— 2022 ᠤᠠ᠎ᠤ 1 ᠰᠡᠷ᠎ᠠ᠎ᠶ᠋ᠢᠨ 23 ᠤ᠋ ᠡᠳᠦᠷ ᠥᠪᠥᠷ ᠮᠤᠩᠭᠤᠯ᠎ᠤᠨ ᠤᠢ᠍ᠪᠡᠷᠳᠡᠭᠡᠠ ᠵᠡᠰᠡᠬᠤ ᠤᠷᠦᠠ᠎ᠤ ᠠᠷᠪᠡᠠ ᠭᠤᠷᠪᠠᠳᠤᠭᠠᠷ ᠬᠤᠭᠤᠴᠡᠭᠠᠠᠤ ᠠᠷᠡᠦᠠ᠎ᠤᠨ ᠲᠦᠯᠦᠭᠡᠯᠡᠭ᠌ᠴᠢᠦᠠᠤᠨ ᠶᠡᠭᠡ ᠬᠤᠷᠡᠯ᠎ᠤᠨ ᠵᠢᠷᠭᠤᠳᠤᠭᠠᠷ ᠬᠤᠷᠡᠯ ᠲᠡᠭᠡᠷ᠎ᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶᠠᠨ᠎ᠤ ᠲᠡᠳ᠋ ᠡᠷᠬᠢᠯᠡᠭᠴᠢ ᠵᠠᠩ ᠶᠤᠧᠠᠨ ᠵᠦᠩ
ᠲᠥᠯᠥᠭᠡᠯᠡᠭ᠌ᠴᠢᠳ ᠡ᠄
ᠤᠳᠤ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠨᠠᠢᠳᠠᠯᠭ᠎ᠠ᠎ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠥᠪᠯᠡᠬᠦ᠌ ᠪᠣᠯᠪᠠᠤ᠃
ᠦᠩᠬᠡᠷᠡᠭ᠌ᠰᠡᠡ ᠨᠢᠬᠡ ᠵᠢᠯ ᠤᠨ ᠭᠤᠤᠯ ᠠᠵᠢᠯ
2021 ᠤᠨ ᠪᠤᠯ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠠ 100 ᠵᠢᠯ᠎ᠤᠨ ᠤᠢ ᠪᠤᠯᠤᠨ᠎ᠠ᠂ ᠨᠡᠢᠬᠡᠮ ᠵᠢᠷᠤᠮᠳᠤ ᠤᠳᠤᠬᠢᠴᠢᠯᠠᠭ᠍ᠰᠠᠠ ᠤᠯᠤᠰ᠎ᠢ ᠪᠦᠬᠦ᠌ ᠲᠠᠯ᠎ᠠ᠎ᠪᠠᠷ ᠪᠦᠳᠤᠬᠡᠨ ᠪᠠᠢᠭᠤᠯᠬᠤ ᠱᠢᠨ᠎ᠠ ᠠᠶᠠᠨ᠎ᠤ ᠠᠩᠬᠠᠨ᠎ᠤ ᠵᠢᠯ ᠪᠤᠯᠤᠨ᠎ᠠ᠃ ᠡᠨᠡ ᠬᠦ᠌ ᠪᠡᠯᠭᠡ ᠲᠡᠮᠳᠡᠭ᠎ᠤᠨ ᠤᠳᠭ᠎ᠠ ᠠᠭᠤᠯᠭ᠎ᠠ᠎ᠲᠠᠢ ᠨᠢᠬᠡ ᠵᠢᠯ᠎ᠳᠤ᠂ ᠨᠠᠮ᠎ᠤᠨ ᠲᠦᠪ ᠬᠤᠷᠢᠶ᠎ᠠ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯᠳᠤᠭᠠᠨ᠎ᠢ ᠠᠩᠬ᠎ᠠ ᠤᠳᠠᠭ᠎ᠠ ᠬᠤᠷᠠᠯᠳᠤᠭᠤᠯᠵᠤ᠂ ᠶᠠᠷᠤᠩᠬᠡᠢ ᠱᠦᠵᠢ ᠰᠢ᠎ᠶ᠋ᠢᠨ ᠫᠢᠩ ᠴᠢᠬᠤᠯᠠ ᠶᠠᠷᠢᠶ᠎ᠠ ᠲᠠᠯᠪᠢᠵᠤ᠂ ᠱᠢᠨ᠎ᠠ ᠴᠠᠭ ᠦᠶ᠎ᠠ᠎ᠶ᠋ᠢᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠰᠠᠢᠳᠤᠷ ᠬᠢᠬᠦ᠌ ᠱᠢᠨ᠎ᠠ ᠪᠠᠢᠷᠢ ᠳᠤᠭ᠍ᠳᠠᠭᠠᠯᠳᠠ᠂ ᠱᠢᠨ᠎ᠠ ᠬᠠᠷᠠᠯᠳᠠ᠂ ᠱᠢᠨ᠎ᠠ ᠱᠠᠭᠠᠷᠳᠠᠯᠭ᠎ᠠ᠎ᠶ᠋ᠢ ᠳᠤᠳᠤᠷᠬᠠᠢ᠌ᠯᠠᠪᠠ᠃ ᠦᠪᠡᠷᠳᠡᠭᠡᠨ ᠵᠠᠰᠠᠬᠤ ᠤᠷᠤᠨ ᠠᠷᠪᠠᠨ ᠨᠢᠬᠡᠳᠤᠬᠡᠷ ᠤᠳᠠᠭᠠᠨ᠎ᠤ ᠨᠠᠮ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ ᠪᠤᠯᠤᠨ ᠨᠠᠮ᠎ᠤᠨ ᠬᠤᠷᠢᠶ᠎ᠠ᠎ᠶ᠋ᠢᠨ ᠠᠷᠪᠠᠨ ᠨᠢᠬᠡᠳᠤᠬᠡᠷ ᠬᠤᠭᠤᠴᠠᠭᠠᠨ᠎ᠤ ᠬᠤᠶᠠᠳᠤᠭᠠᠷ ᠪᠦᠬᠦᠳᠡ ᠬᠤᠷᠠᠯᠳᠤᠭᠠᠨ ᠵᠢᠴᠢ ᠪᠦᠬᠦ᠌ ᠤᠷᠤᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠢ ᠬᠤᠷᠠᠯᠳᠤᠭᠤᠯᠵᠤ᠂ ᠤᠳᠤᠬᠢ ᠪᠠ ᠬᠤᠢᠱᠢᠳᠠ᠎ᠶ᠋ᠢᠨ ᠨᠢᠬᠡ ᠬᠤᠭᠤᠴᠠᠭᠠᠨ᠎ᠤ ᠠᠵᠤ ᠠᠬᠤᠢ ᠨᠡᠢᠬᠡᠮ᠎ᠤᠨ ᠬᠦᠭ᠌ᠵᠢᠯᠳᠠ᠎ᠶ᠋ᠢᠨ ᠠᠵᠢᠯ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠳᠠ ᠬᠢᠪᠠ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠠ ᠴᠠᠭ ᠦᠶ᠎ᠠ᠎ᠶ᠋ᠢᠨ ᠳᠤᠮᠳᠠᠳᠤ ᠤᠯᠤᠰ᠎ᠤᠨ ᠤᠨᠴᠠᠯᠢᠬ᠎ᠲᠠᠢ ᠨᠡᠢᠬᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠳᠡᠯᠠᠨ᠂ ᠶᠠᠷᠤᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠲᠦᠷᠢᠮ᠎ᠢ ᠪᠠᠷᠢᠮᠳᠠᠯᠠᠡ ᠲᠡᠬᠦᠯᠳᠡᠷᠵᠢᠬᠦᠯᠬᠦ᠌ ᠴᠢᠬᠤᠯᠠ ᠦᠵᠡᠯ ᠰᠠᠨᠠᠭ᠎ᠠ᠎ᠶ᠋ᠢ ᠬᠦᠨᠵᠡᠬᠡᠢ ᠰᠤᠷᠤᠯᠴᠠᠨ ᠲᠤᠭᠤᠱᠢᠯᠠᠭᠤᠯᠵᠤ᠂ ᠶᠠᠷᠤᠩᠬᠡᠢ ᠱᠦᠵᠢ ᠰᠢ᠎ᠶ᠋ᠢᠨ ᠫᠢᠩ᠎ᠤᠨ ᠦᠪᠤᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ᠎ᠶ᠋ᠢᠨ ᠵᠤᠷᠢᠬ ᠰᠠᠨᠠᠭ᠎ᠠ᠎ᠶ᠋ᠢ ᠬᠦᠨᠵᠡᠬᠡᠢ ᠰᠤᠷᠤᠯᠴᠠᠠ ᠦᠢᠯᠡᠳᠦᠯᠭᠡᠵᠢᠭᠦᠯᠵᠦ᠍᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠶ᠋ᠢᠨ ᠤᠳᠤᠷᠢᠳᠤᠯᠭ᠎ᠠ ᠳᠤᠤᠷ᠎ᠠ᠂ ᠨᠠᠮ᠎ᠤᠨ ᠲᠦᠪ ᠬᠤᠷᠢᠶᠠᠨ᠎ᠤ ᠴᠢᠬᠤᠯᠠ ᠶᠡᠭᠡ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠲᠠᠭᠠᠵᠤ᠂ ᠬᠠᠤᠯᠢᠵᠢᠯ᠎ᠤᠨ ᠪᠠᠢᠭᠤᠯᠤᠯᠳᠠ᠎ᠶ᠋ᠢ ᠠᠷᠠᠳ ᠤᠯᠠᠨ᠎ᠤ ᠵᠤᠯ ᠵᠢᠷᠭᠠᠯᠳᠤ ᠠᠮᠢᠳᠤᠷᠠᠯ ᠬᠦᠰᠡᠯ ᠱᠠᠭᠠᠷᠳᠠᠯᠭ᠎ᠠ᠎ᠲᠠᠢ ᠴᠢᠩᠭ᠎ᠠ ᠨᠡᠢᠴᠡᠭᠦᠯᠵᠦ᠍᠂ ᠤᠯᠤᠰ᠎ᠤᠨ ᠵᠠᠰᠠᠯᠳᠠ᠎ᠶ᠋ᠢᠨ ᠳᠤᠭ᠍ᠳᠠᠯᠴᠠᠭᠠ ᠪᠠ ᠵᠠᠰᠠᠯᠳᠠ᠎ᠶ᠋ᠢᠨ ᠴᠢᠳᠠᠪᠤᠷᠢ᠎ᠶ᠋ᠢ ᠤᠳᠤᠬᠢᠴᠢᠯᠠᠬᠤ᠂ ᠨᠡᠢᠬᠡᠮ ᠵᠢᠷᠤᠮᠳᠤ ᠤᠳᠤᠬᠢᠴᠢᠯᠠᠭ᠍ᠰᠠᠠ ᠤᠯᠤᠰ᠎ᠢ ᠪᠦᠬᠦ᠌ ᠲᠠᠯ᠎ᠠ᠎ᠪᠠᠷ ᠪᠦᠳᠤᠬᠡᠨ ᠪᠠᠢᠭᠤᠯᠬᠤ ᠬᠡᠷᠡᠭ᠌ᠴᠡᠭᠡ᠎ᠲᠠᠢ ᠤᠶᠠᠯᠳᠤᠭᠤᠯᠵᠤ᠂ ᠬᠠᠤᠯᠢ᠎ᠪᠠᠷ ᠳᠤᠭ᠍ᠳᠠᠭᠠᠭ᠍ᠰᠠᠨ ᠡᠬᠦᠷᠬᠡ ᠴᠢᠳᠡᠪᠤᠷᠢ᠎ᠪᠠᠨ ᠦᠷ᠎ᠠ ᠪᠦᠳᠤᠮᠵᠢᠳᠡᠢ ᠬᠦᠢᠴᠡᠳᠭᠡᠵᠤ᠂ ᠦᠪᠤᠷ ᠮᠤᠩᠭᠤᠯ᠎ᠤᠨ ᠤᠳᠤᠬᠢᠴᠢᠯᠠᠯᠳᠠ᠎ᠶ᠋ᠢᠨ ᠪᠦᠳᠤᠬᠡᠨ ᠪᠠᠢᠭᠤᠯᠤᠯᠳᠠ᠎ᠶ᠋ᠢ ᠲᠦᠯᠬᠢᠨ ᠠᠬᠢᠭᠤᠯᠬᠤ᠎ᠳᠤ ᠬᠤᠪᠢ ᠨᠡᠮᠡᠷᠢ᠎ᠪᠠᠨ ᠦᠵᠡᠬᠦᠯᠪᠠ᠃
ᠨᠢᠬᠡ ᠵᠢᠯ᠎ᠤᠨ ᠳᠤᠷᠰᠢ᠂ ᠪᠢᠳᠠ ᠨᠠᠮ᠎ᠠᠴᠠ ᠪᠦᠬᠦ᠌ ᠲᠠᠯ᠎ᠠ᠎ᠶ᠋ᠢ ᠤᠳᠤᠷᠢᠳᠭᠤ ᠬᠠᠮᠤᠭ᠎ᠤᠨ ᠲᠡᠬᠡᠳᠤ ᠤᠯᠤᠰ ᠲᠦᠷᠤ᠎ᠶ᠋ᠢᠨ ᠵᠠᠷᠴᠢᠮ᠎ᠢ ᠪᠠᠷᠢᠮᠳᠠᠯᠠᠵᠤ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠪᠠᠨ ᠰᠢ᠎ᠶ᠋ᠢᠨ ᠫᠢᠩ ᠨᠦᠬᠦᠷ᠎ᠢᠶᠠᠷ ᠭᠤᠤᠯ ᠪᠤᠯᠭᠠᠭ᠍ᠰᠠᠠ ᠨᠠᠮ᠎ᠤᠨ ᠲᠦᠪ ᠬᠤᠷᠢᠶ᠎ᠠ᠎ᠲᠠᠢ ᠲᠡᠬᠡᠳᠤ ᠬᠡᠮᠵᠢᠶ᠎ᠠ᠎ᠪᠠᠷ ᠨᠢᠬᠡᠳᠤᠯᠳᠡᠢ ᠪᠠᠢᠯᠭᠠᠪᠠ᠃ ᠨᠠᠮ᠎ᠠᠴᠠ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠤᠳᠤᠷᠢᠳᠭᠤ ᠡᠯ᠎ᠠ ᠵᠦᠢᠯ᠎ᠤᠨ ᠲᠦᠷᠢᠮ᠎ᠢ ᠴᠢᠩᠭ᠎ᠠ ᠬᠡᠷᠡᠭ᠌ᠵᠢᠬᠦᠯᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠨᠠᠢᠳᠡᠪᠤᠷᠢᠵᠢᠭᠤᠯᠵᠤ᠂ ᠪᠦᠬᠦ᠌ ᠵᠢᠯ᠎ᠳᠤ 1 ᠤᠳᠠᠭᠠᠨ᠎ᠤ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯᠳᠤᠭᠠᠨ᠂ 3 ᠤᠳᠠᠭᠠᠨ᠎ᠤ ᠪᠠᠢᠩᠭᠤ᠎ᠶ᠋ᠢᠨ ᠬᠤᠷᠢᠶᠠᠨ᠎ᠤ ᠬᠤᠷᠠᠯᠳᠤᠭᠠᠨ᠎ᠢ ᠨᠡᠮᠡᠨ ᠬᠤᠷᠠᠯᠳᠤᠭᠤᠯᠵᠤ᠂ ᠴᠢᠬᠤᠯᠠ ᠶᠡᠭᠡ ᠵᠦᠢᠯᠡᠰ᠎ᠤᠨ ᠳᠤᠬᠠᠢ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠎ᠳᠤ 59 ᠤᠳᠠᠭ᠎ᠠ ᠮᠡᠳᠡᠬᠦᠯᠤᠨ ᠵᠢᠭᠠᠪᠤᠷᠢ ᠠᠪᠴᠤ᠌᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠨᠠᠮ᠎ᠤᠨ ᠲᠦᠪ ᠬᠤᠷᠢᠶᠠᠨ᠎ᠤ ᠴᠢᠬᠤᠯᠠ ᠶᠡᠭᠡ ᠲᠦᠷᠦ᠍᠎ᠶ᠋ᠢᠨ ᠪᠤᠳᠤᠯᠭ᠎ᠠ ᠴᠢᠭ᠌ᠯᠡᠯᠳᠡ᠎ᠶ᠋ᠢᠨ ᠱᠢᠢᠳᠪᠤᠷᠢᠳᠤ ᠪᠤᠳᠤᠯᠭ᠎ᠠ ᠪᠠᠢᠷᠢᠯᠠᠭᠤᠯᠤᠯᠳᠠ᠎ᠶ᠋ᠢ ᠳᠤᠭᠤᠱᠢᠯᠠᠭᠤᠯᠤᠨ ᠨᠡᠢᠳᠡᠪᠤᠷᠢᠵᠢᠭᠤᠯᠬᠤᠶ᠋ᠢ ᠪᠦᠬᠦ᠌ ᠲᠡᠯ᠎ᠠ᠎ᠪᠠᠷ ᠳᠤᠭᠤᠱᠢᠯᠠᠭᠤᠯᠬᠤ ᠪᠠ ᠦᠷ᠎ᠠ ᠪᠦᠳᠤᠮᠵᠢᠳᠡᠢ᠎ᠪᠠᠷ ᠬᠦᠢᠴᠡᠳᠭᠡᠬᠦ᠌᠎ᠶ᠋ᠢ ᠦᠨᠡᠨ ᠬᠦ᠌ ᠪᠠᠳᠤᠯᠠᠪᠠ᠃
ᠨᠢᠬᠡ ᠵᠢᠯ᠎ᠤᠨ ᠳᠤᠷᠰᠢ᠂ ᠪᠢᠳᠠ ᠭᠤᠣᠯᠳᠠᠯᠭ᠎ᠠ᠎ᠶ᠋ᠢᠨ ᠳᠤᠭᠤᠷᠢᠨ᠎ᠳᠤ ᠶᠡᠭᠡ ᠲᠠᠯ᠎ᠠ᠎ᠳᠤ ᠤᠢ᠍ᠢᠯᠡᠴᠢᠯᠠᠬᠦ᠌ᠶ᠋ᠢ ᠪᠠᠷᠢᠮᠳᠡᠯᠡᠵᠤ᠂ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠥᠨᠳᠥᠷ ᠦᠷ᠎ᠠ ᠪᠦᠳᠤᠮᠵᠢᠳᠡᠢ᠎ᠪᠠᠷ ᠬᠦᠢᠴᠡᠳᠭᠡᠪᠡ᠃ ᠬᠠᠤᠯᠢ ᠳᠤᠭ᠍ᠳᠠᠭᠠᠵᠤ ᠵᠠᠰᠠᠪᠦᠷᠢ ᠤᠷᠤᠭᠤᠯᠬᠤ ᠠᠯᠬᠤᠮ᠎ᠢᠶᠠᠨ ᠲᠦᠷᠬᠡᠳᠭᠡᠵᠤ᠂ 50 ᠬᠤᠪᠢ ᠬᠠᠤᠯᠢ ᠳᠤᠭ᠍ᠳᠠᠭᠠᠯ᠎ᠢ ᠲᠣᠭ᠍ᠲᠠᠭᠠᠵᠤ ᠵᠠᠰᠠᠪᠤᠷᠢ ᠣᠷᠣᠭᠤᠯᠬᠤ ᠪᠠ ᠵᠥᠪᠱᠢᠶᠡᠷᠡᠵᠦ᠍᠂ 30 ᠬᠤᠪᠢ ᠬᠠᠤᠯᠢ ᠳᠤᠭ᠍ᠳᠠᠭᠠᠯ ᠪᠠ ᠳᠤᠰᠭᠠᠢ ᠲᠦᠷᠢᠮ᠎ᠢ ᠬᠦᠴᠤᠨ ᠦᠬᠡᠢ ᠪᠤᠯᠭᠠᠬᠤ᠎ᠶ᠋ᠢ ᠵᠥᠪᠱᠢᠶᠡᠷᠡᠵᠦ᠍᠂ 4 ᠬᠤᠪᠢ ᠬᠠᠤᠯᠢ ᠳᠤᠭ᠍ᠳᠠᠭᠠᠯᠤᠨ ᠲᠦᠰᠤᠯ᠎ᠢ ᠠᠩᠬ᠎ᠠ ᠤᠳᠠᠭ᠎ᠠ ᠬᠢᠨᠠᠪᠠ; ᠬᠠᠤᠯᠢ ᠲᠦᠷᠢᠮ᠎ᠢ ᠴᠡᠪᠡᠷᠯᠡᠬᠦ᠌᠎ᠶ᠋ᠢ ᠪᠦᠬᠦ᠌ ᠲᠠᠯ᠎ᠠ᠎ᠪᠠᠷ ᠦᠷᠨᠢᠬᠦᠯᠵᠤ᠂ ᠳᠤᠭ᠍ᠳᠠᠭᠠᠬᠤ ᠵᠠᠰᠠᠪᠤᠷᠢ ᠤᠷᠤᠭᠤᠯᠬᠤ ᠬᠦᠴᠤᠨ ᠦᠬᠡᠢ ᠪᠤᠯᠭᠠᠬᠤ ᠠᠵᠢᠯ᠎ᠢ ᠳᠤᠭ᠍ᠳᠠᠭᠤᠨ᠎ᠢᠶᠠᠷ ᠡᠮᠬᠢ ᠵᠢᠷᠤᠮ᠎ᠲᠠᠢ ᠠᠬᠢᠭᠤᠯᠵᠤ᠂ ᠤᠯᠤᠰ᠎ᠤᠨ ᠬᠠᠤᠯᠢᠵᠢᠯ᠎ᠤᠨ ᠨᠢᠬᠡᠳᠤᠯᠳᠠᠢ ᠪᠠᠢᠬᠤ᠎ᠶ᠋ᠢ ᠦᠨᠡᠨ ᠬᠦ᠌ ᠬᠠᠮᠠᠭᠠᠯᠠᠵᠤ᠂ ᠰᠠᠢᠨ ᠬᠠᠤᠯᠢ᠎ᠪᠠᠷ ᠬᠦᠭ᠌ᠵᠢᠯᠳᠠ᠎ᠶ᠋ᠢ ᠠᠬᠢᠭᠤᠯᠵᠤ᠂ ᠴᠢᠳᠠᠮᠠᠭᠠᠢ ᠵᠠᠰᠠᠯᠳᠠ᠎ᠶ᠋ᠢ ᠪᠠᠲᠤᠯᠠᠪᠠ᠃ ᠦᠨᠳᠤᠰᠤᠨ ᠬᠠᠤᠯᠢ ᠬᠠᠤᠯᠢ ᠴᠠᠭᠠᠵᠠ᠎ᠠᠴᠠ ᠤᠯᠭᠤᠭ᠍ᠰᠠᠠ ᠬᠢᠨᠠᠯᠳᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠬᠦᠢᠴᠡᠳᠭᠡᠵᠤ᠂ 43 ᠲᠦᠷᠤᠯ᠎ᠤᠨ ᠬᠢᠨᠠᠯᠳᠠ ᠲᠠᠯᠪᠢᠬᠤ ᠠᠵᠢᠯ᠎ᠢ ᠦᠷᠨᠢᠬᠦᠯᠵᠤ᠂ 16 ᠬᠤᠪᠢ ᠱᠢᠢᠳᠪᠦᠷᠢ ᠲᠤᠬ᠍ᠳᠠᠭᠠᠯ ᠳᠤᠭ᠍ᠳᠠᠭᠠᠵᠤ᠂ ᠤᠯᠤᠰ᠎ᠤᠨ ᠠᠯᠪᠠᠨ ᠪᠠᠢᠭᠤᠯᠭ᠎ᠠ᠎ᠶ᠋ᠢᠨ ᠠᠵᠢᠯᠳᠠᠨ᠎ᠢ 315 ᠬᠦᠮᠤᠨ (ᠤᠳᠠᠭ᠎ᠠ) ᠳᠤᠮᠢᠯᠠᠬᠤ ᠪᠠ ᠪᠠᠭᠤᠯᠭᠠᠵᠤ᠂ ᠨᠡᠮ ᠪᠤᠯᠤᠨ ᠤᠯᠤᠰ᠎ᠤᠨ ᠠᠵᠢᠯ᠎ᠤᠨ ᠭᠤᠤᠯᠳᠠᠯᠭ᠎ᠠ ᠬᠠᠮᠢᠭ᠎ᠠ ᠪᠠᠢᠪᠠᠯ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯ ᠲᠠᠨᠳᠡ ᠬᠦᠷᠴᠤ᠌᠂ ᠤᠢ᠍ᠢᠯᠠᠳᠤᠯᠢᠶᠠᠨ ᠬᠦᠢᠴᠠᠳ ᠪᠠᠳᠠᠷᠠᠭᠤᠯᠬᠤ᠎ᠶ᠋ᠢ ᠦᠨᠡᠨ ᠬᠦ᠌ ᠪᠡᠶᠡᠯᠡᠭᠦᠯᠪᠡ᠃
ᠨᠢᠬᠡ ᠵᠢᠯ᠎ᠤᠨ ᠳᠤᠷᠰᠢ᠂ ᠪᠢᠳᠠ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠡᠮᠬᠢ ᠵᠢᠷᠤᠮ᠎ᠲᠠᠢ᠎ᠪᠠᠷ ᠤᠯᠤᠰ ᠲᠥᠷᠥ᠎ᠳᠤ ᠣᠷᠣᠯᠴᠠᠬᠤ᠎ᠶ᠋ᠢ ᠲᠠᠰᠤᠷᠠᠯᠲᠠ ᠦᠭᠡᠢ ᠥᠷᠭᠡᠳᠭᠡᠪᠡ᠃ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠢ ᠠᠰᠠᠭᠤᠳᠠᠯ᠎ᠳᠤ ᠬᠠᠨᠳᠤᠭᠤᠯᠤᠨ ᠬᠠᠤᠯᠢ ᠲᠣᠭ᠍ᠳᠠᠭᠠᠯᠳᠠᠶ᠋ᠢᠨ ᠭᠡᠷᠡᠴᠢ ᠰᠣᠨᠣᠰᠭᠤ ᠬᠤᠷᠠᠯ᠎ᠢ ᠬᠤᠷᠠᠯᠳᠤᠭᠤᠯᠵᠤ᠂ ᠭᠤᠤᠯᠳᠠᠯᠭ᠎ᠠ᠎ᠲᠠᠢ ᠬᠠᠤᠯᠢ ᠳᠤᠭ᠍ᠳᠠᠭᠠᠯᠳᠤ ᠬᠠᠨᠳᠤᠭᠤᠯᠤᠨ ᠤᠯᠠᠨ ᠤᠳᠠᠭ᠎ᠠ ᠪᠠᠢᠴᠠᠭᠠᠨ ᠰᠤᠳᠤᠯᠤᠯᠲᠠ ᠬᠢᠵᠦ᠍᠂ ᠤᠯᠠᠨ ᠡᠬᠡᠯᠵᠢ᠎ᠶ᠋ᠢᠨ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠤᠯᠠᠨ ᠲᠠᠯ᠎ᠠ᠎ᠪᠠᠷ ᠨᠤᠳᠠᠯᠠᠵᠤ᠂ ᠤᠯᠠᠨ ᠲᠦᠮᠡᠨ᠎ᠤ ᠰᠠᠨᠠᠯ᠎ᠢ ᠬᠠᠤᠯᠢ ᠳᠤᠭ᠍ᠳᠠᠭᠠᠬᠤ᠎ᠳᠤ ᠴᠢᠬᠤᠯᠠ ᠯᠠᠪᠯᠠᠯᠳᠠ ᠪᠤᠯᠭᠠᠵᠠᠢ᠃ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠢᠶᠠᠷ ᠵᠦᠪᠳᠡᠯᠴᠡᠬᠦ᠂ ᠬᠠᠤᠯᠢ ᠳᠤᠭ᠍ᠳᠠᠭᠠᠬᠤ᠎ᠳᠤ ᠵᠦᠪᠳᠡᠯᠴᠡᠬᠦ᠌ᠶ᠋ᠢ ᠢᠳᠡᠪᠬᠢᠳᠡᠢ ᠠᠬᠢᠭᠤᠯᠵᠤ᠂ ᠠᠷᠠᠳ᠎ᠤᠨ ᠲᠦᠯᠦᠬᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠠᠷᠠᠳ ᠤᠯᠠᠨ᠎ᠤ ᠳᠤᠮᠳᠠ ᠦᠨᠳᠤᠰᠤᠯᠡᠬᠦᠯᠬᠦ᠌ᠶ᠋ᠢ ᠦᠨᠡᠨ ᠬᠦ᠌ ᠰᠠᠢᠳᠤᠷ ᠬᠢᠪᠠ᠃
ᠨᠢᠬᠡ᠂ ᠱᠢᠨ᠎ᠠ᠎ᠶ᠋ᠢ ᠡᠬᠦᠳᠬᠦ᠌ ᠬᠦᠳᠡᠯᠬᠡᠬᠦᠷ᠎ᠲᠤ ᠠᠩᠬᠠᠷᠤᠯ᠎ᠢᠶᠠᠨ ᠲᠦᠪᠯᠡᠷᠡᠬᠦᠯᠵᠤ ᠂ ᠬᠤᠳᠠᠯᠳᠤᠭ᠎ᠠ ᠡᠵᠡᠩᠨᠡᠬᠦ᠌ ᠤᠷᠴᠢᠨ ᠨᠦᠬᠦᠴᠠᠯ᠎ᠢ ᠰᠢᠯᠢᠳᠡᠭᠵᠢᠬᠦᠯᠦᠨ᠂ ᠠᠵᠤ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠠ᠎ᠶ᠋ᠢ ᠠᠬᠢᠭᠤᠯᠪᠠ
ᠱᠢᠨ᠎ᠠ᠎ᠶ᠋ᠢ ᠡᠬᠦᠳᠬᠦ᠌ ᠬᠦᠳᠡᠯᠬᠡᠬᠦᠷ᠎ᠤᠨ ᠳᠤᠳᠠᠭᠤᠳᠠᠯ᠎ᠢ ᠱᠢᠢᠳᠪᠤᠷᠢᠯᠡᠬᠦ᠌᠎ᠶ᠋ᠢᠨ ᠳᠤᠭᠤᠷᠢᠨ᠎ᠳᠤ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠠᠷ ᠦᠪᠤᠷ ᠮᠤᠩᠭᠤᠯ᠎ᠢ ᠬᠦᠭ᠌ᠵᠢᠬᠦᠯᠤᠨ ᠮᠠᠨᠳᠤᠭᠤᠯᠬᠤ》 ᠠᠵᠢᠯᠯᠠᠭ᠎ᠠ᠎ᠶ᠋ᠢ ᠬᠦᠨᠵᠡᠬᠡᠢ ᠬᠡᠷᠡᠭ᠌ᠵᠢᠬᠦᠯᠬᠦ᠌᠎ᠶ᠋ᠢ ᠠᠬᠢᠭᠤᠯᠪᠠ᠃ ᠱᠢᠨᠵᠢᠯᠡᠬᠦ᠌ ᠤᠬᠠᠭᠠᠨ ᠲᠸᠭᠨᠢᠭ ᠮᠡᠷᠬᠡᠵᠢᠯ᠎ᠤᠨ ᠲᠠᠪᠱᠢᠯᠳᠠ᠎ᠶ᠋ᠢᠨ ᠬᠠᠤᠯᠢ ᠪᠤᠯᠤᠨ ᠱᠢᠨᠵᠢᠯᠡᠬᠦ᠌ ᠤᠬᠠᠭᠠᠨ ᠲᠸᠭᠨᠢᠭ ᠮᠡᠷᠬᠡᠵᠢᠯ᠎ᠤᠨ ᠲᠠᠪᠱᠢᠯᠳᠠ᠎ᠶ᠋ᠢᠨ ᠲᠦᠷᠢᠮ᠎ᠤᠨ ᠳᠤᠬᠠᠢ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠳᠠ᠎ᠶ᠋ᠢ ᠦᠷᠨᠢᠬᠦᠯᠵᠤ᠂ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢ ᠨᠠᠢᠳᠡᠪᠤᠷᠢᠵᠢᠭᠤᠯᠵᠤ ᠪᠠᠢᠬᠤ ᠡᠰᠡᠬᠦ᠂ ᠬᠠᠤᠯᠢ᠎ᠶ᠋ᠢ ᠬᠡᠷᠡᠭ᠌ᠵᠢᠬᠦᠯᠦᠭ᠌ᠰᠡᠡ ᠦᠷ᠎ᠠ ᠪᠦᠳᠤᠮᠵᠢ ᠢᠯᠡᠳᠳᠡ ᠪᠠᠢᠬᠤ ᠡᠰᠡᠬᠦ᠌᠎ᠶ᠋ᠢᠨ ᠳᠤᠭᠤᠷᠢᠨ᠎ᠳᠤ ᠭᠤᠣᠯᠳᠠᠯᠭ᠎ᠠ᠎ᠲᠠᠢ ᠪᠠᠢᠴᠠᠭᠠᠯᠳᠠ ᠦᠷᠨᠢᠬᠦᠯᠵᠤ᠂ 18 ᠠᠰᠠᠭᠤᠳᠠᠯ᠎ᠢ ᠪᠠᠭ᠍ᠳᠠᠭᠠᠭ᠍ᠰᠠᠨ ᠨᠠᠷᠢᠨ ᠲᠠᠩᠰᠠ᠎ᠶ᠋ᠢ ᠪᠦᠷᠢᠯᠳᠤᠬᠦᠯᠵᠤ᠂ ᠮᠠᠨ᠎ᠤ ᠤᠷᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌᠎ᠳᠠᠬᠢ ᠤᠷᠤᠭᠤᠯᠤᠯᠳᠠ ᠬᠠᠤᠯᠢ᠎ᠪᠠᠷ ᠳᠤᠭ᠍ᠳᠠᠭᠠᠭ᠍ᠰᠠᠨ ᠬᠠᠷᠢᠴᠠᠯ᠎ᠳᠤ ᠬᠦᠷᠦᠭ᠌ᠰᠡᠡ ᠦᠬᠡᠢ᠂ ᠠᠵᠤ ᠠᠬᠤᠢ᠌ᠯᠠᠯ᠎ᠤᠨ ᠱᠢᠨ᠎ᠠ᠎ᠶ᠋ᠢ ᠡᠬᠦᠳᠬᠦ᠌ ᠭᠤᠤᠯ ᠴᠤᠭ᠍ᠴᠠ᠎ᠶ᠋ᠢᠨ ᠤᠬᠠᠮᠰᠠᠷ ᠴᠢᠩᠭ᠎ᠠ ᠪᠤᠰᠤ᠂ ᠲᠡᠬᠡᠳᠤ ᠲᠠᠰ᠎ᠤᠨ ᠱᠢᠨ᠎ᠠ᠎ᠶ᠋ᠢ ᠡᠬᠦᠳᠬᠦ᠌ ᠲᠠᠪᠴᠠᠩ ᠴᠦᠬᠡᠨ᠂ ᠲᠡᠬᠡᠳᠤ ᠱᠢᠨ᠎ᠠ ᠮᠡᠷᠬᠡᠵᠢᠯ᠎ᠤᠨ ᠠᠵᠤ ᠠᠬᠤᠢ᠌ᠯᠠᠯ᠎ᠤᠨ ᠬᠦᠮᠤᠵᠢᠬᠦᠯᠦᠯ ᠬᠦᠷᠤᠯᠴᠡᠬᠦ᠌ ᠦᠬᠡᠢ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠠ᠎ᠶ᠋ᠢ ᠡᠬᠦᠳᠬᠦ᠌ ᠴᠢᠳᠡᠪᠤᠷᠢᠳᠡᠨ ᠬᠦᠷᠤᠯᠴᠡᠬᠦ᠌ ᠦᠬᠡᠢ ᠵᠡᠷᠬᠡ ᠠᠰᠠᠭᠤᠳᠠᠯ᠎ᠢ ᠭᠤᠣᠯᠳᠠᠯᠭ᠎ᠠ᠎ᠲᠠᠢ᠎ᠪᠠᠷ ᠱᠢᠢᠳᠪᠤᠷᠢᠯᠡᠬᠦ᠌ ᠬᠡᠷᠡᠭ᠌ᠳᠡᠢ ᠬᠡᠵᠤ ᠳᠤᠷᠠᠳᠴᠠᠢ᠃ ᠡᠳ᠋᠎ᠤᠨ ᠵᠠᠰᠠᠭ᠎ᠤᠨ ᠱᠢᠨᠵᠢᠯᠡᠬᠦ᠌ ᠤᠬᠠᠭᠠᠨ ᠮᠡᠷᠬᠡᠵᠢᠯ᠎ᠳᠠᠬᠢ ᠪᠡᠯᠡ ᠮᠦᠩᠬᠦ᠌᠎ᠶ᠋ᠢᠨ ᠬᠤᠪᠢᠶᠠᠷᠢᠯᠠᠯᠳᠠ ᠪᠠ ᠬᠡᠷᠡᠭ᠌ᠯᠡᠯᠲᠡ᠎ᠶ᠋ᠢᠨ ᠪᠠᠢᠳᠠᠯ᠎ᠤᠨ ᠳᠤᠬᠠᠢ ᠳᠤᠰᠭᠠᠢ ᠲᠦᠷᠤᠯ᠎ᠤᠨ ᠠᠵᠢᠯ᠎ᠤᠨ ᠮᠡᠳᠡᠬᠦᠯᠤᠯᠳᠠ᠎ᠶ᠋ᠢ ᠰᠤᠨᠤᠰᠴᠤ᠌ ᠬᠢᠨᠡᠨ ᠵᠦᠪᠯᠡᠵᠤ᠂ ᠵᠠᠰᠠᠭ᠎ᠤᠨ ᠤᠷᠳᠤᠨ᠎ᠠᠴᠠ ᠪᠡᠯᠡ ᠮᠦᠩᠬᠦ᠌ ᠬᠠᠮᠢᠶᠠᠷᠬᠤ᠂ ᠲᠦᠷᠤᠯ ᠵᠦᠢᠯ ᠴᠤᠬᠤᠯᠠᠪᠦᠷᠢᠯᠠᠬᠤᠶ᠋ᠢ ᠲᠦᠯᠦᠪᠵᠢᠬᠦᠯᠬᠡ ᠲᠤᠭ᠍ᠳᠠᠭᠠᠬᠤ᠂ ᠪᠠᠷᠢᠮᠵᠢᠶ᠎ᠠ ᠳᠤᠭ᠍ᠳᠠᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠬᠡᠵᠢᠯ᠎ᠤᠨ ᠪᠤᠭᠤᠮᠳᠠ ᠱᠢᠪᠳᠤᠯᠤᠯᠳᠠ᠎ᠶ᠋ᠢ ᠵᠤᠬᠢᠶᠠᠨ ᠪᠠᠢᠭᠤᠯᠬᠤ᠂ ᠤᠢ᠍ᠢᠯᠡᠴᠢᠯᠡᠭᠡ᠎ᠶ᠋ᠢᠨ ᠱᠢᠨ᠎ᠠ᠎ᠶ᠋ᠢ ᠡᠬᠦᠳᠬᠦ᠌ ᠪᠤᠯᠭᠠᠨ ᠬᠤᠪᠢᠷᠠᠭᠤᠯᠬᠤ᠎ᠶ᠋ᠢ ᠱᠢᠪᠡᠳᠡᠭᠤᠯᠵᠤ᠂ ᠱᠢᠨᠵᠢᠯᠡᠭᠡ ᠤᠬᠠᠭᠠᠨ ᠲᠸᠭᠨᠢᠭ ᠮᠡᠷᠬᠡᠵᠢᠯ᠎ᠤᠨ ᠱᠢᠨ᠎ᠠ ᠡᠬᠦᠳᠤᠯᠳᠠ᠎ᠪᠠᠷ ᠳᠤᠯᠭᠠᠭᠤᠷᠢᠯᠠᠭ᠍ᠰᠠᠠ ᠬᠦᠭ᠌ᠵᠢᠯᠳᠠ᠎ᠶ᠋ᠢᠨ ᠱᠢᠨ᠎ᠠ ᠲᠠᠪᠠᠭᠤᠯᠢᠬ᠎ᠢ ᠲᠦᠷᠬᠡᠳᠭᠡᠨ ᠪᠦᠳᠤᠬᠡᠨ ᠪᠠᠢᠭᠤᠯᠪᠠ᠃
ᠬᠠᠣᠯᠢᠵᠢᠭᠤᠯᠤᠭ᠍ᠰᠠᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠪᠦᠷᠢᠯᠳᠦᠭᠦᠯᠬᠦ᠌᠎ᠶ᠋ᠢᠨ ᠲᠣᠭᠤᠷᠢᠨ᠎ᠳᠤ᠂ ᠬᠤᠳᠠᠯᠳᠣᠭᠠᠴᠢᠨ ᠤᠷᠢᠵᠦ᠍ ᠪᠡᠯᠡ ᠤᠷᠤᠭᠤᠯᠬᠤ ᠭᠥᠴᠥᠯᠡᠴᠠᠪᠠᠨ ᠨᠡᠮᠡᠭ᠌ᠳᠡᠭᠦᠯᠵᠦ᠍᠂ ᠠᠵᠤ ᠥᠢᠯᠡᠰ᠎ᠤᠨ ᠴᠢᠬᠤᠯᠠ ᠶᠡᠭᠡ ᠲᠥᠷᠥᠯ ᠵᠥᠢᠯ᠎ᠤᠨ ᠪᠦᠲᠦᠭᠡᠨ ᠪᠠᠢᠭᠤᠯᠤᠯᠳᠠ᠎ᠶ᠋ᠢ ᠲᠦᠯᠬᠢᠨ ᠠᠬᠢᠭᠤᠯᠤᠭ᠍ᠰᠠᠨ ᠪᠠᠢᠳᠠᠯ᠎ᠤᠨ ᠮᠡᠳᠡᠭᠦᠯᠤᠯᠳᠡ᠎ᠶ᠋ᠢ ᠰᠣᠨᠣᠰᠴᠤ᠌ ᠬᠢᠨᠡᠨ ᠵᠥᠪᠯᠡᠬᠦ᠌᠎ᠶ᠋ᠢᠨ ᠬᠠᠮᠳᠣ ᠲᠣᠰᠭᠠᠢ ᠯᠠᠪᠯᠠᠨ ᠠᠰᠠᠭᠤᠯᠲᠠ᠎ᠶ᠋ᠢ ᠥᠷᠨᠢᠭᠦᠯᠵᠦ᠍᠂ ᠭᠤᠣᠯᠳᠠᠯᠭ᠎ᠠ᠎ᠲᠠᠢ ᠠᠵᠦ᠍ ᠥᠢᠯᠡᠰ᠎ᠤᠨ ᠲᠥᠷᠥᠯ ᠵᠥᠢᠯ᠎ᠳᠤ ᠲᠣᠰᠭᠠᠢ ᠵᠥᠢᠯ᠎ᠢᠶᠠᠷ ᠲᠦᠯᠬᠢᠨ ᠠᠬᠢᠭᠤᠯᠬᠤ ᠬᠠᠷᠢᠭᠤᠴᠠᠯᠭ᠎ᠠ᠎ᠶ᠋ᠢᠨ ᠲᠥᠷᠢᠮ᠎ᠢ ᠭᠡᠷᠡᠭ᠌ᠵᠢᠭᠦᠯᠭᠦᠶ᠋ᠢ ᠲᠣᠷᠠᠳᠴᠦ᠍᠂ ᠭᠤᠤᠯᠳᠠᠯᠭ᠎ᠠ᠎ᠲᠠᠢ ᠠᠵᠦ᠍ ᠥᠢᠯᠡᠰ᠎ᠤᠨ ᠬᠡᠯᠬᠢᠶ᠎ᠠ ᠪᠠ ᠬᠠᠩᠭᠠᠯᠭ᠎ᠠ᠎ᠶ᠋ᠢᠨ ᠬᠡᠯᠬᠢᠶ᠎ᠠ᠎ᠳᠤ 《ᠬᠡᠯᠬᠢᠶᠠᠨ ᠲᠠᠷᠤᠭ᠎ᠠ᠎ᠶ᠋ᠢᠨ ᠲᠥᠷᠢᠮ》 ᠢ ᠭᠡᠷᠡᠭ᠌ᠵᠭᠦᠯᠵᠦ᠍᠂ ᠱᠢᠨ᠎ᠡ ᠭᠥᠳᠡᠯᠭᠡᠭ᠌ᠴᠢ ᠡᠨᠧᠷᠬᠢ᠂ ᠱᠢᠨ᠎ᠡ ᠠᠵᠤ ᠥᠢᠯᠡᠰ᠂ ᠱᠢᠨ᠎ᠡ ᠨᠡᠮᠡᠭ᠌ᠳᠡᠯ᠎ᠤᠨ ᠴᠡᠭ᠎ᠢ ᠬᠦᠴᠦᠯᠡᠨ ᠪᠤᠢᠵᠢᠭᠤᠯᠪᠠ᠃ ᠪᠥᠭᠦ᠌ ᠣᠷᠣᠨ᠎ᠤ ᠱᠢᠭᠦᠭᠦ᠌ ᠬᠤᠷᠢᠶ᠎ᠠ ᠱᠢᠭᠦᠨ ᠲᠠᠰᠣᠯᠬᠤ ᠲᠤᠱᠢᠶᠠᠯ ᠴᠢᠳᠠᠪᠥᠷᠢ᠎ᠶ᠋ᠢᠨ ᠦᠢᠯᠡᠳᠦᠯ᠎ᠢᠶᠠᠨ ᠪᠠᠳᠠᠷᠠᠭᠤᠯᠵᠤ᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠦᠭ᠌ᠰᠡᠨ ᠪᠠᠢᠳᠠᠯ᠎ᠤᠨ ᠮᠡᠳᠡᠭᠦᠯᠤᠯᠳᠡ᠎ᠶ᠋ᠢ ᠰᠣᠨᠣᠰᠣᠨ ᠬᠢᠨᠡᠨ ᠵᠥᠪᠯᠡᠵᠦ᠍᠂ ᠪᠡᠯᠡ ᠣᠷᠣᠭᠤᠯᠬᠤ ᠣᠷᠴᠢᠨ ᠠᠬᠤᠢ᠎ᠶ᠋ᠢ ᠡᠪᠳᠡᠵᠦ᠍᠂ ᠪᠡᠯᠡ ᠣᠷᠣᠭᠤᠯᠣᠭ᠍ᠴᠢᠶ᠋ᠢᠨ ᠠᠱᠢᠭ ᠲᠤᠰᠠ᠎ᠳᠤ ᠬᠤᠤᠷ ᠬᠥᠨᠥᠬᠡᠯ ᠤᠴᠠᠷᠠᠭᠤᠯᠵᠤ᠂ ᠪᠡᠯᠡ ᠣᠷᠣᠭᠤᠯᠬᠤ ᠬᠠᠮᠢᠶᠠᠷᠣᠯᠳᠠ᠎ᠶ᠋ᠢᠨ ᠲᠢᠭ᠌ᠯᠢᠮ᠎ᠢ ᠨᠥᠯᠥᠭᠡᠯᠡᠭ᠌ᠰᠡᠨ ᠵᠡᠷᠭᠡ ᠬᠠᠣᠯᠢ᠎ᠠᠴᠠ ᠵᠥᠷᠢᠴᠡᠭ᠌ᠰᠡᠨ ᠶᠠᠯᠠᠳᠣ ᠠᠵᠢᠯᠯᠠᠭ᠎ᠠ᠎ᠳᠤ ᠬᠠᠣᠯᠢ ᠶᠣᠰᠣᠭᠠᠷ ᠴᠢᠩᠭ᠎ᠠ ᠴᠣᠬᠢᠯᠳᠡ ᠥᠭ᠌ᠬᠦ᠎ᠶ᠋ᠢ ᠱᠢᠪᠠᠳᠠᠭᠤᠯᠪᠠ᠃ ᠬᠦᠬᠡᠬᠤᠳᠠ᠎ᠶ᠋ᠢᠨ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢᠶᠠᠨ ᠱᠢᠯᠢᠳᠡᠭ᠌ᠵᠢᠭᠦᠯᠦᠭ᠌ᠰᠡᠨ ᠪᠠᠢᠳᠠᠯ᠎ᠳᠤ ᠡᠷᠬᠢᠯᠡᠭ᠌ᠴᠢᠳ ᠬᠠᠮᠳᠣ᠎ᠪᠠᠷ ᠪᠠᠢᠴᠠᠭᠠᠯᠳᠠ ᠬᠢᠪᠡ᠃
ᠠᠵᠦ᠍ ᠠᠬᠤᠢ᠎ᠶ᠋ᠢᠨ ᠡᠷᠭᠢᠯᠲᠡ᠎ᠶ᠋ᠢᠨ ᠪᠠᠢᠳᠠᠯ᠎ᠢ ᠲᠡᠭᠡᠳᠣ ᠬᠡᠮᠵᠢᠶ᠎ᠠ᠎ᠪᠠᠷ ᠬᠠᠯᠠᠮᠵᠢᠯᠠᠵᠦ᠍᠂ ᠲᠥᠯᠤᠪᠯᠡᠭᠡ᠂ ᠲᠦᠰᠦᠪ ᠪᠠ ᠲᠥᠰᠥᠪ᠎ᠤᠨ ᠭᠦᠢᠴᠡᠳᠭᠡᠯ᠂ ᠱᠢᠨ᠎ᠡ᠎ᠪᠠᠷ ᠨᠡᠮᠡᠭ᠌ᠰᠡᠨ ᠲᠤᠰᠭᠠᠢ ᠲᠥᠷᠥᠯ᠎ᠤᠨ ᠵᠢᠭᠡᠯᠡᠯᠭᠡ᠎ᠶ᠋ᠢᠨ ᠲᠡᠮᠳᠡᠭ᠌ᠲᠦ ᠪᠡᠯᠡ ᠮᠥᠩᠭᠦ᠎ᠶ᠋ᠢ ᠲᠠᠷᠬᠠᠭᠠᠨ ᠬᠡᠷᠡᠭ᠌ᠯᠡᠭ᠌ᠰᠡᠨ᠂ ᠲᠥᠪ᠎ᠤᠨ ᠡᠳ᠋᠎ᠤᠨ ᠵᠠᠰᠠᠭ᠎ᠤᠨ ᠱᠢᠭᠤᠳ ᠥᠭ᠌ᠭᠦᠭ᠌ᠰᠡᠨ ᠪᠡᠯᠡ ᠮᠥᠩᠭᠦ᠎ᠶ᠋ᠢ ᠪᠠᠭᠤᠯᠭᠠᠭ᠍ᠰᠠᠨ ᠪᠠ ᠭᠡᠷᠡᠭ᠌ᠯᠡᠭ᠌ᠰᠡᠨ ᠪᠠᠢᠳᠠᠯ᠎ᠤᠨ ᠲᠤᠬᠠᠢ ᠮᠡᠳᠡᠭᠦᠯᠤᠯᠳᠡ᠎ᠶ᠋ᠢ ᠰᠣᠨᠣᠰᠣᠨ ᠬᠢᠨᠠᠨ ᠵᠥᠪᠯᠡᠵᠦ᠍᠂ ᠲᠣᠰ ᠱᠠᠳᠣᠨ᠎ᠤ ᠲᠦᠰᠥᠪ᠎ᠤᠨ ᠲᠣᠬᠢᠷᠠᠭᠤᠯᠤᠯᠳᠠ᠎ᠶ᠋ᠢᠨ ᠲᠥᠰᠥᠯ᠎ᠢ ᠭᠤᠷᠪᠠ ᠤᠳᠠᠭ᠎ᠠ ᠵᠥᠪᠱᠢᠶᠡᠷᠡᠵᠦ᠍᠂ ᠵᠠᠰᠠᠭ᠎ᠤᠨ ᠣᠷᠳᠣᠨ᠎ᠤ ᠭᠤᠥᠯᠳᠠᠯᠭ᠎ᠠ᠎ᠲᠠᠢ ᠭᠥᠷᠢᠶ᠎ᠠ ᠴᠠᠷᠠᠭ᠎ᠠ᠎ᠳᠠᠬᠢ ᠡᠳ᠋᠎ᠤᠨ ᠵᠠᠰᠠᠭ᠎ᠤᠨ ᠵᠠᠷᠣᠯᠭ᠎ᠠ᠎ᠶ᠋ᠢ ᠪᠠᠳᠣᠯᠠᠬᠤ᠎ᠪᠠᠷ ᠲᠠᠮᠵᠢᠨ᠂ ᠡᠳ᠋᠎ᠤᠨ ᠵᠠᠰᠠᠭ᠎ᠤᠨ ᠪᠡᠯᠡ ᠮᠥᠩᠭᠦ᠎ᠶ᠋ᠢᠨ ᠭᠡᠷᠡᠭ᠌ᠯᠡᠯᠳᠡᠶ᠋ᠢᠨ ᠠᠱᠢᠬ᠍ᠯᠠᠮᠵᠢᠶ᠋ᠢ ᠲᠡᠭᠡᠭ᠌ᠰᠢᠯᠡᠭᠦᠯᠪᠡ᠃ ᠬᠢᠨᠡᠨ ᠪᠣᠳᠤᠯᠳᠠ ᠪᠠ ᠬᠢᠨᠠᠨ ᠪᠣᠳᠣᠯᠲᠠ᠎ᠪᠠᠷ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠵᠠᠰᠠᠭ᠍ᠰᠠᠨ ᠪᠠᠢᠳᠠᠯ᠎ᠤᠨ ᠲᠤᠬᠠᠢ ᠮᠡᠳᠡᠭᠦᠯᠤᠯᠳᠡ᠎ᠶ᠋ᠢ ᠰᠣᠨᠣᠰᠣᠨ ᠬᠢᠨᠡᠨ ᠵᠥᠪᠯᠡᠵᠦ᠍᠂ 589 ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠎ᠶ᠋ᠢᠨ ᠴᠡᠭ᠌ᠴᠡᠯᠡᠨ ᠵᠠᠰᠠᠯᠳᠠ᠎ᠳᠤ ᠬᠢᠨᠠᠯᠲᠠ ᠲᠠᠯᠪᠢᠪᠠ᠃ ᠣᠯᠣᠰ᠎ᠤᠨ ᠦᠮᠴᠢᠯᠡᠯᠳᠦ ᠡᠳ᠋ ᠭᠥᠷᠥᠩᠬᠡ᠎ᠶ᠋ᠢᠨ ᠬᠠᠮᠢᠶᠠᠷᠣᠯᠳᠠ᠎ᠶ᠋ᠢ ᠴᠢᠩᠭᠠᠳᠭᠠᠬ᠍ᠰᠠᠨ ᠪᠠᠢᠳᠠᠯ᠎ᠳᠤ ᠬᠢᠨᠠᠯᠲᠠ ᠲᠠᠯᠪᠢᠬᠤ ᠲᠣᠭ᠍ᠲᠠᠭᠠᠯ ᠭᠠᠷᠭᠠᠵᠤ᠂ ᠣᠯᠣᠰ᠎ᠤᠨ ᠦᠮᠴᠢᠯᠡᠯᠳᠦ ᠪᠠᠢᠭᠠᠯᠢ᠎ᠶ᠋ᠢᠨ ᠡᠬᠢ ᠪᠠᠶᠠᠯᠢᠭ ᠡᠳ᠋ ᠭᠥᠷᠥᠩᠬᠡ᠎ᠶ᠋ᠢᠨ ᠬᠠᠮᠢᠶᠠᠷᠣᠯᠳᠠ᠎ᠶ᠋ᠢᠨ ᠪᠠᠢᠳᠠᠯ᠎ᠤᠨ ᠲᠤᠰᠭᠠᠢ ᠲᠥᠷᠥᠯ᠎ᠤᠨ ᠮᠡᠳᠡᠭᠦᠯᠤᠯᠳᠡ᠎ᠶ᠋ᠢ ᠰᠣᠨᠣᠰᠴᠤ᠌᠂ ᠲᠥᠷᠪᠡᠨ ᠵᠢᠯ ᠲᠠᠷᠠᠭᠠᠯᠠᠨ ᠣᠯᠣᠰ᠎ᠤᠨ ᠦᠮᠴᠢᠯᠡᠯᠳᠦ ᠡᠳ᠋ ᠭᠥᠷᠥᠩᠬᠡ᠎ᠶ᠋ᠢᠨ ᠬᠠᠮᠢᠶᠠᠷᠣᠯᠳᠠ᠎ᠶ᠋ᠢᠨ ᠪᠠᠢᠳᠠᠯ᠎ᠤᠨ ᠲᠤᠬᠠᠢ ᠶᠡᠷᠦᠩᠬᠡᠢᠯᠡᠭ᠌ᠰᠡᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍᠂ ᠮᠠᠨ᠎ᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠬᠡ᠎ᠶ᠋ᠢᠨ ᠦᠨᠳᠦᠰᠦᠨ ᠪᠠᠢᠳᠠᠯ᠎ᠢ ᠪᠥᠭᠦ᠌ ᠲᠠᠯ᠎ᠠ᠎ᠪᠠᠷ ᠥᠢᠯᠠᠭᠠᠵᠦ᠍᠂ ᠡᠭᠦᠨ᠎ᠤ ᠤᠯᠠᠮ᠎ᠢᠶᠠᠷ ᠭᠥᠭ᠌ᠵᠢᠯᠳᠡᠶ᠋ᠢᠨ ᠪᠥᠭᠦ᠌ ᠲᠠᠯ᠎ᠠ᠎ᠳᠤ ᠰᠠᠢᠨ᠎ᠢᠶᠠᠷ ᠥᠢᠯᠡᠴᠢᠯᠡᠵᠦ᠍᠂ ᠠᠷᠠᠳ ᠤᠯᠠᠨ᠎ᠳᠤ ᠪᠤᠶᠠᠨ ᠥᠢᠯᠡᠳᠪᠡ᠃
ᠬᠥᠳᠡᠭᠡ ᠲᠣᠰᠭᠤᠨ᠎ᠢ ᠭᠦᠭ᠌ᠵᠢᠭᠦᠯᠦᠨ ᠮᠠᠨᠳᠣᠭᠤᠯᠬᠤ ᠪᠠᠢᠯᠳᠣᠬᠤ ᠪᠤᠳᠣᠯᠭ᠎ᠠ᠎ᠶ᠋ᠢ ᠬᠡᠷᠡᠭ᠌ᠵᠢᠭᠦᠯᠥᠭ᠌ᠰᠡᠨ ᠪᠠᠢᠳᠠᠯ᠎ᠤᠨ ᠮᠡᠳᠡᠭᠦᠯᠤᠯᠳᠡ᠎ᠶ᠋ᠢ ᠰᠣᠨᠣᠰᠣᠨ ᠬᠢᠨᠠᠨ ᠵᠥᠪᠯᠡᠵᠦ᠍᠂ ᠲᠥᠯᠥᠪᠵᠢᠭᠦᠯᠭᠡ᠎ᠶ᠋ᠢᠨ ᠶᠠᠰᠣ ᠴᠢᠨᠠᠷ᠎ᠢ ᠲᠡᠭᠡᠭ᠌ᠰᠢᠯᠡᠭᠦᠯᠭᠦᠶ᠋ᠢ ᠴᠢᠩᠭᠠᠳᠭᠠᠵᠦ᠍᠂ ᠰᠠᠭᠤᠷᠢ ᠲᠥᠭᠦᠬᠡᠷᠤᠮᠵᠢ ᠪᠠ ᠠᠷᠠᠳ᠎ᠤᠨ ᠣᠷᠣᠱᠢᠨ ᠠᠮᠢᠳᠤᠷᠠᠬᠤ ᠣᠷᠴᠢᠨ ᠨᠥᠬᠦᠴᠡᠯ᠎ᠤᠨ ᠳᠤᠲᠠᠭᠤᠳᠠᠯ᠎ᠢ ᠨᠥᠭᠦᠪᠥᠷᠢᠯᠡᠵᠦ᠍᠂ ᠠᠵᠤ ᠦᠢᠯᠡᠰ᠎ᠤᠨ ᠰᠠᠭᠤᠷᠢ᠎ᠶ᠋ᠢ ᠪᠠᠬᠢᠵᠢᠭᠦᠯᠤᠨ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠭᠦ᠎ᠶ᠋ᠢ ᠠᠬᠢᠭᠤᠯᠪᠠ᠃ ᠮᠠᠯ ᠠᠵᠤ ᠠᠬᠤᠢ᠎ᠶ᠋ᠢᠨ ᠬᠠᠤᠯᠢ᠎ᠶ᠋ᠢ ᠳᠣᠭᠤᠱᠢᠯᠠᠭᠤᠯᠣᠨ ᠬᠡᠷᠡᠭ᠌ᠵᠢᠭᠦᠯᠦᠭ᠌ᠰᠡᠨ ᠪᠠᠢᠳᠠᠯ᠎ᠳᠤ ᠬᠠᠤᠯᠢ ᠭᠡᠷᠡᠭ᠌ᠵᠢᠭᠦᠯᠣᠯᠳᠡᠶ᠋ᠢᠨ ᠪᠠᠢᠴᠠᠭᠠᠯᠳᠠ ᠦᠷᠨᠢᠬᠦᠯᠵᠤ᠂ ᠭᠤᠣᠯᠳᠠᠯᠭ᠎ᠠ᠎ᠲᠠᠢ᠎ᠪᠠᠷ ᠮᠠᠯ ᠠᠵᠦ᠍ ᠠᠬᠤᠢ᠎ᠶ᠋ᠢᠨ ᠲᠤᠯᠤᠭᠠᠢᠯᠠᠭ᠍ᠴᠢ ᠠᠵᠦ᠍ ᠠᠬᠤᠢᠯᠠᠯ᠎ᠤᠨ ᠭᠥᠭ᠌ᠵᠢᠯᠳᠡ ᠭᠥᠢᠴᠡᠳ ᠪᠣᠰᠥ᠍᠂ ᠮᠠᠯᠴᠢᠨ ᠲᠠᠷᠢᠶᠠᠴᠢᠨ ᠡᠷᠥᠭᠡ᠎ᠶ᠋ᠢ ᠳᠠᠢᠴᠢᠯᠠᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍ ᠪᠠᠶᠠᠵᠢᠭᠤᠯᠤᠭ᠍ᠰᠠᠨ ᠦᠷ᠎ᠡ ᠪᠥᠳᠥᠮᠵᠢ᠎ᠪᠠᠷ ᠪᠠᠷᠣᠭ᠍ᠳᠠᠢ ᠵᠡᠷᠭᠡ 18 ᠠᠰᠠᠭᠤᠳᠠᠯ᠎ᠳᠤ ᠬᠠᠨᠳᠣᠭᠤᠯᠵᠦ᠍ ᠴᠡᠭ᠌ᠴᠡᠯᠡᠨ ᠰᠠᠢᠵᠢᠷᠠᠭᠤᠯᠬᠤ ᠲᠠᠩᠰᠠ᠎ᠶ᠋ᠢ ᠲᠤᠷᠠᠳᠴᠦ᠍᠂ ᠵᠠᠰᠠᠭ᠎ᠤᠨ ᠣᠷᠳᠣᠨ᠎ᠳᠤ ᠰᠣᠳᠣᠯᠣᠨ ᠨᠠᠢᠳᠠᠪᠤᠷᠢᠵᠢᠭᠤᠯᠬᠤ᠎ᠪᠠᠷ ᠲᠤᠱᠢᠶᠠᠪᠠ᠃
ᠥᠪᠡᠷᠳᠡᠭᠡᠨ ᠵᠠᠰᠠᠬᠤ ᠤᠷᠤᠨ᠎ᠤ ᠣᠯᠠᠨ ᠨᠡᠢᠳᠡ᠎ᠶ᠋ᠢᠨ ᠢᠳᠡᠬᠡᠮᠵᠢ᠎ᠶ᠋ᠢᠨ ᠮᠡᠳᠡᠭᠡ ᠵᠠᠩᠬᠢ᠎ᠶ᠋ᠢᠨ ᠬᠠᠮᠢᠶᠠᠷᠣᠯᠳᠠ᠎ᠶ᠋ᠢᠨ ᠲᠥᠷᠢᠮ᠂ ᠣᠢ ᠮᠣᠳᠣᠨ᠎ᠤ ᠥᠷ᠎ᠠ᠎ᠶ᠋ᠢᠨ ᠲᠥᠷᠢᠮ᠂ ᠬᠡᠮᠵᠢᠯᠳᠡ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠲᠣᠬ᠍ᠳᠠᠭᠠᠵᠦ᠍ ᠵᠠᠰᠠᠪᠤᠷᠢ ᠣᠷᠣᠭᠤᠯᠪᠠ᠃ ᠥᠪᠡᠷᠳᠡᠭᠡᠨ ᠵᠠᠰᠠᠬᠤ ᠤᠷᠤᠨ᠎ᠤ ᠨᠡᠭᠦᠷᠡᠰᠥᠨᠤ ᠬᠠᠮᠢᠶᠠᠷᠣᠯᠳᠠ᠎ᠶ᠋ᠢᠨ ᠲᠥᠷᠢᠮ᠎ᠢ ᠠᠩᠬ᠎ᠠ ᠤᠳᠠᠭ᠎ᠠ ᠬᠢᠨᠠᠨ ᠵᠥᠪᠯᠡᠵᠦ᠍᠂ ᠨᠡᠭᠦᠷᠡᠰᠥᠨᠤ ᠡᠬᠢ ᠪᠠᠶᠠᠯᠢᠭ᠎ᠤᠨ ᠨᠡᠭᠡᠭᠡᠨ ᠠᠱᠢᠭ᠍ᠯᠠᠯᠳᠠ᠎ᠶ᠋ᠢᠨ ᠪᠠᠢᠳᠠᠯ᠎ᠤᠨ ᠲᠤᠬᠠᠢ ᠲᠣᠰᠭᠠᠢ ᠰᠡᠳᠣᠪᠳᠣ ᠪᠠᠢᠴᠠᠭᠠᠨ ᠰᠣᠳᠣᠯᠣᠯᠳᠠ ᠬᠢᠵᠦ᠍᠂ ᠡᠯ᠎ᠡ ᠵᠥᠢᠯ᠎ᠤᠨ ᠲᠥᠯᠥᠪᠵᠢᠭᠦᠯᠭᠡ᠎ᠶ᠋ᠢ ᠪᠥᠳᠥᠮᠵᠢᠳᠡᠢ᠎ᠪᠠᠷ ᠵᠣᠯᠭᠠᠭᠤᠯᠬᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠭ᠍ᠤ᠂ ᠪᠤᠬᠢᠷᠳᠣᠯ ᠥᠭᠡᠢ ᠭᠥᠭ᠌ᠵᠢᠯᠳᠡᠶ᠋ᠢ ᠪᠠᠷᠢᠮᠳᠠᠯᠠᠵᠦ᠍᠂ ᠠᠷᠪᠢᠯᠠᠨ ᠠᠱᠢᠬ᠍ᠯᠠᠵᠤ ᠲᠦᠪᠯᠡᠷᠡᠬᠦᠯᠤᠨ ᠬᠦᠭ᠌ᠵᠢᠬᠦᠯᠬᠦ᠌᠎ᠶ᠋ᠢ ᠪᠠᠷᠢᠮᠳᠡᠯᠠᠵᠦ᠍᠂ ᠱᠢᠨᠵᠢᠯᠡᠭᠦ᠌ ᠣᠬᠠᠭᠠᠨ ᠲᠸᠭᠨᠢᠭ ᠮᠡᠷᠭᠡᠵᠢᠯ᠎ᠢᠶᠠᠷ ᠭᠥᠳᠥᠯ᠎ᠤᠨ ᠳᠠᠭᠠᠭᠤᠯᠬᠤ᠎ᠶ᠋ᠢ ᠪᠠᠷᠢᠮᠳᠠᠯᠠᠬᠤ ᠵᠡᠷᠭᠡ ᠰᠠᠨᠠᠭᠤᠯᠭ᠎ᠠ᠎ᠶ᠋ᠢ ᠲᠣᠷᠠᠳᠴᠦ᠍᠂ ᠬᠠᠤᠯᠢᠵᠢᠯ᠎ᠤᠨ ᠠᠷᠭ᠎ᠠ ᠪᠠᠷᠢᠯ᠎ᠢᠶᠠᠷ ᠨᠡᠭᠦᠷᠡᠰᠦᠨ᠎ᠤ ᠠᠵᠢᠯ ᠦᠢᠯᠡᠰ᠎ᠢ ᠵᠢᠷᠤᠮᠵᠢᠭᠤᠯᠤᠨ ᠵᠠᠰᠠᠬᠤ᠎ᠶ᠋ᠢ ᠠᠬᠢᠭᠤᠯᠵᠤ᠂ ᠮᠠᠨ᠎ᠤ ᠣᠷᠣᠨ᠎ᠤ ᠨᠡᠭᠦᠷᠡᠰᠥᠨᠤ ᠡᠬᠢ ᠪᠠᠶᠠᠯᠢᠭ᠎ᠤᠨ ᠬᠥᠷᠢᠶ᠎ᠠ ᠴᠠᠷᠠᠭ᠎ᠠ᠎ᠶ᠋ᠢᠨ ᠲᠣᠰᠭᠠᠢ ᠴᠡᠭ᠌ᠴᠡᠯᠡᠯᠳᠡ᠎ᠶ᠋ᠢᠨ ᠥᠷ᠎ᠡ ᠪᠥᠳᠥᠮᠵᠢ᠎ᠶ᠋ᠢ ᠪᠠᠳᠣᠳᠭᠠᠵᠦ᠍᠂ ᠥᠪᠥᠷ ᠮᠤᠩᠭᠤᠯ᠎ᠤᠨ ᠣᠯᠣᠰ᠎ᠤᠨ ᠭᠤᠤᠯᠳᠠᠯᠭ᠎ᠠ᠎ᠲᠠᠢ ᠡᠨᠧᠷᠬᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠠᠢᠭᠤᠯᠬᠤ᠎ᠳᠤ ᠭᠥᠴᠥᠨ ᠨᠡᠮᠡᠷᠢᠯᠡᠪᠡ᠃
ᠬᠤᠶᠠᠷ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠳᠤ ᠬᠦᠴᠦᠨ ᠪᠠ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠲᠡᠨ᠎ᠤ ᠠᠵᠢᠯ᠎ᠤᠨ ᠴᠢᠨᠠᠷ ᠰᠠᠢᠲᠠᠢ ᠬᠦᠭ᠌ᠵᠢᠯᠲᠡ᠎ᠶ᠋ᠢ ᠠᠬᠢᠭᠤᠯᠪᠠ
ᠶᠡᠷᠦᠩᠬᠡᠢ ᠱᠦᠵᠢ ᠰᠢ᠎ᠶ᠋ᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠬᠦᠨᠵᠡᠭᠡᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠪᠠᠢᠩᠭᠤ᠎ᠶ᠋ᠢᠨ ᠬᠤᠷᠢᠶᠠᠨ᠎ᠤ ᠡᠯ᠎ᠡ ᠲᠦᠷᠦᠯ᠎ᠤᠨ ᠠᠵᠢᠯ᠎ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ ᠡᠨᠡ ᠬᠦ᠌ 《ᠬᠦᠲᠦᠯᠪᠦᠷᠢ》 ᠳ᠋ᠤ ᠲᠥᠪᠯᠡᠷᠡᠭᠦᠯᠪᠡ᠃ ᠨᠢᠳᠤᠨᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠳᠡᠭᠡᠷ᠎ᠡ ᠲᠥᠯᠦᠭᠡᠯᠡᠭ᠌ᠴᠢᠳ ᠥᠪᠡᠷᠲᠡᠭᠡᠨ ᠵᠠᠰᠠᠬᠤ ᠣᠷᠤᠨ᠎ᠤ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠳᠦᠷᠢᠮ᠎ᠢ ᠪᠠᠲᠤᠯᠠᠪᠠ᠃ 《ᠳᠦᠷᠢᠮ》 ᠢ᠋ ᠬᠡᠷᠡᠭ᠌ᠵᠢᠭᠦᠯᠬᠦ᠌ ᠦᠶᠡᠰ᠎ᠲᠤ ᠥᠪᠡᠷᠲᠡᠭᠡᠨ ᠵᠠᠰᠠᠬᠤ ᠣᠷᠤᠨ᠎ᠤ ᠠᠷᠠᠳ᠎ᠤᠨ ᠲᠥᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠠᠭᠤᠳᠠᠯ᠎ᠤᠨ ᠬᠤᠷᠠᠯ ᠬᠤᠷᠠᠯᠳᠤᠭᠤᠯᠵᠤ᠂ 《ᠳᠦᠷᠢᠮ》 ᠢ᠋ ᠤᠬᠠᠭᠤᠯᠤᠨ ᠲᠠᠢᠯᠪᠤᠷᠢᠯᠠᠬᠤ ᠪᠠ ᠲᠤᠭᠤᠱᠢᠯᠠᠭᠤᠯᠤᠨ ᠬᠡᠷᠡᠭ᠌ᠵᠢᠭᠦᠯᠬᠦ᠌᠎ᠳᠤ ᠲᠣᠬᠢᠷᠠᠭᠤᠯᠤᠯᠲᠠ ᠪᠠᠢᠷᠢᠯᠠᠭᠤᠯᠤᠯᠲᠠ ᠬᠢᠵᠡᠢ᠃ 《ᠳᠦᠷᠢᠮ》 ᠨᠢ ᠮᠠᠨ᠎ᠤ ᠣᠷᠣᠨ᠎ᠤ ᠦᠨᠳᠦᠰᠦᠲᠡᠨ᠎ᠤ ᠬᠦᠷᠢᠶᠡᠨ᠎ᠳᠠᠬᠢ ᠠᠩᠬᠠᠳᠠᠭ᠍ᠴᠢ ᠰᠠᠭᠤᠷᠢ ᠴᠢᠨᠠᠷᠲᠠᠢ᠂ ᠶᠡᠷᠦᠩᠬᠡᠢᠯᠡᠭ᠌ᠰᠡᠨ ᠴᠢᠨᠠᠷᠲᠠᠢ᠂ ᠶᠡᠷᠦᠩᠬᠡᠢᠯᠡᠨ ᠵᠢᠯᠣᠭᠤᠳᠭᠤ ᠴᠢᠨᠠᠷᠲᠠᠢ ᠬᠠᠤᠯᠢ ᠳᠦᠷᠢᠮ ᠪᠣᠯᠤᠭ᠍ᠰᠠᠨ᠎ᠤ ᠬᠤᠪᠢ᠎ᠳᠤ᠂ ᠤᠯᠤᠰ᠎ᠤᠨ ᠨᠢᠭᠡᠲᠦᠯᠢ ᠬᠠᠮᠠᠭᠠᠯᠠᠬᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠎ᠳᠤ ᠴᠢᠬᠤᠯᠠ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢᠨ ᠦᠢᠯᠡᠳᠦᠯ᠎ᠢᠶᠠᠨ ᠪᠠᠳᠠᠷᠠᠭᠤᠯᠪᠠ᠃
《ᠶᠠᠮᠠᠷ ᠬᠦᠮᠦᠨ᠎ᠢ ᠬᠦᠮᠦᠵᠢᠭᠦᠯᠬᠦ᠂ ᠬᠡᠷᠬᠢᠨ ᠬᠦᠮᠦᠵᠢᠭᠦᠯᠬᠦ᠂ ᠬᠡᠨ᠎ᠳᠤ ᠬᠦᠮᠦᠵᠢᠭᠦᠯᠬᠦ᠌》 ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠤᠨ ᠲᠣᠭᠤᠷᠢᠨ᠎ᠳᠤ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠦᠮᠦᠵᠢᠯ᠎ᠤᠨ ᠳᠦᠷᠢᠮ᠎ᠢ ᠲᠣᠭ᠍ᠲᠠᠭᠠᠵᠤ᠂ 《ᠳᠦᠷᠢᠮ》 ᠳ᠋ᠤ ᠤᠯᠤᠰ ᠠᠷᠠᠳ᠎ᠤᠨ ᠰᠤᠷᠭᠠᠨ ᠬᠦᠮᠦᠵᠢᠯ᠎ᠤᠨ ᠭᠤᠣᠯ ᠬᠡᠯᠪᠡᠷᠢ᠎ᠶ᠋ᠢ ᠦᠨᠳᠦᠰᠦᠨ᠎ᠳᠤ᠎ᠪᠠᠨ ᠪᠠᠭ᠍ᠲᠠᠭᠠᠵᠤ᠂ ᠬᠠᠤᠯᠢ ᠲᠣᠭ᠍ᠲᠠᠭᠠᠬᠤ ᠬᠡᠯᠪᠡᠷᠢ᠎ᠪᠠᠷ ᠨᠠᠮ᠎ᠤᠨ ᠲᠥᠪ ᠬᠤᠷᠢᠶᠠᠨ᠎ᠤ ᠰᠤᠷᠭᠠᠨ ᠬᠦᠮᠦᠵᠢᠯ᠎ᠤᠨ ᠠᠵᠢᠯ᠎ᠤᠨ ᠬᠠᠮᠤᠭ᠎ᠤᠨ ᠱᠢᠨ᠎ᠡ ᠱᠢᠢᠳᠪᠦᠷᠢᠳᠤ ᠪᠤᠳᠤᠯᠭ᠎ᠠ ᠪᠠᠢᠷᠢᠯᠠᠭᠤᠯᠤᠯᠲᠠ ᠪᠠ ᠠᠷᠠᠳ ᠲᠦᠮᠡᠨ᠎ᠤ ᠰᠡᠳᠭᠢᠯ ᠲᠠᠯᠪᠢᠵᠤ ᠪᠠᠢᠭ᠎ᠠ ᠵᠦᠢᠯᠡᠰ᠎ᠲᠤ ᠬᠠᠷᠢᠭᠤ ᠲᠤᠰᠭᠠᠪᠠ᠃ ᠥᠪᠡᠷᠲᠡᠭᠡᠨ ᠵᠠᠰᠠᠬᠤ ᠣᠷᠤᠨ᠎ᠤ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠤᠯᠢ᠎ᠶ᠋ᠢ ᠬᠡᠷᠡᠭ᠌ᠵᠢᠭᠦᠯᠬᠦ᠌ ᠠᠷᠭ᠎ᠠ᠎ᠳᠤ ᠵᠠᠰᠠᠪᠤᠷᠢ ᠣᠷᠣᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠭᠤᠣᠯ ᠴᠣᠭ᠍ᠴᠠ᠎ᠶ᠋ᠢᠨ ᠪᠠᠢᠷᠢ᠎ᠶ᠋ᠢ ᠳᠣᠪᠤᠢᠯᠭᠠᠨ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠠᠵᠢᠯ᠎ᠢ ᠬᠠᠤᠯᠢ ᠶᠣᠰᠤᠭᠠᠷ ᠵᠢᠷᠤᠮᠵᠢᠭᠤᠯᠵᠤ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢᠨ ᠬᠠᠮᠲᠤ 6 ᠬᠤᠪᠢ ᠬᠠᠤᠯᠢ ᠲᠣᠭ᠍ᠲᠠᠭᠠᠯ᠎ᠢ ᠬᠦᠴᠦᠨ ᠦᠭᠡᠢ ᠪᠣᠯᠭᠠᠬᠤ ᠠᠵᠢᠯ᠎ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠤᠨ᠎ᠤ ᠲᠤᠰ ᠱᠠᠲᠤᠨ᠎ᠤ ᠦᠨᠳᠦᠰᠦᠲᠡᠨ᠎ᠤ ᠬᠦᠷᠢᠶᠡᠨ᠎ᠤ ᠬᠠᠤᠯᠢ ᠲᠣᠭ᠍ᠲᠠᠭᠠᠬᠤ ᠠᠵᠢᠯ᠎ᠤᠨ ᠬᠡᠯᠪᠠᠢᠭ᠌ᠰᠡᠨᠢ ᠵᠠᠰᠠᠵᠤ ᠵᠦᠪ ᠲᠡᠢᠰᠢ ᠲᠠᠭᠠᠭᠤᠯᠬᠤ ᠡᠭᠦᠷᠭᠡ᠎ᠶ᠋ᠢ ᠬᠤᠭᠤᠴᠠᠭ᠎ᠠ ᠶᠣᠰᠤᠭᠠᠷ ᠪᠡᠶᠡᠯᠡᠭᠦᠯᠵᠦ᠍᠂ ᠤᠯᠤᠰ ᠲᠦᠷᠦ᠍᠎ᠶ᠋ᠢᠨ ᠦᠷ᠎ᠡ ᠪᠦᠲᠦᠮᠵᠢ ᠪᠠ ᠬᠠᠤᠯᠢ᠎ᠪᠠᠷ ᠵᠠᠰᠠᠬᠤ ᠦᠷ᠎ᠡ ᠪᠦᠲᠦᠮᠵᠢ᠎ᠶ᠋ᠢ ᠨᠢᠭᠡᠲᠦᠯᠲᠡᠢ ᠪᠣᠯᠭᠠᠪᠠ᠃
ᠪᠠᠢᠩᠭᠤ᠎ᠶ᠋ᠢᠨ ᠬᠤᠷᠢᠶ᠎ᠠ ᠪᠦᠬᠦ᠌ ᠬᠦᠴᠦᠨ᠎ᠢᠶᠠᠷ᠎ᠢᠶᠠᠨ ᠦᠨᠳᠦᠰᠦᠲᠡᠨ᠎ᠤ ᠪᠦᠯᠬᠦᠮᠳᠡᠯ ᠳᠡᠪᠱᠢᠯᠲᠡ᠎ᠶ᠋ᠢ ᠡᠭᠦᠳᠦᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ ᠠᠵᠢᠯ᠎ᠤᠨ ᠪᠠᠢᠳᠠᠯ᠎ᠤᠨ ᠲᠤᠰᠭᠠᠢ ᠰᠡᠳᠦᠪᠳᠤ ᠪᠠᠢᠴᠠᠭᠠᠨ ᠰᠣᠳᠤᠯᠤᠯᠲᠠ ᠬᠢᠵᠦ᠍ ᠪᠠᠢᠴᠠᠭᠠᠨ ᠰᠣᠳᠤᠯᠤᠯᠲᠠ᠎ᠶ᠋ᠢᠨ ᠮᠡᠳᠡᠭᠦᠯᠦᠯᠲᠡ᠎ᠶ᠋ᠢ ᠪᠦᠷᠢᠯᠳᠦᠭᠦᠯᠵᠡᠢ᠃ ᠪᠠᠢᠴᠠᠭᠠᠨ ᠰᠣᠳᠤᠯᠤᠯᠲᠠ᠎ᠶ᠋ᠢᠨ ᠮᠡᠳᠡᠭᠦᠯᠦᠯᠲᠡ᠎ᠨᠢ ᠱᠢᠨ᠎ᠡ ᠴᠠᠭ ᠦᠶ᠎ᠡ᠎ᠳᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ᠎ᠶ᠋ᠢᠨ ᠲᠣᠭᠤᠷᠢᠨ᠎ᠳᠤ 《ᠡᠮᠦᠨ᠎ᠡ᠎ᠨᠢ ᠶᠠᠪᠤᠵᠤ ᠳᠠᠭᠤᠷᠢᠶᠠᠯ ᠪᠣᠯᠬᠤ》 ᠳᠣᠯᠤᠭᠠᠨ ᠰᠠᠨᠠᠯ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠭᠦᠢᠴᠡᠳ ᠦᠨᠡᠯᠡᠯᠲᠡ᠎ᠶ᠋ᠢ ᠣᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭᠠᠨ᠎ᠤ ᠨᠠᠮ᠎ᠤᠨ ᠲᠥᠯᠦᠭᠡᠯᠡᠭ᠌ᠴᠢᠳ᠎ᠤᠨ ᠶᠡᠬᠡ ᠬᠤᠷᠠᠯ᠎ᠤᠨ ᠮᠡᠳᠡᠭᠦᠯᠦᠯᠲᠡ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠳᠤ ᠠᠱᠢᠭ᠍ᠯᠠᠭ᠍ᠳᠠᠪᠠ᠃
ᠪᠦᠷᠢᠯᠳᠦᠬᠦᠨ ᠨᠠᠷ ᠤᠯᠤᠰ᠎ᠤᠨ ᠨᠢᠭᠡᠲᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠭ᠌ᠰᠡᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠤᠰᠤᠭ᠍ᠰᠠᠨ ᠪᠥᠭᠡᠳ ᠬᠢᠨᠠᠨ ᠵᠥᠪᠯᠡᠵᠦ᠍᠂ ᠮᠠᠨ᠎ᠤ ᠣᠷᠣᠨ᠎ᠤ ᠡᠷᠡᠰ ᠪᠠᠲᠤ ᠡᠷᠡᠰ ᠱᠢᠭᠤᠷᠬᠠᠢ᠂ ᠢᠳᠡᠪᠬᠢᠲᠡᠢ ᠯᠠᠪᠳᠠᠭᠤᠨ ᠬᠢᠴᠢᠶᠡᠮᠵᠢᠲᠡᠢ᠎ᠪᠠᠷ ᠤᠯᠤᠰ᠎ᠤᠨ ᠨᠢᠭᠡᠲᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠭ᠌ᠰᠡᠨ ᠠᠵᠢᠯ᠎ᠳᠤ ᠣᠯᠤᠭ᠍ᠰᠠᠨ ᠦᠷ᠎ᠡ ᠪᠦᠳᠦᠮᠵᠢ᠎ᠶ᠋ᠢ ᠭᠦᠢᠴᠡᠳ ᠦᠨᠡᠯᠡᠪᠡ᠃ ᠡᠭᠦᠨ᠎ᠤ ᠬᠠᠮᠲᠤ᠌᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠦᠮᠦᠵᠢᠯ᠎ᠢ ᠰᠡᠳᠭᠢᠯ ᠲᠠᠯᠪᠢᠨ᠂ ᠬᠠᠢᠷ᠎ᠠ᠎ᠪᠠᠨ ᠱᠢᠩᠭᠡᠭᠡᠵᠤ᠂ ᠬᠦᠴᠦᠯᠡᠨ ᠥᠷᠨᠢᠭᠦᠯᠵᠦ᠍᠂ ᠪᠠᠭ᠍ᠰᠢ᠎ᠶ᠋ᠢᠨ ᠡᠩᠨᠡᠭᠡᠨ᠎ᠤ ᠬᠦᠴᠦᠨ᠎ᠢ ᠪᠦᠷᠢᠳᠦᠭᠦᠯᠦᠨ ᠬᠦᠴᠦᠷᠬᠡᠭ᠌ᠵᠢᠭᠦᠯᠵᠦ᠍᠂ ᠵᠢᠭᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠵᠦ᠍᠂ ᠪᠠᠭ᠍ᠰᠢ ᠰᠠᠢᠨ ᠵᠢᠭᠠᠵᠤ ᠰᠤᠷᠤᠭ᠍ᠴᠢ ᠰᠠᠢᠨ ᠰᠤᠷᠴᠤ᠌ ᠭᠡᠷ᠎ᠤᠨ ᠠᠬᠠᠮᠠᠳ ᠰᠠᠨᠠᠭ᠎ᠠ ᠠᠮᠤᠷᠬᠤ ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ᠍ ᠳᠤᠷᠠᠳᠴᠠᠢ᠃
ᠪᠦᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠦᠭᠡᠯᠡᠭ᠌ᠴᠢᠳ᠎ᠤᠨ ᠳᠤᠮᠳᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ ᠪᠠ ᠲᠥᠪ᠎ᠤᠨ ᠦᠨᠳᠦᠰᠦᠲᠡᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠦᠮᠦᠵᠢᠯ ᠪᠣᠯᠪᠠᠰᠤᠷᠠᠯ᠎ᠢ ᠵᠣᠬᠢᠶᠠᠨ ᠪᠠᠢᠭᠤᠯᠵᠤ ᠥᠷᠨᠢᠭᠦᠯᠦᠨ᠂ 6 ᠲᠦᠮᠡ ᠢᠯᠡᠭᠦᠦ ᠠᠷᠠᠳ᠎ᠤᠨ ᠲᠥᠯᠦᠭᠡᠯᠡᠭ᠌ᠴᠢᠳᠢ ᠪᠦᠬᠦᠨ᠎ᠢ ᠪᠣᠯᠪᠠᠰᠤᠷᠠᠯ᠎ᠳᠤ ᠣᠷᠣᠯᠴᠠᠭᠤᠯᠬᠤ᠎ᠶ᠋ᠢ ᠪᠡᠶᠡᠯᠡᠭᠦᠯᠪᠡ᠃ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠠᠵᠢᠯ ᠦᠢᠯᠡᠰ᠎ᠲᠤ ᠡᠯ᠎ᠡ ᠱᠠᠲᠤᠨ᠎ᠤ ᠠᠷᠠᠳ᠎ᠤᠨ ᠲᠥᠯᠦᠭᠡᠯᠡᠭ᠌ᠴᠢᠳᠢ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠴᠤᠭ ᠵᠢᠪᠬᠤᠭ᠎ᠠ᠎ᠪᠠᠨ ᠪᠠᠳᠠᠷᠠᠭᠤᠯᠬᠤ᠎ᠶ᠋ᠢ ᠰᠠᠨᠠᠭᠠᠴᠢᠯᠠᠪᠠ᠃ ᠡᠯ᠎ᠡ ᠱᠠᠲᠤᠨ᠎ᠤ ᠠᠷᠠᠳ᠎ᠤᠨ ᠲᠥᠯᠦᠭᠡᠯᠡᠭ᠌ᠴᠢᠳ ᠥᠪᠡᠷ᠎ᠤᠨ ᠴᠢᠳᠠᠪᠤᠷᠢ ᠪᠠ ᠠᠵᠢᠯ᠎ᠤᠨ ᠪᠠᠢᠷᠢ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠤᠯᠲᠠ᠎ᠶ᠋ᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠎ᠳᠤ ᠵᠢᠱ᠌ᠢᠶ᠎ᠡ ᠦᠵᠡᠭᠦᠯᠦᠨ ᠬᠦᠲᠦᠯᠦᠨ ᠳᠠᠭᠠᠭᠤᠯᠬᠤ ᠦᠢᠯᠡᠳᠦᠯ᠎ᠢᠶᠠᠨ ᠪᠠᠳᠠᠷᠠᠭᠤᠯᠵᠠᠢ᠃
ᠭᠤᠷᠪᠠ᠂ ᠠᠮᠢ ᠠᠬᠤᠢ᠎ᠶ᠋ᠢ ᠤᠷᠢᠳ᠎ᠢᠶᠠᠷ ᠪᠣᠳᠤᠯᠬᠢᠯᠠᠬᠤ ᠪᠤᠬᠢᠷᠳᠤᠯ ᠦᠭᠡᠢ ᠬᠦᠭ᠌ᠵᠢᠯᠲᠡ᠎ᠳᠤ ᠠᠩᠬᠠᠷᠤᠯ ᠪᠣᠯᠤᠨ ᠬᠦᠴᠦᠨ᠎ᠢᠶᠠᠨ ᠲᠦᠪᠯᠡᠷᠡᠭᠦᠯᠵᠦ᠍᠂ ᠬᠠᠤᠯᠢᠵᠢᠯ᠎ᠤᠨ ᠬᠦᠴᠦᠨ᠎ᠢᠶᠠᠷ ᠠᠮᠢ ᠠᠬᠤᠢ᠎ᠶ᠋ᠢᠨ ᠣᠷᠴᠢᠨ ᠲᠤᠭᠤᠷᠢᠨ᠎ᠢ ᠬᠠᠮᠠᠭᠠᠯᠠᠪᠠ
ᠲᠠᠯ᠎ᠠ ᠨᠤᠲᠤᠭ᠎ᠢ ᠬᠠᠮᠠᠭᠠᠯᠠᠬᠤ ᠡᠨᠡ ᠬᠦ᠌ ᠦᠪᠦᠷ ᠮᠣᠩᠭᠤᠯ᠎ᠤᠨ ᠠᠮᠢ ᠠᠬᠤᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠡᠷᠢᠭᠦᠨ ᠴᠢᠬᠤᠯᠠ ᠡᠭᠦᠷᠭᠡ᠎ᠶ᠋ᠢ ᠠᠳᠭᠤᠵᠤ᠂ ᠦᠪᠡᠷᠲᠡᠭᠡᠨ ᠵᠠᠰᠠᠬᠤ ᠣᠷᠤᠨ᠎ᠤ ᠮᠠᠯ ᠪᠡᠯᠴᠢᠭᠡᠷ᠎ᠢ ᠲᠡᠩᠴᠡᠭᠦᠷᠢᠱᠢᠭᠦᠯᠬᠦ᠌ ᠪᠣᠯᠤᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ ᠳᠦᠷᠢᠮ᠎ᠢ ᠲᠤᠭ᠍ᠲᠠᠭᠠᠵᠤ᠂ ᠪᠡᠯᠴᠢᠭᠡᠷ᠎ᠢᠶᠠᠷ ᠮᠠᠯ᠎ᠢ ᠲᠤᠭ᠍ᠲᠠᠭᠠᠬᠤ᠂ ᠬᠦᠳᠡᠯᠦᠩᠭᠦᠢ᠎ᠪᠠᠷ ᠲᠡᠩᠴᠡᠭᠦᠷᠢᠱᠢᠭᠦᠯᠬᠦ᠂ ᠡᠷᠬᠡ ᠡᠭᠦᠷᠭᠡ᠎ᠶ᠋ᠢ ᠲᠣᠳᠤᠷᠬᠠᠢ ᠪᠠᠢᠯᠭᠠᠬᠤ᠂ ᠱᠠᠩᠨᠠᠵᠤ ᠲᠣᠷᠭᠠᠬᠤ᠎ᠶ᠋ᠢ ᠵᠡᠷᠭᠡ᠎ᠪᠠᠷ ᠶᠠᠪᠤᠭ᠍ᠳᠠᠭᠤᠯᠬᠤ᠎ᠶ᠋ᠢ ᠪᠠᠷᠢᠮᠲᠠᠯᠠᠵᠤ᠂ ᠮᠠᠯ ᠪᠡᠯᠴᠢᠭᠡᠷ᠎ᠢ ᠲᠡᠩᠴᠡᠭᠦᠷᠢᠱᠢᠭᠦᠯᠬᠦ᠌ ᠪᠠ ᠪᠡᠯᠴᠢᠭᠡᠷᠯᠡᠭᠦᠯᠬᠦ᠌ᠢ ᠴᠠᠭᠠᠵᠠᠯᠠᠬᠤ ᠪᠡᠯᠴᠢᠭᠡᠷ᠎ᠢ ᠠᠮᠠᠷᠠᠭᠤᠯᠬᠤ᠎ᠳᠤ ᠣᠯᠠᠨ ᠡᠱᠢᠴᠢᠯᠡᠭ᠌ᠰᠡᠨ ᠨᠥᠭᠦᠪᠦᠷᠢ ᠣᠯᠭᠤᠬᠤ ᠲᠣᠭ᠍ᠲᠠᠴᠠ᠎ᠶ᠋ᠢ ᠪᠠᠢᠭᠤᠯᠪᠠ᠃ ᠲᠠᠯ᠎ᠠ ᠨᠤᠲᠤᠭ᠎ᠤᠨ 《ᠨᠢᠭᠡ ᠬᠠᠤᠯᠢ ᠨᠢᠭᠡ ᠳᠦᠷᠢᠮ》 ᠤ᠋ᠨ ᠬᠠᠤᠯᠢ ᠬᠡᠷᠡᠭ᠌ᠵᠢᠭᠦᠯᠦᠯᠳᠠᠶ᠋ᠢᠨ ᠪᠠᠢᠳᠠᠯ᠎ᠤᠨ ᠪᠠᠢᠴᠠᠭᠠᠯᠲᠠ᠎ᠶ᠋ᠢᠨ ᠵᠠᠰᠠᠨ ᠴᠡᠭ᠌ᠴᠡᠯᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠤᠰᠴᠤ᠌᠂ ᠠᠰᠠᠭᠤᠳᠠᠯ᠎ᠤᠨ ᠨᠠᠷᠢᠨ ᠳᠠᠩᠰᠠ᠎ᠶ᠋ᠢ ᠮᠦᠷᠳᠡᠵᠦ᠍᠂ ᠳ᠋ᠤᠭᠠᠷ ᠬᠠᠰᠤᠨ ᠱᠢᠢᠳᠪᠦᠷᠢᠯᠡᠵᠦ᠍᠂ ᠲᠠᠯ᠎ᠠ ᠨᠤᠲᠤᠭ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠦᠲᠦᠭᠡᠨ ᠪᠠᠢᠭᠤᠯᠤᠯᠲᠠ᠎ᠶ᠋ᠢ ᠬᠦᠯᠢᠶᠡᠰᠤᠯᠡᠬᠦ᠌ ᠳᠣᠪᠤᠢᠮ᠎ᠠ ᠠᠰᠠᠭᠤᠳᠠᠯ᠎ᠢ ᠱᠢᠪᠠᠳᠠᠭᠤᠯᠤᠨ ᠱᠢᠢᠳᠪᠦᠷᠢᠯᠡᠵᠦ᠍᠂ ᠥᠪᠦᠷ ᠮᠣᠩᠭᠤᠯ᠎ᠤᠨ ᠲᠠᠯ᠎ᠠ ᠨᠤᠲᠤᠭ᠎ᠤᠨ ᠠᠮᠢᠵᠢᠷᠠᠯ ᠰᠡᠷᠭᠦᠯᠲᠡ ᠪᠣᠯᠤᠨ ᠥᠨᠢᠳᠡ᠎ᠶ᠋ᠢᠨ ᠬᠦᠭ᠌ᠵᠢᠯᠲᠡ᠎ᠶ᠋ᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤᠨ᠎ᠤ ᠬᠠᠮᠠᠭᠠᠯᠠᠯᠲᠠ ᠪᠠ ᠬᠠᠮᠢᠶᠠᠷᠤᠯᠲᠠ᠎ᠶ᠋ᠢᠨ ᠳᠦᠷᠢᠮ᠎ᠢ ᠲᠣᠭ᠍ᠲᠠᠭᠠᠵᠤ᠂ ᠤᠰᠤ᠎ᠪᠠᠷ ᠬᠤᠲᠠ᠎ᠶ᠋ᠢ ᠲᠣᠭ᠍ᠲᠠᠭᠠᠬᠤ᠂ ᠤᠰᠤ᠎ᠪᠠᠷ ᠭᠠᠵᠠᠷ᠎ᠢ ᠲᠣᠭ᠍ᠲᠠᠭᠠᠬᠤ᠂ ᠤᠰᠤ᠎ᠪᠠᠷ ᠬᠦᠮᠦᠨ᠎ᠢ ᠲᠣᠭ᠍ᠲᠠᠭᠠᠬᠤ᠂ ᠤᠰᠤ᠎ᠪᠠᠷ ᠦᠢᠯᠡᠳᠪᠦᠷᠢᠯᠡᠯ᠎ᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠮᠠᠨ᠎ᠤ ᠣᠷᠣᠨ᠎ᠤ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ᠎ᠢ ᠴᠢᠩᠭ᠎ᠠ ᠵᠠᠰᠠᠵᠤ ᠴᠢᠩᠭ᠎ᠠ ᠬᠠᠮᠢᠶᠠᠷᠬᠤ ᠱᠢᠨ᠎ᠡ ᠱᠠᠲᠤᠨ᠎ᠳᠤ ᠣᠷᠣᠬᠤ᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠬᠤᠲᠠ ᠬᠦᠳᠡᠭᠡ᠎ᠶ᠋ᠢᠨ ᠠᠮᠢᠳᠤᠷᠠᠯ᠎ᠤᠨ ᠬᠤᠭ ᠨᠣᠪᠰᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠨᠡᠢᠲᠡᠯᠡᠵᠦ᠍᠂ ᠪᠦᠬᠦ᠌ ᠬᠡᠯᠬᠢᠶ᠎ᠡ᠎ᠶ᠋ᠢᠨ᠂ ᠪᠦᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠠᠮᠢᠳᠤᠷᠠᠯ᠎ᠤᠨ ᠬᠤᠭ ᠨᠣᠪᠰᠢ᠎ᠶ᠋ᠢᠨ ᠬᠡᠮᠵᠢᠶ᠎ᠡ᠎ᠶ᠋ᠢ ᠪᠠᠭᠠᠰᠭᠠᠬᠤ᠂ ᠡᠬᠢ ᠪᠠᠶᠠᠯᠢᠬ᠍ᠵᠢᠭᠤᠯᠬᠤ᠂ ᠪᠣᠬᠢᠷᠳᠤᠯ ᠦᠭᠡᠢ ᠪᠣᠯᠭᠠᠬᠤ᠎ᠶ᠋ᠢ ᠠᠬᠢᠭᠤᠯᠵᠤ᠂ ᠬᠤᠲᠠ ᠬᠦᠳᠡᠭᠡ᠎ᠶ᠋ᠢᠨ ᠣᠷᠤᠱᠢᠨ ᠠᠮᠢᠳᠤᠷᠠᠬᠤ ᠣᠷᠴᠢᠨ ᠲᠣᠭᠤᠷᠢᠨ᠎ᠢ ᠰᠠᠢᠵᠢᠷᠠᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠲᠦᠷᠢᠮ᠎ᠳᠤ ᠵᠠᠰᠠᠪᠦᠷᠢ ᠤᠷᠤᠭᠤᠯᠵᠤ᠂ ᠪᠣᠬᠢᠷᠳᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠤᠣᠯᠳᠠᠯᠭ᠎ᠠ᠎ᠲᠠᠢ᠎ᠪᠠᠷ ᠳᠦᠷᠢᠮᠵᠢᠭᠦᠯᠦᠨ᠂ ᠠᠭᠤᠷᠬᠠᠢ ᠭᠠᠵᠠᠷ ᠱᠢᠨᠵᠢᠯᠡᠭᠡᠨ᠎ᠤ ᠣᠷᠴᠢᠨ ᠲᠣᠭᠤᠷᠢᠨ᠎ᠤ ᠵᠠᠰᠠᠨ ᠰᠡᠷᠭᠦᠭᠡᠯᠲᠡ᠎ᠶ᠋ᠢᠨ ᠰᠠᠭᠤᠷᠢ ᠮᠥᠩᠭᠦᠨ᠎ᠤ ᠳᠦᠷᠢᠮ᠎ᠢ ᠲᠣᠭ᠍ᠲᠠᠭᠠᠵᠤ᠂ ᠠᠭᠤᠷᠬᠠᠢ᠎ᠶ᠋ᠢᠨ ᠭᠠᠷᠤᠯᠲᠠ᠎ᠶ᠋ᠢᠨ ᠨᠡᠭᠡᠭᠡᠨ ᠠᠱᠢᠭ᠍ᠯᠠᠯᠲᠠ᠎ᠶ᠋ᠢᠨ ᠪᠣᠬᠢᠷᠳᠤᠯ ᠦᠭᠡᠢ᠂ ᠡᠷᠡᠭᠦᠯ᠂ ᠦᠷᠭᠦᠯᠵᠢᠯᠡᠭᠦ᠋ᠢᠴᠡ ᠭᠦᠭ᠌ᠵᠢᠯᠲᠡ᠎ᠶ᠋ᠢ ᠬᠠᠤᠯᠢ ᠶᠣᠰᠤᠭᠠᠷ ᠪᠠᠲᠤᠯᠠᠪᠠ᠃ ᠥᠪᠡᠷᠲᠡᠭᠡᠨ ᠵᠠᠰᠠᠬᠤ ᠣᠷᠣᠨ᠎ᠤ ᠭᠡᠭᠡᠷ᠎ᠡ᠎ᠶ᠋ᠢᠨ ᠠᠮᠢᠲᠠᠨ᠎ᠢ ᠬᠠᠮᠠᠭᠠᠯᠠᠬᠤ ᠬᠠᠤᠯᠢ᠎ᠶ᠋ᠢ ᠬᠡᠷᠡᠭ᠌ᠵᠢᠭᠦᠯᠬᠦ᠌ ᠠᠷᠭ᠎ᠠ᠂ ᠣᠢ ᠱᠢᠭᠤᠢ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌ ᠠᠷᠭ᠎ᠠ᠂ ᠬᠦᠯᠦᠨ ᠨᠠᠭᠤᠷ᠎ᠤᠨ ᠤᠯᠤᠰ᠎ᠤᠨ ᠳᠡᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠳᠦᠷᠢᠮ᠂ ᠳᠠᠯᠠᠨ ᠬᠠᠷ᠎ᠠ ᠠᠭᠤᠯᠠ᠎ᠶ᠋ᠢᠨ ᠤᠯᠤᠰ᠎ᠤᠨ ᠳᠡᠰ᠎ᠤᠨ ᠪᠠᠢᠭᠠᠯᠠᠢᠶ᠋ᠢᠨ ᠬᠠᠮᠠᠭᠠᠯᠠᠯᠲᠠ᠎ᠶ᠋ᠢᠨ ᠣᠷᠣᠨ᠎ᠤ ᠳᠦᠷᠢᠮ ᠵᠡᠷᠭᠡ᠎ᠳᠤ ᠵᠠᠰᠠᠪᠤᠷᠢ ᠤᠷᠤᠭᠤᠯᠵᠤ᠂ ᠲᠥᠪ ᠬᠤᠷᠢᠶᠠᠨ᠎ᠤ ᠱᠠᠭᠠᠷᠳᠠᠯᠭ᠎ᠠ ᠪᠠ ᠲᠡᠭᠡᠳᠦ ᠪᠠᠢᠷᠢ᠎ᠶ᠋ᠢᠨ ᠬᠠᠤᠯᠢ᠎ᠶ᠋ᠢᠨ ᠲᠣᠭ᠍ᠲᠠᠭᠠᠯ᠎ᠳᠤ ᠦᠯᠦ᠍ ᠨᠡᠢᠴᠡᠬᠦ᠌ ᠵᠦᠢᠯ ᠵᠣᠷᠪᠤᠰ᠎ᠢ ᠴᠠᠭ ᠲᠤᠬᠠᠢᠳᠤᠨᠢ ᠵᠠᠰᠠᠪᠠ᠃ ᠥᠪᠡᠷᠲᠡᠭᠡᠨ ᠵᠠᠰᠠᠬᠤ ᠣᠷᠣᠨ᠎ᠤ ᠭᠤᠣᠯ ᠨᠠᠭᠤᠷ᠎ᠤᠨ ᠬᠠᠮᠢᠶᠠᠷᠤᠯᠲᠠ᠎ᠶ᠋ᠢᠨ ᠳᠦᠷᠢᠮ᠂ ᠪᠠᠳᠠᠢ᠎ᠶ᠋ᠢᠨ ᠵᠢᠷᠠᠨ᠎ᠤ ᠡᠯᠡᠰᠦ ᠮᠠᠩᠬ᠎ᠠ ᠨᠠᠭᠤᠷ ᠪᠦᠷᠢᠳᠦ᠍᠎ᠶ᠋ᠢᠨ ᠬᠠᠮᠠᠭᠠᠯᠠᠯᠲᠠ᠎ᠶ᠋ᠢᠨ ᠳᠦᠷᠢᠮ᠂ ᠰᠠᠴᠤᠷᠠᠭ᠎ᠤᠨ ᠪᠣᠬᠢᠷᠳᠤᠯ᠎ᠢ ᠰᠡᠷᠭᠡᠢᠯᠡᠨ ᠵᠠᠰᠠᠬᠤ ᠳᠦᠷᠢᠮ᠎ᠳᠤ ᠭᠤᠣᠯᠳᠠᠯᠭ᠎ᠠ᠎ᠲᠠᠢ᠎ᠪᠠᠷ ᠬᠠᠤᠯᠢ ᠲᠣᠭ᠍ᠲᠠᠭᠠᠬᠤ ᠪᠠᠢᠴᠠᠭᠠᠨ ᠰᠣᠳᠤᠯᠤᠯᠲᠠ ᠥᠷᠨᠢᠭᠦᠯᠵᠦ᠍᠂ ᠠᠮᠢ ᠠᠬᠤᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠦᠷᠢᠶᠡᠨ᠎ᠤ ᠬᠠᠤᠯᠢ ᠲᠣᠭ᠍ᠲᠠᠭᠠᠬᠤ ᠲᠦᠷᠦᠯ ᠵᠦᠢᠯ᠎ᠢ ᠢᠳᠡᠪᠬᠢᠲᠡᠢ᠎ᠪᠠᠷ ᠡᠮᠬᠢᠳᠭᠡᠨ ᠪᠡᠯᠡᠳᠭᠡᠵᠡᠢ᠃
ᠭᠤᠷᠪᠠᠨ ᠵᠢᠯ ᠳᠠᠷᠠᠭᠠᠯᠠᠨ ᠠᠭᠠᠷ ᠮᠠᠨᠳᠠᠯ ᠤᠰᠤ ᠬᠦᠷᠦᠰᠦᠨ᠎ᠤ ᠪᠣᠬᠢᠷᠳᠤᠯ᠎ᠢ ᠰᠡᠷᠭᠡᠢᠯᠡᠨ ᠵᠠᠰᠠᠬᠤ ᠬᠠᠤᠯᠢ᠎ᠶ᠋ᠢᠨ ᠬᠠᠤᠯᠢ ᠬᠡᠷᠡᠭ᠌ᠵᠢᠭᠦᠯᠦᠯᠲᠡ᠎ᠳᠤ ᠪᠠᠢᠴᠠᠭᠠᠯᠲᠠ ᠬᠢᠭ᠌ᠰᠡᠨ᠎ᠤ ᠰᠠᠭᠤᠷᠢᠨ ᠳᠡᠭᠡᠷ᠎ᠡ᠂ ᠬᠠᠲᠠᠭᠤ ᠪᠡᠶᠡᠲᠦ ᠬᠠᠶᠠᠭ᠍ᠳᠠᠮᠠᠯ ᠪᠤᠳᠠᠰ᠎ᠤᠨ ᠣᠷᠴᠢᠨ ᠲᠣᠭᠤᠷᠢᠨ᠎ᠤ ᠪᠤᠬᠢᠷᠳᠤᠯ᠎ᠢ ᠰᠡᠷᠭᠡᠢᠯᠡᠨ ᠵᠠᠰᠠᠬᠤ ᠬᠠᠤᠯᠢ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠬᠦᠴᠦ᠍᠎ᠪᠠᠨ ᠲᠥᠪᠯᠡᠷᠡᠭᠦᠯᠦᠨ ᠥᠷᠨᠢᠭᠦᠯᠵᠦ᠍᠂ ᠮᠠᠨ᠎ᠤ ᠣᠷᠣᠨ᠎ᠤ ᠬᠠᠲᠠᠭᠤ ᠪᠡᠶᠡᠲᠦ ᠬᠠᠶᠠᠭ᠍ᠳᠠᠮᠠᠯ ᠪᠤᠳᠠᠰ᠎ᠤᠨ ᠠᠱᠢᠭ᠍ᠯᠠᠯᠲᠠ ᠳᠣᠣᠷ᠎ᠠ᠂ ᠠᠶᠤᠯᠲᠠᠢ ᠬᠠᠶᠠᠭ᠍ᠳᠠᠮᠠᠯ ᠪᠤᠳᠠᠰ᠎ᠢ ᠱᠢᠢᠳᠪᠦᠷᠢᠯᠡᠬᠦ᠌ ᠴᠢᠳᠠᠪᠤᠷᠢ ᠪᠠᠭᠤᠷᠠᠢ ᠵᠡᠷᠭᠡ ᠠᠰᠠᠭᠤᠳᠠᠯ᠎ᠢ ᠭᠤᠣᠯᠳᠠᠯᠭ᠎ᠠ᠎ᠲᠠᠢ ᠱᠢᠢᠳᠪᠦᠷᠢᠯᠡᠬᠦ᠌᠎ᠶ᠋ᠢ ᠲᠣᠳᠤᠷᠬᠠᠢ ᠵᠢᠭᠠᠨ ᠭᠠᠷᠭᠠᠵᠤ᠂ ᠡᠯ᠎ᠡ ᠭᠠᠵᠠᠷ᠎ᠤᠨ 《ᠬᠦᠬᠡ ᠲᠩᠷᠢ᠂ ᠨᠣᠮᠢᠨ ᠤᠰᠤ᠂ ᠠᠷᠢᠭᠤᠨ ᠬᠦᠷᠦᠰᠦ᠂ ᠴᠡᠪᠡᠷ ᠤᠷᠴᠢᠨ》 ᠤ᠋ ᠲᠤᠬᠠᠢ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠪᠠᠨ ᠨᠠᠢᠳᠠᠪᠦᠷᠢᠵᠢᠭᠤᠯᠬᠤ᠎ᠶ᠋ᠢ ᠱᠢᠪᠠᠳᠠᠭᠤᠯᠪᠠ᠃ 2020 ᠣᠨ᠎ᠤ ᠣᠷᠴᠢᠨ ᠲᠣᠭᠤᠷᠢᠨ᠎ᠤ ᠪᠠᠢᠳᠠᠯ ᠵᠢᠴᠢ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠤᠰᠤᠨ ᠬᠢᠨᠡᠨ ᠵᠥᠪᠯᠡᠵᠦ᠍ ᠮᠠᠨ᠎ᠤ ᠣᠷᠣᠨ᠎ᠤ ᠡᠨᠧᠷᠬᠢ᠎ᠶ᠋ᠢ ᠬᠢᠵᠠᠭᠠᠷᠯᠠᠨ᠂ ᠨᠡᠭᠦᠷᠡᠰᠦᠳᠦ᠋ᠷᠦᠭ᠌ᠴᠢ᠎ᠶ᠋ᠢ ᠲᠤᠷᠤᠭ᠍ᠰᠢᠯᠠᠭᠤᠯᠬᠤ ᠪᠠᠢᠳᠠᠯ ᠬᠦᠨᠳᠦ ᠬᠡᠴᠡᠭᠦᠦ᠂ ᠪᠣᠬᠢᠷᠳᠤᠯ᠎ᠢ ᠰᠡᠷᠭᠡᠢᠯᠡᠨ ᠵᠠᠰᠠᠬᠤ ᠪᠣᠭᠤᠮᠲᠠ ᠱᠢᠪᠳᠤᠯᠬᠤ ᠳᠠᠢᠯᠠᠯᠳᠤᠭᠠᠨ᠎ᠤ ᠦᠷ᠎ᠡ ᠪᠦᠲᠦᠮᠵᠢ ᠲᠣᠭ᠍ᠲᠠᠭᠤᠨ ᠪᠤᠰᠤ᠂ ᠠᠮᠢ ᠠᠬᠤᠢ ᠣᠷᠴᠢᠨ ᠲᠣᠭᠤᠷᠢᠨ᠎ᠤ ᠵᠠᠰᠠᠯᠲᠠ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠲᠣᠯᠭᠠᠮ ᠱᠠᠭᠠᠷᠳᠠᠵᠤ ᠪᠠᠢᠭ᠎ᠠ᠂ ᠬᠤᠲᠠ ᠬᠦᠳᠡᠭᠡ᠎ᠶ᠋ᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠠᠵᠢᠯ ᠲᠡᠩᠴᠡᠭᠦᠷᠢ ᠦᠭᠡᠢ ᠵᠡᠷᠭᠡ ᠠᠰᠠᠭᠤᠳᠠᠯ᠎ᠳᠤ ᠴᠢᠭ᠌ᠯᠡᠭᠦᠯᠦᠨ ᠬᠢᠨᠠᠨ ᠵᠥᠪᠯᠡᠭ᠌ᠰᠡᠨ ᠰᠠᠨᠠᠯ ᠳᠤᠷᠠᠳᠪᠠ᠃
ᠴᠢᠬᠤᠯᠠ ᠶᠡᠭᠡ ᠶᠠᠪᠤᠳᠠᠯ᠎ᠢ ᠶᠠᠷᠢᠯᠴᠠᠨ ᠲᠣᠭ᠍ᠲᠠᠭᠠᠬᠤ ᠡᠷᠭᠡ᠎ᠪᠠᠨ ᠬᠠᠤᠯᠢ ᠶᠣᠰᠤᠭᠠᠷ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ 2021 — 2035 ᠣᠨ᠎ᠤ ᠤᠯᠤᠰ᠎ᠤᠨ ᠭᠠᠵᠠᠷ ᠱᠢᠷᠤᠢ᠎ᠶ᠋ᠢᠨ ᠣᠷᠣᠨ ᠵᠠᠢ᠎ᠶ᠋ᠢᠨ ᠲᠥᠯᠦᠪᠵᠢᠭᠦᠯᠭᠡ᠎ᠶ᠋ᠢᠨ ᠲᠤᠬᠠᠢ ᠬᠢᠨᠠᠨ ᠵᠥᠪᠯᠡᠬᠦ᠌ ᠰᠠᠨᠠᠯ ᠳᠤᠷᠠᠳᠴᠤ᠌᠂ ᠤᠯᠤᠰ᠎ᠤᠨ ᠭᠠᠵᠠᠷ ᠱᠢᠷᠤᠢ᠎ᠶ᠋ᠢᠨ ᠣᠷᠣᠨ ᠵᠠᠢ᠎ᠶ᠋ᠢᠨ ᠲᠥᠯᠦᠪᠵᠢᠭᠦᠯᠭᠡ ᠪᠠ ᠬᠡᠷᠡᠭ᠌ᠯᠡᠭᠡᠨ᠎ᠤ ᠬᠠᠮᠢᠶᠠᠷᠤᠯᠲᠠ ᠡᠵᠡᠮᠳᠡᠯ᠎ᠢᠶᠠᠨ ᠴᠢᠩᠭᠠᠷᠠᠭᠤᠯᠬᠤ᠂ ᠤᠯᠤᠰ᠎ᠤᠨ ᠭᠠᠵᠠᠷ ᠱᠢᠷᠤᠢ᠎ᠶ᠋ᠢᠨ ᠣᠷᠣᠨ ᠵᠠᠢ᠎ᠶ᠋ᠢᠨ ᠨᠡᠭᠡᠭᠡᠯᠲᠡ ᠪᠠ ᠬᠠᠮᠠᠭᠠᠯᠠᠯᠲᠠ᠎ᠶ᠋ᠢᠨ ᠪᠠᠢᠷᠢᠱᠢᠯ᠎ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠬᠦ᠂ ᠠᠮᠢ ᠠᠬᠤᠢ᠎ᠶ᠋ᠢᠨ ᠬᠠᠮᠠᠭᠠᠯᠠᠯᠲᠠ ᠪᠠ ᠠᠵᠤ ᠠᠬᠤᠢ᠎ᠶ᠋ᠢᠨ ᠬᠠᠷᠢᠴᠠᠭ᠎ᠠ᠎ᠶ᠋ᠢ ᠵᠣᠬᠢᠰᠲᠠᠢ ᠱᠢᠢᠳᠪᠦᠷᠢᠯᠡᠬᠦ᠌ ᠲᠤᠬᠠᠢ ᠰᠠᠨᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠲᠠ ᠣᠷᠬᠢᠯ ᠬᠡᠮᠵᠢᠭ᠌ᠳᠡᠯ᠎ᠳᠤ ᠬᠦᠷᠬᠦ᠌ ᠨᠡᠭᠦᠷᠡᠰᠦᠳᠦ᠋ᠷᠦᠭ᠌ᠴᠢ᠎ᠶ᠋ᠢ ᠰᠠᠭᠠᠷᠮᠠᠭ᠍ᠵᠢᠭᠤᠯᠬᠤ ᠪᠣᠯᠤᠨ ᠱᠢᠨ᠎ᠡ ᠡᠨᠧᠷᠬᠢ᠎ᠶ᠋ᠢᠨ ᠬᠦᠭ᠌ᠵᠢᠯᠲᠡ᠎ᠳᠤ ᠭᠦᠢᠴᠡᠳ ᠣᠷᠣᠨ ᠵᠠᠢ ᠦᠯᠡᠳᠡᠭᠡᠭ᠌ᠰᠡᠨ ᠪᠠᠢᠨ᠎ᠠ᠃ ᠡᠨᠧᠷᠭᠢ ᠠᠷᠪᠢᠯᠠᠬᠤ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠬᠦ᠌᠎ᠳᠤ᠎ᠪᠠᠨ ᠡᠨᠧᠷᠬᠢ ᠠᠷᠪᠢᠯᠠᠨ ᠨᠡᠭᠦᠷᠡᠰᠦᠳᠦ᠋ᠷᠦᠭ᠌ᠴᠢ᠎ᠶ᠋ᠢ ᠲᠤᠷᠤᠭ᠍ᠰᠢᠯᠠᠬᠤᠳᠤ ᠤᠭ ᠡᠬᠢ᠎ᠠᠴᠠ᠎ᠨᠢ ᠶᠠᠪᠤᠭ᠍ᠳᠠᠭᠤᠯᠬᠤ᠂ ᠡᠨᠧᠷᠬᠢ ᠠᠷᠪᠢᠯᠠᠬᠤ ᠭᠤᠣᠯᠳᠠᠯᠭ᠎ᠠ᠎ᠲᠠᠢ ᠲᠣᠨᠤᠭ ᠲᠦᠬᠦᠭᠡᠷᠦᠮᠵᠢ᠎ᠶ᠋ᠢᠨ ᠡᠨᠧᠷᠬᠢ ᠠᠷᠪᠢᠯᠠᠨ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠶ᠋ᠢ ᠠᠭᠢᠭᠤᠯᠬᠤ ᠬᠡᠷᠡᠭ᠌ᠲᠡᠢ ᠭᠡᠵᠦ᠍ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠲᠣᠬᠢᠷᠠᠭᠤᠯᠭ᠎ᠠ᠎ᠪᠠᠷ 《ᠬᠤᠣᠰ ᠨᠡᠭᠦᠷᠡᠰᠦᠳᠦ᠋ᠷᠦᠭ᠌ᠴᠢ》 ᠶ᠋ᠢᠨ ᠠᠬᠤᠢ ᠪᠠᠢᠳᠠᠯ ᠳᠤᠤᠷᠠᠬᠢ ᠥᠪᠦᠷ ᠮᠣᠩᠭᠤᠯ᠎ᠤᠨ ᠠᠵᠤ ᠠᠬᠤᠢ ᠨᠡᠢᠬᠡᠮ᠎ᠤᠨ ᠬᠦᠭ᠌ᠵᠢᠯᠲᠡ᠎ᠶ᠋ᠢᠨ ᠪᠠᠢᠯᠳᠤᠬᠤ ᠪᠣᠳᠤᠯᠭ᠎ᠠ᠎ᠶ᠋ᠢᠨ ᠰᠡᠳᠦᠪ᠎ᠤᠨ ᠰᠣᠳᠤᠯᠭ᠎ᠠ᠎ᠨᠢ ᠬᠠᠮᠵᠢᠯᠴᠠᠨ ᠥᠷᠨᠢᠭᠦᠯᠵᠦ᠍᠂ ᠳᠤᠷᠠᠳᠤᠭ᠍ᠰᠠᠨ ᠬᠤᠯᠪᠤᠭ᠍ᠳᠠᠯ ᠪᠦᠬᠦᠢ ᠰᠠᠨᠠᠭᠤᠯᠭ᠎ᠠ᠎ᠶ᠋ᠢ ᠤᠯᠤᠰ᠎ᠠᠴᠠ ᠬᠦᠯᠢᠶᠡᠨ ᠠᠪᠤᠪᠠ᠃
ᠳᠥᠷᠪᠡ᠂ ᠠᠷᠠᠳ ᠣᠯᠠᠨ᠎ᠤ ᠪᠠᠴᠢᠮ ᠱᠠᠭᠠᠷᠳᠠᠵᠤ ᠪᠠᠢᠭ᠎ᠠ ᠬᠦᠰᠡᠨ ᠡᠷᠡᠮᠡᠯᠵᠡᠵᠤ ᠪᠠᠢᠭ᠎ᠠ ᠵᠦᠢᠯ᠎ᠳᠤ ᠠᠩᠬᠠᠷᠤᠯ ᠪᠠ ᠬᠦᠴᠦᠨ᠎ᠢᠶᠠᠨ ᠲᠥᠪᠯᠡᠷᠡᠭᠦᠯᠦᠨ᠂ ᠠᠷᠠᠳ᠎ᠤᠨ ᠠᠮᠢᠳᠤᠷᠠᠯ᠎ᠢ ᠪᠥᠬᠦ᠌ ᠬᠦᠴᠦᠨ᠎ᠢᠶᠠᠷ᠎ᠢᠶᠠᠨ ᠪᠠᠲᠤᠯᠠᠨ ᠰᠠᠢᠵᠢᠷᠠᠭᠤᠯᠪᠠ
ᠬᠥᠮᠦᠨ ᠠᠮᠠ᠎ᠶ᠋ᠢᠨ ᠨᠠᠰᠤᠵᠢᠯ᠎ᠢ ᠠᠷᠭᠠᠴᠠᠬᠤ ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠢᠳᠡᠪᠬᠢᠲᠡᠶ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠤ ᠲᠦᠷᠢᠮ᠎ᠢ ᠲᠣᠭ᠍ᠲᠠᠭᠠᠨ᠂ ᠨᠠᠰᠤᠲᠠᠢᠴᠤᠳ᠎ᠤᠨ ᠡᠷᠬᠡ ᠠᠱᠢᠭ᠎ᠢ ᠪᠠᠲᠤᠯᠠᠬᠤ 《ᠨᠢᠭᠡ ᠬᠠᠤᠯᠢ ᠨᠢᠭᠡ ᠲᠦᠷᠢᠮ》 ᠤ᠋ᠨ ᠬᠠᠤᠯᠢ ᠬᠡᠷᠡᠭ᠌ᠵᠢᠭᠦᠯᠦᠯᠳᠡᠶ᠋ᠢᠨ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠵᠦ᠍᠂ ᠬᠡᠷ ᠪᠦᠯᠢ ᠪᠤᠯᠤᠨ ᠨᠡᠢᠭᠡᠮ ᠲᠣᠭᠤᠷᠢᠭ᠎ᠤᠨ ᠪᠠᠢᠭᠤᠯᠤᠮᠵᠢ ᠬᠠᠷᠢᠯᠴᠠᠨ ᠵᠣᠬᠢᠴᠠᠯᠳᠤᠭ᠍ᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ᠎ᠶ᠋ᠢ ᠬᠠᠷᠢᠯᠴᠠᠨ ᠤᠶᠠᠯᠳᠤᠭᠤᠯᠤᠭ᠍ᠰᠠᠨ ᠨᠠᠰᠤᠵᠢᠯ᠎ᠤᠨ ᠦᠢᠯᠡᠴᠢᠯᠡᠭᠡᠨ᠎ᠤ ᠲᠤᠭ᠍ᠳᠠᠯᠴᠠᠭ᠎ᠠ᠎ᠶ᠋ᠢ ᠠᠬᠢᠭᠤᠯᠤᠨ ᠪᠦᠷᠢᠯᠳᠦᠭᠦᠯᠵᠦ᠍᠂ ᠨᠠᠰᠤᠲᠠᠢᠴᠤᠳ᠎ᠲᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠬᠦᠷᠲᠡᠭᠡᠵᠦ᠍᠂ ᠵᠣᠯ ᠵᠢᠷᠭᠠᠯ᠎ᠲᠠᠢ᠎ᠪᠠᠷ ᠥᠲᠡᠯᠦᠭᠡ ᠨᠠᠰᠤ᠎ᠶ᠋ᠢ᠎ᠨᠢ ᠥᠩᠭᠡᠷᠡᠭᠦᠯᠬᠦ᠌᠎ᠪᠠᠷ ᠴᠢᠷᠮᠠᠢᠪᠠ᠃ ᠥᠮᠴᠢᠲᠡᠨ᠎ᠤ ᠵᠥᠪᠯᠡᠯ ᠪᠠᠢᠭᠤᠯᠤᠭ᠍ᠳᠠᠬᠤ᠎ᠳᠤ ᠬᠦᠴᠢᠷ᠂ ᠬᠠᠭᠤᠴᠢᠨ ᠰᠠᠭᠤᠭᠠᠯᠢ ᠠᠷᠠᠳ᠎ᠤᠨ ᠲᠣᠭᠤᠷᠢᠭ᠎ᠢ ᠰᠡᠯᠪᠢᠨ ᠵᠠᠰᠠᠬᠤ᠎ᠳᠤ ᠬᠦᠴᠢᠷ᠂ ᠠᠳᠠᠯ ᠠᠬᠤᠶ᠎ᠶ᠋ᠢᠨ ᠦᠢᠯᠡᠴᠢᠯᠡᠭᠡᠨ᠎ᠤ ᠬᠠᠮᠢᠶᠠᠷᠤᠯᠲᠠ ᠬᠦᠴᠢᠷ ᠵᠡᠷᠭᠡ ᠱᠢᠨ᠎ᠡ ᠠᠰᠠᠭᠤᠳᠠᠯ᠎ᠤᠨ ᠲᠣᠭᠤᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠳᠤ ᠵᠠᠰᠠᠪᠤᠷᠢ ᠤᠷᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠡᠪᠯᠡᠯ᠎ᠤᠨ ᠬᠥᠳᠡᠯᠮᠦᠷᠢ᠎ᠶ᠋ᠢᠨ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ ᠳᠦᠷᠢᠮ᠎ᠢ ᠲᠣᠭ᠍ᠲᠠᠭᠠᠨ᠂ ᠬᠥᠳᠡᠯᠮᠦᠷᠢᠯᠡᠭ᠌ᠴᠢᠳᠤᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ 《ᠵᠢᠵᠢᠭ ᠶᠠᠪᠤᠳᠠᠯ》 ᠠ᠋ᠴᠠ ᠭᠠᠷᠳᠠᠨ ᠬᠠᠤᠯᠢ ᠲᠣᠭ᠍ᠲᠠᠭᠠᠵᠤ ᠠᠷᠠᠳ᠎ᠤᠨ ᠠᠮᠢᠳᠤᠷᠠᠯ᠎ᠤᠨ ᠶᠡᠭᠡ ᠠᠰᠠᠭᠤᠳᠠᠯ᠎ᠢ ᠱᠢᠢᠳᠪᠦᠷᠢᠯᠡᠪᠡ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠢᠳᠠᠯ᠎ᠤᠨ ᠮᠡᠳᠡᠭᠦᠯᠦᠯᠲᠡ᠎ᠶ᠋ᠢᠨ ᠠᠰᠠᠭᠤᠳᠠᠯ᠎ᠤᠨ ᠨᠠᠷᠢᠨ ᠲᠠᠩᠰᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠮᠥᠷᠳᠡᠨ ᠬᠢᠨᠠᠯᠲᠠ ᠲᠠᠯᠪᠢᠵᠤ᠂ ᠵᠠᠰᠠᠭ᠎ᠤᠨ ᠣᠷᠳᠣᠨ᠎ᠤ ᠰᠤᠷᠤᠭ᠍ᠴᠢᠳ᠎ᠤᠨ ᠬᠦᠮᠦᠨ ᠲᠤᠮᠳᠠᠴᠢ᠎ᠶ᠋ᠢᠨ ᠨᠤᠷᠮᠠᠲᠤ ᠵᠠᠷᠤᠳᠠᠯ᠎ᠤᠨ ᠮᠦᠡᠭ᠌ᠬᠦ ᠨᠡᠯᠢᠶᠡᠳ ᠳᠣᠤᠷ᠎ᠠ ᠪᠠᠢᠬᠤ᠂ ᠴᠢᠳᠠᠪᠤᠷᠢᠲᠠᠨ ᠤᠷᠢᠬᠤ᠎ᠶ᠋ᠢ ᠬᠢᠨᠠᠨ ᠵᠥᠪᠱᠢᠶᠡᠷᠡᠬᠦ᠌ ᠲᠠᠰ ᠳᠠᠷᠠᠭᠠᠯᠠᠯ ᠶᠠᠷᠱᠢᠭ ᠲᠦᠪᠡᠭ᠌ᠲᠡᠶ ᠪᠠᠢᠬᠤ ᠵᠡᠷᠭᠡ 9 ᠲᠥᠷᠥᠯ᠎ᠤᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ ᠬᠤᠣᠷ ᠴᠠᠭᠠᠵᠠᠯᠠᠭ᠍ᠰᠠᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠪᠠ᠃ ᠭᠠᠯ ᠰᠡᠷᠭᠡᠢᠯᠡᠯᠲᠡ᠎ᠶ᠋ᠢᠨ 《ᠨᠢᠭᠡ ᠬᠠᠤᠯᠢ ᠨᠢᠭᠡ ᠲᠦᠷᠢᠮ》 ᠤ᠋ᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠦᠷᠨᠢᠭᠦᠯᠪᠡ᠃ ᠪᠡᠶ᠎ᠡ᠎ᠶ᠋ᠢᠨ ᠲᠠᠮᠢᠷ᠎ᠤᠨ ᠬᠠᠤᠯᠢ ᠵᠢᠴᠢ ᠬᠡᠷᠡᠭ᠌ᠵᠢᠭᠦᠯᠬᠦ᠌ ᠠᠷᠭ᠎ᠠ᠎ᠶ᠋ᠢ ᠲᠤᠭᠤᠱᠢᠯᠠᠭᠤᠯᠤᠭ᠍ᠰᠠᠨ ᠪᠠᠢᠳᠠᠯ᠎ᠳᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠨ ᠰᠤᠳᠤᠯᠤᠯᠲᠠ ᠦᠷᠨᠢᠭᠦᠯᠪᠡ᠃
ᠭᠤᠤᠯᠳᠠᠯᠭ᠎ᠠ᠎ᠲᠠᠢ ᠬᠥᠮᠦᠰ᠎ᠲᠤ ᠠᠵᠢᠯ ᠣᠯᠭᠤᠬᠤ᠎ᠶ᠋ᠢ ᠠᠬᠢᠭᠤᠯᠬᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠣᠨ᠎ᠤ ᠭᠤᠤᠯᠳᠠᠯᠭ᠎ᠠ᠎ᠲᠠᠢ ᠬᠢᠨᠠᠯᠲᠠ ᠲᠠᠯᠪᠢᠬᠤ ᠲᠥᠷᠥᠯ ᠵᠦᠢᠯ ᠪᠣᠯᠭᠠᠵᠤ᠂ ᠲᠤᠰᠭᠠᠶ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠬᠦ᠌᠎ᠶ᠋ᠢᠨ ᠬᠠᠮᠲᠤ ᠲᠤᠰᠭᠠᠶ ᠰᠡᠳᠦᠪᠲᠦ ᠯᠠᠪᠯᠠᠭ᠎ᠠ ᠥᠷᠨᠢᠭᠦᠯᠵᠦ᠍᠂ ᠠᠵᠢᠯ ᠣᠯᠭᠤᠯᠲᠠ᠎ᠶ᠋ᠢ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠲᠣᠪᠤᠢᠮ᠎ᠠ ᠪᠠᠢᠷᠢᠨ᠎ᠳᠤ ᠲᠠᠯᠪᠢᠵᠤ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠭ᠍ᠰᠠᠨ ᠪᠠᠢᠳᠠᠯ ᠳᠣᠤᠷ᠎ᠠ ᠠᠵᠢᠯ ᠣᠯᠭᠤᠯᠲᠠ᠎ᠶ᠋ᠢ ᠪᠠᠲᠤᠯᠠᠬᠤ᠂ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠬᠤ ᠠᠵᠢᠯ᠎ᠢ ᠰᠠᠢᠲᠤᠷ ᠬᠢᠬᠦ᠌᠎ᠶ᠋ᠢ ᠴᠢᠬᠤᠯᠠᠴᠢᠯᠠᠵᠤ᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠳᠠᠷᠤᠭᠠᠰᠤ ᠥᠬᠡᠶ᠎ᠪᠠᠷ ᠠᠵᠢᠯᠯᠠᠬᠤ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠤᠬᠤ᠎ᠶ᠋ᠢ ᠳᠡᠮᠵᠢᠵᠦ᠍᠂ ᠬᠥᠯᠥᠰᠥᠨ ᠠᠵᠢᠯᠴᠢᠨ᠎ᠤ ᠴᠠᠯᠢᠩ ᠮᠦᠡᠭ᠌ᠬᠦ᠎ᠶ᠋ᠢ ᠥᠷᠢᠲᠦᠵᠦ᠍ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠤᠨ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠭᠡᠳ᠂ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠤᠷᠳᠤ ᠬᠤᠭᠤᠴᠠᠭᠠᠲᠤ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠣᠯᠤᠨ ᠲᠣᠭ᠍ᠲᠠᠪᠦᠷᠢᠳᠦ ᠪᠤᠰᠤ ᠴᠢᠨᠠᠷ᠎ᠢ ᠰᠡᠷᠭᠡᠭ᠎ᠢᠶᠠᠷ ᠲᠠᠨᠢᠵᠤ᠂ ᠳᠠᠢᠯᠠᠯᠳᠤᠭᠠᠨ᠎ᠠᠴᠠ ᠬᠠᠯᠠᠱᠢᠷᠠᠬᠤ ᠰᠡᠳᠭᠢᠯᠭᠡ ᠪᠣᠯᠤᠨ ᠲᠠᠢᠪᠤᠱᠢᠷᠠᠬᠤ ᠦᠵᠡᠯ ᠰᠠᠨᠠᠭ᠎ᠠ᠎ᠶ᠋ᠢ ᠡᠷᠡᠰ ᠲᠡᠪᠴᠢᠵᠦ᠍᠂ 《ᠭᠠᠳᠠᠨ᠎ᠠ᠎ᠠᠴᠠ ᠬᠠᠯᠳᠠᠪᠤᠷᠢᠯᠠᠨ ᠤᠷᠤᠬᠤ᠂ ᠳᠣᠲᠣᠭᠠᠳᠤ᠎ᠳᠤ᠎ᠪᠠᠨ ᠲᠠᠬᠢᠨ ᠳᠡᠯᠭᠡᠷᠡᠬᠦ᠌᠎ᠶ᠋ᠢ ᠰᠡᠷᠭᠡᠢᠯᠡᠬᠦ᠌》 ᠠᠵᠢᠯ᠎ᠢ ᠢᠮᠠᠭ᠍ᠲᠠ ᠪᠣᠯᠭᠤᠮᠵᠢᠲᠠᠢ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠲᠠᠪᠤ᠂ ᠬᠠᠤᠯᠢᠵᠢᠯ᠎ᠤᠨ ᠥᠪᠥᠷ ᠮᠣᠩᠭᠤᠯ᠎ᠤᠨ ᠪᠠᠢᠭᠤᠯᠤᠯᠲᠠ᠎ᠳᠤ ᠠᠩᠬᠠᠷᠤᠯ ᠪᠠ ᠬᠦᠴᠦᠨ᠎ᠢᠶᠠᠨ ᠲᠥᠪᠯᠡᠷᠡᠭᠦᠯᠵᠦ᠍ ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠂ ᠭᠤᠣᠯᠴᠢ᠎ᠪᠠᠷ ᠬᠠᠤᠯᠢ ᠪᠠᠷᠢᠬᠤ᠂ ᠪᠦᠬᠦ᠌ ᠠᠷᠠᠳ᠎ᠢᠶᠠᠷ᠎ᠢᠶᠠᠨ ᠬᠠᠤᠯᠢ᠎ᠶ᠋ᠢ ᠵᠢᠷᠤᠮᠯᠠᠬᠤ᠎ᠶ᠋ᠢ ᠲᠦᠯᠬᠢᠨ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠬᠤ ᠵᠥᠪᠯᠡᠯ᠎ᠤᠨ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠤᠰᠭᠠᠶ ᠲᠡᠮᠡᠴᠡᠯ᠎ᠢ ᠥᠷᠨᠢᠭᠦᠯᠦᠭ᠌ᠰᠡᠨ 《ᠬᠠᠮᠠᠭᠠᠯᠠᠭ᠍ᠴᠢ ᠱᠢᠬᠦᠷ᠎ᠲᠤ ᠴᠣᠬᠢᠯᠲᠠ ᠥᠭ᠌ᠴᠦ ᠬᠠᠷᠢᠴᠠᠭᠠᠨ᠎ᠤ ᠲᠣᠤᠷ᠎ᠢ ᠡᠪᠳᠡᠭ᠌ᠰᠡᠨ》 ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠠᠩᠬ᠎ᠠ ᠤᠳᠠᠭ᠎ᠠ ᠰᠣᠨᠣᠰᠤᠨ ᠬᠢᠨᠠᠨ ᠵᠥᠪᠯᠡᠵᠦ᠍᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠳᠤ ᠬᠤᠯᠪᠣᠭ᠍ᠳᠠᠭ᠍ᠰᠠᠨ ᠢᠯᠵᠠᠷᠠᠯ ᠪᠣᠯᠤᠨ 《ᠬᠠᠮᠠᠭᠠᠯᠠᠭ᠍ᠴᠢ ᠱᠢᠬᠦᠷ》 ᠤ᠋ᠨ ᠠᠰᠠᠭᠤᠳᠠᠯ᠎ᠤᠨ ᠱᠢᠨ᠎ᠡ ᠬᠠᠨᠳᠤᠰᠢ᠎ᠶ᠋ᠢ ᠭᠦᠨᠵᠡᠭᠡᠶ ᠰᠤᠳᠤᠯᠤᠨ ᠮᠠᠭᠠᠳᠯᠠᠵᠤ᠂ ᠬᠢᠨᠠᠨ ᠪᠠᠢᠴᠠᠭᠠᠬᠤ ᠪᠠᠢᠭᠤᠯᠭ᠎ᠠ ᠪᠣᠯᠤᠨ ᠪᠤᠰᠤᠳ ᠬᠤᠯᠪᠣᠭ᠍ᠳᠠᠯ ᠪᠥᠬᠦᠶ ᠪᠠᠢᠭᠤᠯᠭ᠎ᠠ᠎ᠶ᠋ᠢᠨ ᠬᠠᠮᠵᠢᠯᠴᠠᠨ ᠬᠤᠯᠪᠣᠭᠠᠯᠠᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ 《ᠬᠠᠮᠠᠭᠠᠯᠠᠭ᠍ᠴᠢ ᠱᠢᠬᠦᠷ᠎ᠲᠤ ᠴᠣᠬᠢᠯᠲᠠ ᠥᠭ᠌ᠴᠦ ᠬᠠᠷᠢᠴᠠᠭᠠᠨ᠎ᠤ ᠲᠣᠤᠷ᠎ᠢ ᠡᠪᠳᠡᠬᠦ᠌》 ᠥᠨᠳᠥᠷ ᠳᠠᠷᠤᠯᠲᠠᠲᠤ ᠪᠠᠢᠳᠠᠯ᠎ᠢ ᠢᠮᠠᠭ᠍ᠲᠠ ᠪᠠᠷᠢᠮᠲᠠᠯᠠᠵᠤ᠂ ᠠᠮᠤᠷ ᠠᠮᠤᠭᠤᠯᠠᠩ ᠥᠪᠥᠷ ᠮᠣᠩᠭᠤᠯ᠂ ᠬᠠᠤᠯᠢᠵᠢᠯ᠎ᠤᠨ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠳᠤ ᠪᠠᠲᠤ ᠪᠠᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠶ ᠭᠡᠵᠦ᠍ ᠳᠤᠷᠠᠳᠪᠠ᠃ ᠵᠠᠰᠠᠭ ᠵᠠᠬᠢᠷᠭᠠᠨ᠎ᠤ ᠱᠢᠢᠳᠭᠡᠯ᠎ᠤᠨ ᠬᠠᠤᠯᠢ᠂ ᠵᠠᠰᠠᠭ ᠵᠠᠬᠢᠷᠭᠠᠨ᠎ᠤ ᠵᠥᠪᠱᠢᠶᠡᠷᠡᠯ᠎ᠤᠨ ᠬᠠᠤᠯᠢ᠂ ᠵᠠᠰᠠᠭ ᠵᠠᠬᠢᠷᠭᠠᠨ᠎ᠤ ᠠᠯᠪᠠᠳᠠᠯᠭ᠎ᠠ᠎ᠶ᠋ᠢᠨ ᠬᠠᠤᠯᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠳᠤ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠥᠷᠨᠢᠭᠦᠯᠵᠦ᠍᠂ ᠠᠰᠠᠭᠤᠳᠠᠯ᠎ᠤᠨ ᠨᠠᠷᠢᠨ ᠬᠠᠭᠤᠳᠠᠰᠤ ᠵᠢᠭ᠍ᠰᠠᠭᠠᠵᠤ᠂ ᠳᠤᠷ᠎ᠠ᠎ᠪᠠᠷ᠎ᠢᠶᠠᠨ ᠬᠠᠤᠯᠢ ᠬᠡᠷᠡᠭ᠌ᠵᠢᠭᠦᠯᠬᠦ᠂ ᠱᠢᠢᠳᠭᠡᠯ᠎ᠢ ᠴᠢᠬᠤᠯᠠᠴᠢᠯᠠᠵᠤ ᠪᠤᠷᠤᠭᠤ᠎ᠶ᠋ᠢ ᠵᠠᠯᠠᠷᠠᠭᠤᠯᠬᠤ᠎ᠶ᠋ᠢ ᠬᠥᠩᠭᠡᠪᠴᠢᠯᠡᠬᠦ᠂ ᠵᠢᠷᠤᠮ᠎ᠨᠢ ᠬᠠᠤᠯᠢ᠎ᠠᠴᠠ ᠵᠥᠷᠢᠴᠡᠬᠦ᠂ ᠵᠠᠰᠠᠭ ᠵᠠᠬᠢᠷᠭᠠᠨ᠎ᠤ ᠦᠷ᠎ᠡ ᠪᠦᠲᠦᠮᠵᠢ᠎ᠨᠢ ᠳᠣᠣᠷ᠎ᠠ ᠪᠠᠢᠬᠤ ᠵᠡᠷᠭᠡ ᠠᠯᠢ ᠤᠯᠠᠨ ᠪᠡᠷᠬᠡᠱᠢᠶᠡᠯ᠎ᠲᠠᠢ ᠠᠰᠠᠭᠤᠳᠠᠯ᠎ᠳᠤ ᠴᠢᠭ᠌ᠯᠡᠭᠦᠯᠦᠨ ᠭᠤᠣᠯᠳᠠᠯᠭ᠎ᠠ᠎ᠲᠠᠢ ᠬᠠᠯᠠᠨ ᠰᠠᠢᠵᠢᠷᠠᠭᠤᠯᠬᠤ ᠰᠠᠨᠠᠭᠤᠯᠭ᠎ᠠ ᠳᠤᠷᠠᠳᠪᠠ᠃ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ᠎ᠶ᠋ᠢᠨ ᠶᠠᠯ᠎ᠠ᠎ᠪᠠᠨ ᠮᠡᠳᠡᠷᠡᠵᠤ ᠱᠢᠢᠳᠭᠡᠯ᠎ᠢ ᠬᠦᠯᠢᠶᠡᠭ᠌ᠰᠡᠳᠢ ᠠᠭᠤᠴᠢᠯᠠᠨ ᠱᠢᠢᠳᠭᠡᠬᠦ᠌ ᠳᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠵᠦ᠍᠂ ᠦᠯᠦ᠍ ᠵᠠᠭᠠᠯᠳᠤᠬᠤ ᠲᠣᠭ᠍ᠲᠠᠭᠠᠯ ᠬᠢᠭᠡᠳ ᠲᠠᠷᠠᠭᠠᠴᠢ᠎ᠶ᠋ᠢᠨ ᠵᠠᠰᠠᠭ ᠵᠠᠬᠢᠷᠭᠠᠨ᠎ᠤ ᠲᠤᠷᠭᠠᠭᠤᠯᠢ ᠱᠢᠢᠳᠭᠡᠯ᠎ᠢ ᠵᠣᠯᠭᠠᠭᠤᠯᠬᠤ ᠲᠣᠭ᠍ᠲᠠᠴᠠ᠎ᠶ᠋ᠢ ᠲᠡᠭᠦᠯᠳᠡᠷᠵᠢᠭᠦᠯᠪᠡ᠃
ᠲᠠᠩᠰᠠᠯᠠᠵᠤ ᠬᠢᠨᠠᠨ ᠪᠠᠢᠴᠠᠭᠠᠭ᠍ᠰᠠᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠂ 2016 - 2020 ᠣᠨ᠎ᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢᠨ ᠪᠠᠢᠳᠠᠯ᠎ᠤᠨ ᠲᠤᠬᠠᠢ ᠮᠡᠳᠡᠭᠦᠯᠦᠯᠲᠡ᠂ 《ᠳᠣᠯᠣᠳᠤᠭᠠᠷ ᠲᠠᠪᠤᠨ ᠵᠢᠯ》 ᠤ᠋ᠨ ᠬᠠᠤᠯᠢ ᠲᠦᠭᠡᠮᠡᠯᠵᠢᠭᠦᠯᠬᠦ᠌ ᠱᠢᠢᠳᠪᠦᠷᠢ᠎ᠶ᠋ᠢ ᠬᠡᠷᠡᠭ᠌ᠵᠢᠭᠦᠯᠦᠭ᠌ᠰᠡᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠦᠪᠯᠡᠵᠤ᠂ 《ᠨᠠᠢ᠍ᠮᠠᠳᠤᠭᠠᠷ ᠲᠠᠪᠤᠨ ᠵᠢᠯ》 ᠤ᠋ᠨ ᠬᠠᠤᠯᠢ ᠲᠦᠷᠢᠮ᠎ᠤᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠬᠦ᠌ ᠲᠤᠬᠠᠢ ᠱᠢᠢᠳᠪᠦᠷᠢ ᠭᠠᠷᠭᠠᠪᠠ᠃ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶ᠋ᠢ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠬᠤ᠂ ᠬᠢᠨᠠᠨ ᠪᠠᠢᠴᠠᠭᠠᠬᠤ᠂ ᠱᠢᠢᠳᠪᠦᠷᠢᠯᠡᠬᠦ᠌ ᠡᠷᠴᠢᠮ᠎ᠢᠶᠠᠨ ᠴᠢᠩᠭᠠᠷᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠶ᠋ᠢᠨ ᠮᠠᠨ᠎ᠤ ᠣᠷᠣᠨ᠎ᠳᠤ ᠪᠥᠬᠦ᠌ ᠲᠠᠯ᠎ᠠ᠎ᠪᠠᠷ ᠲᠤᠭᠤᠱᠢᠯᠠᠭᠤᠯᠤᠨ ᠬᠡᠷᠡᠭ᠌ᠵᠢᠭᠦᠯᠬᠦ᠌᠎ᠶ᠋ᠢ ᠪᠠᠲᠤᠯᠠᠬᠤ ᠬᠡᠷᠡᠭ᠌ᠲᠡᠶ; ᠬᠠᠤᠯᠢᠵᠢᠯ᠎ᠢᠶᠠᠷ ᠵᠠᠰᠠᠭ ᠵᠠᠬᠢᠷᠭᠠᠨ᠎ᠤ ᠡᠷᠬᠡ᠎ᠳᠤ ᠶᠣᠰᠣ ᠲᠦᠷᠢᠮ ᠲᠣᠭ᠍ᠲᠠᠭᠠᠵᠤ᠂ ᠵᠠᠭᠠᠭ ᠱᠤᠭᠤᠮ ᠵᠢᠷᠤᠵᠤ᠂ ᠵᠠᠰᠠᠭ ᠵᠠᠬᠢᠷᠭᠠᠨ᠎ᠤ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠳᠠᠷᠠᠭᠠᠯᠠᠯ᠎ᠢ ᠵᠢᠷᠤᠮᠵᠢᠭᠤᠯᠵᠤ᠂ ᠵᠠᠰᠠᠭ᠎ᠤᠨ ᠣᠷᠳᠣᠨ᠎ᠤ ᠢᠲᠡᠭᠡᠯ᠎ᠲᠠᠢ ᠪᠠᠢᠵᠤ ᠠᠮᠠᠯᠠᠯᠲᠠ᠎ᠪᠠᠨ ᠦᠢᠯᠡᠳᠦᠯᠭᠡᠵᠢᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠱᠢᠨ᠎ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠢ; ᠬᠠᠤᠯᠢ ᠲᠦᠭᠡᠮᠡᠯᠵᠢᠭᠦᠯᠬᠦ᠌ ᠠᠵᠢᠯ᠎ᠤᠨ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠨᠡᠢᠭᠡᠮ ᠳᠠᠶᠠᠭᠠᠷ᠎ᠲᠤ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠬᠤ ᠬᠠᠤᠯᠢ᠎ᠶ᠋ᠢ ᠬᠡᠷᠡᠭ᠌ᠯᠡᠬᠦ᠌ ᠤᠷᠴᠢᠨ ᠠᠬᠤᠢ᠎ᠶ᠋ᠢ ᠪᠦᠷᠢᠯᠳᠦᠭᠦᠯᠬᠦ᠌ ᠬᠡᠷᠡᠭ᠌ᠲᠡᠢ ᠭᠡᠵᠤ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠤᠰᠠᠯᠠᠭ᠍ᠴᠢ ᠠᠵᠢᠯᠲᠠᠨ᠎ᠤ ᠳᠦᠷᠢᠮ᠎ᠢ ᠲᠣᠭ᠍ᠲᠠᠭᠠᠨ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠤᠰᠠᠯᠠᠭ᠍ᠴᠢ ᠠᠵᠢᠯᠲᠠᠨ᠎ᠤ ᠬᠠᠤᠯᠢ ᠴᠠᠭᠠᠵᠠ᠎ᠶ᠋ᠢᠨ ᠪᠠᠢᠷᠢ ᠰᠠᠭᠤᠷᠢ᠎ᠶ᠋ᠢ ᠲᠣᠳᠣᠷᠬᠠᠢᠯᠠᠵᠤ᠂ ᠴᠠᠭ᠍ᠳᠠᠭ᠎ᠠ᠎ᠶ᠋ᠢᠨ ᠲᠤᠰᠠᠯᠠᠭ᠍ᠴᠢ ᠡᠩᠨᠡᠭᠡᠨ᠎ᠤ ᠡᠭᠦᠷᠭᠡ ᠬᠠᠷᠢᠭᠤᠴᠠᠯᠭ᠎ᠠ᠎ᠶ᠋ᠢᠨ ᠡᠷᠬᠡ ᠮᠡᠳᠡᠯ᠎ᠨᠢ ᠲᠣᠳᠣᠷᠬᠠᠶ ᠦᠭᠡᠶ᠂ ᠠᠵᠢᠯ ᠮᠡᠷᠭᠡᠵᠢᠯ᠎ᠤᠨ ᠪᠠᠲᠤᠯᠠᠭ᠎ᠠ ᠬᠦᠷᠦᠯᠴᠡᠬᠦ᠌ ᠦᠭᠡᠢ᠂ ᠬᠠᠮᠢᠶᠠᠷᠴᠤ᠌ ᠬᠡᠷᠡᠭ᠌ᠯᠡᠬᠦ᠌᠎ᠨᠢ ᠵᠢᠷᠤᠮᠵᠢᠯ ᠦᠭᠡᠶ ᠵᠡᠷᠭᠡ ᠪᠣᠭᠤᠮᠢ᠎ᠶ᠋ᠢᠨ ᠠᠰᠠᠭᠤᠳᠠᠯ᠎ᠢ ᠬᠠᠤᠯᠢ ᠲᠣᠭ᠍ᠲᠠᠭᠠᠬᠤ ᠠᠷᠭ᠎ᠠ ᠮᠠᠶᠢᠭ᠎ᠢᠶᠠᠷ ᠱᠢᠢᠳᠪᠦᠷᠢᠯᠡᠪᠡ᠃
ᠵᠢᠷᠭᠤᠭ᠎ᠠ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ᠎ᠳᠤ ᠠᠩᠬᠠᠷᠤᠯ ᠪᠠ ᠬᠦᠴᠦᠨ᠎ᠢᠶᠠᠨ ᠲᠦᠪᠯᠡᠷᠡᠭᠦᠯᠦᠨ᠂ ᠠᠷᠠᠳ ᠲᠦᠮᠡᠨ ᠬᠦᠰᠡᠯ ᠱᠠᠭᠠᠷᠳᠠᠯᠭ᠎ᠠ᠎ᠲᠠᠢ ᠪᠣᠯ ᠪᠢᠳᠡ ᠬᠠᠷᠢᠭᠤ ᠲᠤᠰᠭᠠᠯ᠎ᠲᠠᠢ ᠪᠠᠢᠬᠤ᠎ᠶ᠋ᠢ ᠪᠡᠶᠡᠯᠡᠭᠦᠯᠪᠡ
《ᠠᠷᠠᠳ᠎ᠤᠨ ᠲᠥᠯᠥᠭᠡᠯᠡᠭ᠌ᠴᠢ ᠠᠷᠠᠳ ᠲᠦᠮᠡᠨ᠎ᠢ ᠲᠥᠯᠥᠭᠡᠯᠡᠨ ᠲᠦᠷᠦ᠍᠎ᠶ᠋ᠢᠨ ᠡᠷᠬᠡ᠎ᠶ᠋ᠢ ᠬᠡᠷᠡᠭ᠌ᠵᠢᠭᠦᠯᠬᠦ᠌᠎ᠳᠤ ᠣᠷᠣᠯᠴᠠᠬᠤ》 ᠲᠤᠱᠢᠶᠠᠯ ᠬᠠᠷᠢᠭᠤᠴᠠᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠭᠦᠨᠵᠡᠭᠡᠢ ᠣᠢᠯᠠᠭᠠᠵᠤ᠂ ᠲᠥᠯᠥᠭᠡᠯᠡᠭ᠌ᠴᠢ᠎ᠶ᠋ᠢᠨ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠭᠦᠢᠴᠡᠳ ᠬᠦᠨᠳᠦᠳᠭᠡᠨ᠂ ᠠᠵᠢᠯ᠎ᠤᠨ ᠠᠴᠢᠶᠠᠯᠠᠭ᠍ᠴᠢ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠣᠷᠣᠯᠴᠠᠬᠤ ᠲᠠᠪᠴᠠᠩ᠎ᠢ ᠥᠷᠭᠡᠳᠭᠡᠨ᠂ ᠦᠢᠯᠡᠴᠢᠯᠡᠭᠡᠨ᠎ᠤ ᠪᠠᠲᠤᠯᠠᠭ᠎ᠠ᠎ᠶ᠋ᠢ ᠴᠢᠩᠭᠠᠳᠭᠠᠵᠤ᠂ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠢᠳᠡᠪᠬᠢᠵᠢᠯ ᠪᠠ ᠪᠣᠳᠠᠲᠤ ᠪᠦᠲᠦᠮᠵᠢ᠎ᠳᠤ ᠴᠢᠨᠠᠷ᠎ᠢ ᠲᠠᠰᠤᠷᠠᠯᠳᠠ ᠦᠭᠡᠢ ᠴᠢᠩᠭᠠᠳᠭᠠᠪᠠ᠃
ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠬᠦ᠌ ᠪᠠᠲᠤᠯᠠᠭ᠎ᠠ᠎ᠶ᠋ᠢ ᠴᠢᠩᠭᠠᠳᠭᠠᠪᠠ᠃ ᠪᠦᠷᠢᠯᠳᠦᠬᠦᠨ ᠨᠠᠷ᠎ᠤᠨ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠲᠠᠢ ᠬᠠᠷᠢᠯᠴᠠᠬᠤ ᠳᠦᠷᠢᠮ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠭᠤᠣᠯ ᠤᠳᠤᠷᠢᠳᠭᠤ ᠨᠥᠬᠦᠳ ᠲᠦᠷᠦᠭᠦᠯᠡᠨ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠲᠠᠢ ᠬᠠᠷᠢᠯᠴᠠᠬᠤ᠎ᠶ᠋ᠢᠨ ᠬᠠᠮᠲᠤ ᠲᠥᠯᠥᠭᠡᠯᠡᠭ᠌ᠴᠢᠳ᠎ᠲᠠᠢ ᠰᠠᠨᠠᠯ᠎ᠢᠶᠠᠨ ᠰᠣᠯᠢᠯᠴᠠᠵᠤ᠂ ᠲᠥᠯᠥᠭᠡᠯᠡᠭ᠌ᠴᠢᠳ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠳᠤᠮᠳᠠᠬᠢ ᠬᠦᠴᠢᠷᠳᠡᠯ ᠪᠠ ᠠᠰᠠᠭᠤᠳᠠᠯ᠎ᠢ ᠬᠠᠪᠰᠤᠷᠤᠨ ᠱᠢᠢᠳᠪᠦᠷᠢᠯᠡᠪᠡ᠃ ᠲᠥᠯᠥᠭᠡᠯᠡᠭ᠌ᠴᠢᠳ᠎ᠤᠨ ᠠᠵᠢᠯ ᠮᠡᠷᠭᠡᠵᠢᠯ᠎ᠤᠨ ᠳᠠᠪᠠᠭᠤᠯᠢᠭ᠎ᠢᠶᠠᠨ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠦᠰᠡᠯ ᠡᠷᠡᠮᠡᠯᠵᠡᠯ᠎ᠢ᠎ᠨᠢ ᠦᠨᠳᠦᠰᠦᠯᠡᠨ ᠲᠥᠯᠥᠭᠡᠯᠡᠭ᠌ᠴᠢᠳ᠎ᠢ ᠤᠷᠢᠵᠤ ᠪᠠᠢᠴᠠᠭᠠᠨ ᠰᠤᠳᠤᠯᠤᠯᠲᠠ ᠪᠠ ᠬᠢᠨᠠᠨ ᠵᠥᠪᠯᠡᠬᠦ᠌᠎ᠳᠤ ᠤᠷᠤᠯᠴᠠᠭᠤᠯᠪᠠ᠃ ᠲᠥᠯᠥᠭᠡᠯᠡᠭ᠌ᠴᠢᠳ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠠᠬᠢ ᠠᠵᠢᠯᠯᠠᠭ᠎ᠠ᠎ᠶ᠋ᠢ ᠪᠠᠶᠠᠯᠢᠬ᠍ᠵᠢᠭᠤᠯᠵᠤ᠂ ᠬᠤᠷᠠᠯ᠎ᠳᠤ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠤᠨ ᠰᠠᠭᠤᠳᠠᠯ᠎ᠤᠨ ᠬᠤᠷᠠᠯ᠎ᠢ ᠬᠤᠶᠠᠷ ᠤᠳᠠᠭ᠎ᠠ ᠵᠣᠬᠢᠶᠠᠨ ᠪᠠᠢᠭᠤᠯᠤᠨ ᠬᠤᠷᠠᠯᠳᠤᠭᠤᠯᠵᠤ᠂ ᠲᠥᠯᠥᠭᠡᠯᠡᠭ᠌ᠴᠢᠳ᠎ᠤᠨ ᠰᠠᠨᠠᠯ ᠰᠠᠨᠠᠭᠤᠯᠭ᠎ᠠ᠎ᠶ᠋ᠢ ᠨᠢᠭᠤᠷᠳᠠᠨ ᠰᠣᠨᠣᠰᠪᠠ; ᠪᠦᠬᠦ᠌ ᠣᠷᠣᠨ᠎ᠤ ᠭᠤᠣᠯᠳᠠᠯᠭ᠎ᠠ᠎ᠲᠠᠢ ᠠᠵᠢᠯ ᠪᠠ ᠲᠥᠯᠥᠭᠡᠯᠡᠭ᠌ᠴᠢᠳ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠲᠠᠢ ᠨᠢᠭ᠍ᠲᠠ ᠤᠶᠠᠯᠳᠤᠭᠤᠯᠤᠨ᠂ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠤᠨ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠤᠨ ᠣᠷᠴᠢᠨ ᠲᠣᠭᠤᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ ᠪᠠ ᠬᠢᠯᠢ ᠬᠢᠵᠠᠭᠠᠷ ᠣᠷᠣᠨ᠎ᠤ ᠬᠤᠲᠠ ᠬᠥᠳᠡᠭᠡ᠎ᠶ᠋ᠢᠨ ᠵᠠᠮ ᠬᠠᠷᠢᠯᠴᠠᠭ᠎ᠠ᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠲᠠᠢ ᠤᠶᠠᠯᠳᠤᠭᠤᠯᠤᠨ ᠲᠤᠰᠭᠠᠢ ᠰᠡᠳᠦᠪᠲᠦ ᠪᠠᠢᠴᠠᠭᠠᠨ ᠰᠤᠳᠤᠯᠤᠯᠲᠠ ᠪᠠ ᠲᠥᠪᠯᠡᠷᠡᠩᠭᠦᠢ ᠠᠵᠢᠯ᠎ᠤᠨ ᠪᠠᠢᠴᠠᠭᠠᠯᠲᠠ ᠥᠷᠨᠢᠭᠦᠯᠪᠡ᠃
ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠪᠠ ᠱᠢᠪᠠᠳᠠᠭᠤᠯᠤᠨ ᠱᠢᠢᠳᠪᠦᠷᠢᠯᠡᠬᠦ᠌ ᠠᠵᠢᠯ᠎ᠢ ᠴᠢᠩᠭᠠᠳᠭᠠᠪᠠ᠃ ᠠᠭᠤᠯᠭ᠎ᠠ᠎ᠨᠢ ᠴᠢᠨᠠᠷ ᠰᠠᠢᠲᠠᠢ ᠪᠠᠢᠬᠤ ᠪᠠ ᠱᠢᠢᠳᠪᠦᠷᠢᠯᠡᠬᠦ᠌᠎ᠨᠢ ᠴᠢᠨᠠᠷ ᠰᠠᠢᠲᠠᠢ ᠪᠠᠢᠬᠤ ᠱᠠᠭᠠᠷᠳᠠᠯᠭ᠎ᠠ ᠶᠣᠰᠣᠭᠠᠷ᠂ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠰᠠᠨᠠᠭᠤᠯᠭ᠎ᠠ ᠳᠤᠷᠠᠳᠭᠤ᠎ᠳᠤ ᠦᠢᠯᠡᠴᠢᠯᠡᠭᠡ ᠬᠠᠩᠭᠠᠵᠤ᠂ ᠳᠠᠭᠠᠭᠠᠨ ᠱᠢᠢᠳᠪᠦᠷᠢᠯᠡᠬᠦ᠌ ᠨᠢᠭᠡᠴᠢ᠎ᠶ᠋ᠢ ᠱᠢᠪᠠᠳᠠᠨ ᠱᠢᠢᠳᠪᠦᠷᠢᠯᠡᠬᠦᠯᠬᠦ᠌ ᠠᠵᠢᠯ᠎ᠢ ᠴᠢᠩᠭᠠᠳᠭᠠᠵᠤ᠂ ᠬᠡᠷᠡᠭ ᠪᠣᠯᠭᠠᠨ᠎ᠢ ᠨᠠᠢᠳᠠᠪᠦᠷᠢᠵᠢᠭᠤᠯᠵᠤ᠂ ᠶᠠᠪᠤᠳᠠᠯ ᠪᠣᠯᠭᠠᠨ᠎ᠳᠤ ᠬᠠᠷᠢᠭᠤᠯᠲᠠ ᠥᠭ᠌ᠬᠦ᠎ᠶ᠋ᠢ ᠪᠡᠶᠡᠯᠡᠭᠦᠯᠪᠡ᠃ ᠪᠠᠢᠩᠭᠤ᠎ᠶ᠋ᠢᠨ ᠬᠤᠷᠢᠶᠠᠨ᠎ᠤ ᠡᠷᠬᠢᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠬᠦᠨ᠎ᠤ ᠭᠤᠤᠯᠳᠠᠯᠭ᠎ᠠ᠎ᠲᠠᠢ ᠱᠢᠪᠠᠳᠠᠭᠤᠯᠤᠨ ᠱᠢᠢᠳᠪᠦᠷᠢᠯᠡᠬᠦᠯᠬᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠠᠷᠢᠭᠤᠴᠠᠯᠭᠠᠲᠠᠨ᠎ᠠᠴᠠ ᠳᠠᠭᠠᠭᠤᠯᠤᠨ ᠱᠢᠢᠳᠪᠦᠷᠢᠯᠡᠬᠦ᠌ ᠴᠤᠬᠤᠯᠠᠪᠦᠷᠢᠯᠠᠨ ᠱᠢᠢᠳᠪᠦᠷᠢᠯᠡᠬᠦ᠂ ᠲᠥᠯᠥᠭᠡᠯᠡᠭ᠌ᠴᠢ᠎ᠶ᠋ᠢᠨ ᠠᠵᠢᠯ᠎ᠤᠨ ᠪᠠᠢᠭᠤᠯᠤᠮᠵᠢ ᠵᠣᠬᠢᠴᠠᠭᠤᠯᠤᠨ ᠱᠢᠪᠠᠳᠠᠭᠤᠯᠤᠨ ᠱᠢᠢᠳᠪᠦᠷᠢᠯᠡᠬᠦᠯᠬᠦ᠌ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠲᠥᠯᠥᠭᠡᠯᠡᠭ᠌ᠴᠢᠳ᠎ᠤᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠭᠦᠢᠴᠡᠳᠭᠡᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠭᠤ᠎ᠶ᠋ᠢᠨ ᠬᠠᠮᠲᠤ ᠬᠠᠯᠠᠨ ᠰᠠᠢᠵᠢᠷᠠᠭᠤᠯᠬᠤ ᠰᠠᠨᠠᠯ ᠳᠤᠷᠠᠳᠪᠠ᠃ ᠡᠯ᠎ᠡ ᠳᠠᠭᠠᠭᠠᠨ ᠱᠢᠢᠳᠪᠦᠷᠢᠯᠡᠬᠦ᠌ ᠨᠢᠭᠡᠴᠢ ᠠᠷᠠᠳ ᠣᠯᠠᠨ᠎ᠤ 《ᠪᠠᠴᠢᠮ ᠶᠠᠭᠠᠷᠠᠤ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ》 ᠳ᠋ᠤ ᠬᠤᠯᠪᠣᠭ᠍ᠳᠠᠬᠤ ᠠᠰᠠᠭᠤᠳᠠᠯ᠎ᠤᠨ ᠲᠣᠭᠤᠷᠢᠨ᠎ᠳᠤ᠂ ᠰᠠᠨᠠᠭᠤᠯᠭ᠎ᠠ᠎ᠶ᠋ᠢ ᠱᠢᠢᠳᠪᠦᠷᠢᠯᠡᠬᠦ᠌ ᠠᠵᠢᠯ᠎ᠢ ᠥᠷᠨᠢᠭᠦᠯᠵᠦ᠍᠂ ᠣᠬᠤᠷ ᠬᠤᠭᠤᠴᠠᠭᠠᠨ᠎ᠳᠤ ᠱᠢᠢᠳᠪᠦᠷᠢᠯᠡᠵᠦ᠍ ᠳᠡᠢᠯᠬᠦ᠌ ᠠᠰᠠᠭᠤᠳᠠᠯ᠎ᠢ ᠬᠦᠴᠦ᠍᠎ᠪᠠᠨ ᠲᠥᠪᠯᠡᠷᠡᠭᠦᠯᠦᠨ ᠬᠤᠭᠤᠴᠠᠭ᠎ᠠ ᠬᠢᠵᠠᠭᠠᠷᠯᠠᠨ ᠱᠢᠢᠳᠪᠦᠷᠢᠯᠡᠪᠡ; ᠲᠦᠷ ᠱᠢᠢᠳᠪᠦᠷᠢᠯᠡᠬᠦ᠌᠎ᠳᠤ ᠬᠦᠴᠢᠷ ᠠᠰᠠᠭᠤᠳᠠᠯ᠎ᠤᠨ ᠲᠤᠬᠠᠢ ᠲᠥᠯᠥᠭᠡᠯᠡᠭ᠌ᠴᠢᠳ᠎ᠲᠤ ᠪᠠᠢᠳᠠᠯ᠎ᠢᠶᠠᠨ ᠦᠨᠡᠨ ᠮᠦᠨᠢᠶᠠᠷᠨᠢ ᠲᠣᠳᠣᠷᠬᠠᠢᠯᠠᠵᠤ᠂ ᠣᠢᠯᠠᠭᠠᠭᠤᠯᠬᠤ ᠪᠠ ᠱᠢᠢᠳᠪᠦᠷᠢᠯᠡᠬᠦ᠌᠎ᠪᠠᠷ ᠴᠢᠷᠮᠠᠢᠪᠠ; ᠣᠯᠠᠨ ᠰᠠᠯᠠᠭ᠎ᠠ ᠮᠥᠴᠢᠷ᠎ᠤᠨ ᠬᠠᠮᠳᠤᠷᠠᠨ ᠱᠢᠢᠳᠪᠦᠷᠢᠯᠡᠬᠦ᠌ ᠠᠰᠠᠭᠤᠳᠠᠯ᠎ᠢ ᠴᠠᠭ ᠲᠤᠬᠠᠶ᠎ᠳᠤᠨᠢ ᠵᠥᠪᠳᠡᠯᠴᠡᠵᠦ᠍᠂ ᠬᠠᠮᠲᠤ᠎ᠪᠠᠷ ᠰᠤᠳᠤᠯᠤᠨ ᠱᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠳᠥᠷᠪᠡᠳᠦᠭᠡᠷ ᠬᠤᠷᠠᠯᠳᠤᠭᠠᠨ᠎ᠠᠴᠠ ᠨᠠᠭᠠᠱᠢᠬᠢ᠂ ᠲᠥᠯᠥᠭᠡᠯᠡᠭ᠌ᠴᠢᠳ᠎ᠤᠨ ᠳᠤᠷᠠᠳᠤᠭ᠍ᠰᠠᠨ 18 ᠬᠤᠪᠢ ᠰᠠᠨᠠᠯ ᠵᠥᠪᠯᠡᠯᠭᠡ᠂ 623 ᠬᠤᠪᠢ ᠰᠠᠨᠠᠭᠤᠯᠭ᠎ᠠ᠎ᠶ᠋ᠢ ᠪᠦᠬᠦᠨ᠎ᠢ ᠭᠦᠢᠴᠡᠳᠭᠡᠵᠤ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢᠳ᠎ᠲᠤ ᠬᠠᠷᠢᠭᠤᠯᠲᠠ ᠥᠭ᠌ᠴᠡᠢ᠂ ᠡᠭᠦᠨ᠎ᠳᠤ ᠲᠤᠰ ᠵᠢᠯ᠎ᠤᠨ ᠳᠣᠲᠣᠷ᠎ᠠ 295 ᠬᠤᠪᠢ᠎ᠨᠢ ᠱᠢᠢᠳᠪᠦᠷᠢᠯᠡᠭ᠌ᠳᠡᠵᠦ᠍᠂ ᠰᠠᠨᠠᠭᠤᠯᠭ᠎ᠠ᠎ᠶ᠋ᠢᠨ ᠶᠡᠷᠦᠩᠬᠡᠢ ᠲᠣᠭᠠᠨ᠎ᠤ 47.4 % ᠶ᠋ᠢ ᠡᠵᠡᠯᠡᠵᠦ᠍᠂ ᠳᠡᠭᠡᠷ᠎ᠡ ᠵᠢᠯ᠎ᠤᠨ᠎ᠬᠢ᠎ᠠᠴᠠ 6.1 ᠵᠠᠭᠤᠨ᠎ᠤ ᠬᠤᠪᠢ᠎ᠪᠠᠷ ᠳᠡᠭᠡᠭ᠌ᠰᠢᠯᠡᠪᠡ᠃
ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠠᠷᠠᠳ᠎ᠤᠨ ᠲᠥᠯᠥᠭᠡᠯᠡᠭ᠌ᠴᠢᠳ᠎ᠢᠶᠠᠷ ᠪᠢᠯᠧᠲ ᠦᠭ᠌ᠭᠦᠭᠦᠯᠵᠦ᠍ ᠲᠣᠭ᠍ᠲᠠᠭᠠᠬᠤ ᠳᠦᠷᠢᠮ᠎ᠤᠨ ᠠᠵᠢᠯ᠎ᠢ ᠭᠦᠨᠵᠡᠭᠡᠢ ᠠᠬᠢᠭᠤᠯᠪᠠ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠠᠷᠠᠳ᠎ᠤᠨ ᠲᠥᠯᠥᠭᠡᠯᠡᠭ᠌ᠴᠢᠳ᠎ᠢᠶᠠᠷ ᠪᠢᠯᠧᠲ ᠦᠭ᠌ᠭᠦᠭᠦᠯᠵᠦ᠍ ᠲᠣᠭ᠍ᠲᠠᠭᠠᠬᠤ ᠳᠦᠷᠢᠮ᠎ᠢ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠴᠢᠬᠤᠯᠠ ᠠᠷᠭ᠎ᠠ ᠵᠠᠮ ᠪᠣᠯᠭᠠᠵᠤ᠂ ᠵᠢᠯᠣᠭᠤᠳᠭᠤ ᠰᠠᠨᠠᠯ ᠲᠤᠭ᠍ᠳᠠᠭᠠᠵᠤ᠂ ᠪᠢᠯᠧᠲ ᠥᠭ᠌ᠴᠦ ᠲᠣᠭ᠍ᠲᠠᠭᠠᠬᠤ ᠳᠦᠷᠢᠮ᠎ᠤᠨ ᠬᠡᠪᠴᠢᠶ᠎ᠡ᠎ᠶ᠋ᠢ ᠤᠯᠠᠮ ᠴᠢᠨᠠᠭ᠍ᠰᠢᠳᠠ ᠥᠷᠭᠡᠳᠭᠡᠵᠦ᠍᠂ ᠪᠢᠯᠧᠲ ᠥᠭ᠌ᠴᠦ ᠲᠣᠭ᠍ᠲᠠᠭᠠᠬᠤ ᠳᠦᠷᠢᠮ᠎ᠤᠨ ᠵᠢᠷᠤᠮᠵᠢᠭᠤᠯᠤᠯᠲᠠ ᠪᠠ ᠪᠠᠢᠩᠭᠤᠵᠢᠭᠤᠯᠤᠯᠲᠠᠶ᠋ᠢ ᠠᠬᠢᠭᠤᠯᠪᠠ᠃ ᠪᠦᠬᠦ᠌ ᠣᠷᠣᠨ᠎ᠤ 80 ᠬᠤᠱᠢᠭᠤ ᠱᠢᠶᠠᠨ (ᠬᠤᠲᠠ᠂ ᠲᠣᠭᠤᠷᠢᠭ)᠂ 570 ᠱᠢᠶᠠᠩ ᠪᠠᠯᠭᠠᠰᠤ᠎ᠶ᠋ᠢᠨ 2348 ᠬᠤᠪᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠢᠯᠧᠲ᠎ᠢᠶᠠᠷ ᠲᠣᠭ᠍ᠲᠠᠭᠠᠵᠤ᠂ ᠶᠡᠷᠦᠩᠬᠡᠢ ᠪᠡᠯᠡ ᠣᠷᠣᠭᠤᠯᠤᠯᠲᠠ 198 ᠳ᠋ᠦᠩᠱᠢᠭᠤᠷ ᠲᠦᠭᠦᠷᠢᠭ᠎ᠲᠤ ᠬᠦᠷᠴᠦ᠍᠂ ᠨᠢᠭᠡ ᠪᠥᠯᠥᠭ ᠠᠷᠠᠳ ᠣᠯᠠᠨ᠎ᠤ ᠰᠡᠳᠭᠢᠯ᠎ᠢ᠎ᠨᠢ ᠵᠦᠳᠡᠭᠡᠵᠦ᠍᠂ ᠪᠣᠬᠢᠨᠢᠳᠤᠭᠤᠯᠵᠤ᠂ ᠵᠣᠪᠠᠭᠠᠵᠤ ᠪᠠᠢᠭ᠍ᠰᠠᠨ ᠶᠠᠪᠤᠳᠠᠯ᠎ᠢ ᠪᠦᠲᠦᠮᠵᠢᠲᠡᠢ ᠱᠢᠢᠳᠪᠦᠷᠢᠯᠡᠪᠡ᠃
ᠳᠣᠯᠤᠭ᠎ᠠ᠂ 《ᠳᠥᠷᠪᠡᠨ ᠪᠠᠢᠭᠤᠯᠭ᠎ᠠ》 ᠶ᠋ᠢᠨ ᠱᠢᠨ᠎ᠡ ᠪᠠᠢᠷᠢ ᠲᠤᠭ᠍ᠲᠠᠭᠠᠯᠲᠠ ᠱᠢᠨ᠎ᠡ ᠬᠠᠷᠠᠯᠲᠠ ᠱᠢᠨ᠎ᠡ ᠱᠠᠭᠠᠷᠳᠠᠯᠭ᠎ᠠ᠎ᠳᠤ ᠠᠩᠬᠠᠷᠤᠯ ᠪᠠ ᠬᠦᠴᠦᠨ᠎ᠢᠶᠠᠨ ᠲᠦᠪᠯᠡᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠪᠠᠢᠩᠭᠤ᠎ᠶ᠋ᠢᠨ ᠬᠤᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠲᠠᠰᠤᠷᠠᠯᠲᠠ ᠦᠭᠡᠢ ᠴᠢᠩᠭᠠᠳᠭᠠᠪᠠ
ᠦᠵᠡᠯ ᠰᠠᠨᠠᠭ᠎ᠠ ᠤᠯᠤᠰ ᠲᠥᠷᠥ᠎ᠶ᠋ᠢᠨ ᠲᠠᠯ᠎ᠠ᠎ᠪᠠᠷ ᠬᠦᠲᠦᠯᠦᠨ ᠳᠠᠭᠠᠭᠤᠯᠬᠤ᠎ᠶ᠋ᠢ ᠴᠢᠩᠭᠠᠳᠭᠠᠪᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠣᠳᠣᠷᠢᠳᠭᠤ ᠳᠤᠭᠤᠢᠯᠠᠩ᠎ᠤᠨ ᠬᠤᠷᠠᠯᠳᠤᠭᠠᠨ᠎ᠤ 《ᠨᠢᠭᠡᠳᠦᠭᠡᠷ ᠵᠥᠪᠯᠡᠬᠦ᠌ ᠰᠡᠳᠦᠪ》 ᠪᠣᠯᠭᠠᠵᠤ᠂ ᠠᠷᠠᠳ᠎ᠤᠨ ᠲᠥᠯᠥᠭᠡᠯᠡᠭ᠌ᠴᠢᠳ ᠪᠠ ᠪᠠᠢᠭᠤᠯᠭ᠎ᠠ᠎ᠶ᠋ᠢᠨ ᠺᠠᠳ᠋ᠷᠴᠤᠳ᠎ᠤᠨ ᠪᠣᠯᠪᠠᠰᠤᠷᠠᠯ᠎ᠤᠨ 《ᠨᠢᠭᠡᠳᠦᠭᠡᠷ ᠬᠢᠴᠢᠶᠡᠯ》 ᠪᠣᠯᠭᠠᠵᠤ᠂ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠴᠠᠭ ᠳᠠᠷᠤᠢ᠎ᠳᠤ᠎ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠳᠤᠷᠠᠳᠴᠤ᠌᠂ ᠵᠦᠢᠯ ᠳᠠᠷᠠᠭᠠᠯᠠᠨ ᠠᠬᠢᠭᠤᠯᠤᠨ ᠨᠠᠢᠳᠠᠪᠤᠷᠢᠵᠢᠭᠤᠯᠪᠠ᠃ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠲᠦᠷᠦᠭᠦᠯᠡᠨ 12 ᠠᠢᠮᠠᠭ ᠬᠤᠲᠠ᠎ᠳᠤ ᠬᠦᠷᠴᠦ᠍ ᠲᠥᠪ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠪᠦᠬᠦ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠵᠢᠯᠣᠭᠤᠳᠤᠨ ᠦᠵᠡᠯ ᠰᠠᠨᠠᠭ᠎ᠠ ᠪᠠ ᠠᠵᠢᠯᠯᠠᠭᠠᠨ᠎ᠢᠶᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠢ ᠨᠢᠭᠡᠳᠭᠡᠵᠦ᠍᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠴᠢᠩᠭ᠎ᠠ ᠬᠦᠴᠦᠲᠡᠢ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠪᠡ᠃
ᠳᠦᠷᠢᠮ᠎ᠤᠨ ᠱᠢᠨ᠎ᠡ᠎ᠶ᠋ᠢ ᠡᠭᠦᠳᠬᠦ᠌᠎ᠪᠠᠷ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠬᠦᠲᠦᠯᠦᠨ ᠳᠠᠭᠠᠭᠤᠯᠪᠠ᠃ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠳᠦᠷᠢᠮ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠩᠭᠤᠭᠤᠯᠢ ᠶᠠᠪᠤᠭᠤᠯᠬᠤ ᠨᠠᠷᠢᠨ ᠳᠦᠷᠢᠮ ᠵᠡᠷᠭᠡ 5 ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢᠨ ᠲᠠᠯ᠎ᠠ᠎ᠶ᠋ᠢᠨ ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ ᠲᠤᠰ ᠤᠳᠠᠭᠠᠨ᠎ᠤ ᠶᠡᠭᠡ ᠬᠤᠷᠠᠯ᠎ᠢᠶᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠡᠷᠡᠭ ᠵᠥᠪᠯᠡᠬᠦ᠌ ᠳᠦᠷᠢᠮ᠎ᠢ ᠶᠠᠭ ᠬᠢᠨᠠᠨ ᠵᠥᠪᠯᠡᠵᠦ᠍ ᠪᠤᠢ᠂ ᠡᠨᠡ᠎ᠨᠢ ᠡᠭᠦᠷᠭᠡ ᠬᠠᠷᠢᠭᠤᠴᠠᠯᠭ᠎ᠠ ᠲᠣᠳᠣᠷᠬᠠᠢ᠂ ᠳᠡᠰ ᠳᠠᠷᠠᠭᠠᠯᠠᠯ ᠵᠢᠷᠤᠮᠵᠢᠭᠤᠨ᠂ ᠠᠵᠢᠯᠯᠠᠭ᠎ᠠ ᠪᠦᠲᠦᠮᠵᠢᠲᠡᠢ᠂ ᠪᠠᠲᠤᠯᠠᠭ᠎ᠠ ᠬᠦᠴᠦᠲᠡᠢ ᠳᠦᠷᠢᠮ᠎ᠤᠨ ᠲᠣᠭ᠍ᠲᠠᠯᠴᠠᠭ᠎ᠠ᠎ᠶ᠋ᠢ ᠤᠯᠠᠮ ᠴᠢᠨᠠᠭ᠍ᠰᠢᠳᠠ ᠳᠡᠭᠦᠯᠳᠡᠷᠵᠢᠭᠦᠯᠵᠦ᠍᠂ ᠡᠭᠦᠷᠭᠡ ᠴᠢᠳᠠᠪᠬᠢ᠎ᠶ᠋ᠢᠨ ᠣᠨᠴᠠᠯᠢᠭᠲᠤ ᠳᠣᠬᠢᠷᠠᠭ᠍ᠰᠠᠨ᠂ ᠠᠮᠢᠵᠢᠷᠠᠯ᠎ᠤᠨ ᠬᠦᠴᠦᠨ ᠪᠢᠯᠬᠠᠭ᠍ᠰᠠᠨ ᠠᠵᠢᠯᠯᠠᠭᠠᠨ᠎ᠤ ᠲᠣᠭ᠍ᠲᠠᠴᠠ᠎ᠶ᠋ᠢ ᠪᠦᠷᠢᠨᠱᠢᠭᠦᠯᠪᠡ᠃ ᠪᠦᠷᠢᠯᠳᠦᠬᠦᠨ ᠨᠠᠷ᠎ᠤᠨ ᠭᠤᠣᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ᠂ ᠪᠠᠢᠩᠭᠤ᠎ᠶ᠋ᠢᠨ ᠬᠤᠷᠢᠶᠠᠨ᠎ᠤ ᠠᠵᠢᠯ᠎ᠢ ᠬᠠᠮᠲᠤ᠎ᠪᠠᠷ ᠰᠠᠢᠲᠤᠷ ᠬᠢᠬᠦ᠌ ᠲᠤᠬᠠᠢ ᠪᠢᠴᠢᠭ ᠮᠠᠲ᠋ᠧᠷᠢᠶᠠᠯ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠪᠦᠷᠢᠯᠳᠦᠬᠦᠨ ᠨᠠᠷ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠣᠯᠳᠠᠯᠭ᠎ᠠ᠎ᠲᠠᠢ ᠠᠵᠢᠯ᠎ᠳᠤ ᠣᠷᠣᠯᠴᠠᠬᠤ᠂ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢ᠎ᠲᠠᠢ ᠬᠠᠷᠢᠯᠴᠠᠬᠤ᠂ ᠭᠤᠣᠯᠳᠠᠯᠭ᠎ᠠ᠎ᠲᠠᠢ ᠰᠠᠨᠠᠭᠤᠯᠭ᠎ᠠ᠎ᠶ᠋ᠢ ᠱᠢᠪᠠᠳᠠᠨ ᠱᠢᠢᠳᠪᠦᠷᠢᠯᠡᠭᠦᠯᠬᠦ᠌᠎ᠳᠤ ᠲᠣᠬᠢᠷᠠᠭᠤᠯᠤᠯᠲᠠ ᠬᠢᠪᠡ᠃
ᠠᠢᠮᠠᠭ ᠬᠤᠲᠠ᠂ ᠬᠤᠱᠢᠭᠤ ᠱᠢᠶᠠᠨ (ᠬᠤᠲᠠ᠂ ᠲᠣᠭᠤᠷᠢᠭ) ᠤ᠋ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠬᠠᠯᠠᠬᠤ ᠠᠵᠢᠯ᠎ᠳᠠᠬᠢ ᠵᠢᠯᠣᠭᠤᠳᠣᠯᠭ᠎ᠠ᠎ᠪᠠᠨ ᠴᠢᠩᠭᠠᠳᠭᠠᠪᠠ᠃ ᠮᠠᠨ᠎ᠤ ᠣᠷᠣᠨ᠎ᠤ ᠬᠤᠲᠠ ᠱᠢᠶᠠᠨ ᠱᠢᠶᠠᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠬᠠᠯᠠᠬᠤ ᠰᠣᠩᠭᠤᠭᠤᠯᠢ᠎ᠶ᠋ᠢᠨ ᠠᠵᠢᠯ᠎ᠤᠨ ᠰᠠᠨᠠᠯ᠎ᠢ ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢ᠎ᠶ᠋ᠢᠨ ᠲᠤᠭ᠎ᠠ᠎ᠶ᠋ᠢ ᠨᠡᠮᠡᠭ᠌ᠳᠡᠭᠦᠯᠬᠦ᠌ ᠵᠡᠷᠭᠡ᠎ᠳᠤ 5 ᠵᠦᠢᠯ᠎ᠤᠨ ᠲᠤᠭ᠍ᠲᠠᠭᠠᠯ ᠭᠠᠷᠭᠠᠵᠤ᠂ ᠡᠷᠬᠢᠯᠡᠭ᠌ᠴᠢᠳ᠎ᠤᠨ ᠬᠤᠷᠠᠯᠳᠤᠭᠠᠨ᠎ᠤ ᠪᠦᠷᠢᠯᠳᠦᠭᠦᠨ ᠡᠯ᠎ᠡ ᠠᠢᠮᠠᠭ ᠬᠤᠲᠠ᠎ᠳᠤ ᠭᠦᠨᠵᠡᠭᠡᠢᠷᠡᠵᠦ᠍ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠬᠠᠯᠠᠬᠤ ᠠᠵᠢᠯ᠎ᠳᠤ ᠲᠤᠬᠠᠢ᠎ᠶ᠋ᠢᠨ ᠲᠠᠯᠠᠪᠤᠷ᠎ᠤᠨ ᠵᠢᠯᠣᠭᠤᠳᠤᠯᠭ᠎ᠠ ᠬᠢᠪᠡ᠃ ᠡᠯ᠎ᠡ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ ᠳᠣᠣᠷ᠎ᠠ᠂ ᠰᠣᠩᠭᠤᠭᠤᠯᠢ᠎ᠶ᠋ᠢᠨ ᠠᠷᠠᠳ᠎ᠤᠨ ᠠᠷᠠᠳᠴᠢᠯᠠᠯ᠎ᠤᠨ ᠡᠷᠬᠡ ᠪᠦᠲᠦᠮᠵᠢᠲᠡᠢ ᠪᠠᠲᠤᠯᠠᠭ᠍ᠲᠡᠵᠦ᠍᠂ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢ᠎ᠶ᠋ᠢᠨ ᠲᠤᠭ᠎ᠠ ᠵᠣᠬᠢᠰᠲᠠᠢ᠎ᠪᠠᠷ ᠨᠡᠮᠡᠭ᠌ᠳᠡᠵᠦ᠍᠂ ᠲᠥᠯᠥᠭᠡᠯᠡᠭ᠌ᠴᠢᠳ᠎ᠤᠨ ᠪᠦᠲᠦᠴᠡ ᠤᠯᠠᠮ ᠴᠢᠨᠠᠭ᠍ᠰᠢᠳᠠ ᠱᠢᠯᠢᠳᠡᠭ᠌ᠵᠢᠵᠦ᠍᠂ ᠱᠢᠨ᠎ᠡ ᠨᠢᠭᠡᠨ ᠬᠤᠭᠤᠴᠠᠭᠠᠨ᠎ᠤ ᠭᠤᠷᠪᠠᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠢ ᠰᠤᠩᠭᠤᠬᠤ ᠡᠭᠦᠷᠭᠡ᠎ᠶ᠋ᠢ ᠠᠮᠵᠢᠯᠲᠠ᠎ᠲᠠᠢ ᠪᠡᠶᠡᠯᠡᠭᠦᠯᠪᠡ ᠃
ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠥᠵᠢᠯ ᠢ ᠯᠠᠪᠳᠠᠭᠤᠨ ᠪᠠᠲᠤᠲᠠᠢ ᠥᠷᠨᠢᠭᠦᠯᠪᠡ ᠃ 《 ᠪᠢ ᠪᠣᠯ ᠠᠷᠠᠳ᠎ᠤᠨ ᠲᠥᠯᠥᠭᠡᠯᠡᠭ᠌ᠴᠢ ᠂ ᠪᠢ ᠲᠠᠨ᠎ᠢ ᠬᠠᠪᠰᠤᠷᠤᠶ᠎ᠠ 》 ᠵᠡᠷᠭᠡ 16 ᠠᠷᠠᠳ᠎ᠲᠤ ᠪᠣᠳᠠᠲᠤ ᠶᠠᠪᠤᠳᠠᠯ ᠬᠢᠬᠦ᠌ ᠲᠥᠷᠥᠯ ᠵᠦᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠣᠯᠠᠨ ᠲᠦᠮᠡᠨ᠎ᠳᠤ ᠨᠠᠮ᠎ᠤᠨ ᠰᠤᠷᠤᠯᠴᠠᠯᠭ᠎ᠠ ᠬᠥᠮᠥᠵᠢᠯ᠎ᠠᠴᠠ ᠪᠣᠯᠣᠭ᠍ᠰᠠᠨ ᠱᠢᠨ᠎ᠡ ᠪᠠᠢᠳᠠᠯ᠂ ᠱᠢᠨ᠎ᠡ ᠬᠤᠪᠢᠷᠠᠯᠲᠠ᠎ᠶ᠋ᠢ ᠦᠨᠡᠨ ᠬᠦ᠌ ᠮᠡᠳᠡᠷᠡᠭᠦᠯᠪᠡ᠃ ᠪᠠᠢᠩᠭᠤ᠎ᠶ᠋ᠢᠨ ᠬᠤᠷᠢᠶᠠᠨ᠎ᠤ ᠪᠦᠷᠢᠯᠳᠦᠬᠦᠨ ᠪᠠ ᠪᠠᠢᠭᠤᠯᠭ᠎ᠠ᠎ᠶ᠋ᠢᠨ ᠺᠠᠳ᠋ᠷᠴᠤᠳ᠎ᠤᠨ ᠲᠤᠰᠭᠠᠢ ᠰᠡᠳᠦᠪᠲᠦ ᠬᠠᠪᠰᠤᠷᠤᠨ ᠵᠢᠯᠣᠭᠤᠳᠭᠤ ᠲᠠᠢᠯᠤᠮᠵᠢ 6 ᠤᠳᠠᠭ᠎ᠠ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠦᠮᠥᠵᠢᠯ ᠵᠢᠴᠢ ᠪᠠᠢᠭᠤᠯᠭ᠎ᠠ᠎ᠶ᠋ᠢᠨ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠯᠪᠠᠰᠤᠷᠠᠯ᠎ᠤᠨ ᠠᠩᠭᠢ᠎ᠶ᠋ᠢ 7 ᠬᠤᠭᠤᠴᠠᠭ᠎ᠠ ᠡᠷᠬᠢᠯᠡᠵᠦ᠍᠂ 《ᠤᠯᠤᠰ ᠲᠥᠷᠥ᠎ᠶ᠋ᠢᠨ ᠵᠣᠭ᠍ᠰᠣᠯᠲᠠ ᠪᠠᠲᠤ᠌᠂ ᠠᠷᠠᠳ ᠲᠦᠮᠡᠨ᠎ᠳᠤ ᠦᠢᠯᠡᠴᠢᠯᠡᠭ᠌ᠰᠡᠨ᠂ ᠬᠠᠤᠯᠢᠵᠢᠯ᠎ᠢ ᠳᠡᠭᠡᠳᠦᠯᠡᠭ᠌ᠰᠡᠨ᠂ ᠠᠷᠠᠳᠴᠢᠯᠠᠯ᠎ᠢ ᠪᠠᠳᠠᠷᠠᠭᠤᠯᠤᠭ᠍ᠰᠠᠨ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ》 ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠴᠢᠷᠮᠠᠢᠨ ᠪᠠᠢᠭᠤᠯᠪᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠭᠦᠨᠵᠡᠭᠡᠢ ᠠᠬᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠳᠤ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠠᠵᠢᠯ᠎ᠢᠶᠠᠨ ᠥᠷᠨᠢᠭᠦᠯᠬᠦ᠌᠎ᠶ᠋ᠢ ᠳᠡᠮᠵᠢᠵᠦ᠍᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ᠎ᠶ᠋ᠢᠨ ᠪᠠᠢᠭᠤᠯᠭ᠎ᠠ᠎ᠶ᠋ᠢ ᠴᠢᠷᠮᠠᠢᠨ ᠪᠦᠲᠦᠭᠡᠨ ᠪᠠᠢᠭᠤᠯᠪᠠ᠃
ᠲᠥᠯᠥᠭᠡᠯᠡᠭ᠌ᠴᠢᠳ ᠡ!
ᠥᠩᠭᠡᠷᠡᠭ᠌ᠰᠡᠨ ᠨᠢᠭᠡ ᠵᠢᠯ᠎ᠳᠠᠬᠢ ᠪᠠᠢᠩᠭᠤ᠎ᠶ᠋ᠢᠨ ᠬᠤᠷᠢᠶᠠᠨ᠎ᠤ ᠠᠵᠢᠯ ᠠᠮᠵᠢᠯᠲᠠ ᠤᠯᠤᠭ᠍ᠰᠠᠨ᠎ᠨᠢ 《ᠬᠤᠶᠠᠷ᠎ᠢ ᠲᠣᠭ᠍ᠲᠠᠭᠠᠬᠤ》 ᠶ᠋ᠢ ᠯᠠᠪᠳᠠᠭᠤᠨ ᠪᠠᠲᠤᠲᠠᠢ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠦᠭ᠌ᠰᠡᠨ᠎ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠳᠤ ᠴᠢᠩᠭ᠎ᠠ ᠤᠳᠤᠷᠢᠳᠤᠭ᠍ᠰᠠᠨᠤ ᠦᠷ᠎ᠡ ᠳ᠋ᠦᠩ ᠮᠥᠨ᠂ ᠪᠦᠬᠦ᠌ ᠲᠥᠯᠥᠭᠡᠯᠡᠭ᠌ᠴᠢᠳ᠂ ᠪᠦᠷᠢᠯᠳᠦᠬᠦᠨ ᠨᠠᠷ᠂ ᠪᠠᠢᠭᠤᠯᠭ᠎ᠠ᠎ᠶ᠋ᠢᠨ ᠺᠠᠳ᠋ᠷᠴᠤᠳ᠎ᠤᠨ ᠣᠶᠣᠨ ᠤᠬᠠᠭᠠᠨ ᠬᠦᠴᠦᠨ ᠴᠢᠳᠠᠯ ᠪᠠ ᠱᠢᠷᠭᠠᠭᠤ ᠴᠢᠷᠮᠠᠢᠯᠭ᠎ᠠ ᠱᠢᠩᠭᠡᠵᠦ᠍᠂ ᠥᠪᠡᠷᠲᠡᠭᠡᠨ ᠵᠠᠰᠠᠬᠤ ᠣᠷᠣᠨ᠎ᠤ 《ᠨᠢᠭᠡ ᠣᠷᠳᠣᠨ᠂ ᠨᠢᠭᠡ ᠵᠦᠪᠯᠡᠯ᠂ ᠬᠤᠶᠠᠷ ᠬᠤᠷᠢᠶ᠎ᠠ》᠂ ᠡᠯ᠎ᠡ ᠠᠢᠮᠠᠭ ᠬᠤᠲᠠ ᠵᠢᠴᠢ ᠦᠨᠳᠦᠰᠦᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠂ ᠨᠡᠢᠭᠡᠮ᠎ᠤᠨ ᠡᠯ᠎ᠡ ᠡᠲᠡᠭᠡᠳ᠎ᠤᠨ ᠬᠦᠴᠦᠲᠡᠢ ᠳᠡᠮᠵᠢᠯᠭᠡ᠎ᠶ᠋ᠢ ᠣᠯᠪᠠ᠃ ᠠᠳᠡ ᠪᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ᠂ ᠲᠠ ᠪᠦᠭᠦᠳᠡ᠎ᠳᠤ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠵᠦ᠍ ᠪᠠᠢᠨ᠎ᠠ!
ᠠᠮᠵᠢᠯᠲᠠ ᠪᠦᠲᠦᠮᠵᠢ᠎ᠪᠠᠨ ᠣᠯᠵᠤ ᠬᠠᠷᠠᠬᠤ᠎ᠶ᠋ᠢᠨ ᠬᠠᠮᠲᠤ ᠪᠢᠳᠡ ᠪᠠᠢᠩᠭᠤ᠎ᠶ᠋ᠢᠨ ᠬᠤᠷᠢᠶᠠᠨ᠎ᠤ ᠠᠵᠢᠯ᠎ᠤᠨ ᠳᠤᠮᠳᠠ ᠪᠠᠰᠠ ᠲᠤᠳᠠᠭᠤᠳᠠᠯ ᠪᠠ ᠬᠦᠷᠦᠯᠴᠡᠬᠦ᠌ ᠦᠭᠡᠢ ᠵᠦᠢᠯ ᠣᠷᠣᠱᠢᠵᠤ ᠪᠠᠢᠭ᠎ᠠ᠎ᠪᠠᠨ ᠲᠣᠳᠣᠷᠬᠠᠢ ᠲᠠᠨᠢᠵᠤ ᠪᠤᠢ᠃ ᠭᠤᠣᠯᠳᠠᠭᠤ᠄ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠠᠤᠯᠢ ᠲᠣᠭ᠍ᠲᠠᠭᠠᠬᠤ᠎ᠳᠠᠬᠢ ᠭᠤᠣᠯᠯᠠᠬᠤ ᠦᠢᠯᠡᠳᠦᠯ᠎ᠢᠶᠠᠨ ᠪᠠᠳᠠᠷᠠᠭᠤᠯᠬᠤ᠎ᠪᠠᠷ ᠭᠦᠢᠴᠡᠳ ᠪᠤᠰᠤ᠂ ᠬᠠᠤᠯᠢ ᠲᠣᠭ᠍ᠲᠠᠭᠠᠬᠤ ᠴᠢᠨᠠᠷ ᠴᠢᠨᠰᠠᠭ᠎ᠠ᠎ᠪᠠᠨ ᠳᠡᠭᠡᠭ᠌ᠰᠢᠯᠡᠭᠦᠯᠬᠦ᠌ ᠴᠢᠬᠤᠯᠠᠲᠠᠢ᠂ ᠬᠢᠨᠠᠯᠲᠠ ᠲᠠᠯᠪᠢᠬᠤ ᠠᠵᠢᠯ᠎ᠤᠨ ᠦᠷ᠎ᠡ ᠪᠦᠲᠦᠮᠵᠢᠲᠦ ᠴᠢᠨᠠᠷ ᠬᠠᠷᠠᠬᠠᠨ ᠲᠡᠩᠴᠡᠭᠦᠷᠢ ᠦᠭᠡᠢ ᠪᠠᠢᠵᠤ᠂ ᠴᠢᠬᠤᠯᠠ ᠶᠡᠭᠡ ᠬᠡᠷᠡᠭ ᠶᠠᠪᠤᠳᠠᠯ᠎ᠢ ᠶᠠᠷᠢᠯᠴᠠᠨ ᠲᠣᠭ᠍ᠲᠠᠭᠠᠬᠤ ᠬᠠᠮᠲᠤᠷᠠᠯᠴᠠᠨ ᠠᠵᠢᠯᠯᠠᠬᠤ ᠲᠣᠭ᠍ᠲᠠᠴᠠ᠎ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠬᠦ᠌ ᠴᠢᠬᠤᠯᠠᠲᠠᠢ᠂ ᠲᠥᠯᠥᠭᠡᠯᠡᠭ᠌ᠴᠢᠳ᠎ᠤᠨ ᠲᠤᠱᠢᠶᠠᠯ᠎ᠢᠶᠠᠨ ᠭᠦᠢᠴᠡᠳᠭᠡᠬᠦ᠌᠎ᠳᠤ ᠦᠢᠯᠡᠴᠢᠯᠡᠬᠦ᠌ ᠪᠠᠳᠤᠯᠠᠭ᠎ᠠ᠎ᠶ᠋ᠢᠨ ᠲᠦᠪᠱᠢᠨ᠎ᠢᠶᠠᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠴᠢᠬᠤᠯᠠᠲᠠᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠪᠠᠨ ᠴᠢᠩᠭᠠᠳᠭᠠᠬᠤ᠎ᠶ᠋ᠢ ᠲᠤᠯᠭᠠᠮ ᠱᠠᠭᠠᠷᠳᠠᠵᠤ ᠪᠠᠢᠨ᠎ᠠ᠃ ᠬᠤᠢᠱᠢᠲᠠ᠎ᠶ᠋ᠢᠨ ᠠᠵᠢᠯ᠎ᠳᠤ᠂ ᠪᠢᠳᠡ ᠨᠡᠩ ᠤᠯᠠᠨ ᠪᠤᠲᠠᠲᠠᠢ ᠠᠷᠭ᠎ᠠ ᠬᠡᠮᠵᠢᠶ᠎ᠡ ᠠᠪᠴᠤ᠌᠂ ᠰᠠᠢᠵᠢᠷᠠᠭᠤᠯᠤᠨ ᠳᠡᠭᠡᠭ᠌ᠰᠢᠯᠡᠭᠦᠯᠬᠦ᠌ ᠳᠤᠮᠳᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠴᠢᠷᠮᠠᠢᠨ ᠠᠬᠢᠭᠤᠯᠤᠨ᠎ᠠ᠃
2022 ᠤᠨ ᠤ ᠭᠤᠤᠯ ᠠᠵᠢᠯ
2022 ᠤᠨ ᠪᠤᠯ ᠮᠠᠨ᠎ᠤ ᠬᠤᠶᠠᠳᠤᠭᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ᠎ᠶ᠋ᠢᠨ ᠱᠢᠨ᠎ᠡ ᠱᠢᠯᠭᠠᠯᠳᠠ᠎ᠶ᠋ᠢᠨ ᠠᠶᠠᠨ᠎ᠳᠤ ᠮᠤᠷᠳᠠᠵᠦ᠍᠂ ᠤᠷᠤᠨ ᠳᠠᠶᠠᠭᠠᠷ᠎ᠢᠶᠠᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭᠠᠨ᠎ᠤ ᠨᠠᠮ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠠᠩᠭᠢᠯᠠᠭ᠎ᠠ᠎ᠶ᠋ᠢᠨ ᠵᠢᠯ ᠪᠠᠢᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠢ ᠠᠮᠵᠢᠯᠳᠠ᠎ᠲᠠᠢ᠎ᠪᠠᠷ ᠬᠤᠷᠠᠯᠳᠤᠭᠤᠯᠬᠤ᠎ᠪᠠᠷ ᠪᠤᠢ᠃ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠵᠦ᠍᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠦ᠍᠂ ᠰᠢ᠎ᠶ᠋ᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠦᠷᠢᠮ᠎ᠢ ᠪᠠᠷᠢᠮᠳᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠦ᠍᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ᠎ᠤ ᠲᠦᠪ ᠬᠤᠷᠢᠶᠠᠨ᠎ᠤ ᠦᠡᠭ᠌ᠭᠡᠷᠡᠭ᠌ᠰᠡᠨ ᠤᠳᠠᠭ᠎ᠠ᠎ᠶ᠋ᠢᠨ ᠪᠦᠭᠦᠳᠡ ᠬᠤᠷᠠᠯᠳᠤᠭᠠᠨ᠂ ᠲᠦᠪ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠬᠤᠷᠠᠯᠳᠤᠭᠠᠨ᠎ᠤ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠵᠦ᠍᠂ ᠨᠠᠮ ᠪᠠᠢᠭᠤᠯᠤᠭ᠍ᠰᠠᠨ ᠠᠭᠤᠤ ᠶᠡᠭᠡ ᠵᠣᠷᠢᠭ ᠰᠠᠨᠠᠭ᠎ᠠ᠎ᠶ᠋ᠢ ᠪᠠᠳᠠᠷᠠᠭᠤᠯᠵᠦ᠍᠂ 《ᠳᠦᠷᠪᠡᠨ ᠤᠬᠠᠮᠰᠠᠷ》 ᠵᠢᠡᠨ ᠴᠢᠩᠭᠠᠳᠭᠠᠵᠦ᠍᠂ 《ᠳᠦᠷᠪᠡᠨ ᠢᠳᠡᠭᠡᠯ》 ᠵᠢᠠᠨ ᠪᠠᠳᠤᠳᠭᠠᠨ᠂ 《ᠬᠤᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠳᠠ ᠦᠭᠡᠢ ᠬᠦᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠳᠡᠨ᠎ᠤ ᠬᠠᠮᠳᠤ᠎ᠶ᠋ᠢᠨ ᠴᠤᠭ᠍ᠴᠠ᠎ᠶ᠋ᠢᠨ ᠤᠬᠠᠮᠰᠠᠷ᠎ᠢ ᠴᠦᠬᠦᠷᠡᠰᠢ ᠦᠭᠡᠢ ᠪᠠᠳᠤᠳᠭᠠᠵᠦ᠍᠂ ᠬᠠᠤᠯᠢ ᠲᠤᠭ᠍ᠳᠠᠭᠠᠬᠤ᠂ ᠬᠢᠨᠠᠯᠳᠠ ᠲᠠᠯᠪᠢᠬᠤ᠂ ᠲᠦᠯᠦᠭᠡᠯᠡᠭ᠌ᠴᠢ᠎ᠶ᠋ᠢᠨ ᠠᠵᠢᠯ ᠵᠡᠷᠭᠡ᠎ᠶ᠋ᠢ ᠴᠢᠨᠠᠷᠯᠢᠭ ᠰᠠᠢᠳᠤᠷ ᠬᠢᠵᠦ᠍᠂ ᠨᠡᠢᠭᠡᠮ ᠵᠢᠷᠤᠮᠳᠤ ᠤᠳᠤᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠦᠪᠦᠷ ᠮᠤᠩᠭᠤᠯ᠎ᠤᠨ ᠬᠦᠭ᠌ᠵᠢᠯᠳᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠨᠡᠮᠡᠷᠢᠯᠡᠶ᠎ᠡ᠃
ᠨᠢᠭᠡ᠎ᠳᠤ᠂ ᠨᠠᠮ᠎ᠠᠴᠠ ᠪᠦᠬᠦ᠌ ᠲᠠᠯ᠎ᠠ᠎ᠶ᠋ᠢ ᠤᠳᠤᠷᠢᠳᠭᠤ ᠬᠠᠮᠤᠭ᠎ᠤᠨ ᠳᠡᠭᠡᠳᠦ ᠤᠯᠤᠰ ᠲᠦᠷᠦ᠍᠎ᠶ᠋ᠢᠨ ᠵᠠᠷᠴᠢᠮ᠎ᠢ ᠪᠠᠷᠢᠮᠳᠠᠯᠠᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠵᠦᠪ ᠤᠨᠤᠪᠴᠢᠳᠠᠢ ᠤᠯᠤᠰ ᠲᠦᠷᠦ᠍᠎ᠶ᠋ᠢᠨ ᠴᠢᠭ᠌ᠯᠡᠯ᠎ᠢ ᠦᠨᠡᠨ ᠬᠦ᠌ ᠪᠠᠲᠤᠯᠠᠨ᠎ᠠ᠃ 《ᠬᠤᠶᠠᠷ᠎ᠢ ᠲᠤᠭ᠍ᠳᠠᠭᠠᠬᠤ》 ᠶ᠋ᠢᠨ ᠱᠢᠢᠳᠪᠤᠷᠢᠯᠡᠭ᠌ᠴᠢ ᠴᠢᠨᠠᠷᠳᠠᠢ ᠠᠴᠢ ᠬᠤᠯᠪᠤᠭ᠍ᠳᠠᠯ᠎ᠢ ᠭᠦᠨᠵᠡᠭᠡᠢ ᠤᠬᠠᠵᠦ᠍᠂ 《ᠬᠤᠶᠠᠷ᠎ᠢ ᠬᠠᠮᠠᠭᠠᠯᠠᠬᠤ》 ᠤᠯᠤᠰ ᠲᠦᠷᠦ᠍᠎ᠶ᠋ᠢᠨ ᠤᠬᠠᠮᠰᠠᠷ᠎ᠢᠶᠠᠨ ᠦᠨᠡᠨ ᠬᠦ᠌ ᠲᠡᠭᠡᠭ᠌ᠰᠢᠯᠡᠭᠦᠯᠦᠨ᠂ ᠭᠤᠤᠯᠯᠠᠭ᠍ᠴᠢ᠎ᠶ᠋ᠢ ᠬᠠᠮᠠᠭᠠᠯᠠᠬᠤ᠎ᠶ᠋ᠢ ᠨᠡᠩ ᠡᠷᠡᠰ ᠪᠠᠲᠤ᠎ᠪᠠᠷ ᠲᠡᠷᠢᠭᠦᠨ ᠴᠢᠬᠤᠯᠠ 《ᠤᠯᠤᠰ᠎ᠤᠨ ᠶᠡᠭᠡ ᠶᠠᠪᠤᠳᠠᠯ》 ᠪᠤᠯᠭᠠᠵᠤ᠂ ᠨᠠᠮ ᠪᠠ ᠤᠯᠤᠰ᠎ᠤᠨ ᠬᠠᠮᠤᠭ᠎ᠤᠨ ᠳᠡᠭᠡᠳᠦ ᠠᠱᠢᠭ ᠲᠤᠰᠠ᠎ᠶ᠋ᠢ ᠬᠠᠮᠠᠭᠠᠯᠠᠬᠤ ᠦᠨᠳᠦᠰᠦᠨ ᠵᠦᠢᠯ᠂ ᠬᠤᠪᠢᠰᠭᠠᠯᠳᠤ ᠲᠦᠷᠦ᠍᠎ᠶ᠋ᠢ ᠪᠠᠬᠢᠵᠢᠭᠦᠯᠬᠦ᠌ ᠨᠠᠨᠳᠢᠨ ᠡᠷᠳᠡᠨᠢ᠂ ᠱᠢᠨ᠎ᠡ ᠱᠢᠯᠭᠠᠯᠳᠠ᠎ᠶ᠋ᠢᠨ ᠠᠶᠠᠨ ᠵᠢᠡᠷ ᠰᠠᠢᠳᠤᠷ ᠵᠠᠮᠨᠠᠬᠤ ᠬᠠᠮᠤᠭ᠎ᠤᠨ ᠨᠠᠢᠳᠠᠪᠤᠷᠢᠳᠠᠢ ᠪᠠᠳᠤᠯᠠᠭ᠎ᠠ ᠪᠤᠯᠭᠠᠵᠦ᠍᠂ ᠭᠤᠤᠯᠯᠠᠭ᠍ᠴᠢ᠎ᠪᠠᠨ ᠦᠨᠡᠨ ᠰᠡᠳᠭᠢᠯ᠎ᠠᠴᠠ᠎ᠪᠠᠨ ᠬᠦᠷᠢᠶᠡᠯᠡᠨ᠂ ᠭᠤᠤᠯᠯᠠᠭ᠍ᠴᠢ᠎ᠪᠠᠨ ᠤᠭ᠍ᠲᠤ ᠭᠤᠢᠪᠢᠰᠢ ᠦᠭᠡᠢ ᠢᠳᠡᠭᠡᠵᠦ᠍᠂ ᠭᠤᠤᠯᠯᠠᠭ᠍ᠴᠢᠳᠤᠪᠠᠨ ᠢᠮᠠᠭ᠍ᠳᠠ ᠦᠨᠡᠨᠴᠢ ᠱᠢᠳᠤᠷᠭᠤ ᠪᠠᠢᠵᠦ᠍᠂ ᠭᠤᠤᠯᠯᠠᠭ᠍ᠴᠢ᠎ᠪᠠᠨ ᠭᠤᠢᠪᠢᠰᠢ ᠦᠭᠡᠢ᠎ᠪᠠᠷ ᠬᠠᠮᠠᠭᠠᠯᠠᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠪᠠ ᠨᠠᠮ᠎ᠤᠨ ᠲᠦᠪ ᠬᠤᠷᠢᠶᠠᠨ᠎ᠤ ᠦᠪᠦᠷ ᠮᠤᠩᠭᠤᠯ᠎ᠳᠤ ᠲᠤᠭ᠍ᠳᠠᠭᠠᠨ ᠦᠭ᠌ᠭᠦᠭ᠌ᠰᠡᠨ ᠪᠠᠢᠯᠳᠤᠬᠤ ᠪᠣᠳᠤᠯᠭ᠎ᠠ᠎ᠶ᠋ᠢᠨ ᠪᠠᠢᠷᠢ ᠲᠤᠭ᠍ᠳᠠᠭᠠᠯᠳᠠ ᠪᠠ ᠠᠵᠢᠯᠯᠠᠭᠠᠨ᠎ᠤ ᠬᠦᠳᠦᠯᠪᠦᠷᠢ ᠶᠤᠰᠤᠭᠠᠷ᠂ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭᠠᠨ᠎ᠤ ᠨᠠᠮ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠳᠤ ᠲᠤᠳᠤᠷᠬᠠᠢ᠌ᠯᠠᠭ᠍ᠰᠠᠨ 《ᠲᠠᠪᠤᠨ ᠴᠢᠬᠤᠯᠠ ᠶᠡᠭᠡ ᠤᠯᠤᠰ ᠲᠦᠷᠦ᠍᠎ᠶ᠋ᠢᠨ ᠬᠠᠷᠢᠭᠤᠴᠠᠯᠭ᠎ᠠ》 ᠶ᠋ᠢ ᠦᠨᠡᠨ ᠬᠦ᠌ ᠡᠭᠦᠷᠭᠡᠯᠡᠨ ᠰᠠᠢᠲᠤᠷ ᠭᠦᠢᠴᠡᠳᠭᠡᠵᠦ᠍᠂ ᠠᠮᠢ ᠠᠬᠤᠢ᠎ᠶ᠋ᠢ ᠤᠷᠢᠳ᠎ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭ᠌ᠵᠢᠭᠦᠯᠬᠦ᠌᠎ᠪᠠᠷ ᠤᠳᠤᠷᠢᠳᠤᠮᠵᠢ ᠪᠤᠯᠭᠠᠭ᠍ᠰᠠᠨ ᠴᠢᠨᠠᠷ ᠰᠠᠢᠳᠠᠢ ᠬᠦᠭ᠌ᠵᠢᠯᠳᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠳᠤᠷ ᠵᠠᠮᠨᠠᠬᠤ᠎ᠳᠤ ᠪᠠᠲᠤ ᠪᠠᠬᠢ ᠬᠠᠤᠯᠢᠵᠢᠯ᠎ᠤᠨ ᠪᠠᠳᠤᠯᠠᠭ᠎ᠠ ᠬᠠᠩᠭᠠᠨ᠎ᠠ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠳᠠ ᠦᠭᠡᠢ ᠬᠦᠭ᠌ᠵᠢᠭᠦᠯᠵᠦ᠍᠂ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠷᠠᠳ᠎ᠤᠨ ᠠᠷᠠᠳᠴᠢᠯᠠᠯ ᠠᠷᠠᠳ᠎ᠤᠨ ᠰᠠᠨᠠᠯ᠎ᠢᠶᠠᠨ ᠢᠯᠡᠳᠭᠡᠬᠦ᠌ ᠳᠠᠪᠴᠠᠩ ᠪᠠ ᠠᠴᠢᠶᠠᠯᠠᠭ᠍ᠴᠢ᠎ᠶ᠋ᠢ ᠪᠦᠷᠢᠨᠱᠢᠭᠦᠯᠦᠨ᠂ ᠠᠷᠠᠳ᠎ᠤᠨ ᠰᠠᠨᠠᠯ᠎ᠢ ᠬᠤᠷᠢᠶᠠᠬᠤ᠂ ᠠᠷᠠᠳ᠎ᠤᠨ ᠤᠶᠤᠨ ᠤᠬᠠᠭᠠᠨ᠎ᠢ ᠴᠤᠭ᠍ᠯᠠᠭᠤᠯᠬᠤ ᠠᠵᠢᠯ᠎ᠤᠨ ᠲᠤᠭ᠍ᠳᠠᠴᠠ᠎ᠶ᠋ᠢ ᠲᠡᠭᠦᠯᠳᠡᠷᠵᠢᠭᠦᠯᠵᠦ᠍᠂ ᠠᠷᠠᠳ ᠲᠦᠮᠡᠨ᠎ᠤ ᠬᠠᠤᠯᠢ ᠶᠤᠰᠤᠭᠠᠷ ᠡᠳ᠋ᠯᠡᠬᠦ᠌ ᠪᠠᠢᠳᠠᠯ ᠤᠢ᠍ᠢᠯᠠᠭᠠᠬᠤ ᠡᠷᠬᠡ᠂ ᠤᠷᠤᠯᠴᠠᠬᠤ ᠡᠷᠬᠡ᠂ ᠢᠯᠡᠳᠭᠡᠬᠦ᠌ ᠡᠷᠬᠡ᠂ ᠬᠢᠨᠠᠯᠳᠠ ᠲᠠᠯᠪᠢᠬᠤ ᠡᠷᠬᠡ᠎ᠶ᠋ᠢ ᠦᠨᠡᠨ ᠮᠦᠨ᠎ᠢᠶᠠᠷ᠂ ᠠᠮᠢᠳᠤᠯᠢᠭ᠎ᠢᠶᠠᠷ᠂ ᠪᠤᠳᠠᠳᠠᠢ᠎ᠪᠠᠷ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠯ᠎ᠡ ᠲᠠᠯ᠎ᠠ ᠡᠯ᠎ᠡ ᠭᠤᠭ᠍ᠴᠤᠭ᠎ᠠ ᠪᠦᠬᠦ᠌ ᠶᠠᠪᠤᠴᠠ᠎ᠳᠤ ᠢᠯᠡᠷᠡᠭᠦᠯᠦᠨ᠎ᠡ᠃
ᠬᠤᠶᠠᠷ᠎ᠲᠤ᠂ ᠭᠤᠣᠯᠳᠠᠯᠭ᠎ᠠ᠎ᠶ᠋ᠢ ᠲᠣᠪᠤᠢᠯᠭᠠᠨ᠂ ᠪᠠᠴᠢᠮ ᠬᠡᠷᠡᠭ᠌ᠴᠡᠭᠡ᠎ᠲᠠᠢ᠎ᠶ᠋ᠢ ᠨᠢ ᠤᠷᠢᠳ ᠢᠶᠡᠷ ᠲᠤᠭ᠍ᠳᠠᠭᠠᠵᠤ᠂ ᠬᠠᠤᠯᠢ ᠲᠤᠭ᠍ᠳᠠᠭᠠᠬᠤ ᠶᠠᠰᠤ ᠴᠢᠨᠠᠷ ᠪᠠ ᠦᠷ᠎ᠡ ᠠᠱᠢᠭ᠎ᠢᠶᠠᠨ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠠᠵᠤ ᠠᠬᠤᠢ᠎ᠶ᠋ᠢᠨ ᠴᠢᠨᠠᠷ ᠰᠠᠢᠳᠠᠢ ᠬᠦᠭ᠌ᠵᠢᠯᠳᠡ᠎ᠶ᠋ᠢᠨ ᠨᠡᠩ ᠶᠡᠭᠡ ᠦᠷ᠎ᠡ ᠪᠦᠲᠦᠮᠵᠢ ᠣᠯᠬᠤ᠂ ᠠᠮᠢ ᠠᠬᠤᠢ ᠣᠷᠴᠢᠨ ᠲᠤᠭᠤᠷᠢᠨ᠎ᠤ ᠬᠠᠮᠠᠭᠠᠯᠠᠯᠳᠠ ᠨᠡᠩ ᠶᠡᠭᠡ ᠦᠷ᠎ᠡ ᠠᠱᠢᠭ ᠤᠯᠬᠤ᠂ ᠠᠷᠠᠳ ᠲᠦᠮᠡᠨ᠎ᠤ ᠴᠢᠨᠠᠷ ᠰᠠᠢᠳᠠᠢ ᠠᠮᠢᠳᠤᠷᠠᠯ᠎ᠤᠨ ᠪᠦᠲᠦᠭᠡᠨ ᠪᠠᠢᠭᠤᠯᠤᠯᠳᠠ ᠨᠡᠩ ᠶᠡᠭᠡ ᠠᠬᠢᠴᠠ᠎ᠲᠠᠢ ᠪᠤᠯᠬᠤ᠂ ᠬᠢᠯᠢ ᠬᠢᠵᠠᠭᠠᠷ᠎ᠤᠨ ᠦᠨᠳᠦᠰᠦᠳᠡᠨ᠎ᠤ ᠭᠠᠵᠠᠷ ᠤᠷᠤᠨ᠎ᠤ ᠦᠨᠳᠦᠷ ᠴᠢᠳᠠᠪᠬᠢᠳᠤ ᠵᠠᠰᠠᠯᠲᠠ ᠨᠡᠩ ᠶᠡᠭᠡ ᠱᠢᠪᠳᠤᠯᠤᠯᠳᠠ᠎ᠲᠠᠢ ᠪᠣᠯᠬᠤ ᠳᠦᠷᠪᠡᠨ ᠵᠦᠢᠯ᠎ᠤᠨ ᠭᠤᠣᠯᠳᠠᠯᠭ᠎ᠠ᠎ᠲᠠᠢ ᠡᠭᠦᠷᠭᠡ᠎ᠲᠠᠢ ᠨᠢᠭ᠍ᠲᠠ ᠤᠶᠠᠯᠳᠤᠭᠤᠯᠤᠨ ᠬᠠᠤᠯᠢ ᠲᠤᠭ᠍ᠳᠠᠭᠠᠬᠤ ᠠᠵᠢᠯ᠎ᠢ ᠦᠷᠨᠢᠭᠦᠯᠵᠦ᠍᠂ ᠦᠪᠡᠷᠳᠡᠭᠡᠨ ᠵᠠᠰᠠᠬᠤ ᠤᠷᠤᠨ᠎ᠤ ᠲᠤᠭᠠᠴᠢᠯᠠᠭ᠍ᠰᠠᠨ ᠠᠵᠤ ᠠᠬᠤᠢ᠎ᠶ᠋ᠢ ᠠᠬᠢᠭᠤᠯᠬᠤ ᠳᠦᠷᠢᠮ᠂ ᠬᠠᠳᠠᠭᠤ ᠪᠡᠶᠡᠳᠦ ᠬᠠᠶᠠᠭ᠍ᠳᠠᠮᠠᠯ ᠪᠤᠳᠠᠰ᠎ᠤᠨ ᠣᠷᠴᠢᠨ ᠲᠤᠭᠤᠷᠢᠨ᠎ᠤ ᠪᠤᠬᠢᠷᠳᠤᠯ᠎ᠢ ᠰᠡᠷᠭᠡᠢᠯᠡᠨ ᠵᠠᠰᠠᠬᠤ ᠳᠦᠷᠢᠮ᠂ ᠬᠤᠪᠢᠰᠭᠠᠯ᠎ᠤᠨ ᠳᠤᠷᠠᠰᠭᠠᠯᠳᠤ ᠵᠦᠢᠯᠡᠰ᠎ᠢ ᠬᠠᠮᠠᠭᠠᠯᠠᠬᠤ ᠳᠦᠷᠢᠮ᠂ ᠭᠡᠷ ᠪᠦᠯᠢ᠎ᠶ᠋ᠢᠨ ᠬᠦᠮᠦᠵᠢᠯ᠎ᠢ ᠠᠬᠢᠭᠤᠯᠬᠤ ᠳᠦᠷᠢᠮ ᠵᠡᠷᠭᠡ 12 ᠬᠤᠪᠢ ᠬᠠᠤᠯᠢ ᠲᠤᠭ᠍ᠲᠠᠭᠠᠯ᠎ᠢ ᠲᠤᠭ᠍ᠳᠠᠭᠠᠨ᠎ᠠ᠃ ᠤᠯᠤᠰ᠎ᠤᠨ ᠬᠠᠤᠯᠢ ᠴᠠᠭᠠᠵᠠ᠎ᠳᠤ ᠵᠠᠰᠠᠪᠤᠷᠢ ᠤᠷᠤᠭᠤᠯᠬᠤ ᠶᠠᠪᠤᠴᠠ᠎ᠶ᠋ᠢ ᠮᠦᠷᠳᠡᠨ ᠳᠠᠭᠠᠵᠦ᠍᠂ ᠣᠳᠤ᠎ᠶ᠋ᠢᠨ ᠬᠡᠷᠡᠭ᠌ᠵᠢᠭᠦᠯᠵᠦ᠍ ᠪᠠᠢᠭ᠎ᠠ ᠬᠦᠴᠦᠨ ᠪᠦᠬᠦᠢ ᠤᠷᠤᠨ ᠨᠤᠲᠤᠭ᠎ᠤᠨ ᠴᠢᠨᠠᠷᠳᠠᠢ ᠬᠠᠤᠯᠢ ᠲᠤᠭ᠍ᠲᠠᠭᠠᠯ᠎ᠢ ᠴᠠᠭ ᠲᠤᠬᠠᠢᠳᠤᠨᠢ ᠴᠡᠪᠡᠷᠯᠡᠨ ᠡᠮᠬᠢᠳᠭᠡᠵᠤ᠂ ᠬᠦᠳᠡᠯᠦᠩᠭᠦᠢ᠎ᠪᠠᠷ ᠵᠠᠰᠠᠪᠦᠷᠢ ᠤᠷᠤᠭᠤᠯᠵᠤ᠂ ᠬᠦᠳᠡᠯᠦᠩᠭᠦᠢ᠎ᠪᠠᠷ ᠴᠡᠪᠡᠷᠯᠡᠬᠦ᠌᠎ᠶ᠋ᠢ ᠭᠦᠢᠴᠡᠳᠭᠡᠨ᠂ ᠵᠠᠮ ᠬᠠᠷᠢᠯᠴᠠᠭ᠎ᠠ ᠲᠡᠭᠡᠭᠡᠪᠤᠷᠢ᠎ᠶ᠋ᠢᠨ ᠳᠦᠷᠢᠮ᠂ ᠦᠨᠳᠦᠷ ᠬᠤᠷᠳᠤᠴᠠᠳᠤ ᠵᠠᠰᠠᠮᠠᠯ ᠵᠠᠮ᠎ᠤᠨ ᠳᠦᠷᠢᠮ᠂ ᠲᠠᠸᠠᠷ᠎ᠤᠨ ᠰᠤᠯᠢᠯᠴᠠᠭᠠᠨ᠎ᠤ ᠵᠠᠬ᠎ᠠ ᠳᠡᠯᠭᠡᠭᠦᠷ᠎ᠤᠨ ᠬᠠᠮᠢᠶᠠᠷᠤᠯᠳᠠ᠎ᠶ᠋ᠢᠨ ᠳᠦᠷᠢᠮ ᠵᠡᠷᠭᠡ 30 ᠬᠤᠪᠢ ᠬᠠᠤᠯᠢ ᠲᠤᠭ᠍ᠳᠠᠭᠠᠯ᠎ᠢ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠤᠯᠭᠠᠨ᠎ᠠ᠃ ᠲᠤᠭᠤᠷᠢᠭ᠎ᠲᠠᠢ ᠬᠤᠳᠠ ᠪᠤᠯᠤᠨ ᠦᠪᠡᠷᠲᠡᠭᠡᠨ ᠵᠠᠰᠠᠬᠤ ᠬᠤᠱᠢᠭᠤ᠎ᠶ᠋ᠢᠨ ᠬᠠᠤᠯᠢ ᠲᠤᠭ᠍ᠳᠠᠭᠠᠬᠤ ᠠᠵᠢᠯ᠎ᠢ ᠵᠢᠯᠤᠭᠤᠳᠭᠤ ᠬᠦᠴᠦᠯᠡᠴᠡ᠎ᠪᠠᠨ ᠨᠡᠮᠡᠭ᠌ᠳᠡᠭᠦᠯᠵᠦ᠍᠂ ᠲᠤᠯᠢᠳᠠᠭᠤᠯᠤᠨ ᠳᠡᠯᠭᠡᠷᠡᠭᠦᠯᠵᠦ᠍ ᠪᠣᠯᠬᠤ ᠣᠷᠣᠨ ᠨᠣᠲᠤᠭ᠎ᠤᠨ ᠬᠠᠤᠯᠢ ᠲᠤᠭ᠍ᠳᠠᠭᠠᠯ᠎ᠤᠨ ᠦᠷ᠎ᠡ ᠪᠦᠲᠦᠭᠡᠯ ᠪᠤᠯᠭᠠᠬᠤ᠎ᠪᠠᠷ ᠬᠦᠴᠦᠯᠡᠨ᠎ᠡ᠃
ᠭᠤᠷᠪᠠ᠎ᠳᠤ᠂ ᠵᠦᠪ᠎ᠢᠶᠠᠷ ᠬᠢᠨᠠᠯᠳᠠ ᠲᠠᠯᠪᠢᠬᠤ᠂ ᠪᠦᠲᠦᠮᠵᠢᠳᠠᠢ᠎ᠪᠠᠷ ᠬᠢᠨᠠᠯᠳᠠ ᠲᠠᠯᠪᠢᠬᠤ᠂ ᠬᠠᠤᠯᠢ ᠶᠤᠰᠤᠭᠠᠷ ᠬᠢᠨᠠᠯᠳᠠ ᠲᠠᠯᠪᠢᠬᠤ᠎ᠶ᠋ᠢ ᠪᠠᠷᠢᠮᠲᠠᠯᠠᠵᠦ᠍᠂ ᠬᠢᠨᠠᠯᠳᠠ ᠲᠠᠯᠪᠢᠯᠳᠠ᠎ᠶ᠋ᠢᠨ ᠬᠠᠳᠠᠨ ᠴᠢᠨᠠᠷ ᠪᠠ ᠪᠤᠳᠠᠳᠤ ᠪᠦᠲᠦᠮᠵᠢ᠎ᠶ᠋ᠢ ᠲᠠᠰᠤᠷᠠᠯᠳᠠ ᠦᠭᠡᠢ ᠴᠢᠩᠭᠠᠷᠠᠭᠤᠯᠤᠨ᠎ᠠ᠃ ᠨᠠᠮ᠎ᠤᠨ ᠲᠦᠪ ᠬᠤᠷᠢᠶᠠᠨ᠎ᠤ ᠴᠢᠬᠤᠯᠠ ᠶᠡᠭᠡ ᠱᠢᠢᠳᠪᠤᠷᠢᠳᠤ ᠪᠣᠳᠣᠯᠭ᠎ᠠ ᠪᠠᠢᠷᠢᠯᠠᠭᠤᠯᠤᠯᠲᠠ᠎ᠳᠤ ᠲᠦᠪᠯᠡᠷᠡᠭᠦᠯᠦᠨ᠂ ᠠᠷᠠᠳ ᠤᠯᠠᠨ᠎ᠤ ᠪᠤᠳᠤᠵᠤ ᠪᠠᠢᠭ᠎ᠠ ᠬᠦᠰᠡᠵᠤ ᠪᠠᠢᠭ᠎ᠠ ᠱᠠᠭᠠᠷᠳᠠᠵᠦ᠍ ᠪᠠᠢᠭ᠎ᠠ ᠵᠦᠢᠯ᠎ᠳᠤ ᠲᠦᠪᠯᠡᠷᠡᠭᠦᠯᠦᠨ ᠬᠢᠨᠠᠯᠳᠠ ᠲᠠᠯᠪᠢᠵᠦ᠍᠂ ᠬᠦᠳᠡᠭᠡ ᠲᠤᠰᠭᠤᠨ᠎ᠢ ᠬᠦᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠬᠠᠤᠯᠢ᠂ ᠣᠷᠴᠢᠨ ᠲᠤᠭᠤᠷᠢᠨ᠎ᠢ ᠬᠠᠮᠠᠭᠠᠯᠠᠬᠤ ᠬᠠᠤᠯᠢ ᠪᠤᠯᠤᠨ ᠠᠮᠤᠷ ᠲᠦᠪᠱᠢᠨ ᠦᠢᠯᠡᠳᠪᠤᠷᠢᠯᠡᠯ᠎ᠤᠨ 《ᠨᠢᠭᠡ ᠬᠠᠤᠯᠢ ᠨᠢᠭᠡ ᠳᠦᠷᠢᠮ》 ᠤ᠋ᠨ ᠲᠤᠭᠤᠷᠢᠨ᠎ᠳᠤ ᠬᠠᠤᠯᠢ ᠬᠡᠷᠡᠭ᠌ᠵᠢᠭᠦᠯᠦᠯᠳᠡᠶ᠋ᠢᠨ ᠪᠠᠢᠴᠠᠭᠠᠯᠳᠠ ᠦᠷᠨᠢᠭᠦᠯᠦᠨ᠎ᠡ᠃ ᠨᠡᠭᠦᠷᠡᠰᠦᠳᠦ᠋ᠷᠦᠭ᠌ᠴᠢ᠎ᠶ᠋ᠢᠨ ᠭᠠᠳᠠᠭ᠍ᠰᠢᠯᠠᠭᠤᠯᠤᠯᠳᠠ ᠤᠷᠭᠢᠯ ᠬᠡᠮᠵᠢᠭ᠌ᠳᠡᠯ᠎ᠳᠤ ᠬᠦᠷᠬᠦ᠌ ᠨᠡᠭᠦᠷᠡᠰᠦᠳᠦ᠋ᠷᠦᠭ᠌ᠴᠢ᠎ᠶ᠋ᠢ ᠰᠠᠭᠠᠷᠮᠠᠭ᠍ᠵᠢᠭᠤᠯᠬᠤ ᠲᠤᠰᠭᠠᠢ ᠵᠦᠢᠯ᠎ᠤᠨ ᠵᠢᠭᠡᠯᠡᠯᠭᠡ᠎ᠶ᠋ᠢᠨ ᠲᠡᠮᠳᠡᠭ᠌ᠳᠦ᠍ᠶ᠋ᠢ ᠬᠡᠷᠡᠭ᠌ᠯᠡᠬᠦ᠂ 《ᠭᠤᠷᠪᠠᠨ ᠨᠠᠭᠤᠷ》 ᠵᠢᠴᠢ ᠴᠠᠭᠠᠨᠨᠠᠭᠤᠷ᠎ᠤᠨ ᠠᠮᠢ ᠠᠬᠤᠢ᠎ᠶ᠋ᠢᠨ ᠣᠷᠴᠢᠨ ᠲᠤᠭᠤᠷᠢᠨ᠎ᠢ ᠶᠡᠷᠦᠩᠬᠡᠢᠯᠡᠨ ᠵᠠᠰᠠᠬᠤ᠂ ᠬᠦᠮᠦᠨ ᠠᠮᠠ᠎ᠶ᠋ᠢᠨ ᠤᠷᠳᠤ ᠬᠤᠭᠤᠴᠠᠭᠠᠨ᠎ᠤ ᠲᠡᠩᠴᠡᠭᠦᠷᠢᠳᠠᠢ ᠬᠦᠭ᠌ᠵᠢᠯᠳᠡ᠎ᠶ᠋ᠢ ᠠᠬᠢᠭᠤᠯᠬᠤ ᠵᠡᠷᠭᠡ 24 ᠬᠤᠪᠢ ᠲᠤᠰᠭᠠᠢ ᠲᠦᠷᠦᠯ᠎ᠤᠨ ᠠᠵᠢᠯ᠎ᠤᠨ ᠮᠡᠳᠡᠭᠦᠯᠦᠯᠳᠡ᠎ᠶ᠋ᠢ ᠰᠤᠨᠤᠰᠴᠤ᠌ ᠬᠢᠨᠠᠨ ᠵᠦᠪᠯᠡᠨ᠎ᠡ᠃ ᠠᠵᠤ ᠠᠬᠤᠢ᠎ᠶ᠋ᠢᠨ ᠠᠵᠢᠯ᠎ᠳᠤ ᠬᠢᠨᠠᠯᠳᠠ ᠲᠠᠯᠪᠢᠬᠤ ᠪᠠ ᠮᠠᠯᠵᠢᠬᠤ ᠲᠠᠷᠢᠶᠠᠯᠠᠬᠤ ᠤᠷᠤᠨ᠎ᠤ ᠵᠤᠷᠯᠤᠩ᠎ᠢ ᠦᠭᠡᠷᠡᠴᠢᠯᠡᠬᠦ᠌ ᠠᠵᠢᠯ᠎ᠢ ᠴᠢᠩᠭᠠᠳᠭᠠᠬᠤ ᠲᠤᠬᠠᠢ ᠬᠠᠤᠯᠢ ᠶᠤᠰᠤᠭᠠᠷ ᠲᠤᠭ᠍ᠳᠠᠭᠠᠯ ᠭᠠᠷᠭᠠᠨ᠎ᠠ᠃
ᠳᠥᠷᠪᠡ᠎ᠳᠤ᠂ ᠲᠦᠯᠦᠭᠡᠯᠡᠭ᠌ᠴᠢᠳ᠎ᠤᠨ ᠭᠤᠤᠯ ᠴᠤᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ᠂ ᠲᠦᠯᠦᠭᠡᠯᠡᠭ᠌ᠴᠢᠳ᠎ᠤᠨ ᠬᠠᠤᠯᠢ ᠶᠤᠰᠤᠭᠠᠷ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠶ᠋ᠢ ᠳᠡᠮᠵᠢᠨ ᠪᠠᠳᠤᠯᠠᠨ᠎ᠠ᠃ ᠱᠢᠨ᠎ᠡ᠎ᠪᠠᠷ ᠠᠷᠠᠳ᠎ᠤᠨ ᠲᠦᠯᠦᠭᠡᠯᠡᠭ᠌ᠴᠢ ᠪᠤᠯᠤᠭ᠍ᠰᠠᠳᠢ ᠳᠠᠪᠲᠠᠨ ᠪᠤᠯᠪᠠᠰᠤᠷᠠᠭᠤᠯᠬᠤ ᠠᠵᠢᠯ᠎ᠢ ᠰᠠᠢᠳᠤᠷ ᠬᠢᠵᠦ᠍᠂ ᠲᠦᠪ ᠬᠤᠷᠢᠶᠠᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠪᠠᠷ ᠲᠦᠪᠯᠡᠷᠡᠯ ᠪᠣᠯᠭᠠᠨ ᠡᠭᠡᠯᠵᠢᠯᠡᠨ ᠪᠤᠯᠪᠠᠰᠤᠷᠠᠭᠤᠯᠵᠦ᠍᠂ 《ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠦᠷᠢᠮ᠎ᠢ ᠪᠠᠷᠢᠮᠳᠠᠯᠠᠨ ᠲᠡᠭᠦᠯᠳᠡᠷᠵᠢᠭᠦᠯᠬᠦ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠲᠠᠰᠤᠷᠠᠯᠳᠠ ᠦᠭᠡᠢ ᠬᠦᠭ᠌ᠵᠢᠭᠦᠯᠬᠦ᠌》 ᠬᠦᠮᠦᠵᠢᠯ᠎ᠤᠨ ᠠᠵᠢᠯᠯᠠᠭ᠎ᠠ᠎ᠶ᠋ᠢ ᠰᠠᠢᠳᠤᠷ ᠵᠤᠬᠢᠶᠠᠨ ᠪᠠᠢᠭᠤᠯᠤᠨ᠎ᠠ᠃ ᠲᠦᠯᠦᠭᠡᠯᠡᠭ᠌ᠴᠢᠳ᠎ᠲᠤ ᠦᠢᠯᠡᠴᠢᠯᠡᠬᠦ᠌ ᠤᠢᠯᠠᠭᠠᠭ᠍ᠳᠠᠬᠤᠨ᠎ᠢ ᠪᠠᠲᠤ ᠪᠤᠢ ᠪᠤᠯᠭᠠᠵᠦ᠍᠂ ᠲᠦᠯᠦᠭᠡᠯᠡᠭ᠌ᠴᠢᠳ᠎ᠤᠨ ᠰᠠᠨᠠᠯ ᠵᠦᠪᠯᠡᠯᠭᠡ ᠪᠠ ᠰᠠᠨᠠᠭᠤᠯᠭ᠎ᠠ᠎ᠶ᠋ᠢ ᠰᠠᠢᠳᠤᠷ ᠬᠦᠯᠢᠶᠡᠨ ᠱᠢᠢᠳᠪᠤᠷᠢᠯᠡᠵᠦ᠍᠂ ᠲᠦᠯᠦᠭᠡᠯᠡᠭ᠌ᠴᠢᠳ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠳᠠ᠎ᠶ᠋ᠢ ᠴᠢᠩᠭᠠᠳᠭᠠᠨ᠂ 《ᠠᠷᠠᠳ᠎ᠤᠨ ᠲᠦᠯᠦᠭᠡᠯᠡᠭ᠌ᠴᠢᠳ᠎ᠤᠨ ᠦᠷᠦᠭᠡ》 ᠶ᠋ᠢᠨ ᠦᠢᠯᠡᠳᠦᠯ᠎ᠢ ᠰᠠᠢᠳᠤᠷ ᠪᠠᠳᠠᠷᠠᠭᠤᠯᠤᠨ᠎ᠠ᠃ ᠬᠡᠷᠡᠭ᠌ᠴᠡᠭᠡ᠎ᠶ᠋ᠢ ᠠᠷᠠᠳ᠎ᠠᠴᠠ ᠠᠰᠠᠭᠤᠬᠤ᠂ ᠦᠷ᠎ᠡ ᠪᠦᠲᠦᠮᠵᠢ᠎ᠶ᠋ᠢ ᠠᠷᠠᠳ᠎ᠠᠴᠠ ᠠᠰᠠᠭᠤᠬᠤ᠎ᠶ᠋ᠢ ᠪᠠᠷᠢᠮᠳᠠᠯᠠᠵᠦ᠍᠂ ᠠᠷᠠᠳ᠎ᠤᠨ ᠠᠮᠢᠳᠤᠷᠠᠯ᠎ᠤᠨ ᠪᠤᠳᠠᠳᠤ ᠶᠠᠪᠤᠳᠠᠯ᠎ᠤᠨ ᠲᠦᠷᠦᠯ ᠵᠦᠢᠯ᠎ᠢ ᠠᠷᠠᠳ᠎ᠤᠨ ᠲᠦᠯᠦᠭᠡᠯᠡᠭ᠌ᠴᠢ ᠪᠢᠯᠧᠲ᠎ᠢᠶᠠᠷ ᠪᠠᠳᠤᠯᠠᠬᠤ ᠳᠦᠷᠢᠮ᠎ᠢ ᠦᠷᠭᠦᠯᠵᠢᠯᠡᠨ ᠳᠡᠯᠭᠡᠷᠡᠭᠦᠯᠦᠨ᠎ᠡ᠃
ᠲᠠᠪᠤ᠎ᠳᠤ᠂ 《ᠲᠦᠷᠪᠡᠨ ᠪᠠᠢᠭᠤᠯᠭ᠎ᠠ》 ᠶ᠋ᠢᠨ ᠪᠠᠢᠭᠤᠯᠤᠯᠳᠠ᠎ᠶ᠋ᠢ ᠪᠦᠬᠦ᠌ ᠲᠠᠯ᠎ᠠ᠎ᠪᠠᠷ ᠲᠦᠯᠬᠢᠨ ᠠᠬᠢᠭᠤᠯᠵᠦ᠍᠂ ᠬᠠᠤᠯᠢ ᠶᠤᠰᠤᠭᠠᠷ ᠲᠤᠱᠢᠶᠠᠯ᠎ᠢᠶᠠᠨ ᠭᠦᠢᠴᠡᠳᠭᠡᠬᠦ᠌ ᠬᠢᠷᠢ ᠲᠦᠪᠱᠢᠨ᠎ᠢᠶᠠᠨ ᠴᠢᠷᠮᠠᠢᠨ ᠳᠡᠭᠡᠭ᠌ᠰᠢᠯᠡᠭᠦᠯᠦᠨ᠎ᠡ᠃ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠷᠢ ᠲᠤᠭ᠍ᠳᠠᠭᠠᠯᠳᠠᠪᠠᠨ ᠪᠠᠲᠤ ᠡᠵᠡᠮᠳᠡᠵᠦ᠍᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠦᠪ ᠬᠤᠷᠢᠶᠠᠨ᠎ᠤ ᠤᠳᠤᠬᠠᠨ᠎ᠤ ᠪᠠᠢᠳᠠᠯ᠎ᠤᠨ ᠲᠤᠬᠠᠢ ᠵᠠᠳᠠᠯᠤᠯᠳᠠ ᠮᠠᠭᠠᠳᠯᠠᠯᠳᠠ ᠳᠡᠭᠡᠷ᠎ᠡ ᠨᠢᠭᠡᠳᠭᠡᠵᠦ᠍᠂ ᠬᠤᠢᠱᠢᠳᠠ᠎ᠶ᠋ᠢᠨ ᠬᠦᠭ᠌ᠵᠢᠯᠳᠡ᠎ᠶ᠋ᠢᠨ ᠡᠭᠦᠷᠭᠡ᠎ᠶ᠋ᠢᠨ ᠲᠤᠬᠠᠢ ᠱᠢᠢᠳᠪᠤᠷᠢᠳᠤ ᠪᠣᠳᠤᠯᠭ᠎ᠠ ᠪᠠᠢᠷᠢᠯᠠᠭᠤᠯᠤᠯᠳᠠ ᠳᠡᠭᠡᠷ᠎ᠡ ᠨᠢᠭᠡᠳᠭᠡᠨ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠠᠭᠠᠷᠳᠠᠯᠭ᠎ᠠ ᠶᠤᠰᠤᠭᠠᠷ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠭᠦᠷᠭᠡ ᠴᠢᠳᠠᠪᠤᠷᠢ᠎ᠶ᠋ᠢᠨ ᠦᠢᠯᠡᠳᠦᠯ᠎ᠢᠶᠠᠨ ᠰᠠᠢᠲᠤᠷ ᠪᠠᠳᠠᠷᠠᠭᠤᠯᠵᠦ᠍᠂ ᠠᠵᠢᠯ᠎ᠤᠨ ᠳᠤᠮᠳᠠᠬᠢ ᠴᠢᠬᠤᠯᠠ ᠶᠡᠭᠡ ᠠᠰᠠᠭᠤᠳᠠᠯ᠂ ᠴᠢᠬᠤᠯᠠ ᠶᠠᠪᠤᠳᠠᠯ᠂ ᠴᠢᠬᠤᠯᠠ ᠪᠠᠢᠳᠠᠯ᠎ᠢᠶᠠᠨ ᠴᠠᠭ ᠲᠤᠬᠠᠢᠳᠤᠨᠢ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠳᠤ ᠮᠡᠳᠡᠭᠦᠯᠵᠦ᠍ ᠵᠢᠭᠠᠪᠤᠷᠢ ᠠᠪᠤᠨ᠎ᠠ᠃ ᠪᠠᠢᠩᠭᠤ᠎ᠶ᠋ᠢᠨ ᠬᠤᠷᠢᠶᠠᠨ᠎ᠤ ᠲᠤᠰ ᠪᠡᠶ᠎ᠡ᠎ᠶ᠋ᠢᠨ ᠪᠠᠢᠭᠤᠯᠤᠯᠳᠠ᠎ᠪᠠᠨ ᠴᠢᠩᠭᠠᠳᠭᠠᠵᠦ᠍᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠤᠳᠤᠷᠢᠳᠤᠯᠭ᠎ᠠ ᠳᠤᠤᠷ᠎ᠠ᠂ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ ᠵᠢᠴᠢ ᠪᠠᠢᠩᠭᠤ᠎ᠶ᠋ᠢᠨ ᠬᠤᠷᠢᠶᠠᠨ᠎ᠤ ᠬᠤᠭᠤᠴᠠᠭ᠎ᠠ ᠬᠠᠯᠠᠬᠤ ᠠᠵᠢᠯ᠎ᠢ ᠰᠠᠢᠳᠤᠷ ᠬᠢᠨ᠎ᠡ᠃ ᠪᠦᠷᠢᠯᠳᠦᠭᠦᠨ ᠨᠠᠷ᠎ᠤᠨ ᠭᠤᠤᠯ ᠴᠤᠭ᠍ᠴᠠ᠎ᠶ᠋ᠢᠨ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠦ᠍᠂ ᠰᠤᠷᠤᠯᠴᠠᠯᠭ᠎ᠠ ᠪᠤᠯᠪᠠᠰᠤᠷᠠᠯ᠎ᠢᠶᠠᠨ ᠴᠢᠩᠭᠠᠳᠭᠠᠵᠦ᠍᠂ ᠲᠤᠰᠭᠠᠢ ᠰᠡᠳᠤᠪᠳᠤ ᠲᠠᠢᠯᠤᠮᠵᠢ᠎ᠶ᠋ᠢ ᠰᠠᠢᠳᠤᠷ ᠬᠢᠵᠦ᠍᠂ ᠪᠠᠢᠩᠭᠤ᠎ᠶ᠋ᠢᠨ ᠬᠤᠷᠢᠶᠠᠨ᠎ᠤ ᠠᠵᠢᠯ᠎ᠢᠶᠠᠨ ᠬᠠᠮᠳᠤ᠎ᠪᠠᠷ ᠰᠠᠢᠳᠤᠷ ᠬᠢᠨ᠎ᠡ᠃ ᠱᠢᠨ᠎ᠡ ᠴᠠᠭ ᠦᠶ᠎ᠡ᠎ᠳᠠᠬᠢ ᠨᠠᠮ᠎ᠤᠨ ᠪᠠᠢᠭᠤᠯᠤᠯᠳᠠ᠎ᠶ᠋ᠢᠨ ᠶᠡᠷᠦᠩᠬᠡᠢ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠪᠠᠢᠩᠭᠤ᠎ᠶ᠋ᠢᠨ ᠬᠤᠷᠢᠶᠠᠨ᠎ᠤ ᠨᠠᠮ᠎ᠤᠨ ᠤᠳᠤᠷᠢᠳᠭᠤ ᠳᠤᠭᠤᠢ᠌ᠯᠠᠩ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢ᠌ᠯᠠᠩ᠂ ᠲᠤᠰᠭᠠᠢ ᠵᠦᠪᠯᠡᠯ᠎ᠤᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠪᠠᠢᠭᠤᠯᠤᠯᠳᠠ᠎ᠶ᠋ᠢ ᠴᠢᠩᠭᠠᠳᠭᠠᠵᠦ᠍᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠭᠤᠤᠯ ᠴᠤᠭ᠍ᠴᠠ᠎ᠶ᠋ᠢᠨ ᠬᠠᠷᠢᠭᠤᠴᠠᠯᠭ᠎ᠠ᠎ᠪᠠᠨ ᠰᠠᠢᠳᠤᠷ ᠭᠦᠢᠴᠡᠳᠭᠡᠵᠦ᠍᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠠᠬᠢᠭᠤᠯᠤᠨ᠎ᠠ᠃ ᠪᠦᠬᠦ᠌ ᠤᠷᠤᠨ᠎ᠤ ᠡᠯ᠎ᠡ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠷᠤᠨᠳᠤᠬᠢ ᠠᠵᠢᠯ᠎ᠢ ᠨᠢᠭ᠍ᠲᠠ ᠵᠤᠬᠢᠴᠠᠭᠤᠯᠤᠨ᠂ ᠪᠦᠬᠦ᠌ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠱᠢᠰᠲ᠋ᠧᠮ᠎ᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠳᠦᠷᠢᠮ᠎ᠢ ᠪᠠᠷᠢᠮᠳᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠤᠭ᠍ᠰᠠᠨ ᠲᠤᠷᠱᠢᠯᠭ᠎ᠠ ᠰᠤᠯᠢᠯᠴᠠᠬᠤ ᠬᠤᠷᠠᠯ᠎ᠢ ᠰᠠᠢᠳᠤᠷ ᠡᠷᠬᠢᠯᠡᠵᠤ᠂ ᠬᠤᠱᠢᠭᠤ ᠱᠢᠶᠠᠨ (ᠬᠤᠳᠠ ᠲᠤᠭᠤᠷᠢᠭ) ᠤ᠋ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠷᠬᠢᠯᠡᠭ᠌ᠴᠢ᠎ᠶ᠋ᠢᠨ ᠪᠤᠯᠪᠠᠰᠤᠷᠠᠯ᠎ᠤᠨ ᠠᠩᠭᠢ᠎ᠶ᠋ᠢ ᠡᠷᠬᠢᠯᠡᠨ᠂ ᠪᠦᠬᠦ᠌ ᠤᠷᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠱᠢᠰᠲ᠋ᠧᠮ᠎ᠤᠨ 《ᠠᠷᠪᠠᠨ ᠵᠦᠢᠯ᠎ᠤᠨ ᠱᠢᠨ᠎ᠡ᠎ᠶ᠋ᠢ ᠡᠭᠦᠳᠬᠦ᠌ ᠠᠵᠢᠯ》 ᠤ᠋ᠨ ᠱᠢᠯᠭᠠᠷᠠᠭᠤᠯᠤᠯᠲᠠ᠎ᠶ᠋ᠢᠨ ᠠᠵᠢᠯᠯᠠᠭ᠎ᠠ᠎ᠶ᠋ᠢ ᠦᠷᠨᠢᠭᠦᠯᠵᠦ᠍᠂ ᠤᠷᠤᠨ ᠨᠤᠲᠤᠭ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠶᠠᠰᠤ ᠴᠢᠨᠠᠷ ᠪᠤᠯᠤᠨ ᠬᠢᠷᠢ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃
ᠲᠦᠯᠦᠭᠡᠯᠡᠭ᠌ᠴᠢᠳ ᠡ!
ᠱᠢᠨ᠎ᠡ ᠴᠠᠭ ᠦᠶ᠎ᠡ᠎ᠨᠢ ᠱᠢᠨ᠎ᠡ ᠡᠭᠦᠷᠭᠡᠯᠡᠯ᠎ᠲᠠᠢ ᠪᠠᠢᠬᠤ᠎ᠶ᠋ᠢ ᠱᠠᠭᠠᠷᠳᠠᠵᠦ᠍᠂ ᠱᠢᠨ᠎ᠡ ᠠᠶᠠᠨ᠎ᠳᠤ ᠱᠢᠨ᠎ᠡ ᠡᠭᠦᠳᠤᠯᠳᠡ᠎ᠲᠠᠢ ᠪᠠᠢᠬᠤ᠎ᠶ᠋ᠢ ᠤᠷᠢᠶᠠᠯᠠᠵᠦ᠍ ᠪᠠᠢᠨ᠎ᠠ᠃ ᠪᠢᠳᠡ ᠰᠢ᠎ᠶ᠋ᠢᠨ ᠫᠢᠩ ᠨᠦᠬᠦᠷ᠎ᠢᠶᠠᠷ ᠭᠤᠤᠯᠯᠠᠭ᠍ᠴᠢ ᠪᠤᠯᠭᠠᠭ᠍ᠰᠠᠨ ᠨᠠᠮ᠎ᠤᠨ ᠲᠦᠪ ᠬᠤᠷᠢᠶᠠᠨ᠎ᠤ ᠲᠤᠭᠤᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ ᠴᠤᠭ ᠵᠢᠪᠬᠤᠭ᠎ᠠ᠎ᠲᠠᠢ᠎ᠪᠠᠷ ᠡᠷᠡᠯᠭᠡᠭ᠌ᠯᠡᠨ ᠤᠷᠤᠭ᠍ᠰᠢᠯᠠᠵᠦ᠍᠂ ᠦᠴᠦᠬᠡᠨ ᠴᠦ᠍ ᠬᠤᠢᠷᠭᠤᠱᠢᠬᠤ ᠦᠭᠡᠢ᠎ᠪᠠᠷ ᠮᠡᠷᠠᠢᠨ ᠵᠢᠳᠭᠦᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠴᠤ᠋ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠱᠢᠯᠢᠳᠡᠭ ᠠᠮᠵᠢᠯᠳᠠ᠎ᠪᠠᠷ᠎ᠢᠶᠠᠨ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠠᠮᠵᠢᠯᠳᠠ᠎ᠲᠠᠢ᠎ᠪᠠᠷ ᠬᠤᠷᠠᠯᠳᠤᠬᠤ᠎ᠶ᠋ᠢ ᠤᠭ᠍ᠲᠤᠶ᠎ᠠ!
(ᠦᠪᠡᠷᠳᠡᠭᠡᠨ ᠵᠠᠰᠠᠬᠣ ᠣᠷᠣᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠣᠷᠠᠯ ᠤ᠋ᠨ ᠪᠠᠢᠩᠭᠣ ᠵᠢᠨ ᠬᠣᠷᠢᠶ᠎ᠠ ᠵᠢᠨ ᠠᠯᠪᠠᠨ ᠲᠢᠩᠬᠢᠮ ᠤ᠋ᠨ ᠣᠷᠴᠢᠭᠣᠯᠭ᠎ᠠ ᠵᠢᠨ ᠭᠠᠵᠠᠷ ᠣᠷᠴᠢᠭᠣᠯᠪᠠ )