ᠴᠡᠷᠢᠭ᠎ᠡᠴᠡ ᠬᠠᠯᠠᠭ᠍ᠳᠠᠭ᠍ᠰᠠᠨ ᠣᠶᠤᠲᠠᠨ 8 ᠶᠡᠬᠡ ᠳᠡᠭᠡᠳᠦ ᠰᠤᠷᠭᠠᠭᠤᠯᠢ᠎ᠳᠤ ᠨᠡᠷ᠎ᠡ ᠮᠡᠳᠡᠭᠦᠯᠵᠦ᠍ ᠪᠣᠯᠤᠨ᠎ᠠ
2022-01-30 09:10:59
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1 ᠰᠠᠷ᠎ᠠ᠎ᠶ᠋ᠢᠨ 25᠎ᠤ ᠡᠳᠦᠷ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠰᠤᠷᠭᠠᠨ᠎ᠬᠥᠮᠦᠵᠢᠯ᠎ᠦᠨ ᠰᠣᠷᠣᠭ᠍ᠴᠢ ᠡᠯᠰᠡᠬᠦ᠌ ᠱᠢᠯᠭᠠᠯᠲᠠ᠎ᠶ᠋ᠢᠨ ᠲᠥᠪ᠎ᠡᠴᠡ ᠣᠢᠯᠠᠭᠠᠭ᠍ᠰᠠᠨ᠎ᠢᠶᠠᠷ᠂ ᠰᠤᠷᠭᠠᠨ ᠬᠥᠮᠦᠵᠢᠯ᠎ᠦᠨ ᠶᠠᠮᠤᠨ᠎ᠤ ᠬᠠᠮᠢᠶ᠎ᠠ ᠪᠥᠬᠥᠶ ᠲᠣᠭ᠍ᠲᠠᠭᠠᠯ᠎ᠢ ᠦᠨᠳᠦᠰᠦᠯᠡᠪᠡᠯ᠂ ᠰᠣᠷᠣᠭ᠍ᠴᠢ ᠡᠯᠰᠡᠬᠦ᠌ ᠨᠥᠬᠥᠴᠡᠯ᠎ᠳᠦ ᠨᠡᠢᠴᠡᠵᠦ᠍᠂ ᠴᠡᠷᠢᠭ᠎ᠲᠦ ᠡᠯᠰᠡᠭ᠌ᠳᠡᠭᠡᠳ ᠮᠠᠨ᠎ᠤ ᠣᠷᠣᠨ᠎ᠳᠤ ᠪᠠᠢᠭ᠎ᠠ ᠱᠢᠯᠭᠠᠭᠤᠯᠤᠭ᠍ᠴᠢᠳ ᠵᠠᠷᠴᠢᠮ ᠳᠡᠭᠡᠷ᠎ᠡ᠎ᠪᠡᠨ ᠴᠥᠮ 2022 ᠣᠨ᠎ᠤ ᠮᠠᠨ᠎ᠤ ᠣᠷᠣᠨ᠎ᠤ ᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ᠎ᠳᠡᠪᠱᠢᠬᠦ᠌᠎ᠱᠢᠯᠭᠠᠯᠲᠠ᠎ᠳᠤ ᠥᠯᠥ᠍ ᠣᠷᠣᠯᠴᠠᠬᠤ ᠬᠢᠷᠢ ᠬᠡᠮ᠎ᠢ ᠭᠤᠶᠤᠴᠢᠯᠠᠵᠤ ᠪᠣᠯᠤᠨ᠎ᠠ᠃

ᠨᠡᠷ᠎ᠡ ᠮᠡᠳᠡᠭᠦᠯᠬᠦ᠌ ᠨᠥᠬᠥᠴᠡᠯ᠎ᠨᠢ᠄

ᠲᠣᠰ ᠬᠤᠭᠤᠴᠠᠭᠠᠨ᠎ᠤ ᠴᠡᠷᠢᠭ᠎ᠦᠨ ᠠᠯᠪᠠ᠎ᠠᠴᠠ ᠪᠠᠭᠤᠭ᠍ᠰᠠᠨ ᠣᠶᠤᠲᠠᠨ ᠴᠡᠷᠢᠭ᠂ ᠰᠤᠷᠭᠠᠭᠤᠯᠢ᠎ᠳᠤ ᠪᠠᠢᠬᠤ ᠬᠤᠭᠤᠴᠠᠭᠠᠨ᠎ᠳᠠᠭᠠᠨ ᠴᠡᠷᠢᠭ᠎ᠲᠦ ᠡᠯᠰᠡᠭ᠌ᠳᠡᠨ ᠠᠯᠪᠠᠨ ᠵᠢᠷᠤᠮ᠎ᠤᠨ ᠴᠡᠷᠢᠭ ᠎ᠦᠨ ᠎ᠠᠯᠪᠠ ᠎ᠬᠠᠭᠠᠵᠤ᠂ ᠴᠡᠷᠢᠭ᠎ᠦᠨ ᠠᠯᠪᠠᠨ᠎ᠠᠴᠠ ᠪᠠᠭᠤᠭ᠍ᠰᠠᠨ᠎ᠤ ᠳᠠᠷᠠᠭ᠎ᠠ ᠰᠤᠷᠭᠠᠭᠤᠯᠢ᠎ᠳᠠᠭᠠᠨ ᠪᠤᠴᠠᠨ ᠰᠤᠷᠤᠯᠭ᠎ᠠ᠎ᠪᠠᠨ ᠲᠡᠭᠦᠰᠭᠡᠵᠦ᠍᠂ 2022 ᠣᠨ᠎ᠤ 7 ᠰᠠᠷ᠎ᠠ᠎ᠳᠤ ᠲᠡᠭᠦᠰᠭᠦ ᠰᠣᠷᠣᠭ᠍ᠴᠢ;

ᠦᠡᠭᠭᠡᠷᠡᠭᠰᠡᠨ ᠬᠤᠭᠤᠴᠠᠭᠠᠨ᠎ᠤ ᠴᠡᠷᠢᠭ᠎ᠦᠨ ᠠᠯᠪᠠᠨ᠎ᠠᠴᠠ ᠪᠠᠭᠤᠭ᠍ᠰᠠᠨ ᠣᠶᠤᠲᠠᠨ ᠴᠡᠷᠢᠭ᠂ ᠲᠤᠰᠭᠠᠶ ᠮᠡᠷᠭᠡᠵᠢᠯ᠎ᠦᠨ ᠰᠤᠷᠭᠠᠭᠤᠯᠢ ᠲᠡᠭᠦᠰᠦᠭ᠌ᠰᠡᠨ ᠦᠨᠡᠮᠯᠡᠯ ᠣᠯᠤᠭ᠍ᠰᠠᠨ᠎ᠤ ᠳᠠᠷᠠᠭ᠎ᠠ ᠴᠡᠷᠢᠭ᠎ᠲᠦ ᠡᠯᠰᠡᠭ᠌ᠳᠡᠨ ᠠᠯᠪᠠᠨ ᠵᠢᠷᠤᠮ᠎ᠤᠨ ᠴᠡᠷᠢᠭ᠎ᠦᠨ ᠠᠯᠪᠠ ᠬᠠᠭᠠᠬᠤ᠎ᠶ᠋ᠢᠨ ᠬᠠᠮᠲᠤ ᠴᠡᠷᠢᠭ᠎ᠦᠨ ᠠᠯᠪᠠᠨ᠎ᠠᠴᠠ ᠪᠠᠭᠤᠭ᠍ᠰᠠᠨ ᠬᠦᠮᠦᠰ;

ᠣᠷᠣᠨ᠎ᠤ ᠭᠠᠳᠠᠨᠠᠬᠢ ᠲᠤᠰᠭᠠᠶ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠲᠤᠰ ᠬᠤᠭᠤᠴᠠᠭᠠᠨ᠎ᠤ ᠪᠤᠶᠤ ᠥᠩᠭᠡᠷᠡᠭ᠌ᠰᠡᠨ ᠬᠤᠭᠤᠴᠠᠭᠠᠨ᠎ᠤ ᠲᠡᠭᠦᠰᠦᠭ᠌ᠰᠡᠨ ᠰᠤᠷᠤᠬᠴᠢ᠂ ᠮᠠᠨ᠎ᠤ ᠣᠷᠣᠨ᠎ᠳᠤ ᠡᠯᠰᠡᠭ᠌ᠳᠡᠨ ᠠᠯᠪᠠᠨ ᠵᠢᠷᠤᠮ᠎ᠤᠨ ᠴᠡᠷᠢᠭ᠎ᠦᠨ ᠠᠯᠪᠠ ᠬᠠᠭᠠᠬᠤ᠎ᠶ᠋ᠢᠨ ᠬᠠᠮᠲᠤ ᠴᠡᠷᠢᠭ᠎ᠦᠨ ᠠᠯᠪᠠᠨ᠎ᠠᠴᠠ ᠪᠠᠭᠤᠭ᠍ᠰᠠᠨ ᠬᠦᠮᠦᠰ᠃


ᠰᠤᠷᠭᠠᠨ ᠬᠥᠮᠦᠵᠢᠯ ᠎ᠦᠨ ᠲᠢᠩᠬᠢᠮ ᠎ᠦᠨ ᠪᠢᠴᠢᠭ ᠮᠠᠲ᠋ᠧᠷᠢᠶᠠᠯ ᠎ᠤᠨ ᠱᠠᠭᠠᠷᠳᠠᠯᠭ᠎ᠠ᠎ᠶ᠋ᠢ ᠦᠨᠳᠦᠰᠦᠯᠡᠪᠡᠯ᠂ ᠮᠠᠨ᠎ᠤ ᠣᠷᠣᠨ᠎ᠤ ᠴᠡᠷᠢᠭ᠎ᠡᠴᠡ ᠬᠠᠯᠠᠭ᠍ᠳᠠᠭ᠍ᠰᠠᠨ ᠤᠶᠤᠲᠠᠳ ᠳᠤᠤᠷᠠᠬᠢ 8 ᠶᠡᠬᠡ ᠳᠡᠭᠡᠳᠦ ᠰᠤᠷᠭᠠᠭᠤᠯᠢ᠎ᠳᠤ ᠨᠡᠷ᠎ᠡ ᠮᠡᠳᠡᠭᠦᠯᠵᠦ᠍ ᠪᠣᠯᠤᠨ᠎ᠠ᠄

·ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ

·ᠪᠤᠭᠤᠲᠤ᠎ᠶ᠋ᠢᠨ ᠡᠮᠨᠡᠯᠭᠡ᠎ᠶ᠋ᠢᠨ ᠳᠡᠭᠡᠳᠦ ᠰᠤᠷᠭᠠᠭᠤᠯᠢ

·ᠤᠯᠠᠭᠠᠨᠬᠠᠳᠠ ᠳᠡᠭᠡᠳᠦ ᠰᠤᠷᠭᠠᠭᠤᠯᠢ

·ᠬᠥᠯᠥᠨ ᠪᠣᠢᠷ ᠳᠡᠭᠡᠳᠦ ᠰᠤᠷᠭᠠᠭᠤᠯᠢ

·ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ 

·ᠵᠢᠨᠢᠩ᠎ᠦᠨ ᠪᠠᠭ᠍ᠰᠢ᠎ᠶ᠋ᠢᠨ ᠳᠡᠭᠡᠳᠦ ᠰᠤᠷᠭᠠᠭᠤᠯᠢ 

·ᠪᠣᠷᠣᠲᠣᠬᠣᠶ ᠳᠡᠭᠡᠳᠦ ᠰᠤᠷᠭᠠᠭᠤᠯᠢ 

·ᠣᠷᠳᠣᠰ᠎ᠤᠨ ᠬᠡᠷᠡᠭ᠌ᠯᠡᠭᠡᠨ᠎ᠦ ᠮᠡᠷᠭᠡᠵᠢᠯ᠎ᠦᠨ ᠳᠡᠭᠡᠳᠦ ᠰᠤᠷᠭᠠᠭᠤᠯᠢ

ᠱᠢᠯᠭᠠᠯᠲᠠ ᠳ᠋ᠦ ᠥᠯᠥ᠍ ᠤᠷᠤᠯᠴᠠᠬᠤ ᠲᠥᠷᠥ᠎ᠶ᠋ᠢᠨ ᠪᠣᠳᠣᠯᠭ᠎ᠠ᠎ᠶ᠋ᠢᠨ ᠲᠣᠭ᠍ᠲᠠᠭᠠᠯ᠎ᠳᠤ ᠨᠡᠢᠴᠡᠬᠦ᠌ 2022 ᠣᠨ᠎ᠳᠤ ᠲᠡᠭᠦᠰᠭᠦ ᠴᠡᠷᠢᠭ᠎ᠦᠨ ᠠᠯᠪᠠᠨ᠎ᠠᠴᠠ ᠪᠠᠭᠤᠭ᠍ᠰᠠᠨ ᠣᠶᠤᠲᠠᠨ ᠴᠡᠷᠢᠭ ᠱᠢᠯᠭᠠᠯᠲᠠ ᠳ᠋ᠦ ᠥᠯᠥ᠍ ᠤᠷᠤᠯᠴᠠᠬᠤ ᠬᠢᠷᠢ ᠬᠡᠮ᠎ᠢᠶᠡᠨ ᠬᠠᠶᠠᠭ᠍ᠰᠠᠨ ᠪᠠᠢᠪᠠᠯ ᠡᠩ᠎ᠦᠨ ᠱᠢᠯᠭᠠᠭᠤᠯᠤᠭ᠍ᠴᠢ᠎ᠶ᠋ᠢᠨ ᠬᠤᠪᠢ ᠪᠡᠷ ᠲᠤᠰᠭᠠᠶ ᠮᠡᠷᠭᠡᠵᠢᠯ᠎ᠦᠨ ᠠᠩᠭᠢ᠎ᠠᠴᠠ ᠵᠢᠩᠬᠢᠨᠢ ᠠᠩᠭᠢ᠎ᠳᠤ ᠳᠡᠪᠱᠢᠬᠦ᠌ ᠱᠢᠯᠭᠠᠯᠲᠠ᠎ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃


ᠢᠷᠡᠯᠳᠡ᠄ ᠲᠠᠯ᠎ᠠ ᠨᠤᠳᠤᠭ ᠰᠢᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号