ᠬᠣᠷᠴᠢᠨ ᠵᠡᠭᠦᠨ ᠭᠠᠷᠤᠨ ᠬᠣᠢᠲᠤ ᠬᠣᠱᠢᠭᠤ ᠭᠤᠷᠪᠠᠨ ᠵᠥᠢᠯ᠎ᠤᠨ ᠠᠷᠭ᠎ᠠ ᠬᠡᠮᠵᠢᠶ᠎ᠡ ᠲᠤᠬᠳᠠᠭᠠᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠦᠶ᠋ᠯᠡᠴᠢᠯᠡᠭᠡ᠎ᠶ᠋ᠢ ᠰᠠᠢᠵᠢᠷᠠᠭᠤᠯᠥᠨ᠂ ᠠᠷᠠᠳ᠎ᠲᠤ ᠨᠡᠩ ᠶᠡᠬᠡ ᠠᠱᠢᠭ ᠬᠦᠷᠲᠡᠭᠡᠨ ᠲᠥᠭᠥᠮ ᠥᠵᠡᠭᠥᠯᠵᠤ ᠪᠠᠢᠨ᠎ᠡ᠃
《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠠᠬᠢᠭᠤᠯᠥᠨ᠂ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠎ᠦᠨ ᠠᠵᠢᠯ᠎ᠦᠨ ᠰᠤᠷᠲᠠᠯ᠎ᠤᠨ ᠪᠠᠢᠭᠤᠯᠤᠯᠲᠠ ᠪᠠ ᠡᠮᠴᠢᠯᠡᠭᠡᠨ᠎ᠦ ᠪᠠᠲᠤᠯᠠᠭ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ《ᠰᠠᠢᠨ ᠮᠠᠭᠤ ᠦᠨᠡᠯᠡᠯᠲᠡ》᠎ᠶ᠋ᠢᠨ ᠠᠵᠢᠯ᠎ᠢ ᠦᠷᠭᠦᠯᠵᠢᠯᠡᠨ ᠴᠢᠩᠭᠠᠳᠬᠠᠵᠤ᠂ ᠨᠡᠢᠭᠡᠮ ᠨᠡᠢᠲᠡ᠎ᠳᠦ ᠢᠯᠡᠴᠢᠯᠡᠨ ᠮᠡᠳᠡᠭᠦᠯᠵᠦ᠍ ᠬᠢᠨᠠᠯᠲᠠ ᠲᠠᠯᠪᠢᠬᠤ ᠤᠲᠠᠰᠤ ᠵᠢᠴᠢ ᠵᠢᠷᠬᠢᠶ᠎ᠠ ᠵᠢᠨ ᠣᠯᠠᠨ ᠨᠡᠢᠲᠡ᠎ᠶ᠋ᠢᠨ ᠳ᠋ᠤᠭᠠᠷ᠎ᠢ ᠨᠡᠢᠲᠡᠯᠡᠬᠦ᠌ ᠶ᠋ᠢᠨ ᠬᠠᠮᠲᠤ ᠡᠮᠴᠢᠯᠡᠭᠡᠨ᠎ᠦ ᠳᠠᠭᠠᠳᠭᠠᠯ᠎ᠤᠨ ᠦᠶ᠋ᠯᠡᠴᠢᠯᠡᠭᠡᠨ᠎ᠦ《ᠬᠦᠴᠢᠷᠳᠠᠯ ᠲᠠᠢ᠂ ᠲᠦᠭ᠌ᠵᠢᠷᠡᠯ ᠲᠠᠢ᠂ ᠡᠮᠵᠡᠭ ᠲᠠᠢ》ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠣᠭᠣᠷᠢᠨ᠎ᠳᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠭᠠᠷᠳᠠᠮ᠎ᠢ ᠳᠥᠭᠥᠮᠴᠢᠯᠡᠨ᠂ ᠮᠠᠲ᠋ᠧᠷᠢᠶᠠᠯ᠎ᠢ ᠴᠣᠮᠬᠠᠳᠭᠠᠵᠤ᠂ ᠴᠠᠭ᠎ᠤᠨ ᠬᠢᠵᠠᠭᠠᠷ᠎ᠢ ᠪᠣᠭᠣᠨᠢᠰᠭᠠᠨ᠂《ᠨᠢᠭᠡ ᠴᠣᠩᠬᠣᠪᠴᠢ᠎ᠪᠠᠷ ᠭᠦᠶ᠋ᠴᠡᠳᠭᠡᠬᠦ᠌᠂ ᠨᠢᠭᠡ ᠥᠷᠲᠡᠭᠡᠴᠢᠯᠡᠭ᠌ᠰᠡᠨ ᠦᠶ᠋ᠯᠡᠴᠢᠯᠡᠭᠡ ᠂ ᠨᠢᠭᠡ ᠬᠠᠭᠤᠳᠠᠰᠤ᠎ᠪᠠᠷ ᠳ᠋ᠦᠩᠨᠡᠨ ᠪᠤᠳᠤᠬᠤ》 ᠶ᠋ᠢ ᠬᠡᠷᠡᠭ᠌ᠵᠢᠭᠦᠯᠵᠤ ᠪᠠᠢᠨ᠎ᠠ᠃
ᠬᠢᠨᠠᠯᠲᠠ ᠬᠠᠮᠢᠶᠠᠷᠤᠯᠲᠠ᠎ᠶ᠋ᠢ ᠥᠨᠠᠨᠬᠦ ᠴᠢᠩᠭᠠᠳᠭᠠᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠰᠠᠭᠤᠷᠢ ᠮᠥᠩᠭᠥ᠎ᠶ᠋ᠢᠨ ᠠᠮᠤᠷ ᠲᠦᠪᠱᠢᠨ ᠬᠡᠷᠡᠭᠯᠡᠯᠲᠠ ᠵᠢ ᠬᠠᠮᠠᠭᠠᠯᠠᠪᠠ᠃ ᠬᠠᠷᠭᠤᠭᠤᠯᠤᠨ ᠪᠠᠢᠴᠠᠭᠠᠬᠤ ᠡᠷᠴᠢᠮ᠎ᠢ ᠴᠢᠩᠭᠠᠷᠠᠭᠤᠯᠵᠤ᠂ ᠭᠤᠷᠪᠠᠳᠠᠬᠴᠢ ᠲᠠᠯ᠎ᠡ ᠵᠢᠨ ᠡᠮᠴᠢᠯᠡᠭᠡᠨ᠎ᠦ ᠪᠠᠢᠴᠠᠭᠠᠯᠲᠠ᠎ᠶ᠋ᠢᠨ ᠦᠶ᠋ᠯᠡᠴᠢᠯᠡᠭᠡᠨ᠎ᠦ ᠺᠣᠮᠫᠠᠨᠢ᠎ᠳᠤ ᠨᠠᠢᠳᠠᠵᠤ ᠡᠮᠨᠡᠯᠭᠡ᠎ᠳᠦ ᠰᠠᠭᠤᠭ᠍ᠰᠠᠨ ᠪᠤᠶᠤ ᠡᠭᠦᠳᠡᠨ ᠡᠮᠨᠡᠯᠭᠡ᠎ᠶ᠋ᠢᠨ ᠵᠠᠷᠤᠳᠠᠯ᠎ᠤᠨ ᠦᠨᠡᠨ ᠪᠣᠳᠠᠲᠤ ᠴᠢᠨᠠᠷ᠎ᠢ ᠪᠠᠢᠴᠠᠭᠠᠨ ᠬᠢᠨᠠᠨ ᠬᠠᠷᠭᠤᠭᠤᠯᠵᠤ ᠪᠤᠢ᠃
2021ᠣᠨ᠎ᠳᠤ᠂ ᠬᠣᠱᠢᠭᠤᠨ᠎ᠤ 176 ᠲᠣᠭ᠍ᠲᠠᠭ᠍ᠰᠠᠨ ᠴᠡᠭ᠎ᠦᠨ ᠡᠮ ᠡᠮᠨᠡᠯᠭᠡ᠎ᠶ᠋ᠢᠨ ᠪᠠᠢᠭᠤᠯᠤᠮᠵᠢ ᠢᠲᠡᠭᠡᠮᠵᠢ᠎ᠶ᠋ᠢᠨ ᠠᠮᠠᠯᠠᠯᠲᠠ᠎ᠶ᠋ᠢᠨ ᠪᠢᠴᠢᠭ ᠳᠡᠭᠡᠷ᠎ᠡ ᠢᠯᠡ᠎ᠪᠡᠷ ᠭᠠᠷᠤᠨ ᠥᠰᠥᠭ ᠵᠢᠷᠤᠵᠤ᠂ 1 ᠴᠢᠬᠤᠯᠠ ᠬᠡᠷᠡᠭ᠎ᠢ ᠳᠡᠭᠡᠭᠰᠢ ᠮᠡᠳᠡᠭᠦᠯᠥᠨ᠂ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠳᠦ 2 ᠬᠡᠷᠡᠭ᠎ᠢ ᠱᠢᠯᠵᠢᠭᠦᠯᠦᠨ ᠲᠤᠱᠢᠶᠠᠵᠤ᠂ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ᠎ᠲᠦ 2 ᠬᠡᠷᠡᠭ᠎ᠢ ᠱᠢᠯᠵᠢᠭᠦᠯᠵᠤ ᠲᠤᠱᠢᠶᠠᠨ᠂ ᠲᠣᠭ᠍ᠲᠠᠭᠠᠯ᠎ᠡᠴᠡ ᠵᠥᠷᠢᠴᠡᠭ᠌ᠰᠡᠨ 17.71 ᠲᠦᠮᠡᠨ ᠲᠥᠭᠥᠷᠢᠭ ᠤ᠋ᠠ ᠡᠮ ᠡᠮᠨᠡᠯᠭᠡ ᠶ᠋ᠢᠨ ᠳᠠᠭᠠᠳᠭᠠᠯ᠎ᠤᠨ ᠰᠠᠭᠤᠷᠢ ᠮᠥᠩᠭᠥ ᠨᠡᠬᠡᠮᠵᠢᠯᠡᠨ ᠠᠪᠴᠢᠷᠠᠪᠠ᠃
ᠬᠣᠱᠢᠭᠤᠨ᠎ᠤ ᠪᠠᠠ ᠬᠡᠪᠴᠢᠶᠡᠨ᠎ᠳᠦ ᠲᠤᠰᠭᠠᠶ ᠪᠠᠢᠴᠠᠭᠠᠯᠲᠠ᠎ᠶ᠋ᠢ ᠲᠥᠪᠯᠡᠷᠡᠭᠦᠯᠦᠨ ᠥᠷᠨᠢᠭᠦᠯᠵᠦ᠍᠂ 25 ᠲᠣᠭ᠍ᠲᠠᠬᠰᠠᠨ ᠴᠡᠭ᠎ᠦᠨ ᠡᠮᠴᠢᠯᠡᠭᠡᠨ᠎ᠦ ᠨᠢᠭᠡᠴᠢ ᠳ᠋ᠤ ᠤᠷᠤᠰᠢᠵᠤ ᠪᠠᠢᠬᠰᠠᠨ ᠠᠰᠠᠭᠤᠳᠠᠯ᠎ᠢ ᠰᠢᠢᠳᠪᠥᠷᠢᠯᠡᠨ᠂ 15 ᠲᠦᠮᠡᠨ ᠲᠥᠭᠥᠷᠢᠭ᠎ᠦᠨ ᠰᠠᠭᠤᠷᠢ ᠮᠥᠩᠭᠥ᠎ᠶ᠋ᠢ ᠨᠡᠬᠡᠮᠵᠢᠯᠡᠨ ᠠᠪᠴᠢᠷᠠᠵᠠᠢ; ᠬᠣᠱᠢᠭᠤ ᠱᠢᠶᠠᠨ᠎ᠤ ᠬᠤᠭᠤᠷᠤᠨᠳᠤ ᠪᠠᠨ ᠬᠠᠷᠢᠯᠴᠠᠨ ᠪᠠᠢᠴᠠᠭᠠᠬᠤ ᠶᠠᠪᠤᠴᠠ ᠳ᠋ᠤ᠂ 14 ᠲᠣᠭ᠍ᠲᠠᠭ᠍ᠰᠠᠨ ᠴᠡᠭ᠎ᠦᠨ ᠡᠮᠴᠢᠯᠡᠭᠡᠨ᠎ᠦ ᠨᠢᠭᠡᠴᠢ ᠳ᠋ᠤ ᠤᠷᠤᠰᠢᠵᠤ ᠪᠠᠢᠬᠰᠠᠨ ᠠᠰᠠᠭᠤᠳᠠᠯ᠎ᠢ ᠢᠯᠡᠷᠡᠬᠦᠯᠤᠠ᠂ 11.46 ᠲᠦᠮᠡᠨ ᠲᠥᠭᠥᠷᠢᠭ᠎ᠦᠨ ᠰᠠᠭᠤᠷᠢ ᠮᠥᠩᠭᠥ᠎ᠶ᠋ᠢ ᠨᠡᠬᠡᠮᠵᠢᠯᠡᠨ ᠠᠪᠴᠢᠷᠠᠵᠤ᠂ ᠭᠡᠷ᠎ᠡ ᠵᠥᠷᠢᠴᠡᠭ᠌ᠰᠡᠨ ᠮᠥᠩᠭᠥ᠌ ᠵᠢ 14.33 ᠲᠦᠮᠡᠨ ᠲᠥᠭᠥᠷᠢᠭ ᠬᠠᠰᠤᠨ᠂ 25.79 ᠲᠦᠮᠡᠨ ᠲᠥᠭᠥᠷᠢᠭ᠎ᠢ ᠪᠤᠴᠠᠭᠠᠵᠤ᠂ ᠠᠷᠠᠳ ᠣᠯᠠᠨ᠎ᠤ《ᠠᠮᠢ ᠠᠪᠤᠷᠬᠠᠸ᠋ ᠵᠣᠭᠣᠰ》 ᠢ᠋ ᠦᠨᠡᠨ ᠬᠦ᠌ ᠰᠠᠢᠲᠤᠷ ᠬᠠᠮᠠᠭᠠᠯᠠᠨ᠂ ᠡᠮᠴᠢᠯᠡᠭᠡᠨ᠎ᠦ ᠳᠠᠭᠠᠳᠭᠠᠯ᠎ᠤᠨ 《ᠵᠣᠭᠣᠰᠣᠨ ᠴᠦᠩᠬᠦ᠌》᠎ᠶ᠋ᠢ ᠰᠠᠢᠲᠤᠷ ᠬᠠᠮᠢᠶᠠᠷᠬᠤ ᠵᠢ ᠪᠠᠳᠤᠯᠠᠵᠤ ᠪᠠᠢᠨ᠎ᠠ᠃
ᠡᠷᠡᠭᠦᠯ ᠮᠡᠨᠳᠦ᠍᠎ᠪᠡᠷ ᠶᠠᠳᠠᠭᠤ᠎ᠶ᠋ᠢ ᠲᠡᠳᠬᠦᠭ᠌ᠰᠡᠨ ᠦᠷ᠎ᠡ ᠪᠦᠲᠦᠮᠵᠢ ᠵᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠪᠠ᠃ ᠶᠠᠳᠠᠭᠤ ᠬᠦᠴᠢᠷᠳᠡᠯᠲᠡᠶ ᠬᠥᠮᠤᠰ ᠤ᠋ᠠ ᠡᠮᠨᠡᠯᠭᠡ᠎ᠳᠦ ᠰᠠᠭᠤᠵᠤ ᠡᠮᠨᠡᠭᠦᠯᠬᠦ᠌ ᠳ᠋ᠤ ᠬᠦᠨᠳᠦ ᠡᠪᠡᠳᠴᠢᠨ᠎ᠦ ᠳᠠᠭᠠᠳᠭᠠᠯ᠎ᠤᠨ ᠡᠬᠢᠯᠡᠵᠦ᠍ ᠲᠤᠰᠢᠶᠠᠬᠤ ᠵᠤᠭᠤᠰ᠎ᠤᠨ ᠪᠠᠷᠢᠮᠵᠢᠶ᠎ᠠ᠎ᠶ᠋ᠢ 50%᠎ᠪᠠᠷ ᠪᠠᠭᠤᠷᠠᠭᠤᠯᠵᠤ᠂ ᠳᠠᠭᠠᠳᠭᠠᠯ᠎ᠤᠨ ᠬᠠᠷᠢᠴᠠᠯ᠎ᠢ 5%᠎ᠪᠠᠷ ᠳᠡᠭᠡᠭ᠌ᠰᠢᠯᠡᠭᠦᠯᠥᠨ᠂ ᠬᠠᠮᠤᠭ᠎ᠤᠨ ᠥᠨᠳᠥᠷ᠎ᠲᠡᠬᠡᠨ 95%᠎ᠠᠴᠠ ᠬᠡᠲᠦᠷᠡᠭᠦᠯᠬᠦ᠌ ᠥᠬᠡᠶ ᠪᠠᠢᠬᠤ《ᠨᠢᠭᠡ᠎ᠶ᠋ᠢ ᠳᠡᠭᠡᠭ᠌ᠰᠢᠯᠡᠭᠦᠯᠵᠦ᠍ ᠨᠢᠭᠡ᠎ᠶ᠋ᠢ ᠪᠠᠭᠤᠷᠠᠭᠤᠯᠬᠤ》᠂ ᠬᠡᠷ ᠪᠦᠯᠢ᠎ᠶ᠋ᠢᠨ ᠡᠪᠡᠳᠴᠢᠲᠡᠨ᠎ᠦ ᠣᠷᠣ ᠵᠢᠨ ᠥᠢᠯᠡᠴᠢᠯᠡᠭᠡ᠂ ᠤᠷᠢᠳ ᠵᠢᠡᠷ ᠡᠮᠨᠡᠭᠦᠯᠵᠦ᠍ ᠳᠠᠷᠠᠭ᠎ᠠ᠎ᠨᠢ ᠵᠠᠷᠤᠳᠠᠯ ᠲᠤᠱᠢᠶᠠᠬᠤ 《ᠨᠢᠭᠡ ᠥᠷᠲᠡᠭᠡᠴᠢᠯᠡᠭᠰᠡᠨ ᠮᠠᠶᠢᠭ》 ᠤ᠋ᠠ ᠳ᠋ᠦᠩᠨᠡᠨ ᠪᠤᠳᠤᠯᠲᠠ ᠪᠠ《 ᠭᠤᠷᠪᠠᠨ ᠥᠨᠳᠥᠰᠥᠨ ᠵᠥᠢᠯ᠎ᠢ ᠪᠠᠲᠤᠯᠠᠬᠤ》 ᠵᠡᠷᠭᠡ ᠡᠷᠡᠭᠦᠯ ᠮᠡᠨᠳᠦ᠍᠎ᠪᠡᠷ ᠶᠠᠳᠠᠭᠤ᠎ᠶ᠋ᠢ ᠲᠡᠳᠬᠦᠬᠦ᠌ ᠬᠠᠮᠢᠶ᠎ᠠ ᠪᠥᠬᠥᠶ ᠲᠥᠷᠥ᠎ᠶ᠋ᠢᠨ ᠪᠣᠳᠣᠯᠭ᠎ᠠ᠎ᠶ᠋ᠢ ᠨᠠᠷᠢᠠ ᠬᠢᠨᠠᠮᠠᠭᠠᠶ ᠨᠠᠢᠳᠠᠪᠤᠷᠢᠵᠢᠭᠤᠯᠵᠤ᠂ ᠡᠪᠡᠳᠴᠢᠨ᠎ᠡᠴᠡ ᠪᠣᠯᠵᠣ ᠶᠠᠳᠠᠭᠤᠷᠠᠬᠤ᠂ ᠡᠪᠡᠳᠴᠢᠨ᠎ᠡᠴᠡ ᠪᠣᠯᠵᠣ ᠳᠠᠬᠢᠨ ᠶᠠᠳᠠᠭᠤᠷᠠᠬᠤ᠎ᠶ᠋ᠢ ᠪᠠᠭᠠᠰᠭᠠᠵᠠᠢ᠃
ᠲᠤᠰ ᠬᠤᠰᠢᠭᠤ ᠪᠠᠰᠠ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠦᠷ᠎ᠡ ᠪᠦᠲᠦᠬᠡᠯ ᠢ ᠪᠡᠬᠢᠵᠢᠭᠦᠯᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠤᠤᠯ᠎ᠤᠨ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠪᠠ ᠦᠨᠳᠦᠰᠦᠨ ᠵᠦᠶ᠋ᠯ᠎ᠢ ᠪᠠᠲᠤᠯᠠᠬᠤ ᠲᠥᠷᠥ᠎ᠶ᠋ᠢᠨ ᠪᠣᠳᠣᠯᠭ᠎ᠠ᠎ᠶ᠋ᠢ ᠬᠤᠪᠢᠷᠠᠭᠤᠯᠬᠤ ᠥᠬᠡᠶ ᠤᠷᠢᠲᠠᠯ ᠳᠤᠤᠷ᠎ᠠ᠂ ᠶᠡᠬᠡ ᠡᠪᠡᠳᠴᠢᠨ᠂ ᠬᠦᠨᠳᠦ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ᠎ᠤ 《ᠭᠤᠷᠪᠠᠨ ᠦᠨᠳᠦᠰᠦᠨ ᠵᠦᠶ᠋ᠯ᠎ᠢ ᠪᠠᠲᠤᠯᠠᠬᠤ》 ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠬᠦ ᠪᠠᠷ ᠪᠠᠢᠨ᠎ᠠ᠃