2021 ᠣᠨ ᠳ᠋ᠤ ᠮᠠᠨ ᠤ᠋ ᠣᠷᠣᠨ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠲᠠᠶ ᠨᠢᠭ᠍ᠲᠠ ᠤᠶᠠᠯᠳᠤᠭᠤᠯᠤᠨ᠂ ᠠᠮᠢ ᠠᠬᠤᠶ ᠵᠢᠨ ᠬᠠᠮᠠᠭᠠᠯᠠᠯᠲᠠ ᠪᠥᠲᠥᠭᠡᠨ ᠪᠠᠢᠭᠤᠯᠤᠯᠲᠠ ᠵᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭᠠᠨ ᠴᠢᠩᠭ᠎ᠠ ᠠᠳᠭᠤᠵᠤ᠂ ᠬᠦᠴᠦ᠍ ᠪᠠᠨ ᠲᠥᠪᠯᠡᠷᠡᠭᠦᠯᠦᠨ ᠪᠣᠭᠣᠮᠲᠠ ᠱᠢᠪᠲᠤᠯᠵᠤ᠂ ᠣᠶ ᠱᠢᠭᠤᠶ ᠨᠤᠲᠤᠭ ᠪᠡᠯᠴᠢᠭᠡᠷ ᠤ᠋ᠨ ᠡᠯ᠎ᠡ ᠵᠦᠶ᠋ᠯ ᠤ᠋ᠨ ᠠᠵᠢᠯ ᠱᠢᠨ᠎ᠡ ᠳᠡᠭ᠌ᠲᠡᠷ ᠲᠦ᠍ ᠭᠠᠷᠴᠤ᠂ ᠰᠢᠨ᠎ᠠ ᠠᠶᠠᠨ ᠤ᠋ ᠰᠠᠢᠨ ᠡᠬᠢᠯᠡᠯᠲᠡ ᠵᠢ ᠪᠠᠶᠡᠯᠡᠬᠦᠯᠦᠭᠰᠡᠨ ᠪᠠᠢᠨ᠎ᠠ ᠃
ᠮᠠᠨ ᠤ᠋ ᠤᠷᠤᠨ《ᠥᠪᠡᠷᠲᠡᠭᠡᠨ ᠵᠠᠰᠠᠬᠤ ᠣᠷᠣᠨ ᠤ᠋ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠪᠠᠢᠭᠤᠯᠬᠤ ᠲᠥᠯᠥᠪᠵᠢᠭᠦᠯᠭᠡ (2021 — 2035 ᠤᠨ)》 ᠂ 《ᠥᠪᠡᠷᠲᠡᠭᠡᠨ ᠵᠠᠰᠠᠬᠤ ᠣᠷᠣᠨ ᠤ᠋〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠮᠠᠭᠠᠯᠠᠯᠲᠠ ᠬᠥᠭ᠌ᠵᠢᠯᠲᠡ ᠵᠢᠨ ᠲᠥᠯᠥᠪᠵᠢᠭᠦᠯᠭᠡ》 ᠶ᠋ᠢ ᠨᠠᠢᠷᠠᠭᠤᠯᠤᠨ ᠵᠣᠬᠢᠶᠠᠵᠤ ᠨᠡᠢᠲᠡᠯᠡᠨ ᠂ ᠬᠣᠢᠱᠢᠳᠠ ᠵᠢᠨ ᠨᠢᠭᠡ ᠬᠤᠭᠤᠴᠠᠭᠠᠨ ᠳ᠋ᠡᠬᠢ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢ ᠪᠠᠳᠤ ᠴᠤᠭᠴᠠᠯᠠᠬᠤ ᠳ᠋ᠤ ᠴᠠᠭ ᠤ᠋ᠨ ᠬᠦᠰᠦᠨᠦᠭ᠌ ᠪᠠ ᠵᠠᠮ ᠤ᠋ᠨ ᠵᠢᠷᠤᠭ ᠬᠠᠩᠭᠠᠪᠠ ᠃ ᠱᠢᠨᠵᠢᠯᠡᠬᠦ᠌ ᠤᠬᠠᠭᠠᠨᠴᠢ ᠪᠠᠷ ᠠᠬᠢᠭᠤᠯᠬᠤ ᠵᠢ ᠤᠯᠤᠰ ᠤ᠋ᠨ ᠭᠠᠵᠠᠷ ᠱᠢᠷᠣᠶ ᠵᠢᠨ ᠨᠣᠭᠣᠭᠠᠷᠠᠭᠤᠯᠤᠯᠲᠠ ᠵᠢᠨ ᠠᠵᠢᠯᠯᠠᠭ᠎ᠠ ᠵᠢ ᠬᠡᠷᠡᠭ᠌ᠵᠢᠭᠦᠯᠬᠦ᠌ ᠪᠥᠬᠥ᠌ ᠶᠠᠪᠤᠴᠠ ᠳ᠋ᠤ ᠲᠤᠭᠤᠰᠢᠯᠠᠭᠤᠯᠵᠤ᠂ ᠭᠤᠤᠯᠳᠠᠯᠭ᠎ᠠ ᠲᠠᠶ ᠠᠮᠢ ᠠᠬᠤᠶ ᠵᠢᠨ ᠪᠦᠳᠦᠬᠡᠨ ᠪᠠᠢᠭᠤᠯᠤᠯᠳᠠ ᠵᠢᠨ ᠢᠨᠵᠧᠨᠧᠷᠢᠩ ᠵᠢᠡᠷ ᠭᠠᠷᠳᠠᠴᠠ ᠪᠣᠯᠭᠠᠨ᠂ ᠤᠰᠤᠨ ᠤ᠋ ᠪᠠᠢᠳᠠᠯ ᠵᠢᠡᠷ ᠨᠣᠭᠣᠭᠠᠷᠠᠭᠤᠯᠤᠯᠲᠠ ᠵᠢ ᠲᠣᠭ᠍ᠲᠠᠭᠠᠬᠤ ᠵᠢᠨ ᠬᠠᠮᠲᠤ ᠬᠤᠰᠢᠭᠤ ᠱᠢᠶᠠᠨ ᠳ᠋ᠤ ᠭᠦᠨᠵᠡᠭᠡᠢᠷᠡᠨ ᠵᠢᠷᠤᠭ ᠲᠥᠯᠥᠪᠯᠡᠭᠡ ᠲᠣᠭ᠍ᠲᠠᠭᠠᠨ ᠬᠥᠮᠥᠷᠭᠡ ᠳ᠋ᠤ ᠣᠷᠣᠭᠤᠯᠬᠤ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ ᠵᠢ ᠪᠥᠬᠥ᠌ ᠲᠠᠯ᠎ᠠ ᠪᠠᠷ ᠬᠡᠷᠡᠭ᠌ᠵᠢᠭᠦᠯᠦᠭᠰᠡᠨ ᠡᠴᠡ ᠪᠥᠬᠥ᠌ ᠣᠷᠣᠨ ᠤ᠋ ᠤᠯᠤᠰ ᠤ᠋ᠨ ᠭᠠᠵᠠᠷ ᠱᠢᠷᠣᠶ ᠵᠢᠨ ᠨᠣᠭᠣᠭᠠᠷᠠᠭᠤᠯᠤᠯᠲᠠ ᠳ᠋ᠤ ᠢᠯᠡᠳᠲᠡ ᠦᠷ᠎ᠡ ᠪᠦᠲᠦᠮᠵᠢ ᠤᠯᠪᠠ ᠃ ᠡᠭᠦᠨ ᠤ᠋ ᠬᠠᠮᠲᠤ ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠵᠢ ᠵᠠᠰᠠᠬᠤ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠵᠤ ᠂ ᠪᠦᠬᠦ᠌ ᠤᠯᠤᠰ ᠤ᠋ᠨ ᠵᠢᠷᠭᠤᠳᠤᠭᠠᠷ ᠤᠳᠠᠭ᠎ᠠ ᠵᠢᠨ ᠴᠦᠯᠯᠡᠷᠭᠡᠭ᠌ᠵᠢᠯ ᠢ᠋ ᠬᠢᠨᠠᠨ ᠬᠡᠮᠵᠢᠬᠦ᠌ ᠠᠵᠢᠯ ᠢ᠋ ᠪᠦᠬᠦ᠌ ᠲᠠᠯ᠎ᠠ ᠪᠠᠷ ᠪᠡᠶᠡᠯᠡᠭᠦᠯᠦᠨ᠂ 《ᠠᠷᠪᠠᠨ ᠭᠤᠷᠪᠠᠳᠤᠭᠠᠷ ᠲᠠᠪᠤᠨ ᠵᠢᠯ》ᠤ᠋ᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠵᠢ ᠵᠠᠰᠠᠬᠤ ᠬᠠᠷᠠᠯᠲᠠᠲᠤ ᠬᠠᠷᠢᠭᠤᠴᠠᠯᠭ᠎ᠠ ᠵᠢᠨ ᠬᠤᠭᠤᠴᠠᠭᠠᠨ ᠤ᠋ ᠬᠢᠷᠢ ᠪᠦᠲᠦᠮᠵᠢ ᠪᠡᠷ ᠪᠦᠬᠦ᠌ ᠤᠯᠤᠰ ᠤ᠋ᠨ ᠲᠡᠷᠢᠭᠦᠨ ᠤ᠋ ᠡᠨᠭᠨᠡᠭᠡᠨ ᠳ᠋ᠤ ᠣᠷᠣᠪᠠ᠃
ᠣᠶ ᠱᠢᠭᠤᠶ ᠨᠤᠲᠤᠭ ᠪᠡᠯᠴᠢᠭᠡᠷ ᠢ᠋ ᠬᠠᠮᠠᠭᠠᠯᠠᠬᠤ ᠵᠢ ᠠᠮᠢ ᠠᠬᠤᠶ ᠵᠢᠨ ᠱᠢᠰᠲ᠋ᠧᠮ ᠢ᠋ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠪᠣᠯᠭᠠᠨ᠂ ᠠᠮᠢ ᠠᠬᠤᠶ ᠵᠢᠨ ᠬᠠᠮᠠᠭᠠᠯᠠᠯᠲᠠ ᠬᠢᠭᠡᠳ ᠴᠢᠨᠠᠷ ᠰᠠᠢᠲᠠᠶ ᠬᠥᠭ᠌ᠵᠢᠯᠲᠡ ᠵᠢᠨ ᠬᠠᠷᠢᠴᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠱᠢᠶ᠋ᠳᠪᠦᠷᠢᠯᠡᠵᠤ᠂ ᠬᠠᠮᠠᠭᠠᠯᠠᠬᠤ ᠂ ᠬᠢᠨᠠᠨ ᠬᠠᠮᠢᠶᠠᠷᠬᠤ ᠪᠠ ᠴᠣᠬᠢᠯᠲᠠ ᠥᠭ᠌ᠬᠦ ᠵᠢ ᠵᠡᠷᠭᠡ ᠪᠡᠷ ᠴᠢᠬᠤᠯᠠᠴᠢᠯᠠᠨ᠂ ᠣᠶ ᠱᠢᠭᠤᠶ ᠨᠤᠲᠤᠭ ᠪᠡᠯᠴᠢᠭᠡᠷ ᠤ᠋ᠨ ᠵᠠᠰᠠᠯᠲᠠ ᠵᠢᠨ ᠴᠢᠳᠠᠪᠤᠷᠢ ᠵᠢ ᠢᠯᠡᠳᠲᠡ ᠳᠡᠭᠡᠭ᠌ᠰᠢᠯᠡᠭᠦᠯᠪᠡ ᠃ ᠬᠢᠨᠠᠯᠲᠠ ᠬᠠᠮᠢᠶᠠᠷᠤᠯᠲᠠ ᠵᠢᠨ ᠲᠠᠯ᠎ᠠ ᠪᠠᠷ ᠪᠣᠳᠠᠲᠠᠶ ᠠᠵᠢᠯ ᠬᠢᠵᠦ᠂ ᠨᠤᠲᠤᠭ ᠪᠡᠯᠴᠢᠭᠡᠷ ᠤ᠋ᠨ ᠲᠤᠤᠷᠵᠢᠭᠤᠯᠤᠭ᠍ᠰᠠᠨ ᠬᠢᠨᠠᠯᠲᠠ ᠬᠠᠮᠢᠶᠠᠷᠤᠯᠲᠠ ᠵᠢᠨ ᠲᠤᠷᠱᠢᠯᠲᠠ ᠵᠢᠨ ᠴᠡᠭ ᠢ᠋ ᠪᠠᠢᠭᠤᠯᠤᠨ᠂ ᠬᠣᠱᠢᠭᠤ ᠱᠢᠶᠠᠨ ᠂ ᠰᠤᠮᠤ ᠱᠢᠶᠠᠩ ᠪᠠᠯᠭᠠᠰᠤ ᠂ ᠭᠠᠴᠠᠭ᠎ᠠ ᠲᠣᠰᠭᠣᠨ ᠭᠤᠷᠪᠠᠨ ᠱᠠᠲᠤᠨ ᠤ᠋ ᠣᠶ ᠱᠢᠭᠤᠶ ᠨᠤᠲᠤᠭ ᠪᠡᠯᠴᠢᠭᠡᠷ ᠤ᠋ᠨ ᠬᠠᠮᠢᠶᠠᠷᠤᠯᠳᠠ ᠬᠠᠮᠠᠭᠠᠯᠠᠯᠳᠠ ᠵᠢᠨ ᠲᠤᠤᠷ ᠢ᠋ ᠪᠣᠶ ᠪᠣᠯᠭᠠᠬᠤ ᠵᠢ ᠠᠬᠢᠭᠤᠯᠵᠤ ᠂ ᠣᠶ ᠱᠢᠭᠤᠶ ᠨᠤᠲᠤᠭ ᠪᠡᠯᠴᠢᠭᠡᠷ ᠤ᠋ᠨ ᠡᠬᠢ ᠪᠠᠶᠠᠯᠢᠭ ᠤ᠋ᠨ ᠬᠢᠨᠠᠯᠲᠠ ᠬᠠᠮᠢᠶᠠᠷᠤᠯᠲᠠ ᠵᠢ ᠦᠨᠳᠤᠰᠤᠨ ᠳ᠋ᠡᠬᠡᠨ ᠪᠥᠷᠬᠥᠭᠦᠯᠪᠠ ᠃ ᠴᠣᠬᠢᠯᠲᠠ ᠥᠭ᠌ᠬᠦ ᠲᠠᠯ᠎ᠠ ᠪᠠᠷ ᠦᠨᠡᠨ ᠬᠦ᠌ ᠬᠦᠴᠦᠯᠡᠵᠦ ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠤ᠋ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠵᠢ ᠪᠦᠬᠦ᠌ ᠲᠠᠯ᠎ᠠ ᠪᠠᠷ ᠨᠠᠢᠳᠠᠪᠤᠷᠢᠵᠢᠭᠤᠯᠬᠤ ᠂ ᠪᠦᠬᠦ᠌ ᠣᠷᠣᠨ ᠳ᠋ᠤ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠦᠢᠯᠡ ᠠᠵᠢᠯᠯᠠᠭ᠎ᠠ ᠵᠢ ᠲᠤᠰᠭᠠᠢ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ᠌ ᠵᠢᠨ ᠬᠠᠮᠲᠤ 《ᠪᠦᠬᠦ᠌ ᠤᠯᠤᠰ ᠤ᠋ᠨ ᠣᠢ ᠱᠢᠭᠤᠢ ᠵᠢ ᠡᠪᠳᠡᠬᠦ᠌ ᠳ᠋ᠤ ᠴᠣᠬᠢᠯᠲᠠ ᠥᠭ᠌ᠬᠦ ᠲᠤᠰᠭᠠᠢ ᠠᠵᠢᠯᠯᠠᠭ᠎ᠠ》 ᠯᠤᠭ᠎ᠠ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢ ᠲᠣᠭ᠍ᠲᠠᠭᠠᠯ ᠡᠴᠡ ᠵᠥᠷᠢᠴᠡᠨ ᠰᠢᠭᠤᠢᠳᠤ ᠭᠠᠵᠠᠷ ᠪᠠ ᠨᠤᠲᠤᠭ ᠪᠡᠯᠴᠢᠭᠡᠷ ᠢ᠋ ᠡᠪᠳᠡᠭ᠌ᠰᠡᠨ ᠬᠡᠷᠡᠭ ᠢ᠋ ᠲᠤᠢᠯᠪᠤᠷᠢᠲᠠᠢ ᠴᠡᠭ᠌ᠴᠡᠯᠡᠨ ᠵᠠᠰᠠᠪᠠ᠃ ᠬᠠᠮᠠᠭᠠᠯᠠᠬᠤ ᠳᠡᠭᠡᠷ᠎ᠡ ᠬᠦᠴᠦ᠍ ᠲᠠᠯᠪᠢᠵᠤ᠂ ᠤᠯᠤᠰ ᠤ᠋ᠨ ᠴᠡᠴᠡᠷᠯᠢᠭ ᠢ᠋ ᠭᠤᠶᠤᠴᠢᠯᠠᠨ ᠮᠡᠳᠡᠭᠦᠯᠬᠦ᠌ ᠠᠵᠢᠯ ᠢ᠋ ᠢᠳᠡᠪᠬᠢᠲᠡᠶ ᠠᠬᠢᠭᠤᠯᠤᠨ᠂ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠪᠠ ᠨᠤᠭᠤ ᠭᠠᠵᠠᠷ ᠤ᠋ᠨ ᠬᠠᠮᠠᠭᠠᠯᠠᠯᠲᠠ ᠬᠠᠮᠢᠶᠠᠷᠤᠯᠲᠠ ᠵᠢ ᠰᠠᠢᠲᠤᠷ ᠠᠳᠭᠤᠨ᠂ ᠡᠷᠢᠶᠡᠨ ᠤ᠋ ᠲᠠᠯ᠎ᠠ ᠨᠤᠲᠤᠭ ᠤ᠋ᠨ ᠪᠠᠢᠭᠠᠯᠢ ᠵᠢᠨ ᠴᠡᠴᠡᠷᠯᠢᠭ ᠢ᠋ ᠭᠤᠶᠤᠴᠢᠯᠠᠨ ᠮᠡᠳᠡᠭᠦᠯᠬᠦ᠌ ᠠᠵᠢᠯ ᠢ᠋ ᠤᠷᠤᠭ᠍ᠰᠢᠲᠠᠶ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ᠋ 《ᠴᠢᠬᠤᠯᠠ ᠨᠤᠭᠤ ᠭᠠᠵᠠᠷ ᠤ᠋ᠨ ᠨᠡᠷᠡᠰ ᠤ᠋ᠨ ᠵᠢᠭ᠍ᠰᠠᠭᠠᠯᠲᠠ》ᠶ᠋ᠢ ᠨᠡᠢᠲᠡᠯᠡᠪᠡ ᠃ ᠢᠯᠠᠩᠭᠤᠶ᠎ᠠ ᠴᠠᠭᠠᠨᠨᠠᠭᠤᠷ ᠤ᠋ᠨ ᠨᠤᠭᠤ ᠭᠠᠵᠠᠷ ᠤ᠋ᠨ ᠠᠮᠢ ᠠᠬᠤᠶ ᠵᠢ ᠬᠠᠮᠠᠭᠠᠯᠠᠨ ᠰᠡᠷᠭᠦᠭᠡᠬᠦ᠌ ᠠᠵᠢᠯ ᠳ᠋ᠤ ᠢᠳᠡᠪᠬᠢᠲᠡᠶ ᠦᠷ᠎ᠡ ᠪᠦᠲᠦᠮᠵᠢ ᠣᠯᠵᠤ᠂ ᠥᠪᠥᠷ ᠮᠣᠩᠭᠣᠯ ᠾᠧᠪᠧᠶ ᠬᠣᠶᠠᠷ ᠮᠤᠵᠢ ᠣᠷᠣᠨ ᠤ᠋ ᠴᠠᠭᠠᠨᠨᠠᠭᠤᠷ ᠤ᠋ᠨ ᠨᠤᠭᠤ ᠭᠠᠵᠠᠷ ᠢ᠋ ᠬᠠᠮᠠᠭᠠᠯᠠᠵᠤ ᠰᠡᠷᠭᠦᠭᠡᠬᠦ᠌ ᠲᠤᠰᠭᠠᠶ ᠬᠠᠮᠵᠢᠯᠴᠠᠬᠤ ᠲᠣᠭ᠍ᠲᠠᠴᠠ ᠵᠢ ᠪᠠᠢᠭᠤᠯᠤᠨ ᠂ ᠴᠠᠭᠠᠨᠨᠠᠭᠤᠷ ᠤ᠋ᠨ ᠥᠪᠡᠷᠲᠡᠭᠡᠨ ᠵᠠᠰᠠᠬᠤ ᠣᠷᠣᠨ ᠤ᠋ ᠨᠤᠭᠤ ᠭᠠᠵᠠᠷ ᠤ᠋ᠨ ᠴᠡᠴᠡᠷᠯᠢᠭ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠪᠠ ᠃
ᠥᠪᠡᠷᠲᠡᠭᠡᠨ ᠵᠠᠰᠠᠬᠤ ᠣᠷᠣᠨ ᠤ᠋ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠤᠯᠢ ᠪᠤᠰᠤ ᠪᠠᠷ ᠠᠷᠠᠯᠵᠢᠶᠠᠯᠠᠬᠤ ᠳ᠋ᠤ ᠴᠣᠬᠢᠯᠲᠠ ᠥᠭ᠌ᠬᠦ ᠰᠠᠯᠠᠭ᠎ᠠ ᠮᠥᠴᠢᠷ ᠤ᠋ᠨ ᠬᠠᠷᠢᠯᠴᠠᠬᠤ ᠬᠤᠷᠠᠯ ᠤ᠋ᠨ ᠳᠦᠷᠢᠮ ᠢ᠋ ᠪᠠᠢᠭᠤᠯᠪᠠ᠃ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠠᠭᠠᠯᠠᠬᠤ ᠲᠤᠰᠭᠠᠶ ᠠᠵᠢᠯᠯᠠᠭ᠎ᠠ ᠵᠢᠴᠢ ᠬᠡᠭᠡᠷ᠎ᠡ ᠵᠢᠨ ᠠᠮᠢᠲᠠᠨ ᠢ᠋ ᠬᠤᠷᠢᠶᠠᠵᠤ ᠠᠪᠤᠷᠠᠨ ᠲᠤᠰᠠᠯᠠᠬᠤ ᠵᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠪᠠ ᠬᠢᠨᠠᠯᠲᠠ ᠲᠠᠯᠪᠢᠵᠤ ᠪᠠᠢᠴᠠᠭᠠᠬᠤ ᠠᠵᠢᠯᠯᠠᠭ᠎ᠠ ᠥᠷᠨᠢᠭᠦᠯᠵᠦ᠍᠂ ᠬᠡᠭᠡᠷ᠎ᠡ ᠵᠢᠨ ᠠᠮᠢᠲᠠᠨ ᠤ᠋ ᠬᠢᠵᠢᠭ ᠤ᠋ᠨ ᠡᠬᠢ ᠰᠤᠷᠪᠤᠯᠵᠢ ᠬᠡᠮ ᠬᠢᠵᠢᠭ ᠢ᠋ ᠬᠢᠨᠠᠨ ᠱᠢᠨᠵᠢᠵᠦ᠍ ᠰᠡᠷᠭᠡᠢᠯᠡᠨ ᠡᠵᠡᠮᠳᠡᠬᠦ᠌ ᠪᠠ ᠰᠠᠨᠠᠭᠠᠴᠢᠯᠠᠭ᠎ᠠ ᠡᠴᠡ ᠪᠠᠨ ᠰᠡᠷᠡᠮᠵᠢᠯᠡᠭᠦᠯᠬᠦ᠌ ᠵᠢ ᠴᠢᠩᠭᠠᠳᠭᠠᠨ᠂ ᠠᠯᠠᠱᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠲᠠ ᠲᠠᠢ ᠠᠮᠢᠲᠠᠨ ᠴᠠᠭᠠᠨ ᠢᠷᠪᠢᠰ ᠢ᠋ ᠠᠮᠵᠢᠯᠲᠠ ᠲᠠᠶ ᠪᠠᠷ ᠠᠪᠤᠷᠠᠨ ᠲᠤᠰᠠᠯᠠᠭ᠍ᠰᠠᠨ ᠤ᠋ ᠬᠠᠮᠲᠤ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ ᠵᠡᠷᠯᠢᠭ ᠲᠠᠬᠢ ᠂ ᠬᠠᠨᠳᠠᠭᠠᠶ ᠵᠡᠷᠭᠡ ᠬᠡᠭᠡᠷ᠎ᠡ ᠵᠢᠨ ᠠᠮᠢᠲᠠᠨ ᠢ᠋ ᠠᠮᠵᠢᠯᠲᠠ ᠲᠠᠶ ᠪᠠᠷ ᠪᠠᠢᠭᠠᠯᠢ ᠳ᠋ᠤᠨᠢ ᠪᠤᠴᠠᠭᠠᠭᠰᠠᠨ ᠪᠢᠯᠡ᠃
ᠴᠢᠩᠭ᠎ᠠ ᠰᠡᠷᠭᠡᠢᠯᠡᠨ ᠰᠠᠬᠢᠬᠤᠶ᠋ᠢ ᠪᠠᠷᠢᠮᠲᠠᠯᠠᠵᠤ᠂ ᠬᠠᠷᠢᠭᠤᠴᠠᠯᠭ᠎ᠠ ᠶ᠋ᠢ ᠪᠣᠳᠠᠲᠠᠢᠵᠢᠭᠤᠯᠤᠨ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠵᠦ᠍᠂ ᠡᠷᠲᠡ ᠡᠴᠡ ᠨᠢ ᠵᠠᠰᠠᠵᠤ ᠪᠠᠭ᠎ᠠ ᠡᠴᠡ ᠨᠢ ᠵᠠᠰᠠᠨ᠂ ᠭᠤᠤᠯᠳᠠᠯᠭ᠎ᠠ ᠲᠠᠶ ᠣᠷᠣᠨ ᠪᠦᠰᠡ ᠂ ᠭᠤᠤᠯᠳᠠᠯᠭ᠎ᠠ ᠲᠠᠶ ᠴᠠᠭ ᠬᠤᠭᠤᠴᠠᠭᠠᠨ ᠤ᠋ ᠭᠠᠮᠱᠢᠭ ᠢ᠋ ᠰᠡᠷᠭᠡᠢᠯᠡᠨ ᠡᠵᠡᠮᠳᠡᠬᠦ᠌ ᠠᠵᠢᠯ ᠢ᠋ ᠲᠣᠪᠣᠢᠮ᠎ᠠ ᠰᠠᠢᠲᠤᠷ ᠠᠳᠭᠤᠵᠤ᠂ ᠣᠶ ᠱᠢᠭᠤᠶ ᠨᠤᠲᠤᠭ ᠪᠡᠯᠴᠢᠭᠡᠷ ᠤ᠋ᠨ ᠭᠠᠮᠱᠢᠭ ᠢ᠋ ᠰᠡᠷᠭᠡᠢᠯᠡᠨ ᠡᠵᠡᠮᠳᠡᠬᠦ᠌ ᠠᠵᠢᠯ ᠢ᠋ ᠪᠥᠬᠥ᠌ ᠬᠦᠴᠦᠨ ᠵᠢᠡᠷ ᠰᠠᠢᠲᠤᠷ ᠬᠢᠪᠡ᠃ ᠣᠶ ᠱᠢᠭᠤᠶ ᠨᠤᠲᠤᠭ ᠪᠡᠯᠴᠢᠭᠡᠷ ᠤ᠋ᠨ ᠬᠦᠷᠢᠶᠡᠨᠦ ᠠᠶᠤᠯᠬᠦᠢ ᠦᠶ᠋ᠯᠡᠳᠪᠦᠷᠢᠯᠡᠯ ᠢ᠋ ᠦᠨᠡᠨ ᠬᠦ᠌ ᠰᠠᠢᠲᠤᠷ ᠠᠳᠭᠤᠵᠤ ᠂ ᠠᠶᠤᠯᠬᠦᠢ ᠦᠶ᠋ᠯᠡᠳᠪᠦᠷᠢᠯᠡᠯ ᠤ᠋ᠨ ᠲᠤᠰᠭᠠᠶ ᠴᠡᠭ᠌ᠴᠡᠯᠡᠨ ᠵᠠᠰᠠᠬᠤ ᠭᠤᠷᠪᠠᠨ ᠵᠢᠯ ᠤ᠋ᠨ ᠬᠤᠭᠤᠴᠠᠭ᠎ᠠ ᠪᠦᠬᠦᠢ ᠠᠵᠢᠯᠯᠠᠭ᠎ᠠ ᠶ᠋ᠢ ᠦᠷᠭᠦᠯᠵᠢᠯᠡᠨ ᠠᠬᠢᠭᠤᠯᠤᠭᠰᠠᠨ ᠡᠴᠡ ᠣᠶ ᠱᠢᠭᠤᠶ ᠨᠤᠲᠤᠭ ᠪᠡᠯᠴᠢᠭᠡᠷ ᠤ᠋ᠨ ᠠᠶᠤᠯᠬᠦᠢ ᠦᠶ᠋ᠯᠡᠳᠪᠦᠷᠢᠯᠡᠯ ᠤ᠋ᠨ ᠬᠦᠨᠳᠦ ᠶᠡᠬᠡ ᠡᠨᠳᠡᠯ ᠭᠠᠷᠤᠭ᠍ᠰᠠᠨ ᠥᠬᠡᠶ᠃
ᠬᠦᠴᠢᠷ ᠲᠦᠪᠡᠭ ᠲᠠᠢ ᠠᠰᠠᠭᠤᠳᠠᠯ ᠢ᠋ ᠥᠭᠡᠷᠡᠴᠢᠯᠡᠯᠲᠡ ᠶ᠋ᠢᠨ ᠭᠣᠣᠯᠳᠠᠯᠭ᠎ᠠ ᠪᠣᠯᠭᠠᠨ ᠠᠳᠬᠤᠵᠤ᠂ ᠴᠢᠭ᠌ᠯᠡᠯ ᠢ᠋ ᠲᠣᠭ᠍ᠲᠠᠭᠠᠨ᠂ ᠥᠭᠡᠷᠡᠴᠢᠯᠡᠯᠲᠡ ᠬᠢᠵᠦ᠍ ᠱᠢᠨ᠎ᠡ ᠶ᠋ᠢ ᠡᠭᠦᠳᠴᠦ᠍ ᠂ ᠤᠢ ᠱᠢᠭᠤᠢ ᠨᠤᠲᠤᠭ ᠪᠡᠯᠴᠢᠭᠡᠷ ᠤ᠋ᠨ ᠬᠦᠷᠢᠶᠡᠨᠦ ᠥᠭᠡᠷᠡᠴᠢᠯᠡᠯᠲᠡ ᠴᠢᠬᠤᠯᠠ ᠶᠡᠬᠡ ᠱᠢᠪᠲᠤᠯᠤᠯᠲᠠ ᠲᠠᠶ ᠪᠣᠯᠪᠠ᠃ ᠣᠶ ᠱᠢᠭᠤᠶ ᠶ᠋ᠢᠨ ᠳᠠᠷᠤᠭ᠎ᠠ ᠶ᠋ᠢᠨ ᠲᠦᠷᠢᠮ ᠢ᠋ ᠡᠮᠬᠢ ᠵᠢᠷᠤᠮ ᠲᠠᠶ ᠪᠥᠭᠡᠳ ᠬᠦᠴᠦᠲᠡᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠂ ᠠᠢᠮᠠᠭ ᠬᠣᠲᠠ(ᠣᠶ ᠱᠢᠭᠤᠶ ᠶ᠋ᠢᠨ ᠠᠵᠤ ᠦᠶ᠋ᠯᠡᠳᠪᠦᠷᠢ ᠶ᠋ᠢᠨ ᠪᠦᠯᠦᠭ᠌ᠯᠡᠯ)᠂ ᠬᠣᠱᠢᠭᠤ ᠱᠢᠶᠠᠨ(ᠣᠶ ᠱᠢᠭᠤᠶ ᠶ᠋ᠢᠨ ᠠᠵᠤ ᠦᠶ᠋ᠯᠡᠳᠪᠦᠷᠢ ᠶ᠋ᠢᠨ ᠺᠣᠮᠫᠠᠨᠢ) ᠭᠤᠷᠪᠠᠨ ᠱᠠᠲᠤᠨᠤ ᠣᠶ ᠱᠢᠭᠤᠶ ᠶ᠋ᠢᠨ ᠳᠠᠷᠤᠭ᠎ᠠ ᠶ᠋ᠢᠨ ᠱᠢᠰᠲ᠋ᠧᠮ ᠢ᠋ ᠪᠥᠬᠥ᠌ ᠲᠠᠯ᠎ᠠ ᠪᠠᠷ ᠪᠠᠢᠭᠤᠯᠤᠨ᠂ ᠣᠶ ᠱᠢᠭᠤᠶ ᠶ᠋ᠢᠨ ᠳᠠᠷᠤᠭ᠎ᠠ ᠶ᠋ᠢᠨ ᠬᠤᠷᠠᠯ ᠂ ᠱᠠᠯᠠᠪᠳᠠᠭᠤᠯᠤᠨ ᠪᠠᠢᠴᠠᠭᠠᠬᠤ᠂ ᠰᠠᠯᠠᠭ᠎ᠠ ᠮᠥᠴᠢᠷ ᠬᠠᠮᠵᠢᠯᠴᠠᠬᠤ᠂ ᠮᠡᠳᠡᠭᠡ ᠵᠠᠩᠭᠢ ᠶ᠋ᠢ ᠢᠯᠡ ᠪᠣᠯᠭᠠᠬᠤ ᠂ ᠣᠶ ᠱᠢᠭᠤᠶ ᠶ᠋ᠢᠨ ᠳᠠᠷᠤᠭ᠎ᠠ ᠶ᠋ᠢᠨ ᠲᠣᠭᠣᠷᠢᠨ ᠪᠠᠢᠴᠠᠭᠠᠬᠤ 5 ᠵᠦᠶ᠋ᠯ ᠤ᠋ᠨ ᠠᠵᠢᠯ ᠤ᠋ᠨ ᠲᠦᠷᠢᠮ ᠢ᠋ ᠲᠣᠭ᠍ᠲᠠᠭᠠᠨ ᠬᠡᠷᠡᠭᠵᠢᠬᠦᠯᠵᠤ ᠂ ᠲᠠᠪᠤᠨ ᠱᠠᠲᠤᠨ ᠤ᠋ ᠣᠶ ᠱᠢᠭᠤᠶ ᠶ᠋ᠢᠨ ᠳᠠᠷᠤᠭ᠎ᠠ ᠶ᠋ᠢᠨ ᠲᠦᠷᠢᠮ ᠤ᠋ᠨ ᠱᠢᠰᠲ᠋ᠧᠮ ᠢ᠋ ᠦᠨᠳᠤᠰᠤᠨ ᠳ᠋ᠡᠬᠡᠨ ᠪᠠᠢᠭᠤᠯᠪᠠ᠃ ᠪᠥᠬᠥ᠌ ᠤᠯᠤᠰ ᠲᠦ᠍ ᠡᠩ ᠲᠡᠷᠢᠭᠦᠨ ᠳ᠋ᠤ 3 ᠵᠢᠯ ᠤ᠋ᠨ ᠬᠤᠭᠤᠴᠠᠭ᠎ᠠ ᠲᠠᠶ ᠨᠤᠲᠤᠭ ᠪᠡᠯᠴᠢᠭᠡᠷ ᠤ᠋ᠨ ᠳᠠᠭᠠᠳᠭᠠᠯ ᠤ᠋ᠨ ᠲᠤᠷᠱᠢᠯᠲᠠ ᠶ᠋ᠢᠨ ᠴᠡᠭ ᠢ᠋ ᠪᠠᠢᠭᠤᠯᠵᠤ᠂ 2021 ᠤᠨ ᠳ᠋ᠤ 5000 ᠭᠠᠷᠤᠶ ᠲᠦᠮᠡᠨ ᠲᠥᠭᠥᠷᠢᠭ ᠤ᠋ᠨ ᠳᠠᠭᠠᠳᠭᠠᠯ ᠤ᠋ᠨ ᠪᠡᠯᠡ ᠮᠦᠨᠭᠭᠦ ᠣᠷᠣᠭᠤᠯᠤᠨ᠂ 3700 ᠭᠠᠷᠤᠶ ᠲᠦᠮᠡᠨ ᠮᠥ᠍ ᠨᠤᠲᠤᠭ ᠪᠡᠯᠴᠢᠭᠡᠷ ᠢ᠋ ᠳᠠᠭᠠᠳᠭᠠᠯ ᠳ᠋ᠤ ᠣᠷᠣᠭᠤᠯᠤᠭᠰᠠᠨ ᠠᠵᠢ᠃
ᠣᠯᠠᠨ ᠠᠷᠭ᠎ᠠ ᠵᠠᠮ ᠵᠢᠡᠷ ᠨᠣᠭᠣᠭᠠᠷᠠᠭᠤᠯᠤᠯᠲᠠ ᠶ᠋ᠢ ᠠᠬᠢᠭᠤᠯᠵᠤ᠂ ᠣᠢ ᠱᠢᠭᠤᠶ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠪᠦᠲᠦᠭᠡᠭ᠌ᠳᠡᠬᠦᠨ ᠤ᠋ ᠦᠪᠡᠷ ᠤ᠋ᠨ ᠥᠷᠲᠡᠭ ᠢ᠋ ᠪᠡᠶᠡᠯᠡᠭᠦᠯᠬᠦ᠌ ᠲᠣᠭ᠍ᠲᠠᠴᠠ ᠶ᠋ᠢ ᠰᠦᠪᠡᠭ᠌ᠴᠢᠯᠡᠨ᠂ ᠠᠮᠢ ᠠᠬᠤᠢ ᠶ᠋ᠢᠨ ᠱᠢᠰᠲ᠋ᠧᠮ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ ᠃ ᠤᠯᠤᠰ ᠤ᠋ᠨ ᠬᠠᠮᠢᠶ᠎ᠠ ᠪᠦᠬᠦᠢ ᠭᠠᠵᠠᠷ ᠲᠠᠶ ᠬᠠᠮᠲᠤᠷᠠᠨ ᠥᠪᠥᠷ ᠮᠣᠩᠭᠣᠯ ᠤ᠋ᠨ ᠨᠤᠲᠤᠭ ᠪᠡᠯᠴᠢᠭᠡᠷ ᠤ᠋ᠨ ᠠᠮᠢ ᠠᠬᠤᠶ ᠶ᠋ᠢᠨ ᠠᠵᠤ ᠠᠬᠤᠶ ᠶ᠋ᠢᠨ ᠦᠨ᠎ᠡ ᠥᠷᠲᠡᠭ ᠢ᠋ ᠲᠥᠰᠦᠭᠡᠯᠡᠨ ᠪᠣᠳᠣᠬᠤ ᠰᠤᠳᠤᠯᠤᠯ ᠢ᠋ ᠥᠷᠨᠢᠭᠦᠯᠬᠦ ᠵᠢᠨ ᠬᠠᠮᠳᠤ ᠪᠠᠰᠠ ᠥᠪᠥᠷ ᠮᠣᠩᠭᠣᠯ ᠤ᠋ᠨ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠵᠢ ᠲᠣᠭ᠍ᠲᠠᠪᠤᠷᠢᠵᠢᠭᠤᠯᠤᠨ ᠭᠠᠳᠠᠭ᠍ᠰᠢᠯᠠᠭᠤᠯᠤᠯᠳᠠ ᠶ᠋ᠢ ᠪᠠᠭᠠᠰᠭᠠᠬᠤ ᠬᠥᠭ᠌ᠵᠢᠯᠲᠡ ᠶ᠋ᠢᠨ ᠪᠠᠢᠯᠳᠤᠬᠤ ᠪᠣᠳᠣᠯᠭ᠎ᠠ ᠶ᠋ᠢᠨ ᠰᠤᠳᠤᠯᠤᠯ ᠢ᠋ ᠵᠣᠬᠢᠶᠠᠨ ᠪᠠᠢᠭᠤᠯᠤᠨ ᠥᠷᠨᠢᠭᠦᠯᠪᠡ ᠃《ᠥᠪᠡᠷᠲᠡᠭᠡᠨ ᠵᠠᠰᠠᠬᠤ ᠣᠷᠣᠨᠤ ᠣᠶ ᠱᠢᠭᠤᠶ ᠨᠤᠲᠤᠭ ᠪᠡᠯᠴᠢᠭᠡᠷ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠴᠢᠳᠠᠪᠤᠷᠢ ᠶ᠋ᠢ ᠪᠡᠬᠢᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭᠠᠨᠤ ᠲᠥᠰᠦᠯ》 ᠢ᠋ ᠲᠣᠭ᠍ᠲᠠᠭᠠᠪᠠ ᠃ ᠲᠤᠷᠱᠢᠯᠲᠠ ᠶ᠋ᠢᠨ ᠴᠡᠭ ᠲᠦ᠍ ᠵᠢᠱ᠌ᠢᠶ᠎ᠡ ᠦᠵᠡᠭᠦᠯᠦᠨ ᠤᠷᠢᠳ ᠵᠢᠡᠷ ᠬᠢᠬᠦ᠌ ᠶ᠋ᠢ ᠪᠠᠷᠢᠮᠲᠠᠯᠠᠨ᠂ ᠨᠡᠭᠦᠷᠡᠰᠦᠲᠦᠷᠥᠭ᠌ᠴᠢ ᠶ᠋ᠢᠨ ᠭᠠᠳᠠᠭᠰᠢᠯᠠᠭᠤᠯᠤᠯᠳᠠ ᠵᠢ ᠣᠷᠭᠢᠯ ᠬᠡᠮᠵᠢᠭᠳᠡᠯ ᠳ᠋ᠤ ᠬᠦᠷᠬᠡᠬᠦ ᠨᠡᠭᠦᠷᠡᠰᠦᠲᠥ᠋ᠷᠥᠭ᠌ᠴᠢ ᠵᠢ ᠰᠠᠭᠠᠷᠠᠮᠠᠭᠵᠢᠭᠤᠯᠬᠤ ᠣᠶ ᠱᠢᠭᠤᠶ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ(ᠪᠤᠭᠤᠲᠤ)ᠲᠤᠷᠱᠢᠯᠲᠠ ᠶ᠋ᠢᠨ ᠣᠷᠣᠨᠤ ᠪᠦᠲᠦᠭᠡᠨ ᠪᠠᠢᠭᠤᠯᠤᠯᠲᠠ ᠶ᠋ᠢ ᠰᠠᠢᠲᠤᠷ ᠠᠳᠭᠤᠵᠤ᠂ ᠣᠶ ᠱᠢᠭᠤᠶ ᠶ᠋ᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠣᠢᠵᠢᠭᠤᠯᠤᠯᠲᠠ ᠶ᠋ᠢᠨ ᠲᠥᠷᠥᠯ ᠵᠦᠢᠯ ᠢ᠋ ᠠᠷᠠᠯᠵᠢᠶᠠᠯᠠᠬᠤ ᠲᠤᠷᠱᠢᠯᠲᠠ ᠵᠢᠨ ᠴᠡᠭ ᠪᠠᠢᠭᠤᠯᠬᠤ ᠶ᠋ᠢ ᠠᠬᠢᠭᠤᠯᠵᠤ ᠂ ᠠᠮᠢ ᠠᠬᠤᠶ ᠶ᠋ᠢᠨ ᠪᠦᠲᠦᠭᠡᠨ ᠪᠠᠢᠭᠤᠯᠤᠯᠲᠠ ᠶ᠋ᠢᠨ ᠠᠵᠤ ᠠᠬᠤᠢᠯᠠᠯ ᠤ᠋ᠨ ᠣᠶ ᠱᠢᠭᠤᠶ ᠶ᠋ᠢᠨ ᠨᠡᠭᠦᠷᠡᠰᠦᠲᠥ᠋ᠷᠥᠭ᠌ᠴᠢᠬᠤᠷᠠᠮᠳᠤᠭᠤᠯᠬᠤ ᠠᠷᠠᠯᠵᠢᠶ᠎ᠠ ᠥᠷᠨᠢᠭᠦᠯᠬᠦ᠌ ᠶ᠋ᠢ ᠯᠠᠪᠳᠠᠭᠤᠨ ᠪᠠᠲᠤᠲᠠᠶ ᠠᠬᠢᠭᠤᠯᠤᠭᠰᠠᠨ ᠪᠠᠢᠨ᠎ᠠ ᠃