ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠳᠤ ᠭᠦᠨᠵᠡᠭᠡᠢᠷᠡᠵᠦ ᠤᠬᠠᠭᠤᠯᠤᠨ ᠲᠠᠢᠯᠪᠦᠷᠢᠯᠠᠪᠠ
2022-01-03 20:29:41
ᠵᠣᠬᠢᠶᠠᠭ᠍ᠴᠢ᠄
​ᠭᠤᠤ ᠬᠤᠢ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶ᠋ᠢᠨ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠫᠷᠤᠹᠧᠰᠰᠤᠷ ᠪᠦᠦ ᠶᠢᠨ ᠱᠠᠨ ᠪᠦᠬᠦ᠌ ᠲᠠᠯ᠎ᠠ ᠪᠣᠯᠤᠨ ᠪᠠᠢᠯᠳᠤᠬᠤ ᠪᠣᠳᠣᠯᠭ᠎ᠠ᠎ᠶ᠋ᠢᠨ ᠦᠨᠳᠦᠷᠴᠡ᠎ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠭᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠠ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠵᠦ ᠦᠷ᠎ᠡ ᠪᠦᠲᠦᠮᠵᠢ ᠭᠠᠷᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠲᠠᠯ᠎ᠠ᠎ᠪᠠᠷ ᠬᠤᠷᠠᠯ᠎ᠳᠤ ᠣᠷᠣᠯᠴᠠᠭ᠍ᠰᠠᠳ᠎ᠲᠤ ᠭᠦᠨᠵᠡᠭᠡᠢ ᠪᠥᠭᠡᠳ ᠣᠢᠯᠠᠭᠠᠮᠵᠢᠲᠠᠢ ᠲᠠᠢᠯᠤᠮᠵᠢ ᠬᠢᠵᠡᠢ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠤᠨᠤᠯ᠎ᠤᠨ ᠦᠨᠳᠦᠷᠴᠡ ᠲᠠᠢ ᠪᠥᠭᠡᠳ ᠪᠣᠳᠠᠲᠤ ᠠᠴᠢ ᠬᠣᠯᠪᠣᠭ᠍ᠳᠠᠯ᠎ᠲᠠᠶ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠴᠢᠬᠤᠯᠠ ᠠᠭᠤᠯᠭ᠎ᠠ᠂ ᠴᠢᠬᠤᠯᠠ ᠶᠡᠬᠡ ᠠᠴᠢ ᠬᠣᠯᠪᠣᠭ᠍ᠳᠠᠯ᠎ᠢ ᠲᠣᠳᠣᠷᠬᠠᠢ ᠨᠡᠪᠲᠡᠷᠡᠲᠡᠯ᠎ᠡ ᠶᠠᠷᠢᠭ᠍ᠰᠠᠨ ᠪᠥᠭᠡᠳ ᠺᠠᠳ᠋ᠷ ᠤᠯᠠᠨ ᠲᠦᠮᠡᠨ᠎ᠦ ᠠᠩᠬᠠᠷᠴᠤ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠭᠦᠭ᠌ᠰᠡᠨ ᠪᠠᠢᠨ᠎ᠠ᠃ ᠬᠤᠷᠠᠯ᠎ᠳᠤ ᠣᠷᠣᠯᠴᠠᠭ᠍ᠰᠠᠳ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠤᠨᠤᠰᠴᠤ᠂ ᠮᠠᠰᠢ ᠶᠡᠬᠡ ᠰᠡᠩᠬᠡᠷᠡᠭᠦᠯᠦᠯ ᠣᠯᠵᠠᠢ᠃

ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠲᠠᠷᠠᠭ᠎ᠠ᠂ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠲᠣᠭᠣᠷᠢᠨ ᠪᠠᠢᠴᠠᠭᠠᠬᠤ ᠠᠯᠪᠠᠨ ᠭᠡᠷ᠎ᠦᠨ ᠭᠣᠣᠯ ᠬᠠᠮᠢᠶᠠᠷᠤᠭ᠍ᠴᠢ ᠵᠧᠩ ᠬᠤᠸᠠ᠄ 《ᠡᠨᠡ ᠤᠳᠠᠭ᠎ᠠ᠎ᠶ᠋ᠢᠨ ᠮᠡᠳᠡᠭᠦᠯᠦᠯᠲᠡ ᠨᠢ ᠪᠢᠳᠡᠨ᠎ᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠳᠤ ᠴᠢᠨᠠᠷ ᠰᠠᠢᠲᠠᠢ ᠬᠠᠪᠰᠤᠷᠤᠨ ᠵᠢᠯᠤᠭᠤᠳᠤᠯᠭ᠎ᠠ ᠬᠢᠭᠰᠡᠨ ᠪᠠᠢᠨ᠎ᠠ᠃ ᠦᠪᠡᠷᠳᠡᠬᠡᠨ ᠵᠠᠰᠠᠬᠤ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠭᠡᠱᠢᠭᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠭᠡᠯ᠎ᠢ ᠺᠣᠮᠫᠠᠨᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂〈ᠨᠢᠭᠡ ᠰᠡᠳᠦᠪ ᠬᠣᠶᠠᠷ ᠬᠦᠷᠢᠶ᠎ᠡ〉ᠵᠢᠨ ᠲᠣᠭᠣᠷᠢᠨ᠎ᠳᠤ᠂ ᠲᠠᠷᠤᠢ ᠵᠠᠰᠠᠮᠠᠯ ᠵᠠᠮ᠎ᠤᠨ ᠪᠦᠲᠦᠭᠡᠨ ᠪᠠᠢᠭᠤᠯᠤᠯᠲᠠ᠎ᠪᠠᠷ ᠭᠣᠣᠯ ᠰᠡᠳᠦᠪ ᠪᠣᠯᠭᠠᠵᠤ᠂ ᠵᠠᠰᠠᠮᠠᠯ ᠵᠠᠮ᠎ᠤᠨ ᠭᠠᠳᠠᠨᠠᠬᠢ ᠬᠦᠷᠢᠶ᠎ᠡ  ᠴᠠᠷᠠᠭ᠎ᠠ ᠪᠠ ᠵᠠᠰᠠᠮᠠᠯ ᠵᠠᠮ᠎ᠤᠨ ᠳᠣᠲᠣᠷᠠᠬᠢ ᠬᠦᠷᠢᠶ᠎ᠠ ᠴᠠᠷᠠᠭᠠᠨ ᠳ᠋ᠡᠬᠢ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠦᠲᠦᠭᠡᠨ ᠪᠠᠢᠭᠤᠯᠤᠯᠲᠠ ᠵᠢᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢ ᠲᠠᠰᠤᠷᠠᠯᠲᠠ ᠦᠭᠡᠢ ᠥᠷᠭᠡᠳᠭᠡᠵᠦ᠍᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠭᠦᠨᠵᠡᠭᠡᠢ ᠰᠤᠷᠤᠯᠴᠠᠬᠤ᠂ ᠨᠡᠪᠲᠡᠷᠡᠲᠡᠯ᠎ᠡ ᠣᠢᠯᠠᠭᠠᠬᠤ᠂ ᠪᠣᠳᠠᠲᠠᠢ ᠠᠵᠢᠯᠯᠠᠬᠤ ᠳᠡᠭᠡᠷ᠎ᠡ ᠬᠦᠴᠦ᠍ ᠲᠠᠯᠪᠢᠵᠤ᠂ ᠬᠣᠱᠢᠭᠤᠴᠢ ᠪᠣᠯᠬᠤ᠎ᠪᠠᠷ ᠴᠢᠷᠮᠠᠢᠵᠤ᠂ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠬᠤ ᠵᠣᠷᠢᠭ ᠰᠠᠨᠠᠭᠠᠨ᠎ᠤ ᠳᠦᠷᠰᠦ ᠪᠠᠢᠳᠠᠯ᠎ᠢᠶᠠᠷ〈ᠠᠶᠠᠨᠴᠢᠳ᠎ᠲᠤ ᠵᠢᠷᠭᠠᠯᠲᠤ ᠲᠦᠷᠦᠭᠳᠡᠯ ᠬᠦᠷᠲᠡᠭᠡᠬᠦ〉ᠡᠭᠦᠷᠭᠡ ᠬᠠᠷᠢᠭᠤᠴᠠᠯᠭ᠎ᠠ᠎ᠶ᠋ᠢ ᠰᠠᠢᠲᠤᠷ ᠰᠠᠬᠢᠵᠤ᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠪᠠ ᠠᠵᠢᠯ ᠲᠦᠷᠦᠯ᠎ᠦᠨ ᠨᠥᠯᠥᠭᠡᠯᠡᠬᠦ᠌ ᠬᠦᠴᠦᠨ᠎ᠲᠡᠶ ᠵᠠᠮ ᠬᠠᠷᠢᠯᠴᠠᠭᠠᠨ᠎ᠤ ᠬᠦᠴᠦᠷᠬᠡᠭ ᠠᠵᠤ ᠠᠬᠤᠢᠯᠠᠯ᠎ᠢ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠭᠦᠨ ᠰᠡᠳᠬᠢᠯᠬᠡ᠎ᠲᠡᠶ ᠬᠡᠯᠡᠪᠡ᠃

《ᠪᠦᠦ ᠫᠷᠤᠹᠸᠰᠰᠤᠷ᠎ᠤᠨ ᠤᠬᠠᠭᠤᠯᠤᠨ ᠲᠠᠢᠯᠪᠤᠷᠢᠯᠠᠯᠲᠠ ᠨᠢ ᠪᠦᠬᠦ᠌ ᠲᠠᠯ᠎ᠠ᠎ᠪᠠᠷ ᠱᠢᠰᠲᠸᠮ ᠲᠠᠢ᠂ ᠭᠣᠣᠯᠳᠠᠯᠭ᠎ᠠ᠎ᠶ᠋ᠢ ᠲᠤᠪᠤᠢ᠌ᠯᠭᠠᠵᠦ᠍᠂ ᠪᠢᠳᠡᠨ᠎ᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠴᠢᠨᠠᠭ᠍ᠰᠢᠳᠠ ᠰᠤᠷᠤᠯᠴᠠᠨ ᠣᠢᠯᠠᠭᠠᠬᠤ᠎ᠳᠤ ᠮᠠᠰᠢ ᠰᠠᠢ᠌ᠨ ᠬᠠᠪᠰᠤᠷᠤᠯᠭ᠎ᠠ ᠪᠠ ᠰᠡᠩᠬᠡᠷᠡᠭᠦᠯᠦᠯ᠎ᠦᠨ ᠦᠢᠯᠡᠳᠦᠯ᠎ᠲᠡᠶ ᠶᠤᠮ᠃ ᠪᠢᠳᠡ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠶᠠᠪᠤᠴᠠ᠎ᠠᠴᠠ ᠤᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ᠂ ᠴᠠᠭᠠᠷᠠᠭ᠍ᠰᠠᠨ ᠡᠷᠳᠡᠮ ᠴᠢᠳᠠᠪᠤᠷᠢ᠎ᠶ᠋ᠢ ᠡᠵᠡᠮᠱᠢᠵᠦ᠍᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠭᠠᠪᠢᠶ᠎ᠠ ᠪᠠᠢᠭᠤᠯᠵᠤ᠂ 〈ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠬᠤ᠂ ᠱᠢᠯᠢᠳᠡᠭ᠎ᠢ ᠡᠭᠦᠳᠴᠦ᠍ ᠲᠡᠷᠢᠭᠦᠨ᠎ᠤ ᠬᠢ ᠪᠤᠯᠬᠤ ᠪᠡᠷ ᠴᠢᠷᠮᠠᠢᠬᠤ〉 ᠠᠵᠤ ᠠᠬᠤᠢᠯᠠᠯ᠎ᠤᠨ ᠵᠣᠷᠢᠭ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ〈ᠨᠠᠮ᠎ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢ ᠪᠠᠢᠨ᠎ᠠ〉ᠭᠡᠬᠦ᠌ ᠠᠮᠢᠳᠤᠷᠠᠯ᠎ᠤᠨ ᠬᠠᠭᠤᠳᠠᠰᠤ᠎ᠶ᠋ᠢ ᠪᠢᠴᠢᠭ᠌ᠯᠡᠨ᠎ᠡ᠃ ᠳᠠᠷᠠᠭᠠᠴᠢ᠎ᠪᠡᠷ ᠪᠢᠳᠡ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠢᠯᠠᠩ᠂ ᠭᠣᠣᠯ ᠰᠡᠳᠦᠪᠲᠦ ᠬᠠᠮᠲᠤ ᠪᠡᠷ ᠡᠳ᠋ᠯᠡᠬᠦ᠌ ᠬᠤᠷᠠᠯ᠂ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠵᠢᠯᠯᠠᠭ᠎ᠠ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠯᠠᠭᠤ ᠠᠵᠢᠯᠳᠠᠨ ᠠᠵᠢᠯᠴᠢᠨ᠎ᠤ ᠰᠡᠳᠭᠢᠯ᠎ᠳᠤ ᠰᠢᠩᠭᠡᠭᠡᠵᠦ᠂ ᠠᠵᠢᠯᠯᠠᠭ᠎ᠠ᠎ᠲᠡᠭᠡᠷ᠎ᠡ ᠢᠯᠡᠷᠡᠭᠦᠯᠵᠦ᠂ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠠᠮᠢᠵᠢᠷᠠᠯ᠎ᠤᠨ ᠬᠦᠴᠦᠨ ᠨᠡᠮᠡᠷᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ!》ᠭᠡᠵᠦ᠍ ᠥᠪᠥᠷ ᠮᠣᠩᠭᠣᠯ᠎ᠤᠨ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠥᠬᠡᠬᠣᠲᠠ᠎ᠳᠠᠬᠢ ᠬᠤᠪᠢᠶᠠᠷᠢ ᠺᠣᠮᠫᠠᠨᠢ᠎ᠶ᠋ᠢᠨ ᠡᠪᠯᠡᠯ᠎ᠦᠨ ᠬᠣᠷᠢᠶᠠᠨ᠎ᠤ ᠱᠦᠵᠢ ᠯᠢᠦ ᠹᠠᠩ ᠢᠲᠡᠭᠡᠯ ᠲᠡᠭᠦᠯᠳᠡᠷ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号