ᠴᠠᠭᠠᠨ ᠰᠠᠷ᠎ᠠ ᠶ᠋ᠢᠨ
ᠵᠥᠭᠡᠭᠡᠪᠦᠷᠢ᠎ᠶ᠋ᠢᠨ ᠠᠵᠢᠯ ᠢ ᠰᠠᠢᠲᠤᠷ ᠬᠢᠵᠦ᠍᠂ 《ᠠᠮᠤᠷ ᠠᠮᠤᠭᠤᠯᠠᠩ
ᠴᠠᠭᠠᠨ ᠰᠠᠷ᠎ᠠ᠎ᠶ᠋ᠢᠨ ᠵᠥᠭᠡᠭᠡᠪᠦᠷᠢ᠂ ᠡᠮᠬᠢ ᠵᠢᠷᠤᠮ᠎ᠲᠠᠶ ᠴᠠᠭᠠᠨ ᠰᠠᠷ᠎ᠠ᠎ᠶ᠋ᠢᠨ ᠵᠥᠭᠡᠭᠡᠪᠦᠷᠢ᠂ ᠬᠠᠯᠠᠭᠤᠨ
ᠳᠤᠯᠠᠭᠠᠨ ᠴᠠᠭᠠᠨ ᠰᠠᠷ᠎ᠠ ᠶ᠋ᠢᠨ ᠵᠥᠭᠡᠭᠡᠪᠦᠷᠢ᠂ ᠠᠶᠠᠨᠴᠢᠳ᠎ᠲᠤ ᠨᠠᠩ ᠰᠠᠢᠨ ᠰᠠᠢᠬᠠᠨ ᠲᠥᠷᠥᠭ᠌ᠳᠡᠯ ᠣᠯᠭᠣᠬᠤ》 ᠠᠵᠢᠯ᠎ᠤᠨ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠤᠢᠷ᠎ᠠ ᠳ᠋ᠤ ᠬᠥᠬᠡᠬᠣᠲᠠ᠎ᠶ᠋ᠢᠨ ᠲᠡᠮᠦᠷ ᠵᠠᠮ ᠤ᠋ᠨ ᠲᠤᠳᠤᠭᠠᠳᠤ ᠵᠢ ᠬᠠᠮᠠᠭᠠᠯᠠᠬᠤ
ᠲᠤᠪᠴᠢᠶ᠎ᠠ ᠨᠢ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠠᠮᠤᠷ᠎ᠢ ᠬᠠᠮᠠᠭᠠᠯᠠᠬᠤ
ᠪᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ
ᠰᠠᠢᠲᠤᠷ ᠬᠢᠵᠦ᠍᠂ ᠴᠠᠭᠠᠨ ᠰᠠᠷ᠎ᠠ᠎ᠶ᠋ᠢᠨ ᠵᠥᠭᠡᠭᠡᠪᠦᠷᠢ᠎ᠶ᠋ᠢᠨ ᠬᠤᠭᠤᠴᠠᠭᠠᠨ᠎ᠳᠠᠬᠢ ᠬᠠᠷᠢᠶ᠎ᠠ ᠣᠷᠣᠨ᠎ᠤ ᠠᠮᠤᠷ
ᠲᠦᠪᠱᠢᠨ ᠲᠣᠭ᠍ᠲᠠᠭᠤᠨ᠂ ᠠᠶᠠᠨᠴᠢᠳ ᠠᠮᠤᠷ ᠠᠮᠤᠭᠤᠯᠠᠩ ᠶᠠᠪᠤᠵᠤ ᠰᠠᠭᠤᠬᠤ᠎ᠶ᠋ᠢ ᠪᠥᠬᠥ᠌ ᠬᠦᠴᠦᠨ ᠢᠶᠡᠷ ᠢᠶᠡᠨ
ᠪᠠᠲᠤᠯᠠᠵᠤ ᠪᠤᠢ᠃
ᠬᠥᠬᠡᠬᠣᠲᠠ᠎ᠶ᠋ᠢᠨ ᠲᠡᠮᠦᠷ ᠵᠠᠮ ᠤ᠋ᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠴᠠᠭ᠍ᠳᠠᠭ᠎ᠠ ᠨᠠᠷ ᠭᠠᠯᠳᠤ ᠲᠡᠷᠭᠡᠨ ᠥᠷᠲᠡᠭᠡᠨ᠎ᠳᠦ ᠣᠷᠣᠵᠤ᠂ ᠭᠠᠯᠲᠤ ᠲᠡᠷᠭᠡᠨ᠎ᠳᠦ ᠭᠠᠷᠴᠤ᠌ ᠠᠮᠤᠷ ᠲᠦᠪᠱᠢᠨ᠎ᠢᠶᠡᠷ ᠠᠶᠠᠯᠠᠬᠤ ᠲᠤᠬᠠᠢ ᠡᠯᠪᠡᠭ
ᠪᠠᠶᠠᠯᠢᠭ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ ᠬᠥᠬᠡᠬᠣᠲᠠ ᠶ᠋ᠢᠨ ᠲᠡᠮᠦᠷ ᠵᠠᠮ᠎ᠤᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠡᠴᠡ ᠵᠣᠬᠢᠶᠠᠨ ᠪᠠᠢᠭᠤᠯᠤᠭ᠍ᠰᠠᠨ ᠤᠳᠭ᠎ᠠ ᠤᠷᠠᠯᠢᠭ᠎ᠤᠨ ᠤᠬᠠᠭᠤᠯᠭ᠎ᠠ᠎ᠶ᠋ᠢᠨ ᠪᠠᠭ᠎ᠠ ᠰᠠᠯᠪᠤᠷᠢ ᠠᠩᠭᠢ
ᠨᠢ ᠣᠷᠳᠣᠰ ᠡᠴᠨ ᠵᠢᠨᠢᠩᠬᠦᠷᠬᠦ ᠭᠠᠯᠲᠤ ᠲᠡᠷᠭᠡᠨ ᠳᠦ ᠭᠠᠷᠴᠤ 《 ᠬᠥᠬᠡᠬᠣᠲᠠ᠎ᠶ᠋ᠢᠨ
ᠲᠡᠮᠦᠷ ᠵᠠᠮ᠎ᠤᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠠᠮᠤᠷ ᠲᠦᠪᠱᠢᠨ᠎ᠢᠶᠡᠷ ᠭᠠᠳᠠᠭ᠍ᠰᠢ ᠭᠠᠷᠬᠤ ᠳ᠋ᠦ ᠪᠠᠷ᠎ᠠ ᠪᠤᠯᠬᠤ》
ᠴᠠᠭᠠᠨ ᠰᠠᠷ᠎ᠠ ᠶ᠋ᠢᠨ ᠵᠥᠭᠡᠭᠡᠪᠦᠷᠢ ᠶ᠋ᠢᠨ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠴᠠᠭ᠍ᠳᠠᠭ᠎ᠠ ᠨᠠᠷ 《ᠠᠮᠤᠷ ᠠᠮᠤᠭᠤᠯᠠᠩ
ᠪᠠᠢᠬᠤ᠎ᠶ᠋ᠢ ᠵᠥᠩᠨᠡᠶ᠎ᠡ》᠂ 《ᠳᠠᠬᠢᠨᠲᠠ ᠮᠣᠷᠳᠠᠶ᠎ᠠ》 ᠵᠡᠷᠭᠡ ᠠᠶᠠᠯᠭᠤ ᠲᠠᠭᠤᠤ ᠪᠠᠨ ᠡᠷᠭᠦᠵᠦ᠂ ᠠᠬᠤᠢ ᠲᠠᠯᠠᠪᠠᠢ᠎ᠳᠤ ᠪᠠᠶᠠᠷ ᠬᠦᠷ᠎ᠢᠶᠡᠷ ᠪᠢᠯᠬᠠᠵᠤ᠂ ᠬᠠᠯᠠᠭᠤᠨ
ᠠᠯᠠᠭ᠎ᠠ ᠲᠠᠱᠢᠯᠳᠠ᠎ᠶ᠋ᠢᠨ ᠲᠠᠭᠤᠨ ᠨᠢᠵᠢᠬᠢᠨᠡᠨᠡ᠃ ᠡᠷᠡᠭᠦᠦ᠍
ᠶ᠋ᠢᠨ ᠴᠠᠭ᠍ᠳᠠᠭ᠎ᠠ ᠶ᠋ᠢᠨ ᠰᠠᠯᠪᠤᠷᠢ ᠠᠩᠭᠢ ᠶ᠋ᠢᠨ
ᠴᠠᠭ᠍ᠳᠠᠭ᠎ᠠ ᠨᠠᠷ ᠬᠡᠷᠡᠭ ᠢᠶᠡᠷ ᠬᠠᠤᠯᠢ ᠲᠠᠢᠯᠪᠤᠷᠢᠯᠠᠬᠤ᠂ ᠮᠠᠲ᠋ᠧᠷᠢᠶᠠᠯ ᠲᠠᠷᠬᠠᠭᠠᠬᠤ
ᠵᠡᠷᠭᠡ ᠬᠡᠯᠪᠡᠷᠢ ᠪᠡᠷ ᠳᠠᠮᠵᠢᠭᠤᠯᠤᠨ ᠠᠶᠠᠨᠴᠢᠳ᠎ᠲᠤ ᠴᠠᠬᠢᠯᠭᠠᠨ ᠬᠤᠯᠪᠤᠭ᠎ᠠ ᠰᠦᠯᠵᠢᠶᠡᠨ ᠤ᠋ ᠮᠡᠬᠡᠯᠡᠯ ᠢ ᠰᠡᠷᠭᠡᠢᠯᠡᠬᠦ᠌ ᠠᠷᠭ᠎ᠠ ᠬᠡᠯᠪᠡᠷᠢ ᠶ᠋ᠢ ᠤᠬᠠᠭᠤᠯᠵᠤ ᠂ ᠤᠯᠤᠰ ᠤᠨ ᠮᠡᠬᠡᠯᠡᠯ
ᠢ ᠡᠰᠡᠷᠭᠦᠴᠡᠬᠦ᠌ ᠲᠥᠪ ᠦᠨ APP᠎ᠶ᠋ᠢ ᠪᠠᠭᠤᠯᠭᠠᠨ ᠠᠪᠬᠤ ᠶ᠋ᠢ ᠬᠥᠲᠥᠯᠥᠨ ᠵᠢᠯᠤᠭᠤᠳᠪᠠ᠃ ᠴᠠᠭ᠍ᠳᠠᠭ᠎ᠠ ᠨᠠᠷ ᠠᠬᠤᠢ ᠲᠠᠯᠠᠪᠠᠢ᠎ᠳᠤ ᠭᠠᠯᠲᠤ ᠲᠡᠷᠭᠡᠨ ᠳᠡᠭᠡᠷ᠎ᠡ ᠦᠷᠭᠦᠯᠵᠢ ᠬᠠᠷᠠᠭ᠍ᠳᠠᠳᠠᠭ
ᠬᠡᠳᠦᠨ ᠵᠦᠶ᠋ᠯ ᠦᠨ ᠬᠤᠯᠠᠭᠠᠢᠯᠠᠬᠤ ᠪᠠᠰᠢᠷ ᠮᠡᠭᠡ ᠵᠢ
ᠰᠡᠷᠡᠮᠵᠢᠯᠡᠬᠦᠯᠵᠦ᠂ ᠠᠶᠠᠨᠴᠢᠳ ᠤᠨ ᠠᠮᠤᠷ ᠲᠦᠪᠱᠢᠨ᠎ᠢ
ᠪᠠᠳᠤᠯᠠᠵᠤ ᠪᠤᠢ ᠃
2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635372
ᠢᠮᠧᠯ᠄tn@mgyxw.net 蒙ICP备10000005号