ᠤᠰᠤ ᠪᠤᠯ ᠠᠵᠤ ᠠᠬᠤᠢ ᠨᠡᠢᠭᠡᠮ ᠤ᠋ᠨ ᠬᠦᠭᠵᠢᠯᠲᠡ ᠶ᠋ᠢᠨ ᠰᠠᠭᠤᠷᠢ ᠴᠢᠨᠠᠷᠲᠠᠢ᠂ ᠤᠳᠤᠷᠢᠳᠤᠮᠵᠢ ᠶ᠋ᠢᠨ ᠴᠢᠨᠠᠷᠲᠠᠢ᠂ ᠡᠵᠡᠮᠳᠡᠯ ᠤ᠋ᠨ ᠴᠢᠨᠠᠷᠲᠠᠢ ᠡᠬᠢ ᠪᠠᠶᠠᠯᠢᠭ ᠪᠤᠯᠬᠤ ᠶᠤᠮ᠃ 2021ᠤᠨ ᠳ᠋ᠤ᠂ ᠮᠠᠨ ᠤ᠋ ᠤᠷᠤᠨ ᠠᠮᠢ ᠠᠬᠤᠢ ᠶ᠋ᠢ ᠤᠷᠢᠳ ᠶ᠋ᠢᠡᠷ ᠪᠤᠳᠤᠯᠬᠢᠯᠬᠠᠤ ᠪᠤᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠢᠲᠠᠢ ᠬᠦᠭᠵᠢᠯᠲᠡ ᠳ᠋ᠡᠬᠢ ᠤᠰᠤᠨ ᠠᠰᠢᠬᠯᠠᠯᠲᠠ ᠶ᠋ᠢᠨ ᠲᠤᠯᠭᠠᠭᠤᠷᠢᠯᠠᠬᠤᠦᠢᠯᠡᠳᠦᠯ ᠢ᠋ ᠪᠠᠳᠠᠷᠠᠭᠤᠯᠵᠤ᠂ ᠪᠦᠬᠦ ᠤᠷᠤᠨ ᠤ᠋ ᠤᠰᠤᠨ ᠠᠰᠢᠬᠯᠠᠯᠲᠠ ᠶ᠋ᠢᠨ ᠦᠭᠡᠷᠡᠴᠢᠯᠡᠯᠲᠡ ᠬᠦᠭᠵᠢᠯᠲᠡ ᠶ᠋ᠢᠨ ᠡᠯ᠎ᠠ ᠲᠦᠷᠦᠯ ᠤ᠋ᠨ ᠠᠵᠢᠯ ᠤ᠋ᠨ ᠰᠢᠨ᠎ᠠ ᠳᠡᠭᠲᠡᠷ ᠲᠦ᠍ ᠭᠠᠷᠬᠤ ᠶ᠋ᠢ ᠠᠬᠢᠭᠤᠯᠵᠤ᠂ 《ᠠᠷᠪᠠᠨ ᠳᠦᠷᠪᠡᠳᠦᠭᠡᠷ ᠲᠠᠪᠤᠨ ᠵᠢᠯ》 ᠢ᠋ ᠠᠮᠵᠢᠯᠲᠠ ᠲᠠᠢ ᠡᠬᠢᠯᠡᠭᠦᠯᠪᠡ ᠃
ᠤᠰᠤᠨ ᠤ᠋ ᠡᠬᠢ ᠪᠠᠶᠠᠯᠢᠭ ᠤ᠋ᠨ ᠬᠠᠮᠤᠭ ᠤ᠋ᠨ ᠴᠢᠩᠭ᠎ᠠ ᠬᠠᠮᠢᠶᠠᠷᠤᠯᠲᠠ ᠶ᠋ᠢ ᠬᠦᠴᠦᠯᠡᠨ ᠴᠢᠩᠭᠠᠳᠭᠠᠪᠠ᠃ ᠤᠰᠤᠨ ᠤ᠋ ᠡᠬᠢ ᠪᠠᠶᠠᠯᠢᠭ ᠢ᠋ ᠵᠦᠶ ᠵᠣᠬᠢᠰᠲᠠᠶᠬᠤᠪᠢᠶᠠᠷᠢᠯᠠᠬᠤ ᠶ᠋ᠢ ᠪᠠᠷᠢᠮᠲᠠᠯᠠᠨ᠂ ᠪᠥᠬᠥ᠌ ᠣᠷᠣᠨ ᠤ᠋ ᠠᠢᠮᠠᠭ ᠬᠣᠲᠠ ᠠᠯᠤᠰᠯᠠᠭ᠍ᠰᠠᠨ 27 ᠭᠤᠤᠯ ᠮᠥᠷᠡᠨ ᠤ᠋ ᠤᠰᠤᠨ ᠤ᠋ ᠬᠡᠮᠵᠢᠶ᠎ᠡ ᠶ᠋ᠢᠨ ᠬᠤᠪᠢᠶᠠᠷᠢᠯᠠᠯᠲᠠ ᠶ᠋ᠢ ᠪᠡᠶᠡᠯᠡᠭᠦᠯᠵᠦ᠍ ᠂ ᠤᠰᠤᠨ ᠤ᠋ ᠡᠬᠢ ᠪᠠᠶᠠᠯᠢᠭ ᠢ᠋ ᠨᠡᠭᠡᠭᠡᠨ ᠠᠱᠢᠭ᠍ᠯᠠᠬᠤ ᠬᠢᠵᠠᠭᠠᠷ ᠱᠤᠭᠤᠮ ᠢ᠋ ᠲᠣᠭ᠍ᠲᠠᠭᠠᠵᠠᠢ ᠃ ᠤᠰᠤ ᠬᠡᠷᠡᠭᠯᠡᠬᠦ ᠵᠥᠪᠱᠢᠶᠡᠷᠡᠯ ᠤ᠋ᠨ ᠬᠠᠮᠢᠶᠠᠷᠤᠯᠲᠠ ᠶ᠋ᠢ ᠴᠢᠩᠭᠠᠤᠨᠬᠠᠨ᠂ ᠬᠠᠲᠤᠨ ᠭᠤᠤᠯ ᠤ᠋ᠨ ᠰᠠᠪᠠ ᠭᠠᠵᠠᠷ ᠤ᠋ᠨ ᠭᠠᠵᠠᠷ ᠳᠡᠭᠡᠷᠡᠬᠢ ᠪᠠ ᠭᠠᠵᠠᠷ ᠳᠤᠤᠷᠠᠬᠢ ᠤᠰᠤ ᠶ᠋ᠢ ᠬᠡᠮᠵᠢᠶ᠎ᠠ ᠡᠴᠡ ᠬᠡᠳᠦᠷᠡᠭᠦᠯᠦᠨ ᠬᠡᠷᠡᠭᠯᠡᠭᠰᠡᠨ ᠭᠠᠵᠠᠷ ᠤ᠋ᠳ ᠲᠦ᠍ ᠰᠢᠨ᠎ᠠ ᠪᠡᠷ ᠤᠰᠤ ᠬᠡᠷᠡᠭᠯᠡᠬᠦ ᠵᠥᠪᠱᠢᠶᠡᠷᠡᠯ ᠤᠯᠭᠤᠬᠤ ᠶ᠋ᠢ ᠲᠦᠷ ᠵᠣᠭ᠍ᠰᠣᠭᠠᠪᠠ ᠃ ᠴᠠᠬᠢᠯᠭᠠᠨ ᠬᠡᠷᠡᠭᠯᠡᠭᠰᠡᠨ ᠬᠡᠮᠵᠢᠶ᠎ᠡ ᠪᠠᠷ ᠤᠰᠤ ᠬᠡᠷᠡᠭᠯᠡᠭᠰᠡᠨ ᠬᠡᠮᠵᠢᠶ᠎ᠡ ᠶ᠋ᠢ ᠪᠤᠳᠤᠬᠤ ᠠᠷᠭ᠎ᠠ ᠵᠢ ᠳᠡᠯᠭᠡᠷᠡᠭᠦᠯᠵᠦ᠍᠂ ᠪᠦᠬᠦ᠌ ᠣᠷᠣᠨ ᠤ᠋ ᠲᠠᠷᠢᠶᠠᠯᠠᠩ ᠳ᠋ᠤ ᠬᠡᠷᠡᠭᠯᠡᠭᠰᠡᠨ ᠤᠰᠤᠨ ᠤ᠋ ᠬᠡᠮᠵᠢᠶ᠎ᠠ ᠶ᠋ᠢ ᠬᠢᠨᠠᠨ ᠡᠵᠡᠮᠳᠡᠬᠦ ᠵᠢ ᠦᠨᠳᠦᠰᠦᠨ ᠳ᠋ᠡᠭᠡᠨ ᠪᠡᠶᠡᠯᠡᠭᠦᠯᠵᠠᠢ᠃ ᠥᠪᠡᠷᠲᠡᠭᠡᠨ ᠵᠠᠰᠠᠬᠤ ᠣᠷᠣᠨ ᠤ᠋ ᠭᠠᠵᠠᠷ ᠳᠤᠤᠷᠠᠬᠢ ᠤᠰᠤᠨ ᠤ᠋ ᠬᠠᠮᠠᠭᠠᠯᠠᠯᠲᠠ ᠪᠠ ᠬᠠᠮᠢᠶᠠᠷᠤᠯᠲᠠ ᠶ᠋ᠢᠨ ᠲᠦᠷᠢᠮ ᠢ᠋ ᠨᠡᠢᠲᠡᠯᠡᠨ ᠬᠡᠷᠡᠭᠵᠢᠬᠦᠯᠵᠤ᠂ ᠭᠠᠵᠠᠷ ᠳᠤᠤᠷᠠᠬᠢ ᠤᠰᠤᠨ ᠲᠦᠪᠱᠢᠨ ᠤ᠋ ᠪᠠᠢᠳᠠᠯ ᠢ᠋ ᠵᠠᠷᠯᠠᠬᠤ ᠲᠦᠷᠢᠮ ᠢ᠋ ᠪᠠᠢᠭᠤᠯᠤᠨ᠂ ᠳᠥᠷᠪᠡᠨ ᠤᠯᠠᠷᠢᠯ ᠳᠠᠷᠠᠭᠠᠯᠠᠨ ᠭᠠᠵᠠᠷ ᠳᠤᠤᠷᠠᠬᠢ ᠤᠰᠤᠨ ᠲᠦᠪᠱᠢᠨ ᠲᠤᠷᠤᠭᠰᠢᠯᠠᠭᠰᠠᠨ ᠠᠢᠮᠠᠭ ᠬᠣᠲᠠ ᠳ᠋ᠤ《ᠰᠢᠷ᠎ᠠ ᠦᠩᠭᠡ》ᠶ᠋ᠢᠨ ᠰᠡᠷᠡᠮᠵᠢᠯᠡᠭᠦᠯᠦᠯ ᠦᠭᠭᠦ ᠳᠦᠷᠢᠮ ᠢ᠋ ᠬᠡᠷᠡᠭ᠌ᠵᠢᠭᠦᠯᠪᠡ᠃《ᠥᠪᠡᠷᠲᠡᠭᠡᠨ ᠵᠠᠰᠠᠬᠤ ᠣᠷᠣᠨ ᠤ᠋ ᠤᠰᠤ ᠠᠷᠪᠢᠯᠠᠬᠤ ᠬᠡᠯᠪᠡᠷᠢ ᠶ᠋ᠢᠨ ᠨᠡᠢᠭᠡᠮᠦᠨ ᠪᠠᠢᠭᠤᠯᠤᠯᠲᠠ ᠶ᠋ᠢᠨ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ》 ᠶ᠋ᠢ ᠳᠠᠷᠤᠮᠠᠯᠯᠠᠨ ᠲᠠᠷᠬᠠᠭᠠᠵᠤ ᠂ ᠵᠢᠱ᠌ᠢᠯᠲᠡ ᠪᠠᠷ ᠪᠦᠬᠦ ᠤᠷᠤᠨ ᠤ᠋ ᠵᠢᠯ ᠤ᠋ᠨ ᠤᠰᠤ ᠬᠡᠷᠡᠭᠯᠡᠭᠰᠡᠨ ᠶᠡᠷᠦᠨᠭᠬᠡᠢ ᠬᠡᠮᠵᠢᠶ᠎ᠡ ᠵᠢ 211 ᠳ᠋ᠦᠨᠭᠰᠢᠭᠤᠷ ᠪᠤᠰᠤᠭ᠎ᠠ ᠳᠦᠷᠪᠡᠯᠵᠢᠨ ᠮᠸᠲᠷ ᠳᠤᠲᠤᠷ᠎ᠠ ᠡᠵᠡᠮᠳᠡᠬᠦ ᠪᠤᠯᠤᠨ᠎ᠠ ᠃
ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠬᠠᠮᠠᠭᠠᠯᠠᠯᠲᠠ ᠶ᠋ᠢᠨ ᠡᠷᠴᠢᠮ ᠢ᠋ ᠴᠢᠩᠭᠠᠷᠠᠭᠤᠯᠪᠠ᠃ ᠭᠣᠣᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠶ᠋ᠢᠨ ᠳᠦᠷᠢᠮ ᠤ᠋ᠨ ᠲᠢᠩᠬᠢᠮ ᠤ᠋ᠨ ᠳᠡᠰ ᠤ᠋ᠨ ᠬᠠᠮᠲᠤᠷᠠᠭ᠍ᠰᠠᠨ ᠬᠤᠷᠠᠯ ᠤ᠋ᠨ ᠳᠦᠷᠢᠮ ᠢ᠋ ᠪᠦᠬᠦ᠌ ᠲᠠᠯ᠎ᠠ ᠪᠠᠷ ᠬᠡᠷᠡᠭ᠌ᠵᠢᠭᠦᠯᠦᠨ᠂ ᠭᠣᠣᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠵᠢᠴᠢ ᠬᠠᠷᠢᠭᠤᠴᠠᠯᠭᠠᠲᠤ ᠨᠢᠭᠡᠴᠢ ᠶ᠋ᠢ ᠰᠠᠨᠠᠭᠤᠯᠬᠤ ᠠᠵᠢᠯ ᠤ᠋ᠨ ᠳᠦᠷᠢᠮ ᠪᠠ ᠬᠢᠨᠠᠨ ᠰᠢᠯᠭᠠᠬᠤ ᠲᠥᠰᠦᠯ ᠢ᠋ ᠲᠣᠭ᠍ᠲᠠᠭᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ᠋ ᠪᠠᠢᠴᠠᠭᠠᠬᠤ ᠬᠣᠷᠢᠶ᠎ᠠ ᠲᠠᠶ《ᠭᠣᠣᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ + ᠪᠠᠢᠴᠠᠭᠠᠬᠤ ᠳᠠᠷᠤᠭ᠎ᠠ》ᠶ᠋ᠢᠨ ᠬᠣᠯᠪᠣᠭᠠᠯᠠᠨ ᠬᠥᠳᠡᠯᠦᠯᠴᠡᠵᠦ᠍ ᠬᠠᠮᠵᠢᠯᠴᠠᠬᠤ ᠤᠷᠲᠤ ᠬᠤᠭᠤᠴᠠᠭᠠᠨ ᠤ᠋ ᠪᠦᠲᠦᠮᠵᠢᠲᠤ ᠲᠣᠭ᠍ᠲᠠᠴᠠ ᠶ᠋ᠢ ᠪᠠᠢᠭᠤᠯᠪᠠ᠃ ᠥᠪᠡᠷᠲᠡᠭᠡᠨ ᠵᠠᠰᠠᠬᠤ ᠣᠷᠣᠨ ᠤ᠋ ᠤᠳᠤᠷᠢᠳᠤᠯᠭ᠎ᠠ ᠭᠤᠤᠯ ᠮᠥᠷᠡᠨ ᠨᠠᠭᠤᠷ ᠴᠥᠭᠥᠷᠥᠮ ᠤ᠋ᠨ ᠳᠠᠷᠤᠭ᠎ᠠ ᠶ᠋ᠢᠨ ᠲᠤᠱᠢᠶᠠᠯ ᠢ᠋ ᠡᠭᠦᠷᠭᠡᠯᠡᠬᠦ 《ᠲᠠᠪᠤᠨ ᠭᠤᠤᠯ ᠳᠥᠷᠪᠡᠨ ᠨᠠᠭᠤᠷ》 ᠤ᠋ᠨ ᠭᠤᠤᠯ ᠮᠥᠷᠡᠨ ᠨᠠᠭᠤᠷ ᠴᠥᠭᠥᠷᠥᠮ ᠤ᠋ᠨ ᠡᠷᠭᠢ ᠶ᠋ᠢᠨ ᠱᠤᠭᠤᠮ ᠢ᠋ ᠬᠠᠮᠠᠭᠠᠯᠠᠵᠤ ᠰᠠᠬᠢᠬᠤ ᠲᠥᠯᠥᠪᠵᠢᠭᠦᠯᠭᠡ ᠶ᠋ᠢ ᠨᠠᠢᠷᠠᠭᠤᠯᠤᠨ ᠳᠤᠭᠳᠠᠭᠠᠵᠤ᠂ 3504 ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠶ᠋ᠢᠨ ᠬᠡᠪᠴᠢᠶ᠎ᠡ ᠶ᠋ᠢ ᠵᠠᠭᠠᠭ᠍ᠯᠠᠬᠤ ᠠᠵᠢᠯ ᠢ᠋ ᠪᠥᠬᠥ᠌ ᠲᠠᠯ᠎ᠠ ᠪᠠᠷ ᠪᠡᠶᠡᠯᠡᠭᠦᠯᠵᠠᠢ ᠃ ᠭᠤᠤᠯ ᠮᠥᠷᠡᠨ ᠨᠠᠭᠤᠷ ᠴᠥᠭᠥᠷᠥᠮ ᠤ᠋ᠨ ᠬᠠᠮᠢᠶᠠᠷᠤᠯᠲᠠ ᠬᠠᠮᠠᠭᠠᠯᠠᠯᠲᠠ ᠶ᠋ᠢᠨ 《ᠬᠠᠪᠤᠷ ᠤ᠋ᠨ ᠠᠵᠢᠯᠯᠠᠭ᠎ᠠ》 ᠂ 《ᠨᠠᠮᠤᠷ ᠤ᠋ᠨ ᠠᠵᠢᠯᠯᠠᠭ᠎ᠠ》 ᠥᠷᠨᠢᠭᠦᠯᠵᠦ᠍᠂ 《ᠳᠤᠷ᠎ᠠ ᠪᠠᠷ ᠶ᠋ᠢᠡᠨ ᠡᠵᠡᠯᠡᠬᠦ᠂ ᠳᠤᠷ᠎ᠠ ᠪᠡᠷ ᠶ᠋ᠢᠡᠨ ᠮᠠᠯᠲᠠᠬᠤ᠂ ᠳᠤᠷ᠎ᠠ ᠪᠡᠷ ᠶ᠋ᠢᠡᠨ ᠤᠪᠤᠭᠠᠯᠠᠬᠤ᠂ ᠳᠤᠷ᠎ᠠ ᠪᠡᠷ ᠶ᠋ᠢᠡᠨ ᠪᠠᠢᠭᠤᠯᠬᠤ》ᠠᠰᠠᠭᠤᠳᠠᠯ ᠢ᠋ 723 ᠤᠳᠠᠭ᠎ᠠ ᠪᠠᠢᠴᠠᠭᠠᠵᠤ ᠴᠡᠭ᠌ᠴᠡᠯᠡᠨ ᠰᠠᠢᠵᠢᠷᠠᠭᠤᠯᠪᠠ᠃ ᠬᠠᠲᠤᠨ ᠭᠤᠤᠯ ᠤ᠋ᠨ ᠤᠰᠤᠨ ᠵᠠᠮ ᠤ᠋ᠨ ᠬᠣᠯᠪᠣᠭ᠍ᠳᠠᠯ ᠪᠥᠬᠥᠶ ᠠᠰᠠᠭᠤᠳᠠᠯ ᠢ᠋ ᠲᠤᠰᠭᠠᠶ ᠴᠡᠭ᠌ᠴᠡᠯᠡᠨ ᠵᠠᠰᠠᠬᠤ ᠶ᠋ᠢ ᠲᠦᠷᠦᠭᠦᠯᠡᠨ ᠠᠬᠢᠭᠤᠯᠵᠤ ᠂ 23.97 ᠲᠦᠮᠡᠨ ᠮᠦ᠍ ᠶ᠋ᠢᠨ ᠭᠠᠵᠠᠷ ᠲᠦ᠍ ᠥᠨᠳᠥᠷ ᠡᠱᠢᠲᠦ ᠲᠠᠷᠢᠮᠠᠯ ᠳᠠᠷᠢᠬᠤ ᠶ᠋ᠢ ᠴᠠᠭᠠᠵᠠᠯᠠᠬᠤ ᠶ᠋ᠢ ᠦᠨᠳᠦᠰᠦᠨ ᠳ᠋ᠡᠬᠡᠨ ᠪᠡᠶᠡᠯᠡᠭᠦᠯᠪᠡ᠃ ᠬᠠᠲᠤᠨ ᠭᠤᠤᠯ ᠤ᠋ᠨ ᠰᠠᠪᠠ ᠭᠠᠵᠠᠷ ᠤ᠋ᠨ ᠪᠣᠬᠢᠷᠲᠤᠯ ᠭᠠᠳᠠᠭ᠍ᠰᠢᠯᠠᠭᠤᠯᠬᠤ ᠠᠮᠠ ᠶ᠋ᠢᠨ ᠬᠢᠨᠠᠯᠲᠠ ᠬᠠᠮᠢᠶᠠᠷᠤᠯᠲᠠ ᠶ᠋ᠢᠨ ᠲᠠᠪᠴᠠᠩ ᠢ᠋ ᠪᠠᠢᠭᠤᠯᠵᠤ ᠂ ᠰᠠᠷ᠎ᠠ ᠪᠤᠯᠭᠠᠨ ᠬᠢᠨᠠᠨ ᠪᠠᠢᠴᠠᠭᠠᠬᠤ ᠶ᠋ᠢ ᠪᠡᠶᠡᠯᠡᠭᠦᠯᠦᠭᠰᠡᠨ ᠪᠠᠢᠨ᠎ᠠ ᠃
ᠤᠰᠤᠨ ᠤ᠋ ᠠᠮᠢ ᠠᠬᠤᠶ ᠶ᠋ᠢᠨ ᠬᠠᠮᠠᠭᠠᠯᠠᠯᠲᠠ ᠵᠠᠰᠠᠯᠲᠠ ᠶ᠋ᠢ ᠯᠠᠪᠳᠠᠭᠤᠨ ᠪᠠᠲᠤᠲᠠᠶ ᠠᠬᠢᠭᠤᠯᠪᠠ ᠃ ᠪᠠᠷᠠᠭᠤᠨ ᠯᠢᠶᠣᠤ ᠾᠧ ᠭᠣᠣᠯ ᠤ᠋ᠨ ᠰᠠᠪᠠ ᠭᠠᠵᠠᠷ ᠲᠠᠬᠢ ᠤᠰᠤᠯᠠᠯᠲᠠ ᠶ᠋ᠢᠨ ᠲᠠᠯᠠᠪᠠᠶ ᠵᠢ ᠨᠡᠢᠲᠡ 13.7 ᠲᠦᠮᠡᠨ ᠮᠥ᠍ ᠪᠠᠭᠠᠰᠬᠠᠵᠤ᠂ ᠰᠠᠪᠠ ᠭᠠᠵᠠᠷ ᠤ᠋ᠨ ᠭᠠᠵᠠᠷ ᠳᠤᠤᠷᠠᠬᠢ ᠤᠰᠤᠨ ᠲᠦᠪᠱᠢᠨ ᠢ᠋ ᠶᠡᠷᠦᠩᠬᠡᠶᠳᠡᠭᠡᠨ ᠲᠣᠭ᠍ᠲᠠᠭᠤᠨ ᠪᠠᠢᠯᠭᠠᠪᠠ ᠃ ᠪᠠᠷᠠᠭᠤᠨ ᠯᠢᠶᠣᠤ ᠾᠧ ᠭᠤᠤᠯ ᠤ᠋ᠨ ᠭᠤᠤᠯ ᠤᠷᠤᠰᠭᠠᠯ ᠡᠴᠡ ᠳᠤᠤᠷᠠᠳᠦ ᠤᠷᠤᠰᠬᠠᠯ ᠤ᠋ᠨ ᠤᠷᠤᠨ ᠳ᠋ᠤ ᠬᠠᠩᠭᠠᠭᠰᠠᠨ ᠠᠮᠢ ᠠᠬᠤᠢ ᠶ᠋ᠢᠨ ᠤᠰᠤᠨ ᠤ᠋ ᠬᠡᠮᠵᠢᠶ᠎ᠡ 3.4 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠠᠢᠵᠤ᠂ ᠤᠷᠤᠰᠬᠠᠯ ᠤ᠋ᠨ ᠤᠷᠳᠤ ᠨᠢ ᠳᠡᠭᠡᠷ᠎ᠡ ᠵᠢᠯ ᠤ᠋ᠨᠬᠢ ᠡᠴᠡ 54 ᠺᠢᠯᠣᠮᠧᠲ᠋ᠷ ᠤᠷᠲᠤᠤᠨᠴᠤ᠂ ᠣᠯᠠᠨ ᠵᠢᠯ ᠶ᠋ᠢᠡᠷ ᠬᠠᠳᠠᠵᠤ ᠱᠢᠷᠭᠢᠭ᠌ᠰᠡᠨ ᠮᠤᠷᠤᠶ ᠶ᠋ᠢᠨ ᠰᠦᠮ᠎ᠡ ᠤᠰᠤᠨ ᠴᠥᠭᠥᠷᠥᠮᠳᠦ ᠤᠰᠤ ᠲᠠᠢ ᠪᠤᠯᠵᠠᠢ᠃ ᠪᠥᠬᠥ᠌ ᠵᠢᠯ ᠳ᠋ᠤ ᠤᠯᠠᠭᠠᠨᠰᠤᠬᠠᠢ ᠨᠠᠭᠤᠷ ᠲᠦ᠍ 5.98 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠵᠦ᠍᠂ ᠲᠠᠭ᠎ᠠ ᠶ᠋ᠢᠨ ᠨᠠᠭᠤᠷ ᠲᠦ᠍ 216 ᠲᠦᠮᠡᠨ ᠪᠣᠰᠣᠭ᠎ᠠ ᠳᠥᠷᠪᠡᠯᠵᠢᠨ ᠮᠧᠲ᠋ᠷ ᠤᠰᠤ ᠨᠥᠬᠥᠪᠥᠷᠢᠯᠡᠨ᠂ ᠬᠥᠯᠥᠨ ᠨᠠᠭᠤᠷᠤᠨ ᠤᠰᠤᠨ ᠲᠦᠪᠱᠢᠨ ᠪᠠ ᠤᠰᠤᠨ ᠭᠠᠳᠠᠷᠭᠤ ᠶ᠋ᠢᠨ ᠲᠠᠯᠠᠪᠠᠶ ᠶ᠋ᠢ ᠵᠣᠬᠢᠰᠲᠠᠶ ᠬᠡᠪᠴᠢᠶᠡᠨ ᠳ᠋ᠤ ᠪᠠᠢᠯᠭᠠᠵᠤ᠂ ᠵᠡᠭᠦᠨ ᠰᠤᠪᠨᠠᠭᠤᠷ 17 ᠵᠢᠯ ᠳᠠᠷᠠᠭᠠᠯᠠᠨ ᠱᠢᠷᠭᠢᠬᠦ᠌ ᠥᠬᠡᠶ ᠪᠠᠢᠬᠤ ᠶ᠋ᠢ ᠪᠡᠶᠡᠯᠡᠭᠦᠯᠪᠡ᠃ ᠰᠦᠩ ᠬᠠᠯᠢᠶ᠎ᠠ ᠶ᠋ᠢᠨ ᠤᠰᠤ ᠶ᠋ᠢ ᠠᠱᠢᠭ᠍ᠯᠠᠨ ᠬᠠᠲᠤᠨ ᠭᠤᠤᠯ ᠳᠠᠭᠠᠤ ᠶ᠋ᠢᠨ ᠠᠮᠢ ᠠᠬᠤᠶ ᠬᠡᠪᠡᠷᠡᠭ ᠣᠷᠣᠨ ᠳ᠋ᠤ 3.4 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠠᠮᠢ ᠠᠬᠤᠶ ᠶ᠋ᠢᠨ ᠤᠰᠤ ᠨᠥᠬᠥᠪᠥᠷᠢᠯᠡᠵᠦ᠍ ᠂ ᠬᠥᠪᠴᠢ ᠶ᠋ᠢᠨ ᠡᠯᠡᠰᠦ᠂ ᠤᠯᠠᠭᠠᠨᠪᠤᠬ᠎ᠠ ᠶ᠋ᠢᠨ ᠡᠯᠡᠰᠦ ᠶ᠋ᠢᠨ ᠳᠦᠷᠢᠯᠲᠡ ᠶ᠋ᠢ ᠪᠦᠲᠦᠮᠵᠢᠲᠡᠶ ᠬᠣᠷᠢᠭ᠍ᠯᠠᠪᠠ ᠃ ᠴᠠᠭᠠᠨᠨᠠᠭᠤᠷ ᠤ᠋ᠨ ᠰᠠᠪᠠ ᠭᠠᠵᠠᠷ ᠤ᠋ᠨ ᠤᠰᠤ ᠶ᠋ᠢ ᠬᠡᠳᠦᠷᠡᠭᠦᠯᠦᠨ ᠬᠡᠷᠡᠭᠯᠡᠬᠦ ᠶ᠋ᠢ ᠠᠯᠬᠤᠮ ᠠᠯᠬᠤᠮ ᠶ᠋ᠢᠡᠷ ᠪᠠᠭᠠᠰᠬᠠᠨ᠂ 23.4 ᠲᠦᠮᠡᠨ ᠮᠦ᠍ ᠶ᠋ᠢᠨ ᠤᠰᠤᠯᠠᠯᠳᠠ ᠶ᠋ᠢᠨ ᠲᠠᠷᠢᠶ᠎ᠠ ᠶ᠋ᠢ ᠬᠠᠭᠤᠷᠠᠢ ᠲᠠᠷᠢᠶ᠎ᠠ ᠪᠤᠯᠭᠠᠨ ᠬᠤᠪᠢᠷᠠᠭᠤᠯᠵᠤ᠂ 2245 ᠮᠠᠱᠢᠨ ᠬᠤᠳᠳᠤᠭ ᠢ᠋ ᠪᠢᠲᠡᠭᠦᠮᠵᠢᠯᠡᠨ᠂ ᠴᠠᠭᠠᠨᠨᠠᠭᠤᠷ ᠤ᠋ᠨ ᠨᠤᠭᠤ ᠭᠠᠵᠠᠷ ᠤ᠋ᠨ ᠡᠷᠭᠢᠨ ᠲᠣᠭᠣᠷᠢᠨ ᠤ᠋ ᠭᠠᠵᠠᠷ ᠳᠣᠣᠷᠠᠬᠢ ᠤᠰᠤᠨ ᠲᠦᠪᠱᠢᠨᠳᠡᠭᠡᠭ᠌ᠰᠢᠯᠡᠵᠤ ᠡᠬᠢᠯᠡᠭᠰᠡᠨ ᠪᠠᠢᠨ᠎ᠠ ᠃ ᠵᠤ ᠶ᠋ᠢᠨ ᠲᠠᠷᠢᠶ᠎ᠠ ᠶ᠋ᠢ ᠴᠡᠭ᠌ᠴᠡᠯᠡᠨ ᠵᠠᠰᠠᠬᠤ ᠂ ᠵᠢᠵᠢᠭ ᠰᠠᠪᠠ ᠭᠠᠵᠠᠷ ᠢ᠋ ᠵᠠᠰᠠᠬᠤ ᠵᠢᠴᠢ ᠵᠡᠭᠦᠨ ᠬᠣᠢᠲᠤ ᠶ᠋ᠢᠨ ᠬᠠᠷ᠎ᠠ ᠬᠥᠷᠥᠰᠥᠲᠦ ᠣᠷᠣᠨ ᠤ᠋ ᠬᠦᠷᠤᠰᠤ ᠰᠢᠷᠤᠢ ᠵᠢᠨ ᠢᠳᠡᠭ᠌ᠳᠡᠯ ᠤ᠋ᠨ ᠭᠤᠤ ᠶ᠋ᠢ ᠶᠡᠷᠦᠩᠬᠡᠢᠯᠡᠨ ᠵᠠᠰᠠᠬᠤ ᠵᠡᠷᠭᠡ ᠬᠥᠷᠥᠰᠥ᠍ ᠱᠢᠷᠣᠶ ᠶ᠋ᠢ ᠬᠠᠮᠠᠭᠠᠯᠠᠬᠤ ᠭᠣᠣᠯᠳᠠᠯᠭ᠎ᠠ ᠲᠠᠶ ᠢᠨᠵᠧᠨᠧᠷᠢᠩ ᠢ᠋ ᠬᠡᠷᠡᠭ᠌ᠵᠢᠭᠦᠯᠵᠦ᠍᠂ ᠬᠥᠷᠥᠰᠥ᠍ ᠱᠢᠷᠣᠶ ᠶ᠋ᠢᠨ ᠢᠳᠡᠭ᠌ᠳᠡᠯ ᠢ᠋ ᠶᠡᠷᠦᠩᠬᠡᠢᠯᠡᠨ ᠵᠠᠰᠠᠬᠰᠠᠨ ᠲᠠᠯᠠᠪᠠᠶ 1025 ᠲᠦᠮᠡᠨ ᠮᠦ᠍ ᠳ᠋ᠤ ᠬᠦᠷᠴᠠᠢ ᠃
ᠴᠢᠬᠤᠯᠠ ᠶᠡᠬᠡ ᠤᠰᠤᠨ ᠠᠱᠢᠭ᠍ᠯᠠᠯᠲᠠ ᠶ᠋ᠢᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠳᠠ ᠶ᠋ᠢ ᠲᠦᠷᠭᠡᠳᠭᠡᠨ ᠠᠬᠢᠭᠤᠯᠪᠠ ᠃ ᠴᠤᠤᠯ ᠭᠣᠣᠯ ᠤ᠋ᠨ ᠤᠰᠤ ᠶ᠋ᠢ ᠯᠢᠶᠣᠤ ᠾᠧ ᠭᠣᠣᠯ ᠳ᠋ᠤ ᠲᠠᠲᠠᠬᠤ ᠢᠨᠵᠧᠨᠧᠷᠢᠩ ᠳ᠋ᠤ 147 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠶ᠋ᠢ ᠪᠡᠶᠡᠯᠡᠭᠦᠯᠤᠨ᠂ ᠳ᠋ᠦᠩ ᠲᠡᠶ ᠽᠢ ᠤᠰᠤᠨ ᠴᠥᠭᠥᠷᠥᠮ ᠤ᠋ᠨ ᠪᠦᠲᠦᠭᠡᠨ ᠪᠠᠢᠭᠤᠯᠤᠯᠳᠠ ᠳ᠋ᠤ 16 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠤᠯᠲᠠ ᠶ᠋ᠢ ᠪᠡᠶᠡᠯᠡᠭᠦᠯᠵᠦ᠍ ᠂ ᠳᠠᠭᠠᠶ᠋ᠢᠨ ᠨᠠᠭᠤᠷ ᠤ᠋ᠨ ᠠᠮᠢ ᠠᠬᠤᠶ ᠶ᠋ᠢᠨ ᠪᠠᠴᠢᠮ ᠪᠠᠢᠳᠠᠯ ᠢ᠋ ᠠᠷᠭᠠᠴᠠᠭᠠᠬᠤ ᠤᠰᠤ ᠨᠥᠬᠥᠪᠥᠷᠢᠯᠡᠬᠦ᠌ ᠢᠨᠵᠧᠨᠧᠷᠢᠩ ᠤ᠋ᠨ ᠭᠣᠣᠯ ᠴᠣᠭ᠍ᠴᠠ ᠶ᠋ᠢᠨ ᠪᠠᠷᠢᠯᠭ᠎ᠠ ᠶ᠋ᠢ ᠦᠨᠳᠦᠰᠦᠨ ᠳ᠋ᠡᠬᠡᠨ ᠪᠠᠢᠭᠤᠯᠵᠤ ᠂ ᠳᠤᠮᠳᠠ ᠪᠠᠭ᠎ᠠ ᠭᠣᠣᠯ ᠮᠥᠷᠡᠨ ᠢ᠋ ᠵᠠᠰᠠᠬᠤ 27 ᠢᠨᠵᠧᠨᠧᠷᠢᠩ᠂ 19 ᠤᠰᠤᠨ ᠴᠥᠭᠥᠷᠥᠮ ᠤ᠋ᠨ ᠠᠶᠤᠯ ᠢ᠋ ᠠᠷᠢᠯᠭᠠᠨ ᠪᠡᠬᠢᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠵᠦ᠍ ᠂ ᠪᠣᠷᠣᠲᠣᠬᠣᠶ ᠪᠠ ᠳ᠋ᠧᠩᠺᠧᠤ ᠵᠡᠷᠭᠡ ᠲᠣᠮᠣ ᠳᠤᠮᠳᠠ ᠬᠡᠯᠪᠡᠷᠢ ᠶ᠋ᠢᠨ ᠤᠰᠤᠯᠠᠯᠲᠠ ᠶ᠋ᠢᠨ ᠣᠷᠣᠨ ᠤ᠋ ᠢᠵᠢ ᠪᠦᠷᠢᠳᠦᠭᠦᠯᠬᠦ᠌ ᠪᠦᠲᠦᠭᠡᠨ ᠪᠠᠢᠭᠤᠯᠤᠯᠲᠠ ᠪᠠ ᠣᠳᠣᠬᠢᠴᠢᠯᠠᠬᠤ ᠥᠭᠡᠷᠡᠴᠢᠯᠡᠯᠲᠡ ᠶ᠋ᠢ ᠡᠮᠬᠢ ᠵᠢᠷᠤᠮ ᠲᠠᠶ ᠠᠬᠢᠭᠤᠯᠪᠠ ᠃
ᠦᠶᠡᠷ ᠤᠰᠤᠳᠤᠯ ᠪᠠ ᠭᠠᠩ ᠭᠠᠮᠱᠢᠭ ᠢ᠋ ᠰᠡᠷᠭᠡᠢᠯᠡᠬᠦ᠌ ᠠᠵᠢᠯ ᠢ᠋ ᠰᠠᠢᠲᠤᠷ ᠠᠳᠭᠤᠪᠠ᠃ ᠦᠶᠡᠷ ᠢ᠋ ᠰᠡᠷᠭᠡᠢᠯᠡᠬᠦ᠌ ᠪᠡᠯᠡᠳᠭᠡᠯ ᠠᠵᠢᠯ ᠢ᠋ ᠰᠠᠢᠳᠦᠷ ᠬᠢᠵᠦ᠂ ᠪᠥᠬᠥ᠌ ᠣᠷᠣᠨᠤ 535 ᠤᠰᠤᠨ ᠴᠥᠭᠥᠷᠥᠮ ᠂ 1521 ᠳᠤᠮᠳᠠ ᠬᠡᠯᠪᠡᠷᠢ ᠡᠴᠡ ᠳᠡᠭᠡᠭ᠌ᠰᠢᠬᠢ ᠨᠦᠯᠦᠮᠡᠯ ᠭᠠᠵᠠᠷ ᠤ᠋ᠨ ᠬᠠᠱᠢᠯᠭᠠ ᠶ᠋ᠢᠨ《ᠭᠤᠷᠪᠠᠨ ᠬᠠᠷᠢᠭᠤᠴᠠᠯᠭᠠᠲᠠᠨ》ᠤ᠋ ᠳᠦᠷᠢᠮ ᠢ᠋ ᠨᠠᠢᠳᠠᠪᠤᠷᠢᠵᠢᠭᠤᠯᠤᠨ ᠂ ᠤᠰᠤᠨ ᠴᠥᠭᠥᠷᠥᠮ ᠵᠢᠴᠢ ᠨᠦᠯᠦᠮᠡᠯ ᠭᠠᠵᠠᠷ ᠤ᠋ᠨ ᠬᠠᠱᠢᠯᠭᠠ ᠶ᠋ᠢᠨ ᠠᠶᠤᠯ ᠲᠦᠭᠰᠢᠭᠦᠷᠢ ᠶ᠋ᠢᠨ ᠭᠡᠮ ᠰᠤᠭᠤᠭ ᠢ᠋ ᠨᠢᠬᠡᠳ ᠨᠢᠬᠡ ᠪᠡᠷ ᠵᠢᠭ᠍ᠰᠠᠭᠠᠨ ᠪᠠᠢᠴᠠᠭᠠᠵᠠᠢ ᠃ ᠭᠠᠩ ᠤ᠋ᠨ ᠪᠠᠢᠳᠠᠯ ᠢ᠋ ᠨᠢᠭ᠍ᠲᠠ ᠠᠵᠢᠭ᠍ᠯᠠᠵᠤ ᠂ ᠬᠤᠷ᠎ᠠ ᠪᠤᠷᠤᠭᠠᠨ ᠢ᠋ ᠪᠦᠲᠦᠮᠵᠢᠳᠠᠢ ᠠᠰᠢᠭᠯᠠᠨ ᠤᠰᠤᠨ ᠠᠱᠢᠭ᠍ᠯᠠᠯᠲᠠ ᠶ᠋ᠢᠨ ᠢᠨᠵᠸᠨ᠋ᠸᠷᠢᠩ ᠤ᠋ᠨ ᠤᠰᠤᠨ ᠤ᠋ ᠬᠤᠷᠠᠮᠳᠤᠯ ᠢ᠋ ᠨᠡᠮᠡᠭ᠌ᠳᠡᠭᠦᠯᠪᠡ ᠃ ᠲᠦᠪ ᠤ᠋ᠨ 2600 ᠲᠦᠮᠡᠨ ᠲᠦᠭᠦᠷᠢᠭ ᠤ᠋ᠨ ᠪᠡᠯᠡ ᠮᠦᠩᠬᠦ ᠶ᠋ᠢ ᠢᠳᠡᠪᠬᠢᠳᠠᠢ ᠡᠷᠡᠮᠡᠯᠵᠡᠯᠡᠨ ᠤᠯᠵᠤ ᠂ ᠪᠠᠴᠢᠮ ᠪᠠᠢᠳᠠᠯ ᠢ᠋ ᠠᠷᠭᠠᠴᠠᠭᠠᠬᠤ ᠤᠰᠤᠨ ᠤ᠋ ᠰᠤᠷᠪᠤᠯᠵᠢ ᠶ᠋ᠢ ᠢᠳᠡᠪᠬᠢᠲᠡᠢ ᠨᠡᠭᠡᠭᠡᠨ ᠂ ᠣᠯᠠᠨ ᠲᠦᠮᠡᠨᠦ ᠠᠮᠢᠳᠤᠷᠠᠯ ᠳ᠋ᠤ ᠬᠡᠷᠡᠭ᠌ᠯᠡᠬᠦ᠌ ᠤᠰᠤ ᠪᠠ ᠮᠠᠯ ᠠᠵᠤ ᠠᠬᠤᠢ ᠲᠠᠷᠢᠶᠠᠯᠠᠩ ᠳ᠋ᠤ ᠬᠡᠷᠡᠭ᠌ᠯᠡᠬᠦ᠌ ᠤᠰᠤ ᠶ᠋ᠢ ᠪᠦᠲᠦᠮᠵᠢᠲᠡᠢ ᠪᠠᠲᠤᠯᠠᠪᠠ ᠃
ᠮᠠᠯᠵᠢᠬᠤ ᠲᠠᠷᠢᠶᠠᠯᠠᠬᠤ ᠣᠷᠣᠨ ᠤ᠋ ᠤᠤᠭᠤᠬᠤ ᠤᠰᠤᠨᠤ ᠠᠮᠤᠷ ᠲᠦᠪᠱᠢᠨ ᠢ᠋ ᠪᠠᠲᠤᠯᠠᠪᠠ ᠃ ᠤᠤᠭᠤᠬᠤ ᠤᠰᠤᠨ ᠤ᠋ ᠠᠮᠤᠷ ᠲᠦᠪᠱᠢᠨᠦ ᠪᠠᠲᠤᠯᠠᠭ᠎ᠠ ᠶ᠋ᠢᠨ ᠬᠥᠳᠡᠯᠦᠩᠭᠦᠶ ᠬᠢᠨᠠᠨ ᠪᠠᠢᠴᠠᠭᠠᠯᠲᠠ ᠥᠷᠨᠢᠭᠦᠯᠦᠨ᠂ ᠠᠶᠤᠯ ᠲᠦᠭ᠌ᠰᠢᠭᠦᠷᠢ ᠶ᠋ᠢᠨ ᠭᠡᠮ ᠠᠷᠬᠠᠭ ᠢ᠋ ᠴᠠᠭ ᠲᠤᠬᠠᠶ ᠳ᠋ᠤᠨᠢ ᠵᠢᠭ᠍ᠰᠠᠭᠠᠨ ᠪᠠᠢᠴᠠᠭᠠᠵᠤ ᠱᠢᠶ᠋ᠳᠪᠦᠷᠢᠯᠡᠵᠠᠢ ᠃ ᠤᠰᠤ ᠬᠠᠩᠭᠠᠬᠤ ᠪᠠᠲᠤᠯᠠᠭ᠎ᠠ ᠶ᠋ᠢᠨ 104 ᠠᠰᠠᠭᠤᠳᠠᠯ ᠢ᠋ ᠬᠢᠨᠠᠨ ᠪᠠᠢᠴᠠᠭᠠᠵᠤ ᠴᠠᠭ ᠲᠤᠬᠠᠶ ᠳ᠋ᠤᠨᠢ ᠱᠢᠶ᠋ᠳᠪᠦᠷᠢᠯᠡᠪᠡ ᠃ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠢᠮᠠᠭ ᠬᠣᠲᠠ᠂ ᠬᠣᠱᠢᠭᠤ ᠱᠢᠶᠠᠨ ᠤ᠋ ᠬᠢᠨ ᠣᠯᠠᠨ ᠠᠷᠭ᠎ᠠ ᠵᠠᠮ ᠵᠢᠡᠷ 6.5 ᠳ᠋ᠦᠩᠱᠢᠭᠤᠷ ᠲᠥᠭᠥᠷᠢᠭ ᠤ᠋ᠨ ᠪᠠᠯᠠ ᠮᠥᠩᠭᠥ᠌ ᠬᠤᠷᠠᠮᠳᠤᠭᠤᠯᠤᠨ ᠤᠰᠤ ᠬᠠᠩᠭᠠᠬᠤ ᠪᠠᠲᠤᠯᠠᠭ᠎ᠠ ᠶ᠋ᠢᠨ ᠢᠨᠵᠧᠨᠧᠷᠢᠩ ᠢ᠋ ᠪᠥᠲᠥᠭᠡᠨ ᠪᠠᠢᠭᠤᠯᠤᠭᠰᠠᠨ ᠪᠠ ᠰᠡᠯᠪᠢᠨ ᠵᠠᠰᠠᠵᠤ ᠬᠠᠮᠠᠭᠠᠯᠠᠪᠠ᠃ ᠦᠨᠳᠦᠰᠦᠨ ᠱᠠᠲᠤᠨ ᠤ᠋ ᠤᠰᠤ ᠬᠠᠮᠢᠶᠠᠷᠤᠭ᠍ᠴᠢ ᠶ᠋ᠢᠨ ᠡᠩᠨᠡᠭᠡᠨᠦ ᠪᠠᠢᠭᠤᠯᠤᠯᠲᠠ ᠶ᠋ᠢ ᠴᠢᠩᠭᠠᠳᠭᠠᠨ᠂ ᠪᠦᠬᠦ᠌ ᠣᠷᠣᠨ ᠳ᠋ᠤ ᠭᠠᠴᠠᠭ᠎ᠠ ᠲᠣᠰᠭᠣᠨ ᠤ᠋ ᠱᠠᠲᠤᠨ ᠤ᠋ ᠤᠰᠤ ᠬᠠᠮᠢᠶᠠᠷᠤᠭ᠍ᠴᠢ ᠪᠡᠷ 16955 ᠬᠦᠮᠦᠨ ᠢ᠋ ᠳᠤᠬᠢᠷᠠᠭᠤᠯᠤᠭᠰᠠᠨ ᠪᠠᠢᠨ᠎ᠠ ᠃