ᠪᠥᠬᠥ᠌ ᠣᠷᠣᠨ᠎ᠤ
ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠠᠵᠢᠯ᠎ᠢ ᠦᠨᠡᠨ ᠬᠦ᠌
ᠰᠠᠢᠲᠤᠷ ᠬᠢᠬᠦ᠌᠎ᠶ᠋ᠢᠨ ᠲᠤᠰᠠᠳᠠ᠂ ᠣᠢᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ
ᠣᠷᠳᠣᠨ᠎ᠤ ᠠᠯᠪᠠᠨ ᠲᠢᠩᠬᠢᠮ《ᠨᠡᠢᠭᠡᠮ᠎ᠦᠨ ᠠᠪᠤᠷᠠᠨ ᠲᠤᠰᠠᠯᠠᠬᠤ ᠪᠠ
ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠪᠠᠷᠠᠭᠠᠨ ᠤ ᠦᠨ᠎ᠡ ᠶ᠋ᠢᠨ ᠥᠰᠥᠯᠲᠡ ᠲᠠᠢ ᠬᠤᠯᠪᠤᠭᠳᠠᠭᠤᠯᠵᠤ
ᠬᠠᠮᠲᠤᠷᠠᠨ ᠬᠥᠳᠡᠯᠦᠯᠴᠡᠬᠦ᠌ ᠲᠣᠭ᠍ᠲᠠᠴᠠ᠎ᠶ᠋ᠢ ᠤᠯᠠᠮ ᠨᠢᠭᠡ ᠠᠯᠬᠤᠮ ᠪᠦᠷᠢᠨᠱᠢᠭᠦᠯᠬᠦ᠌ ᠲᠤᠬᠠᠶ
ᠮᠡᠳᠡᠭ᠌ᠳᠡᠯ》 ( ᠳᠣᠷᠣᠭ᠍ᠰᠢ《ᠮᠡᠳᠡᠭ᠌ᠳᠡᠯ》 ᠭᠡᠵᠦ᠍ ᠲᠣᠪᠴᠢᠯᠠᠨ᠎ᠠ ) ᠢ
ᠳᠠᠷᠤᠮᠠᠯᠯᠠᠨ ᠲᠠᠷᠬᠠᠭᠠᠵᠤ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠳᠤ ᠦᠵᠡᠭᠦᠯᠬᠦ᠌
ᠪᠠᠷᠠᠭᠠᠨ᠎ᠤ ᠦᠨ᠎ᠡ᠎ᠶ᠋ᠢᠨ ᠥᠰᠥᠯᠲᠡ᠎ᠶ᠋ᠢᠨ ᠨᠥᠯᠥᠭᠡ᠎ᠶ᠋ᠢ ᠨᠠᠮᠳᠠᠭᠤᠯᠤᠨ᠂ ᠠᠷᠠᠳ᠎ᠤᠨ ᠦᠨᠳᠦᠰᠦᠨ ᠠᠮᠢᠳᠤᠷᠠᠯ᠎ᠤᠨ
ᠬᠣᠷᠢᠭ᠎ᠠ ᠱᠤᠭᠤᠮ᠎ᠢ ᠪᠠᠲᠤ ᠰᠠᠬᠢᠨ᠎ᠠ ᠭᠡᠵᠡᠢ᠃
《ᠮᠡᠳᠡᠭ᠌ᠳᠡᠯ》 ᠳ᠋ᠤ ᠦᠨ᠎ᠡ ᠬᠠᠩᠰᠢ᠎ᠶ᠋ᠢᠨ ᠨᠥᠬᠥᠪᠥᠷᠢ᠎ᠶ᠋ᠢᠨ ᠬᠠᠮᠳᠤᠷᠠᠨ ᠬᠥᠳᠡᠯᠦᠯᠴᠡᠬᠦ᠌
ᠲᠣᠭ᠍ᠲᠠᠴᠠ᠎ᠶ᠋ᠢᠨ ᠪᠠᠲᠤᠯᠠᠭ᠎ᠠ᠎ᠶ᠋ᠢᠨ ᠡᠲᠡᠭᠡᠳ ᠪᠣᠯ᠄ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ
ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠬᠥᠮᠦᠰ᠂ ᠠᠵᠢᠯ ᠠᠯᠳᠠᠯᠲᠠ᠎ᠶ᠋ᠢᠨ
ᠳᠠᠭᠠᠳᠭᠠᠯ᠎ᠤᠨ ᠮᠥᠩᠭᠥ᠌ ᠠᠪᠴᠤ᠌ ᠪᠠᠢᠭ᠎ᠠ ᠬᠥᠮᠦᠰ᠂ ᠤᠯᠤᠰ᠎ᠤᠨ ᠲᠣᠭ᠍ᠲᠠᠮᠠᠯ ᠬᠤᠭᠤᠴᠠᠭ᠎ᠠ᠎ᠲᠠᠶ
ᠠᠰᠠᠷᠠᠮᠵᠢ᠎ᠶ᠋ᠢᠨ ᠨᠥᠬᠥᠪᠥᠷᠢ ᠭᠥᠷᠳᠡᠵᠦ᠍ ᠪᠠᠢᠭ᠎ᠠ ᠠᠰᠠᠷᠠᠨ ᠬᠠᠷᠠᠭᠠᠯᠵᠠᠬᠤ ᠡᠲᠡᠭᠡᠳ᠂ ᠥᠨᠥᠴᠢᠨ
ᠬᠡᠦᠬᠡᠳ᠂ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠂ ᠠᠢᠽ ᠡᠪᠡᠳᠴᠢᠨ᠎ᠦ ᠸᠢᠷᠦ᠋ᠰ᠎ᠲᠦ
ᠬᠠᠯᠳᠠᠪᠤᠷᠢᠯᠠᠭ᠍ᠳᠠᠭ᠍ᠰᠠᠨ ᠬᠡᠦᠬᠡᠳ᠂ ᠶᠡᠬᠡ ᠳᠡᠭᠡᠳᠦ ᠰᠤᠷᠭᠠᠭᠤᠯᠢ᠎ᠶ᠋ᠢᠨ ᠬᠡᠷ ᠪᠦᠯᠢ᠎ᠨᠢ ᠬᠦᠴᠢᠷᠳᠡᠯᠲᠡᠶ
ᠰᠤᠷᠤᠭ᠍ᠴᠢᠳ ᠪᠣᠯᠤᠨ᠎ᠠ᠃
ᠦᠨ᠎ᠡ ᠬᠠᠩᠰᠢ᠎ᠶ᠋ᠢᠨ ᠲᠦᠷ
ᠴᠠᠭ᠎ᠤᠨ ᠨᠥᠬᠥᠪᠥᠷᠢ᠎ᠶ᠋ᠢ ᠠᠢᠮᠠᠭ ᠬᠣᠲᠠ᠎ᠶ᠋ᠢᠨ ᠬᠣᠲᠠ ᠪᠠᠯᠭᠠᠰᠤᠨ᠎ᠤ ᠣᠷᠣᠯᠭ᠎ᠠ ᠪᠠᠭᠠᠲᠠᠶ ᠰᠠᠭᠤᠭᠠᠯᠢ ᠠᠷᠠᠳ᠎ᠤᠨ ᠦᠨᠳᠦᠰᠦᠨ
ᠠᠮᠢᠳᠤᠷᠠᠯ᠎ᠤᠨ ᠵᠠᠷᠤᠳᠠᠯ᠎ᠤᠨ ᠦᠨ᠎ᠡ ᠬᠠᠩᠰᠢ᠎ᠶ᠋ᠢᠨ ᠭᠦᠶ᠋ᠴᠡᠳᠭᠡᠯ ᠲᠣᠭ᠎ᠠ ( SCPI ) ᠪᠠᠷ
ᠲᠥᠰᠦᠭᠡᠯᠡᠨ ᠪᠤᠳᠤᠵᠤ᠂《ᠰᠠᠷ᠎ᠠ᠎ᠪᠠᠷ ᠲᠥᠰᠦᠭᠡᠯᠡᠨ ᠪᠤᠳᠤᠬᠤ᠂ ᠰᠠᠷ᠎ᠠ᠎ᠪᠠᠷ
ᠣᠯᠭᠣᠬᠤ》ᠵᠠᠷᠴᠢᠮ᠎ᠢ ᠦᠨᠳᠦᠰᠦᠯᠡᠨ᠂ ᠬᠠᠮᠢᠶ᠎ᠠ ᠪᠥᠬᠥᠶ ᠦᠨ᠎ᠡ
ᠬᠠᠩᠰᠢ᠎ᠶ᠋ᠢᠨ ᠭᠦᠶ᠋ᠴᠡᠳᠭᠡᠯ ᠲᠣᠭ᠎ᠠ᠎ᠶ᠋ᠢ ᠨᠡᠢᠲᠡᠯᠡᠭ᠌ᠰᠡᠨ ᠲᠣᠰ ᠰᠠᠷ᠎ᠠ᠎ᠳᠤ ᠬᠦᠴᠢᠷᠳᠡᠯᠲᠡᠶ ᠣᠯᠠᠨ
ᠲᠦᠮᠡᠨ᠎ᠳᠦ ᠲᠣᠭ᠎ᠠ ᠶᠣᠰᠣᠭᠠᠷ᠎ᠨᠢ ᠣᠯᠭᠣᠨ᠎ᠠ᠃
ᠢᠷᠡᠯᠳᠡ᠄ ᠲᠠᠯ᠎ᠠ ᠨᠤᠳᠤᠭ
ᠰᠢᠯᠵᠢᠶ᠎ᠠ