1 ᠰᠠᠷ᠎ᠠ
ᠵᠢᠨ 29᠎ᠤ᠋ ᠡᠳᠦᠷ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ
ᠵᠢᠨ ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠂ ᠡᠪᠦᠯ᠎ᠤᠨ ᠤᠯᠠᠷᠢᠯ᠎ᠤᠨ
ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠡᠮᠦᠨ᠎ᠡ ᠹᠷᠤᠨᠲ᠎ᠤᠨ ᠮᠡᠳᠡᠭᠡᠯᠡᠭᠴᠢᠳᠤᠨ ᠪᠦᠯᠬᠦᠮ᠎ᠤᠨ
ᠮᠤᠷᠳᠠᠬᠤ ᠶᠤᠰᠤᠯᠠᠯ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠬᠤᠷᠢᠶ᠎ᠠ ᠳ᠋ᠤ ᠶᠠᠪᠤᠭᠳᠠᠪᠠ᠃
ᠨᠠᠷᠢᠨ ᠨᠢᠮᠪᠠᠢ ᠵᠤᠬᠢᠶᠠᠨ
ᠪᠠᠢᠭᠤᠯᠵᠤ᠂ ᠴᠢᠩᠭ᠎ᠠ ᠨᠢᠮᠪᠠᠢ ᠰᠢᠯᠢᠨ ᠰᠤᠩᠭᠤᠬᠤ ᠪᠡᠷ ᠳᠠᠮᠵᠢᠨ᠂ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ
ᠬᠤᠷᠢᠶ᠎ᠠ ᠵᠢᠨ 10 ᠭᠤᠤᠯᠯᠠᠬᠤ ᠰᠤᠷᠪᠤᠯᠵᠢᠯᠠᠭᠴᠢ ᠪᠡᠷ ᠪᠦᠷᠢᠯᠳᠦᠭᠰᠡᠨ ᠪᠡᠭᠡᠵᠢᠩ᠎ᠤᠨ
ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠂ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠤᠯᠢᠮᠫᠢᠺ᠎ᠤᠨ
ᠲᠠᠮᠢᠷ᠎ᠤᠨ ᠴᠤᠭᠯᠠᠭᠠᠨ᠎ᠤ ᠡᠮᠦᠨ᠎ᠡ ᠹᠷᠤᠨᠲ᠎ᠤᠨ ᠮᠡᠳᠡᠭᠡᠯᠡᠭᠴᠢᠳᠤᠨ ᠪᠦᠯᠬᠦᠮ ᠠᠶᠠᠨ᠎ᠤ ᠳᠦᠷᠦᠭᠡ ᠪᠠᠨ ᠴᠢᠩᠭᠠᠯᠠᠨ
ᠮᠤᠷᠳᠠᠬᠤ ᠪᠡᠷ ᠪᠡᠯᠡᠬᠡᠨ ᠪᠤᠯᠤᠯ᠎ᠠ᠃ ᠰᠤᠷᠪᠤᠯᠵᠢᠯᠠᠭᠴᠢᠳ ᠮᠠᠨᠢ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂
ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ᠎ᠤ ᠤᠷᠤᠯᠳᠤᠭᠠᠨ᠎ᠤ ᠲᠠᠯᠠᠪᠠᠢ ᠳ᠋ᠤ ᠭᠦᠨᠵᠡᠭᠡᠢᠷᠡᠵᠦ᠂
ᠤᠷᠤᠯᠳᠤᠭᠠᠨ᠎ᠤ ᠳᠤᠮᠳᠠᠬᠢ 《ᠨᠡᠩ ᠲᠦᠷᠭᠡᠨ᠂ ᠨᠡᠩ ᠦᠨᠳᠦᠷ᠂ ᠨᠡᠩ ᠬᠦᠴᠦᠷᠭᠡᠭ᠂ ᠨᠡᠩ ᠪᠦᠯᠬᠦᠮᠳᠡᠯ
ᠲᠠᠢ》ᠤᠯᠢᠮᠫᠢᠺ᠎ᠤᠨ ᠵᠤᠷᠢᠭ ᠰᠠᠨᠠᠭ᠎ᠠ ᠵᠢ ᠤᠬᠠᠭᠤᠯᠵᠤ᠂ ᠡᠯ᠎ᠡ ᠤᠯᠤᠰ᠎ᠤᠨ
ᠤᠯᠢᠮᠫᠢᠺ᠎ᠤᠨ ᠲᠠᠮᠢᠷᠴᠢᠳ᠂ ᠢᠯᠠᠩᠭᠤᠶ᠎ᠠ ᠦᠪᠦᠷ ᠮᠤᠩᠭᠤᠯ᠎ᠤᠨ ᠲᠠᠮᠢᠷᠴᠢᠳ᠎ᠤᠨ ᠤᠷᠤᠯᠳᠤᠭᠠᠨ᠎ᠤ ᠲᠠᠯᠠᠪᠠᠢ ᠳ᠋ᠤ
ᠡᠷᠡᠯᠬᠡᠭᠯᠡᠨ ᠲᠡᠮᠡᠴᠡᠭᠰᠡᠨ ᠦᠯᠢᠭᠡᠷ᠎ᠢ ᠲᠠ ᠤᠯᠠᠨ ᠳ᠋ᠠᠭᠠᠨ ᠳᠠᠮᠵᠢᠭᠤᠯᠬᠤ ᠪᠤᠯᠤᠨ᠎ᠠ᠃



ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ
ᠴᠤᠭᠯᠠᠭᠠᠨ ᠪᠤᠯ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠦᠯᠦᠭᠡᠯᠡᠭᠴᠢᠳ᠎ᠤᠨ ᠪᠦᠯᠬᠦᠮ᠎ᠤᠨ ᠲᠡᠦᠬᠡᠨ
ᠳᠡᠭᠡᠷᠡᠬᠢ ᠤᠷᠤᠯᠳᠤᠭᠠᠨ ᠳ᠋ᠤ ᠤᠷᠤᠯᠴᠠᠭᠰᠠᠨ ᠬᠡᠪᠴᠢᠶ᠎ᠡ ᠪᠡᠷ ᠬᠠᠮᠤᠭ᠎ᠤᠨ ᠶᠡᠬᠡ ᠨᠢᠭᠡ ᠬᠤᠭᠤᠴᠠᠭᠠᠨ᠎ᠤ ᠡᠪᠦᠯ᠎ᠤᠨ
ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠪᠤᠯᠤᠨ᠎ᠠ᠃ ᠤᠷᠤᠯᠳᠤᠭᠠᠨ ᠳ᠋ᠤ ᠨᠡᠢᠲᠡ 387 ᠬᠦᠮᠦᠨ
ᠤᠷᠤᠯᠴᠠᠨ᠎ᠠ᠂ ᠡᠭᠦᠨ ᠳ᠋ᠤ ᠲᠠᠮᠢᠷᠴᠢᠨ 176 ᠬᠦᠮᠦᠨ ᠪᠠᠢᠵᠤ᠂ ᠮᠠᠨ᠎ᠤ ᠤᠷᠤᠨ᠎ᠤ
ᠲᠠᠮᠢᠷᠴᠢᠨ 5 ᠪᠠᠢᠨ᠎ᠠ᠃ ᠲᠠᠮᠢᠷᠴᠢᠳ ᠮᠠᠨᠢ ᠮᠦᠩᠭᠦᠨ ᠡᠪᠦᠯ᠎ᠤᠨ ᠮᠦᠰᠦ ᠴᠠᠰᠤᠨ᠎ᠤ ᠤᠷᠤᠯᠳᠤᠭᠠᠨ᠎ᠤ ᠲᠠᠯᠠᠪᠠᠢ
ᠳ᠋ᠤ
ᠤᠷ᠎ᠠ ᠮᠡᠷᠭᠡᠵᠢᠯ ᠵᠢᠡᠨ ᠭᠠᠢᠬᠠᠭᠤᠯᠵᠤ᠂ ᠡᠷᠳᠡᠮ ᠴᠢᠳᠠᠯ ᠵᠢᠡᠨ ᠮᠦᠴᠡᠭᠡᠷᠭᠡᠨ᠂ ᠰᠢᠨ᠎ᠡ ᠠᠮᠵᠢᠯᠲᠠ ᠵᠢ ᠪᠢᠴᠢᠭᠯᠡᠬᠦ
ᠪᠤᠯᠤᠨ᠎ᠠ᠃
ᠰᠤᠷᠪᠤᠯᠵᠢᠯᠠᠭᠴᠢ᠄ ᠤᠯᠠᠭᠠᠨᠲᠤᠶᠠᠭ᠎ᠠ
ᠰᠡᠬᠦᠳᠡᠷᠯᠡᠭᠴᠢ᠂ ᠹᠢᠯᠢᠮ
ᠦᠢᠯᠡᠳᠦᠭᠴᠢ᠄ ᠶᠢᠰᠦᠨ᠎ᠡ
ᠬᠢᠨᠠᠬᠴᠢ᠄ ᠨᠠᠷᠠᠡᠭᠭᠤᠸᠠ