3 ᠲᠦᠷᠭᠡᠨ᠎ᠤ ᠵᠠᠮ ᠎ᠳᠤ 18 ᠴᠠᠬᠢᠯᠭᠠᠨ ᠴᠡᠨᠡᠭ᠌ᠯᠡᠬᠦ᠌ ᠥᠷᠲᠡᠭᠡ᠎ᠶ᠋ᠢ ᠱᠢᠨ᠎ᠡ᠎ᠪᠡᠷ ᠨᠡᠮᠡᠪᠡ
2022-01-29 10:32:36
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠣᠢᠷ᠎ᠠ᠎ᠳᠤ ᠥᠪᠥᠷ ᠮᠣᠩᠭᠣᠯ᠎ᠤᠨ ᠥᠨᠳᠥᠷ ᠬᠤᠷᠳᠤᠴᠠᠲᠤ ᠵᠠᠰᠠᠮᠠᠯ ᠵᠠᠮ᠎ᠤᠨ ᠺᠣᠮᠫᠠᠨᠢ᠎ᠠᠴᠠ ᠣᠢᠯᠠᠭᠠᠭ᠍ᠰᠠᠨ᠎ᠢᠶᠡᠷ᠂ ᠲᠣᠰ ᠺᠣᠮᠫᠠᠨᠢ ᠨᠢᠭᠡᠨᠲᠡ ᠮᠠᠨ᠎ᠤ ᠣᠷᠣᠨ᠎ᠤ ᠲᠦᠷᠭᠡᠨ᠎ᠤ ᠵᠠᠮ᠎ᠤᠨ ᠠᠩᠬᠠᠳᠠᠭ᠍ᠴᠢ ᠴᠠᠬᠢᠯᠭᠠᠨ ᠴᠡᠨᠡᠭ᠌ᠯᠡᠬᠦ᠌ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠳᠠᠭᠤᠰᠭᠠᠵᠤ᠂ ᠱᠢᠨ᠎ᠡ᠎ᠪᠡᠷ 18 ᠴᠠᠬᠢᠯᠭᠠᠨ ᠴᠡᠨᠡᠭ᠌ᠯᠡᠬᠦ᠌ ᠥᠷᠲᠡᠭᠡ᠎ᠶ᠋ᠢᠨ ᠨᠡᠢᠲᠡ 72 ᠴᠠᠬᠢᠯᠭᠠᠨ ᠴᠡᠨᠡᠭ᠌ᠯᠡᠬᠦ᠌ ᠪᠠᠭᠠᠨ᠎ᠠ ᠨᠡᠮᠡᠵᠦ᠍᠂ G6 ᠪᠡᠭᠡᠵᠢᠩ ᠲᠥᠪᠡᠳ᠎ᠦᠨ ᠲᠦᠷᠭᠡᠨ᠎ᠤ ᠵᠠᠮ᠂ G7 ᠪᠡᠭᠡᠵᠢᠩ ᠱᠢᠨᠵᠢᠶᠠᠩ᠎ᠤᠨ ᠲᠦᠷᠭᠡᠨ᠎ᠤ ᠵᠠᠮ᠂ G65 ᠪᠤᠭᠤᠲᠤ᠎ᠠᠴᠠ ᠮᠤᠤᠮᠢᠩ ᠬᠥᠷᠬᠥ᠌ ᠲᠦᠷᠭᠡᠨ᠎ᠤ ᠵᠠᠮ ᠳᠠᠭᠠᠤ᠎ᠶ᠋ᠢᠨ 9 ᠬᠣᠸ᠋ᠰ ᠦᠶ᠋ᠯᠡᠴᠢᠯᠡᠭᠡᠨ᠎ᠦ ᠲᠣᠭᠣᠷᠢᠭ᠎ᠲᠤ ᠲᠠᠷᠬᠠᠵᠤ ᠪᠠᠢᠨ᠎ᠠ᠃

ᠲᠦᠷᠭᠡᠨ᠎ᠦ ᠵᠠᠮ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠴᠠᠬᠢᠯᠭᠠᠨ ᠴᠡᠨᠡᠭ᠌ᠯᠡᠬᠦ᠌ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠥᠪᠥᠷ ᠮᠣᠩᠭᠣᠯ᠎ᠤᠨ ᠥᠨᠳᠥᠷ ᠬᠤᠷᠳᠤᠴᠠᠲᠤ ᠵᠠᠰᠠᠮᠠᠯ ᠵᠠᠮ᠎ᠤᠨ ᠺᠣᠮᠫᠠᠨᠢ 2021 ᠣᠨ᠎ᠤ 9 ᠰᠠᠷ᠎ᠠ᠎ᠶ᠋ᠢᠨ 1᠎ᠦ ᠡᠳᠦᠷ᠎ᠡᠴᠡ ᠡᠬᠢᠯᠡᠨ 9 ᠬᠣᠣᠰ ᠦᠢᠯᠡᠴᠢᠯᠡᠭᠡᠨ᠎ᠦ ᠲᠣᠭᠣᠷᠢᠭ᠎ᠤᠨ 18 ᠴᠠᠬᠢᠯᠭᠠᠨ ᠴᠡᠨᠡᠭ᠌ᠯᠡᠬᠦ᠌ ᠦᠷᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠠᠵᠢᠯ᠎ᠢ ᠡᠬᠢᠯᠡᠭᠦᠯᠵᠦ᠍᠂ 12 ᠰᠠᠷ᠎ᠠ᠎ᠶ᠋ᠢᠨ 10᠎ᠤ ᠡᠳᠦᠷ ᠪᠦᠬᠦᠨ᠎ᠢ ᠠᠱᠢᠭ᠍ᠯᠠᠯᠲᠠ᠎ᠳᠤ ᠣᠷᠣᠭᠤᠯᠬᠤ ᠪᠦᠳᠦᠭᠡᠨ ᠪᠠᠢᠭᠤᠯᠤᠯᠲᠠ ᠎ᠶ᠋ᠢᠨ ᠬᠠᠷᠠᠯᠲᠠ᠎ᠶ᠋ᠢ ᠪᠡᠶᠡᠯᠡᠭᠦᠯᠤᠨ᠂ ᠱᠢᠨ᠎ᠡ ᠪᠡᠷ ᠨᠡᠮᠡᠭ᠌ᠳᠡᠭ᠌ᠰᠡᠨ 72 ᠴᠠᠬᠢᠯᠭᠠᠨ ᠴᠡᠨᠡᠭ᠌ᠯᠡᠬᠦ᠌ ᠪᠠᠭᠠᠨ᠎ᠠ ᠨᠢ ᠪᠦᠬᠦᠨ᠎ᠢᠶᠡᠷ᠎ᠢᠶᠡᠨ 150KW—180KW ᠲᠣᠭ᠍ᠲᠠᠮᠠᠯ ᠴᠠᠬᠢᠯᠭᠠᠨ ᠲᠦᠷᠭᠡᠨ ᠴᠡᠨᠡᠭ᠌ᠯᠡᠬᠦ᠌ ᠪᠠᠭᠠᠨ᠎ᠠ ᠪᠠᠢᠵᠤ᠂ ᠴᠠᠬᠢᠯᠭᠠᠨ ᠴᠡᠨᠡᠭ᠌ᠯᠡᠬᠦ᠌ ᠬᠤᠷᠳᠤᠴᠠ ᠨᠢ ᠤᠯᠠᠮᠵᠢᠯᠠᠯᠲᠤ ᠴᠠᠬᠢᠯᠭᠠᠨ ᠴᠡᠨᠡᠭ᠌ᠯᠡᠬᠦ᠌ ᠪᠠᠭᠠᠨ᠎ᠠ᠎ᠠᠴᠠ 50% ᠣᠷᠴᠢᠮ ᠳᠡᠭᠡᠭ᠌ᠰᠢᠯᠡᠵᠡᠢ᠃

ᠣᠳᠣᠬᠠᠨ᠎ᠳᠤ G6 ᠪᠡᠭᠡᠵᠢᠩ ᠲᠥᠪᠡᠳ᠎ᠦᠨ ᠲᠦᠷᠭᠡᠨ᠎ᠤ ᠵᠠᠮ(ᠪᠡᠭᠡᠵᠢᠩ᠎ᠦᠨ ᠬᠡᠰᠡᠭ)᠎ᠤᠨ ᠪᠠᠶ ᠭᠸ ᠦᠢᠯᠡᠴᠢᠯᠡᠭᠡᠨ᠎ᠦ ᠲᠣᠭᠣᠷᠢᠭ᠎ᠤᠨ ᠴᠠᠬᠢᠯᠭᠠᠨ ᠴᠡᠨᠡᠭ᠌ᠯᠡᠬᠦ᠌ ᠥᠷᠲᠡᠭᠡ᠎ᠪᠡᠷ ᠡᠬᠢᠯᠡᠯᠲᠡ ᠪᠣᠯᠭᠠᠵᠤ᠂ ᠨᠢᠭᠡ ᠵᠠᠮ᠎ᠨᠢ ᠪᠠᠷᠠᠭᠤᠨᠰᠢ᠎ᠪᠠᠨ G6 ᠪᠡᠭᠡᠵᠢᠩ ᠲᠥᠪᠡᠳ᠎ᠦᠨ ᠲᠦᠷᠭᠡᠨ᠎ᠤ ᠵᠠᠮ(ᠥᠪᠥᠷ ᠮᠣᠩᠭᠣᠯ᠎ᠤᠨ ᠬᠡᠰᠡᠭ)᠎ᠤᠨ ᠦᠬᠠᠶ᠎ᠶ᠋ᠢᠨ ᠦᠶ᠋ᠯᠡᠴᠢᠯᠡᠭᠡᠨ᠎ᠦ ᠲᠣᠭᠣᠷᠢᠭ᠎ᠲᠤ ᠬᠦᠷᠴᠦ᠂ ᠳᠤᠮᠳᠠᠴᠢ᠎ᠪᠠᠷ 150 ᠺᠢᠯᠣᠮᠧᠲ᠋ᠷ ᠠᠯᠤᠰᠯᠠᠬᠤ ᠪᠦᠷᠢ ᠨᠢᠭᠡ ᠴᠠᠬᠢᠯᠭᠠᠨ ᠴᠡᠨᠡᠭ᠌ᠯᠡᠬᠦ᠌ ᠥᠷᠲᠡᠭᠡ᠎ᠲᠡᠶ ᠪᠤᠯᠵᠤ᠂ ᠡᠭᠦᠨ᠎ᠦ ᠬᠠᠮᠲᠤ ᠡᠷᠬᠢᠨ ᠲᠣᠭᠣᠷᠢᠨ᠎ᠤ ᠭᠣᠸ᠋ᠯ ᠮᠤᠵᠢ ᠬᠣᠲᠠ ᠪᠣᠯᠬᠤ ᠪᠡᠭᠡᠵᠢᠩ᠂ ᠾᠸᠪᠸᠢ᠂ ᠱᠠᠨ ᠰᠢ᠎ᠯᠦᠭᠡ ᠪᠦᠷᠢᠨ ᠪᠦᠲᠦᠨ ᠴᠠᠬᠢᠯᠭᠠᠨ ᠴᠡᠨᠡᠭ᠌ᠯᠡᠬᠦ᠌ ᠲᠣᠸ᠋ᠷ ᠰᠦᠯᠵᠢᠶ᠎ᠡ ᠶ᠋ᠢ ᠪᠣᠶ ᠪᠣᠯᠭᠠᠵᠤ᠂ ᠮᠠᠨ᠎ᠤ ᠤᠷᠤᠨ᠎ᠤ ᠳᠤᠮᠳᠠ ᠪᠠᠷᠠᠭᠤᠨ ᠬᠡᠰᠡᠭ᠎ᠦᠨ ᠭᠠᠵᠠᠷ ᠣᠷᠣᠨ᠎ᠤ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠷᠡᠭᠦᠯᠬᠦ᠌ ᠵᠢᠴᠢ ᠪᠣᠬᠢᠷᠲᠤᠯ ᠥᠬᠡᠶ ᠠᠶᠠᠯᠠᠯ᠎ᠳᠤ ᠴᠢᠬᠤᠯᠠ ᠪᠥᠬᠥᠶ ᠪᠠᠲᠤᠯᠠᠭ᠎ᠠ ᠬᠠᠩᠭᠠᠭ᠍ᠰᠠᠨ ᠪᠠᠢᠨ᠎ᠠ᠃


ᠢᠷᠡᠯᠲᠡ ᠄ ᠲᠠᠯ᠎ᠠ ᠨᠤᠲᠤᠭ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号