ᠵᠢᠨᠢᠩ ᠲᠣᠭᠣᠷᠢᠭ᠎ᠤᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠪᠠ
2022-01-30 09:15:02
ᠵᠣᠬᠢᠶᠠᠭ᠍ᠴᠢ᠄
ᠬᠠᠢ ᠵᠢᠶᠦ᠋ᠨ
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 24 ᠤ᠋ ᠦᠳᠡ᠎ᠶ᠋ᠢᠨ ᠬᠣᠢᠨ᠎ᠠ᠂ ᠵᠢᠨᠢᠩ ᠲᠣᠭᠣᠷᠢᠭ᠎ᠤᠨ ᠨᠠᠮ᠎ᠤᠨ ᠬᠣᠷᠢᠶᠠᠨ᠎ᠤ᠎ᠯᠧᠺᠲ᠋ᠣᠷ᠎ᠤᠨ᠎ᠪᠦᠯᠬᠦᠮ᠎ᠦᠨ᠎ᠬᠡᠰᠢᠬᠦᠨ᠂ ᠵᠢᠨᠢᠩ ᠲᠣᠭᠣᠷᠢᠭ᠎ᠤᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶ᠋ᠢᠨ ᠳᠡᠭᠡᠳᠦ ᠵᠡᠷᠭᠡ᠎ᠶ᠋ᠢᠨ ᠯᠧᠺᠲ᠋ᠣᠷ ᠶᠠᠩ ᠬᠣᠩ ᠭᠤᠸᠠᠩ᠂ ᠯᠢᠶᠠᠨ ᠶᠢᠡᠭ ᠲᠡᠯᠭᠡᠭᠦᠷ ᠤ᠋ᠨ ᠲᠥᠪ ᠠᠭᠤᠳᠠᠮ ᠲᠠᠯᠠᠪᠠᠢ  ᠵᠢᠨ ᠬᠤᠳᠠᠯᠳᠤᠭᠠᠨ᠎ᠤ ᠲᠣᠭᠣᠷᠢᠭ᠎ᠤᠨ ᠨᠠᠮ ᠪᠠ ᠤᠯᠠᠨ ᠲᠦᠮᠡᠨ᠎ᠦ ᠠᠵᠢᠯᠯᠠᠭᠠᠨ ᠤ᠋ ᠲᠥᠪ᠎ᠲᠦ ᠬᠦᠷᠴᠦ᠍᠂ ᠯᠢᠶᠠᠨ ᠶᠢᠡᠭ ᠲᠡᠯᠭᠡᠭᠦᠷ ᠤ᠋ᠠ 30 ᠭᠠᠷᠤᠢ ᠺᠠᠳ᠋ᠷ ᠠᠵᠢᠯᠳᠠᠨ᠎ᠳᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ ᠎ᠤ ᠲᠤᠬᠠᠢ ᠲᠠᠢᠯᠤᠮᠵᠢ ᠬᠢᠪᠡ᠃

ᠶᠠᠩ ᠬᠣᠩ ᠭᠤᠸᠠᠩ︽ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠳᠤᠷ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠪᠠᠷ ᠵᠠᠮᠴᠢᠯᠠᠭᠤᠷ ᠪᠤᠯᠭᠠᠨ ᠴᠢᠭ᠌ᠯᠡᠯ ᠵᠢᠡᠨ ᠲᠣᠭ᠍ᠲᠠᠭᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ》 ᠪᠡᠷ ᠭᠤᠤᠯ ᠰᠡᠳᠦᠪ ᠪᠣᠯᠭᠠᠵᠤ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠣᠢᠯᠠᠭᠠᠬᠤ᠂︽ᠱᠢᠶ᠋ᠳᠪᠦᠷᠢ︾ᠵᠢᠨ ᠠᠭᠤᠯᠤᠭ᠍ᠳᠠᠬᠤᠨ ᠴᠢᠬᠤᠯᠠ ᠠᠭᠤᠯᠭ᠎ᠠ᠎ᠶ᠋ᠢ ᠣᠨᠣᠪᠴᠢᠲᠠᠶ ᠡᠵᠡᠮᠱᠢᠬᠦ᠌᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠱᠢᠯᠠᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ ᠭᠣᠢᠳᠠ ᠰᠠᠢᠬᠠᠨ ᠲᠠᠢᠯᠤᠮᠵᠢ ᠬᠢᠪᠠ᠃

ᠲᠤᠬᠠᠢ᠎ᠶ᠋ᠢᠨ ᠲᠠᠯᠠᠪᠠᠢ᠎ᠳᠤ ᠲᠠᠢᠯᠤᠮᠵᠢ ᠰᠣᠨᠣᠰᠤᠭ᠍ᠰᠠᠨ ᠯᠢᠶᠠᠨ ᠶᠢᠡᠭ ᠲᠡᠯᠭᠡᠭᠦᠷ ᠤ᠋ᠨ ᠨᠠᠮ᠎ᠤᠨ ᠡᠭᠦᠷ ᠎ᠦᠨ ᠱᠦᠵᠢ ᠵᠤᠤ ᠱᠢᠶᠤᠤ ᠶᠠᠨ᠄︽ᠶᠠᠩ ᠪᠠᠭ᠍ᠰᠢ᠎ᠶ᠋ᠢᠨ ᠲᠠᠢᠯᠤᠮᠵᠢ᠎ᠶ᠋ᠢ ᠰᠣᠨᠣᠰᠤᠭᠠᠳ  ᠵᠠᠭᠤᠨ ᠵᠢᠯ᠎ᠦᠨ ᠲᠤᠷᠱᠢᠬᠢ ᠮᠠᠨ᠎ᠤ ᠨᠠᠮ᠎ᠤᠨ ᠲᠡᠦᠬᠡᠲᠦ ᠠᠴᠢ ᠬᠣᠯᠪᠣᠭ᠍ᠳᠠᠯ᠂ ᠴᠢᠬᠤᠯᠠ ᠱᠢᠢᠳᠪᠦᠷᠢᠲᠦ ᠪᠤᠳᠤᠯᠭ᠎ᠠ ᠵᠢᠴᠢ ᠵᠠᠭᠤᠨ ᠵᠢᠯ᠎ᠦᠨ ᠲᠤᠷᠱᠢᠬᠢ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠢ ᠣᠢᠯᠠᠭᠠᠪᠠ᠃ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠬᠤ᠎ᠪᠠᠷ ᠳᠡᠮᠵᠢᠨ ᠮᠠᠨ᠎ᠤ ᠨᠠᠮ᠎ᠤᠨ ᠲᠡᠦᠬᠡᠲᠦ ᠡᠭᠦᠷᠭᠡ ᠪᠣᠯᠤᠨ ᠲᠡᠦᠬᠡᠲᠦ ᠣᠭ ᠰᠠᠨᠠᠭ᠎ᠠ᠎ᠶ᠋ᠢ ᠨᠠᠩ ᠰᠠᠢᠳᠤᠷ ᠣᠢᠯᠠᠭᠠᠵᠠᠶ᠃ ᠠᠵᠤ ᠠᠬᠤᠢᠯᠠᠯ᠎ᠤᠨ ᠨᠠᠮ᠎ᠤᠨ ᠡᠭᠦᠷ᠎ᠦᠨ ᠱᠦᠵᠢ ᠪᠣᠯᠤᠭ᠍ᠰᠠᠨ᠎ᠤ ᠬᠤᠪᠢ᠎ᠳᠤ᠂ ᠬᠣᠢᠱᠢᠳᠠ ᠠᠵᠢᠯ᠎ᠲᠠᠶ᠎ᠪᠠᠨ ᠤᠶᠠᠯᠳᠤᠭᠤᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠩ ᠭᠦᠨᠵᠡᠭᠡᠶ ᠰᠤᠷᠤᠯᠴᠠᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠡᠯ᠎ᠡ ᠵᠦᠶ᠋ᠯ᠎ᠦᠨ ᠠᠵᠢᠯ᠎ᠳ᠋ᠠᠭᠠᠠ ᠪᠦᠷᠢᠮᠦᠰᠦᠨ ᠠᠭᠤᠰᠭᠠᠨ ᠰᠠᠢᠲᠤᠷ ᠨᠠᠢᠳᠠᠪᠤᠷᠢᠵᠢᠭᠤᠯᠤᠨ᠎ᠠ︾ᠬᠡᠵᠤ ᠶᠠᠷᠢᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号