1 ᠰᠠᠷ᠎ᠠ᠎ᠶ᠋ᠢᠨ 27 ᠤ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠥᠪᠥᠷ
ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠎ᠶ᠋ᠢᠨ ᠬᠠᠮ ᠵᠠᠭᠤᠴᠢᠯᠠᠭᠤᠷ᠎ᠤᠨ ᠲᠥᠪ᠎ᠲᠦ 2022 ᠤᠮᠠᠷᠠᠲᠤ
ᠣᠷᠣᠨ᠎ᠤ ᠴᠠᠰᠤ ᠮᠥᠰᠥ᠍ᠨ᠎ᠤ ᠵᠢᠭᠤᠯᠴᠢᠯᠠᠯ᠎ᠢ ᠭᠠᠳᠠᠭᠠᠳᠤ᠎ᠳᠤ ᠳᠡᠯᠭᠡᠷᠡᠭᠦᠯᠬᠦ᠌ ᠤᠯᠠᠷᠢᠯ᠎ᠤᠨ ᠥᠪᠥᠷ
ᠮᠣᠩᠭᠣᠯ᠎ᠤᠨ ᠤᠬᠠᠭᠤᠯᠭ᠎ᠠ᠎ᠶ᠋ᠢᠨ ᠭᠠᠷᠠᠭ᠎ᠤᠨ ᠨᠡᠢᠲᠡᠯᠡᠬᠦ ᠬᠤᠷᠠᠯ ᠬᠢᠵᠦ᠂ ᠥᠪᠥᠷ ᠮᠣᠩᠭᠣᠯ᠎ᠤᠨ ᠴᠠᠰᠤ ᠮᠥᠰᠥ᠍ᠨ᠎ᠤ ᠵᠢᠭᠤᠯᠴᠢᠯᠠᠯ᠎ᠤᠨ ᠤᠬᠠᠭᠤᠯᠭ᠎ᠠ᠎ᠶ᠋ᠢᠨ ᠭᠠᠷᠠᠭ᠎ᠤᠨ ᠠᠵᠢᠯᠯᠠᠭ᠎ᠠ ᠵᠢᠩᠬᠢᠨᠢ᠎ᠪᠡᠷ ᠡᠬᠢᠯᠡᠪᠡ᠃
ᠥᠪᠥᠷ ᠮᠣᠩᠭᠣᠯ ᠤᠨ ᠴᠠᠰᠤ
ᠮᠥᠰᠥ᠍ᠨ᠎ᠤ ᠵᠢᠭᠤᠯᠴᠢᠯᠠᠯ᠎ᠤᠨ ᠤᠬᠠᠭᠤᠯᠭ᠎ᠠ᠎ᠶ᠋ᠢᠨ ᠭᠠᠷᠠᠭ᠎ᠨᠢ ᠳᠤᠮᠳᠠᠳᠤ ᠤᠯᠤᠰ᠎ᠤᠨ ᠤᠯᠠᠮᠵᠢᠯᠠᠯᠲᠤ
ᠪᠠᠶᠠᠷ᠎ᠤᠨ ᠡᠳᠦᠷ ᠴᠠᠭᠠᠨ ᠰᠠᠷ᠎ᠠ᠎ᠲᠠᠶ ᠲᠤᠬᠢᠶᠠᠯᠳᠤᠵᠦ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ
ᠵᠢᠭᠤᠯᠴᠢᠯᠠᠯ᠎ᠤᠨ ᠲᠢᠩᠬᠢᠮ᠎ᠨᠢ ᠮᠠᠨ᠎ᠤ ᠤᠷᠤᠨ᠎ᠤ ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠡᠬᠢ
ᠪᠠᠶᠠᠯᠢᠭ᠎ᠤᠨ ᠳᠠᠪᠠᠭᠤᠯᠢᠭ ᠪᠠ ᠰᠣᠶᠣᠯ᠎ᠤᠨ ᠣᠨᠴᠠᠯᠢᠭ᠎ᠢ ᠭᠦᠶ᠋ᠴᠡᠳ ᠪᠠᠳᠠᠷᠠᠭᠤᠯᠵᠤ᠂ ᠤᠯᠠᠮᠵᠢᠯᠠᠯᠲᠤ
ᠡᠪᠦᠯ᠎ᠦᠨ ᠤᠯᠠᠷᠢᠯ᠎ᠤᠨ ᠴᠠᠰᠤ ᠮᠥᠰᠥ᠍ᠨ᠎ᠤ ᠵᠢᠭᠤᠯᠴᠢᠯᠠᠯ ᠪᠠ ᠲᠠᠮᠢᠷ᠎ᠤᠨ ᠬᠥᠳᠡᠯᠭᠡᠭᠡᠨ᠎ᠦ ᠰᠠᠭᠤᠷᠢᠨ
ᠳᠡᠭᠡᠷ᠎ᠡ᠂ ᠠᠷᠠᠳ᠎ᠤᠨ ᠵᠠᠩ ᠦᠶ᠋ᠯᠡ᠂ ᠤᠷᠠᠨ ᠰᠠᠢᠬᠠᠨ᠎ᠤ ᠲᠣᠭ᠍ᠯᠠᠯᠲᠠ᠂ ᠠᠮᠲᠠᠲᠤ ᠢᠳᠡᠭᠡᠨ ᠵᠡᠷᠭᠡ ᠲᠥᠷᠥᠯ
ᠵᠦᠶ᠋ᠯ᠎ᠢ ᠳᠣᠪᠣᠢᠯᠭᠠᠵᠤ᠂ ᠮᠠᠨ᠎ᠤ ᠤᠷᠤᠨ᠎ᠳᠤ ᠯᠠ ᠣᠨᠴᠠ ᠪᠠᠢᠳᠠᠭ ᠴᠠᠰᠤ ᠮᠥᠰᠥ᠍ᠨ᠎ᠤ ᠵᠢᠭᠤᠯᠴᠢᠯᠠᠯ᠎ᠤᠨ
ᠡᠬᠢ ᠪᠠᠶᠠᠯᠢᠭ ᠪᠠ ᠡᠯᠪᠡᠭ ᠪᠠᠶᠠᠯᠢᠭ ᠴᠠᠰᠤ ᠮᠥᠰᠥ᠍ᠨ᠎ᠤ ᠵᠢᠭᠤᠯᠴᠢᠯᠠᠯ᠎ᠤᠨ ᠪᠦᠲᠦᠭᠡᠭ᠌ᠳᠡᠬᠦᠨ᠎ᠢ
ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠦᠵᠡᠭ᠌ᠴᠢᠳ ᠪᠠ ᠵᠢᠭᠤᠯᠴᠢᠯᠠᠬᠰᠡᠳ᠎ᠲᠤ ᠳᠡᠯᠭᠡᠨ ᠦᠵᠡᠭᠦᠯᠬᠦ ᠪᠠᠷ
ᠵᠤᠷᠢᠭᠰᠠᠨ ᠪᠠᠢᠨ᠎ᠠ᠃ ᠡᠭᠦᠨ᠎ᠤ ᠬᠠᠮᠳᠤ᠂ ᠴᠠᠰᠤ ᠮᠦᠰᠦᠨ᠎ᠤ ᠵᠢᠭᠤᠯᠴᠢᠯᠠᠯ ᠵᠢᠠᠷ ᠰᠢᠨ᠎ᠡ ᠦᠰᠦᠯᠲᠡ ᠵᠢᠨ
ᠴᠡᠭ ᠪᠤᠯᠭᠠᠨ᠂ ᠵᠢᠭᠤᠯᠴᠢᠯᠠᠭᠰᠠᠳ᠎ᠤᠨ ᠤᠷᠤᠯᠴᠠᠯᠭ᠎ᠠ ᠪᠠ ᠪᠡᠶᠡᠴᠢᠯᠡᠨ ᠤᠢᠯᠠᠭᠠᠬᠤ ᠵᠢ ᠨᠡᠮᠡᠭᠳᠡᠭᠦᠯᠵᠦ᠂《ᠬᠥᠢᠲᠡᠨ ᠡᠬᠢ ᠪᠠᠶᠠᠯᠢᠭ》᠎ᠢ《ᠬᠠᠯᠠᠭᠤᠨ ᠠᠵᠤ ᠦᠢᠯᠡᠰ》 ᠪᠤᠯᠭᠠᠨ ᠬᠤᠪᠢᠷᠠᠭᠠᠵᠤ᠂ ᠥᠪᠡᠷᠮᠢᠴᠡ
ᠣᠨᠴᠠᠯᠢᠭ ᠲᠠᠢ ᠪᠦᠷᠢᠨ ᠱᠢᠰᠲ᠋ᠧᠮᠲᠦ ᠴᠠᠰᠤ ᠮᠥᠰᠥ᠍ᠨ᠎ᠤ ᠵᠢᠭᠤᠯᠴᠢᠯᠠᠯ᠎ᠤᠨ ᠬᠠᠷᠠᠯᠲᠠᠲᠤ ᠭᠠᠵᠠᠷ᠎ᠢ ᠴᠣᠭ᠍ᠴᠠᠯᠠᠵᠤ᠂
ᠮᠠᠨ᠎ᠤ ᠤᠷᠤᠨ᠎ᠤ ᠵᠢᠭᠤᠯᠴᠢᠯᠠᠯ᠎ᠢ ᠵᠡᠭᠦᠨ᠎ᠡᠴᠡ ᠪᠠᠷᠠᠭᠤᠨᠰᠢ ᠴᠥᠮ ᠬᠥᠭ᠌ᠵᠢᠶᠡᠨᠲᠡᠶ ᠪᠣᠯᠭᠠᠵᠤ᠂ ᠵᠢᠯ ᠦᠨ
ᠳᠥᠷᠪᠡᠨ ᠤᠯᠠᠷᠢᠯ ᠳᠤ ᠴᠥᠮ ᠬᠥᠭ᠌ᠵᠢᠶᠡᠨᠲᠡᠶ ᠪᠣᠯᠭᠠᠬᠤ ᠪᠤᠯᠤᠨ᠎ᠠ᠃
ᠨᠡᠢᠲᠡᠯᠡᠬᠦ᠌ᠬᠤᠷᠠᠯᠳᠡᠭᠡᠷᠡ᠂ᠮᠠᠨᠤᠤᠷᠤᠨᠤᠡᠪᠦᠯᠦᠨ
ᠤᠯᠠᠷᠢᠯ᠎ᠤᠨ ᠵᠢᠭᠤᠯᠴᠢᠯᠠᠯ᠎ᠤᠨ ᠨᠢᠭᠡᠪᠦᠯᠦᠭᠱᠢᠵᠢᠷᠠᠯᠲᠠᠨ ᠵᠠᠮ ᠱᠤᠭᠤᠮ᠂ ᠦᠵᠡᠮᠵᠢ᠎ᠶ᠋ᠢᠨ ᠣᠷᠣᠨ᠎ᠤ
ᠡᠪᠦᠯ᠎ᠦᠨ ᠤᠯᠠᠷᠢᠯ᠎ᠤᠨ ᠵᠢᠭᠤᠯᠴᠢᠯᠠᠯ᠎ᠤᠨ ᠰᠦᠯᠵᠢᠶᠡᠨ᠎ᠦ ᠬᠠᠯᠠᠮᠰᠢᠯ ᠭᠠᠵᠠᠷ ᠪᠠ ᠴᠠᠭᠠᠨ ᠰᠠᠷ᠎ᠠ᠎ᠶ᠋ᠢᠨ
ᠠᠷᠠᠳ᠎ᠲᠤ ᠠᠱᠢᠭ ᠬᠦᠷᠲᠡᠭᠡᠬᠦ᠌ᠰᠤᠳᠤᠨᠲᠣᠭ᠍ᠯᠠᠯᠲᠠᠵᠢᠴᠢᠮᠠᠨᠤᠤᠷᠤᠨᠤ ᠡᠯ᠎ᠡ ᠭᠠᠵᠠᠷ᠎ᠤᠨ
ᠡᠷᠭᠢᠯᠡᠭ᠌ᠰᠡᠨᠡᠪᠦᠯᠦᠨ ᠤᠯᠠᠷᠢᠯ᠎ᠤᠨ ᠵᠢᠭᠤᠯᠴᠢᠯᠠᠯ᠎ᠤᠨ ᠥᠪᠡᠷᠮᠢᠴᠡ ᠣᠨᠴᠠᠯᠢᠭ᠎ᠲᠠᠶ ᠠᠵᠢᠯᠯᠠᠭ᠎ᠠ᠎ᠶ᠋ᠢ
ᠭᠤᠤᠯᠳᠠᠯᠭ᠎ᠠ᠎ᠲᠠᠶ ᠨᠡᠢᠲᠡᠯᠡᠪᠡ᠃
ᠢᠷᠡᠯᠳᠡ᠄ ᠰᠢᠨᠬᠤᠸᠠ
ᠰᠦᠯᠵᠢᠶ᠎ᠡ