ᠵᠥᠭᠡᠯᠡᠨ ᠮᠠᠶᠢᠭ᠎ᠤᠨ ᠪᠦᠢᠺᠦ᠌ ᠪᠥᠮᠪᠥᠭᠡ᠎ᠵᠢ ᠰᠤᠷᠭᠠᠭᠤᠯᠢ᠎ᠶ᠋ᠢᠨ ᠬᠦᠷᠢᠶᠡᠨ᠎ᠳᠦ ᠤᠷᠤᠭᠤᠯᠬᠤ ᠠᠵᠢᠯᠯᠠᠭ᠎ᠠ ᠶᠠᠪᠤᠭᠳᠠᠪᠠ
2022-01-03 21:01:00
ᠵᠣᠬᠢᠶᠠᠭ᠍ᠴᠢ᠄
​ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ《ᠣᠯᠠᠨ ᠲᠦᠮᠡᠨ᠎ᠳᠦ ᠪᠤᠳᠠᠳᠤ ᠠᠵᠢᠯ ᠬᠢᠵᠦ᠍ ᠥᠭ᠌ᠭᠦ》 — ᠵᠥᠭᠡᠯᠡᠨ ᠮᠠᠶᠢᠭ᠎ᠤᠨ ᠪᠦᠢᠺᠦ᠌ ᠪᠥᠮᠪᠥᠭᠡ᠎ᠵᠢ ᠰᠤᠷᠭᠠᠭᠤᠯᠢ᠎ᠶ᠋ᠢᠨ ᠬᠦᠷᠢᠶᠡᠨ᠎ᠳᠦ ᠤᠷᠤᠭᠤᠯᠬᠤ ᠠᠵᠢᠯᠯᠠᠭ᠎ᠠ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠲᠦᠩ ᠱᠦᠨ ᠵᠡᠭᠡᠯᠢ ᠪᠠᠭ᠎ᠠ ᠰᠤᠷᠭᠠᠭᠤᠯᠢ᠎ᠳᠤ ᠶᠠᠪᠤᠭ᠍ᠳᠠᠪᠠ᠃ 

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠢ᠎ᠠ ᠡᠴᠡ ᠬᠥᠬᠡᠬᠣᠲᠠ᠎ᠶ᠋ᠢᠨ ᠢᠦᠢᠴᠢᠤᠸᠠᠨ ᠲᠣᠭᠣᠷᠢᠭ᠎ᠤᠨ ᠲᠦᠩ ᠱᠦᠨ ᠵᠡᠭᠡᠯᠢ ᠪᠠᠭ᠎ᠠ ᠰᠤᠷᠭᠠᠭᠤᠯᠢ᠎ᠳᠤ ᠵᠥᠭᠡᠯᠡᠨ ᠮᠠᠶᠢᠭ᠎ᠤᠨ ᠪᠤᠢᠺᠤ ᠪᠥᠮᠪᠥᠭᠡ᠎ᠶ᠋ᠢᠨ ᠪᠠᠭᠠᠵᠢ ᠬᠡᠷᠡᠭ᠌ᠰᠡᠯ᠎ᠢ ᠬᠠᠨᠳᠢᠪᠯᠠᠵᠦ᠂ ᠬᠣᠢᠱᠢᠳᠠ ᠲᠤᠰᠭᠠᠶ ᠮᠡᠷᠭᠡᠵᠢᠯ᠎ᠦᠨ ᠳᠠᠰᠭᠠᠯᠵᠢᠭᠤᠯᠤᠭ᠍ᠴᠢ᠎ᠠᠴᠠ ᠪᠤᠢᠺᠤ ᠪᠥᠮᠪᠥᠭᠡ᠎ᠶ᠋ᠢᠨ ᠪᠣᠯᠪᠠᠰᠤᠷᠠᠯ ᠪᠠ ᠲᠠᠮᠢᠷᠴᠢᠨ᠎ᠢ ᠱᠢᠯᠭᠠᠷᠠᠭᠤᠯᠬᠤ ᠤᠷᠤᠯᠳᠤᠭᠠᠨ ᠵᠢᠴᠢ ᠪᠤᠢᠺᠤ ᠪᠥᠮᠪᠥᠭᠡ᠎ᠶ᠋ᠢᠨ ᠰᠤᠷᠭᠠᠭᠤᠯᠢ᠎ᠶ᠋ᠢᠨ ᠬᠣᠭᠣᠷᠣᠨᠳᠣᠬᠢ ᠬᠣᠯᠪᠣᠭᠠᠲᠤ ᠤᠷᠤᠯᠳᠤᠭᠠᠨ᠎ᠢ ᠵᠣᠬᠢᠶᠠᠨ ᠪᠠᠢᠭᠤᠯᠵᠤ ᠥᠷᠨᠢᠭᠦᠯᠬᠦ  ᠪᠤᠯᠤᠨ᠎ᠠ᠃ 

ᠤᠢᠯᠠᠭᠠᠭᠰᠠᠨ᠎ᠶ᠋ᠢᠡᠷ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠵᠠᠯᠠᠭᠤᠴᠤᠳ ᠪᠠᠭᠠᠴᠤᠳ᠎ᠤᠨ ᠵᠥᠭᠡᠯᠡᠨ ᠮᠠᠶᠢᠭ᠎ᠤᠨ ᠪᠤᠢᠺᠤ ᠪᠥᠮᠪᠥᠭᠡ᠎ᠶ᠋ᠢᠨ ᠲᠥᠷᠥᠯ ᠵᠦᠢᠯ᠎ᠢ ᠰᠤᠷᠭᠠᠭᠤᠯᠢ᠎ᠶᠢᠨ ᠬᠦᠷᠢᠶᠡᠨ᠎ᠳᠦ ᠤᠷᠤᠭᠤᠯᠬᠤ᠎ᠶᠢᠨ ᠲᠦᠯᠦᠭᠡ᠂ ᠬᠥᠬᠡᠬᠣᠲᠠ᠎ᠶ᠋ᠢᠨ ᠬᠣᠲᠣᠩ ᠳᠤᠮᠳᠠᠳᠤ ᠰᠤᠷᠭᠠᠭᠤᠯᠢ᠂ ᠢᠦᠢᠴᠢᠤᠸᠠᠨ ᠲᠣᠭᠣᠷᠢᠭ᠎ᠤᠨ ᠲᠦᠩ ᠱᠦᠨ ᠵᠡᠭᠡᠯᠢ ᠪᠠᠭ᠎ᠠ ᠰᠤᠷᠭᠠᠭᠤᠯᠢ᠂ ᠢᠦᠢᠴᠢᠤᠸᠠᠨ ᠲᠣᠭᠣᠷᠢᠭ᠎ᠤᠨ ᠼᠠᠢ ᠾᠥᠸᠧ ᠡᠮᠦᠨ᠎ᠡ ᠵᠡᠭᠡᠯᠢ ᠪᠠᠭ᠎ᠠ ᠰᠤᠷᠭᠠᠭᠤᠯᠢ᠂ ᠢᠦᠢᠴᠢᠤᠸᠠᠨ ᠲᠣᠭᠣᠷᠢᠭ᠎ᠤᠨ ᠶᠢᠨ ᠾᠧ ᠡᠮᠦᠨ᠎ᠡ ᠵᠡᠭᠡᠯᠢ᠎ᠪᠠᠭ᠎ᠠ ᠰᠤᠷᠭᠠᠭᠤᠯᠢ᠂ ᠪᠤᠭᠤᠲᠤ ᠬᠣᠲᠠ᠎ᠶ᠋ᠢᠨ ᠵᠢᠤᠶᠤᠸᠠᠨ ᠲᠣᠭᠣᠷᠢᠭ᠎ᠤᠨ ᠦᠨᠳᠦᠰᠦᠲᠡᠨ᠎ᠦ ᠪᠠᠭ᠎ᠠ ᠰᠤᠷᠭᠠᠭᠤᠯᠢ᠎ᠵᠡᠷᠭᠡ 5 ᠰᠤᠷᠭᠠᠭᠤᠯᠢ᠎ᠶ᠋ᠢ ᠲᠦᠷᠦᠭᠦᠦ ᠪᠦᠯᠦᠭ᠎ᠦᠨ ᠲᠤᠷᠱᠢᠯᠲᠠ᠎ᠶ᠋ᠢᠨ ᠰᠤᠷᠭᠠᠭᠤᠯᠢ ᠪᠣᠯᠭᠠᠵᠤ᠂ ᠵᠥᠭᠡᠯᠡᠨ ᠮᠠᠶᠢᠭ᠎ᠤᠨ ᠪᠤᠢᠺᠤ ᠪᠥᠮᠪᠥᠭᠡ᠎ᠶ᠋ᠢᠨ ᠪᠠᠭᠠᠵᠢ ᠬᠡᠷᠡᠭ᠌ᠰᠡᠯ᠎ᠢ ᠳᠣᠭᠢᠷᠠᠭᠤᠯᠤᠨ ᠥᠭ᠌ᠴᠦ᠂ ᠲᠤᠷᠱᠢᠯᠲᠠ᠎ᠶ᠋ᠢᠨ ᠴᠡᠭ᠎ᠤᠨ ᠰᠤᠷᠭᠠᠭᠤᠯᠢ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠵᠥᠭᠡᠯᠡᠨ ᠮᠠᠶᠢᠭ᠎ᠤᠨ ᠪᠤᠢᠺᠤ ᠪᠥᠮᠪᠥᠭᠡ᠎ᠶ᠋ᠢᠨ ᠲᠥᠷᠥᠯ ᠵᠦᠶ᠋ᠯ᠎ᠦᠨ ᠲᠦᠭᠡᠮᠡᠯᠵᠢᠯᠲᠡ ᠪᠠ ᠬᠥᠭ᠌ᠵᠢᠯᠲᠡ᠎ᠶ᠋ᠢ ᠠᠯᠬᠤᠮ ᠠᠯᠬᠤᠮ᠎ᠢᠶᠠᠷ ᠳᠠᠢᠴᠢᠯᠠᠨ᠂ ᠲᠣᠭ᠍ᠲᠠᠭᠤᠨ᠂ ᠡᠮᠬᠢ ᠵᠢᠷᠤᠮ᠎ᠲᠠᠶ᠂ ᠣᠷᠳᠣ ᠬᠤᠭᠤᠴᠠᠭᠠᠨ᠎ᠤ ᠵᠠᠯᠠᠭᠤᠴᠤᠳ ᠪᠠᠭᠠᠴᠤᠳ᠎ᠤᠨ ᠪᠣᠯᠪᠠᠰᠤᠷᠠᠯ᠎ᠤᠨ ᠱᠢᠰᠲ᠋ᠧᠮᠵᠢ᠎ᠶ᠋ᠢ ᠪᠠᠢᠭᠤᠯᠵᠤ᠂ ᠥᠪᠥᠷ ᠮᠣᠩᠭᠣᠯ᠎ᠳᠤ ᠨᠠᠩ ᠣᠯᠠᠨ ᠨᠠᠩ ᠰᠠᠢᠨ ᠪᠡᠶ᠎ᠡ᠎ᠶ᠋ᠢᠨ ᠲᠠᠮᠢᠷ᠎ᠤᠨ ᠪᠡᠯᠡᠳᠭᠡᠯ ᠴᠢᠳᠠᠪᠤᠷᠢᠲᠠᠨ᠎ᠢ ᠰᠣᠩᠭᠣᠨ ᠳᠡᠪᠱᠢᠭᠦᠯᠦᠨ᠎ᠡ ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号