠎ᠤ
ᠺᠠᠳ᠋ᠷ ᠴᠠᠭᠠᠨ ᠰᠠᠷ᠎ᠠ᠎ᠶᠢᠨ ᠡᠳ᠋ ᠪᠠᠷᠠᠭ᠎ᠠ᠎ᠪᠠᠨ ᠲᠠᠨᠢᠯᠴᠠᠭᠤᠯᠬᠤ》ᠰᠢᠭᠤᠳ ᠨᠡᠪᠲᠡᠷᠡᠭᠦᠯᠭᠡ᠎ᠶᠢᠨ
ᠠᠵᠢᠯᠯᠠᠭ᠎ᠠ ᠤᠷᠠᠳ᠎ᠤᠨ ᠳᠤᠮᠳᠠᠳᠤ ᠬᠣᠰᠢᠭᠤᠨ᠎ᠤ ᠬᠤᠯᠤᠰᠤᠲᠠᠶ ᠰᠤᠮᠤ᠎ᠳᠤ ᠶᠠᠪᠤᠭᠳᠠᠵᠤ᠂ ᠬᠤᠯᠤᠰᠤᠲᠠᠶ ᠰᠤᠮᠤᠨ᠎ᠤ
ᠰᠤᠮᠤᠨ ᠳᠠᠷᠤᠭ᠎ᠠ ᠬᠦᠰᠡᠯᠡᠩ ᠪᠡᠶ᠎ᠡ ᠪᠡᠷ᠎ᠢᠶᠡᠨ ᠰᠢᠭᠤᠳ ᠨᠡᠪᠲᠡᠷᠡᠭᠦᠯᠭᠡ᠎ᠳᠤ ᠤᠷᠤᠯᠴᠠᠨ ᠨᠤᠳᠤᠭ᠎ᠤᠨ ᠮᠤᠩᠭᠤᠯ
ᠬᠤᠭᠤᠯᠠ ᠵᠢᠨ ᠵᠢᠡᠨ ᠤᠷᠤᠯᠠᠨ ᠦᠭᠦᠯᠡᠭᠴᠢ ᠪᠤᠯᠪᠠ᠃ ᠪᠦᠬᠦᠢᠯᠡ ᠰᠢᠭᠤᠳ ᠨᠡᠪᠲᠡᠷᠡᠭᠦᠯᠭᠡ᠎ᠶᠢᠨ ᠠᠵᠢᠯᠯᠠᠭ᠎ᠠ
ᠨᠢ ᠰᠦᠯᠵᠢᠶᠡᠨ ᠠᠨᠳᠠ ᠨᠠᠷ᠎ᠤᠨ ᠠᠩᠬᠠᠷᠤᠯ᠎ᠢ ᠦᠵᠡᠰᠬᠦᠯᠡᠩᠲᠦ ᠰᠠᠢᠬᠠᠨ ᠤᠷᠠᠳ᠎ᠤᠨ ᠲᠠᠯ᠎ᠠ ᠨᠤᠲᠤᠭ᠎ᠲᠠᠭᠠᠨ ᠲᠠᠳᠠᠵᠤ᠂ ᠤᠷᠠᠳ ᠨᠤᠳᠤᠭ᠎ᠤᠨ ᠴᠢᠨᠠᠷ ᠰᠠᠢᠲᠠᠶ ᠤᠨᠴᠠᠯᠢᠬᠳᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ
ᠲᠠᠨᠢᠯᠴᠠᠭᠤᠯᠤᠭᠰᠠᠨ ᠪᠥᠭᠡᠳ ᠮᠣᠩᠭᠣᠯ ᠬᠣᠭᠣᠯᠠ ᠬᠢᠬᠦ ᠶᠠᠪᠤᠴᠠ᠎ᠶᠢ ᠲᠤᠬᠠᠶ᠎ᠶᠢᠨ ᠲᠠᠯᠠᠪᠠᠶ᠎ᠳᠤ ᠲᠠᠨᠢᠯᠴᠠᠭᠤᠯᠵᠠᠢ
᠃

ᠤᠷᠠᠳ᠎ᠤᠨ ᠳᠤᠮᠳᠠᠳᠤ ᠬᠣᠰᠢᠭᠤᠨ᠎ᠤ ᠬᠤᠯᠤᠰᠤᠲᠠᠶ ᠰᠤᠮᠤᠨ᠎ᠤ ᠰᠤᠮᠤᠨ ᠲᠠᠷᠤᠭ᠎ᠠ ᠬᠥᠰᠡᠯᠡᠩ ( ᠵᠡᠬᠦᠨᠳᠡᠬᠢ ) ᠰᠢᠭᠤᠳ ᠨᠡᠪᠲᠡᠷᠡᠭᠦᠯᠭᠡ ᠬᠢᠵᠤ ᠪᠠᠢᠭ᠎ᠠ ᠨᠢ
ᠵᠢᠷᠤᠭ \ ᠵᠤᠬᠢᠶᠠᠯ᠄ ᠰᠤᠷᠪᠤᠯᠵᠢᠯᠠᠭᠴᠢ ᠲᠡᠭᠦᠰᠪᠢᠯᠢᠭ
ᠰᠢᠭᠤᠳ ᠨᠡᠪᠲᠡᠷᠡᠭᠦᠯᠭᠡ᠎ᠶᠢᠨ
ᠲᠠᠰᠤᠭ᠎ᠲᠤ᠂ ᠰᠤᠮᠤᠨ ᠲᠠᠷᠤᠭ᠎ᠠ ᠬᠦᠰᠡᠯᠡᠩ ᠭᠣᠣᠯ ᠨᠡᠪᠲᠡᠷᠡᠭᠦᠯᠦᠭᠴᠢ ᠲᠠᠢ ᠬᠠᠮᠲᠤ ᠪᠡᠷ ᠤᠷᠠᠳ᠎ᠤᠨ ᠲᠠᠯ᠎ᠠ
ᠨᠤᠲᠤᠭ᠎ᠤᠨ ᠠᠮᠲᠠᠲᠤ ᠢᠳᠡᠭᠡᠨ ᠪᠣᠯᠤᠨ ᠲᠤᠬᠠᠢ᠎ᠶᠢᠨ ᠭᠠᠵᠠᠷ᠎ᠤᠨ ᠴᠢᠨᠠᠷ ᠰᠠᠢᠲᠠᠢ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ
ᠪᠦᠲᠦᠭᠡᠭᠳᠡᠬᠦᠨᠵᠢᠡᠨ ᠨᠠᠷᠢᠨ ᠲᠠᠨᠢᠯᠴᠠᠭᠤᠯᠤᠭᠰᠠᠨ ᠪᠥᠭᠡᠳ ᠥᠷᠭᠡᠨ ᠤᠯᠠᠨ ᠰᠦᠯᠵᠢᠶᠡᠨ ᠠᠨᠳᠠᠨᠠᠷᠲᠤ ᠤᠷᠠᠳ᠎ᠤᠨ
ᠲᠠᠯ᠎ᠠ ᠨᠤᠲᠤᠭ᠎ᠤᠨ ᠬᠥᠮᠦᠨ ᠨᠡᠢᠭᠡᠮ ᠰᠤᠶᠤᠯ ᠢᠷᠭᠡᠨᠰᠢᠯᠢ ᠲᠠᠨᠢᠯᠴᠠᠭᠤᠯᠵᠤ᠂ᠥᠷᠭᠡᠨ ᠣᠯᠠᠨ ᠰᠦᠯᠵᠢᠶᠡᠨ
ᠠᠨᠳᠠ᠎ᠶᠢ ᠤᠷᠠᠳ ᠨᠤᠳᠤᠭ᠎ᠲᠤ ᠵᠢᠭᠤᠯᠴᠢᠯᠠᠬᠤ ᠪᠡᠷ ᠢᠷᠡᠵᠦ ᠥᠪᠡᠷᠮᠢᠴᠡ ᠣᠨᠴᠠᠯᠢᠭ᠎ᠲᠠᠶ ᠡᠯ᠎ᠡ ᠵᠦᠢᠯ᠎ᠦᠨ ᠠᠮᠲᠠᠲᠤ
ᠢᠳᠡᠭᠡᠨ᠎ᠢ ᠠᠮᠳᠠᠯᠠᠭᠠᠷᠠᠢ ᠭᠡᠵᠦ ᠬᠠᠯᠠᠭᠤᠨ ᠤᠷᠢᠯᠭ᠎ᠠ ᠲᠠᠯᠪᠢᠵᠠᠢ ᠃
2 ᠴᠠᠭ ᠭᠠᠷᠤᠶ ᠰᠢᠭᠤᠳ ᠨᠡᠪᠲᠡᠷᠡᠭᠦᠯᠭᠡ᠎ᠪᠡᠷ ᠡᠳ᠋ ᠪᠠᠷᠠᠭ᠎ᠠ ᠬᠤᠳᠠᠯᠳᠤᠭᠰᠠᠨ
ᠨᠢ 17 ᠲᠦᠮᠡᠨ ᠰᠦᠯᠵᠢᠶᠡᠨ ᠠᠨᠳᠠ᠎ᠶᠢᠨ ᠠᠩᠬᠠᠷᠤᠯ᠎ᠢ ᠲᠠᠲᠠᠵᠤ᠂ ᠰᠦᠯᠵᠢᠶᠡᠨ
ᠠᠨᠳᠠ ᠨᠠᠷ ᠠᠷᠤ ᠠᠷᠤ ᠡᠴᠡ ᠪᠠᠨ ᠵᠠᠬᠢᠶᠠᠯᠠᠭ᠎ᠠ ᠶᠠᠪᠤᠭᠤᠯᠵᠤ
᠂ ᠪᠣᠷᠣᠯᠠᠭᠤᠯᠭ᠎ᠠ ᠬᠥᠭᠵᠢᠶᠡᠨᠲᠡᠶ ᠪᠣᠯᠵᠣ᠂ ᠤᠷᠠᠳ ᠨᠤᠳᠤᠭ᠎ᠤᠨ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠷ᠎ᠠ ᠠᠯᠳᠠᠷᠰᠢᠯ᠎ᠢ ᠲᠡᠭᠡᠭᠰᠢᠯᠡᠭᠦᠯᠵᠦ᠂ ᠪᠣᠷᠣᠯᠠᠭᠤᠯᠭ᠎ᠠ᠎ᠶᠢᠨ ᠰᠢᠨ᠎ᠡ ᠵᠠᠮ᠎ᠢ ᠨᠡᠭᠡᠭᠡᠪᠡ᠃ ᠲᠣᠰᠤᠳᠠᠭᠠᠨᠤ ᠰᠢᠭᠤᠳ ᠨᠡᠪᠲᠡᠷᠡᠭᠦᠯᠭᠡ᠎ᠪᠡᠷ ᠳᠡᠮᠵᠢᠨ᠂
ᠲᠣᠰ ᠰᠤᠮᠤ ᠨᠢ 《ᠢᠨᠲ᠋ᠧᠷ ᠰᠦᠯᠵᠢᠶ᠎ᠡ
+ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ 》᠎ᠤ ᠴᠠᠬᠢᠮ ᠬᠤᠳᠠᠯᠳᠤᠭᠠᠨ᠎ᠤ
ᠲᠠᠯ᠎ᠠ ᠪᠡᠷ ᠵᠢᠵᠢᠭ ᠲᠤᠷᠰᠢᠯᠲᠠ ᠬᠢᠵᠦ᠂ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠪᠤᠷᠤᠯᠠᠭᠤᠯᠬᠤ᠎ᠶᠢ ᠮᠠᠯᠵᠢᠬᠤ
ᠲᠠᠷᠢᠶᠠᠯᠠᠬᠤ ᠣᠷᠣᠨ᠎ᠤ ᠠᠵᠤ ᠠᠬᠤᠶ᠎ᠶᠢᠨ ᠨᠡᠮᠡᠭᠳᠡᠯ᠂ ᠮᠠᠯᠴᠢᠨ ᠲᠠᠷᠢᠶᠠᠴᠢᠨ᠎ᠤ ᠣᠷᠣᠯᠭ᠎ᠠ᠎ᠶᠢ ᠦᠷᠭᠦᠯᠵᠢᠯᠡᠨ
ᠨᠡᠮᠡᠭᠳᠡᠭᠦᠯᠬᠦ᠂ ᠠᠵᠤ ᠦᠢᠯᠡᠰ᠎ᠦᠨ ᠪᠦᠲᠦᠴᠡ᠎ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠬᠥᠭᠵᠢᠯᠲᠡ᠎ᠶᠢᠨ
ᠬᠥᠳᠡᠯᠭᠡᠬᠦ ᠬᠦᠴᠦᠨ ᠪᠣᠯᠭᠠᠬᠤ ᠵᠠᠮ᠎ᠢ ᠰᠦᠪᠡᠭᠴᠢᠯᠡᠪᠡ᠃
ᠣᠢᠷ᠎ᠠ᠎ᠶᠢᠨ
ᠵᠢᠯᠳ᠋ᠦ᠂ ᠤᠷᠠᠳ᠎ᠤᠨ ᠳᠤᠮᠳᠠᠳᠤ ᠬᠣᠰᠢᠭᠤᠨ᠎ᠤ ᠦᠬᠡᠷ ᠬᠣᠨᠢᠨ ᠮᠢᠬ᠎ᠠ ᠨᠡᠡᠭ ᠣᠯᠠᠨ ᠬᠡᠷᠡᠭᠯᠡᠭᠴᠢ ᠵᠢᠨ ᠬᠦᠷᠢᠶᠡᠯᠡᠯ᠎ᠢ
ᠤᠯᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ ᠨᠢ ᠲᠠᠰᠤᠷᠠᠯᠲᠠ
ᠥᠬᠡᠶ ᠦᠷᠭᠡᠳᠴᠡᠢ᠃ ᠬᠤᠯᠤᠰᠤᠲᠠᠶ ᠰᠤᠮᠤ ᠪᠠ 《ᠪᠣᠭᠣᠮᠲᠠ᠎ᠶᠢᠨ
ᠭᠠᠳᠠᠨᠠᠬᠢ ᠲᠠᠯ᠎ᠠ 》 ᠦᠵᠡᠮᠵᠢ᠎ᠶᠢᠨ
ᠣᠷᠣᠨ ᠮᠠᠯᠴᠢᠳ᠎ᠤᠨ ᠦᠬᠡᠷ ᠬᠣᠨᠢᠨ ᠮᠢᠬ᠎ᠠ ᠪᠡᠨ ᠪᠣᠷᠣᠯᠠᠭᠤᠯᠬᠤ᠎ᠳᠤ ᠬᠦᠴᠦᠨ ᠨᠡᠮᠡᠷᠢᠯᠡᠬᠦ᠎ᠶᠢᠨ ᠲᠥᠯᠥᠭᠡ᠂
ᠨᠢᠭᠡ ᠰᠢᠷᠡᠭᠡ ᠮᠣᠩᠭᠣᠯ ᠬᠣᠭᠣᠯᠠ ᠦᠢᠯᠡᠳᠬᠦ ᠠᠵᠢᠯᠯᠠᠭ᠎ᠠ ᠥᠷᠨᠢᠭᠦᠯᠵᠦ᠂ ᠮᠠᠯᠴᠢᠳ᠎ᠤᠨ ᠬᠣᠷᠰᠢᠶᠠᠯᠤᠭᠠ
ᠠᠰᠢᠭ ᠲᠤᠰᠠ᠎ᠶᠢᠨ ᠬᠤᠯᠪᠤᠭᠠᠨ᠎ᠤ ᠲᠣᠭᠲᠠᠴᠠ᠎ᠶᠢ ᠪᠠᠢᠭᠤᠯᠬᠤ᠎ᠪᠠᠷ ᠳᠠᠮᠵᠢᠭᠤᠯᠤᠨ᠂ ᠮᠠᠯ᠎ᠤᠨ ᠠᠰᠢᠭ ᠰᠢᠮ᠎ᠡ᠎ᠶᠢ
ᠨᠠᠷᠢᠯᠢᠭ ᠡᠳ᠋ᠰᠢᠭᠦᠯᠬᠦ᠎ᠳᠦ ᠠᠬᠢᠭᠤᠯᠬᠤ ᠦᠢᠯᠡᠳᠦᠯ ᠦᠵᠡᠭᠦᠯᠪᠡ ᠃
ᠰᠤᠮᠤᠨ ᠲᠠᠷᠤᠭ᠎ᠠ
ᠬᠦᠰᠡᠯᠡᠩ᠄ 《ᠠᠩᠬ᠎ᠠ ᠤᠳᠠᠭ᠎ᠠ ᠰᠢᠭᠤᠳ ᠨᠡᠪᠲᠡᠷᠡᠭᠦᠯᠭᠡ᠎ᠳᠦ ᠣᠷᠣᠯᠴᠠᠵᠤ᠂ ᠪᠡᠯᠡᠳᠭᠡᠯ ᠲᠤᠳᠠᠮᠠᠭ᠂ ᠬᠦᠷᠦᠯᠴᠡᠬᠦ ᠥᠬᠡᠶ ᠲᠠᠯ᠎ᠠ ᠣᠯᠠᠨ ᠪᠤᠢ᠂ ᠭᠡᠪᠡᠴᠦ ᠮᠢᠨᠦ ᠦᠵᠡᠬᠦ᠎ᠪᠡᠷ ᠡᠨᠡ ᠪᠣᠯ ᠨᠢᠭᠡᠨ ᠰᠠᠢᠨ ᠡᠬᠢᠯᠡᠯᠲᠡ ᠮᠥᠨ᠂ ᠥᠨᠥᠳᠦᠷ ᠰᠤᠮᠤᠨ ᠳᠠᠷᠤᠭ᠎ᠠ᠎ᠶᠢᠨ
ᠬᠤᠪᠢ᠎ᠪᠠᠷ ᠰᠦᠯᠵᠢᠶᠡᠨ ᠦ ᠰᠢᠭᠤᠳ ᠨᠡᠪᠲᠡᠷᠡᠭᠦᠯᠭᠡ᠎ᠶᠢᠨ ᠬᠡᠯᠪᠡᠷᠢ᠎ᠪᠡᠷ ᠤᠷᠠᠳ᠎ᠤᠨ ᠲᠠᠯ᠎ᠠ ᠨᠤᠲᠤᠭ᠎ᠤᠨ ᠣᠨᠴᠠᠯᠢᠭᠲᠤ
ᠪᠦᠲᠦᠭᠡᠭᠳᠡᠬᠦᠨ᠎ᠢ ᠤᠬᠠᠭᠤᠯᠪᠠ ᠂ ᠡᠨᠡᠬᠦ ᠠᠷᠭ᠎ᠠ ᠬᠡᠯᠪᠡᠷᠢ ᠨᠢ ᠮᠠᠰᠢ ᠰᠠᠢᠨ᠂ ᠵᠠᠪᠰᠢᠶᠠᠨ ᠤᠯᠳᠠᠪᠠᠯ ᠰᠢᠭᠤᠳ ᠨᠡᠪᠲᠡᠷᠡᠭᠦᠯᠭᠡ ᠬᠢᠵᠦ᠂ ᠮᠠᠯᠴᠢᠨ
ᠲᠠᠷᠢᠶᠠᠴᠢᠳ᠎ᠤᠨ ᠣᠷᠣᠯᠭ᠎ᠠ᠎ᠪᠠᠨ ᠨᠡᠮᠡᠭᠳᠡᠭᠦᠯᠬᠦ᠎ᠳᠦ ᠬᠦᠴᠦᠨ ᠨᠡᠮᠡᠷᠢᠯᠡᠨ᠎ᠡ》 ᠬᠡᠯᠡ ᠃