1
ᠰᠠᠷ᠎ᠠ᠎ᠶ᠋ᠢᠨ 24᠎ᠦ ᠡᠳᠦᠷ ᠠᠮᠢ ᠠᠬᠤᠶ ᠣᠷᠴᠢᠨ
ᠲᠤᠭᠤᠷᠢᠨ᠎ᠤ ᠶᠠᠮᠤᠨ 2022
ᠣᠨ᠎ᠤ ᠠᠩᠬᠠᠨ᠎ᠤ ᠲᠣᠭ᠍ᠲᠠᠮᠠᠯ ᠬᠤᠭᠤᠴᠠᠭᠠᠲᠤ ᠰᠣᠨᠢᠨ ᠮᠡᠳᠡᠭᠡ
ᠨᠡᠢᠲᠡᠯᠡᠬᠦ᠌ ᠬᠤᠷᠠᠯ ᠬᠢᠵᠦ᠂2021ᠣᠨ᠎ᠤ ᠦᠵᠡᠰᠭᠦᠯᠡᠩᠲᠦ ᠰᠠᠢᠬᠠᠨ
ᠭᠤᠤᠯ ᠮᠥᠷᠡᠨ ᠨᠠᠭᠤᠷ ᠴᠥᠭᠥᠷᠥᠮ ᠦᠵᠡᠰᠭᠦᠯᠡᠩᠲᠦ ᠰᠠᠢᠬᠠᠨ
ᠲᠡᠯᠡᠶ᠎ᠶ᠋ᠢᠨ ᠪᠤᠯᠤᠩ᠎ᠤᠨ ᠱᠢᠯᠢᠳᠡᠭ ᠬᠡᠷᠡᠭ᠎ᠦᠨ
ᠵᠢᠱ᠌ᠢᠶ᠎ᠡ᠎ᠶ᠋ᠢ ᠨᠡᠢᠲᠡᠯᠡᠪᠡ᠃ ᠡᠭᠦᠨ᠎ᠳᠦ᠂ ᠬᠠᠯᠬ᠎ᠠ
ᠭᠤᠤᠯ᠎ᠤᠨ ᠷᠠᠱᠢᠶᠠᠨᠳ᠋ᠡᠬᠢ ᠬᠡᠰᠡᠭ᠎ᠨᠢ ᠪᠥᠬᠥ᠌ ᠤᠯᠤᠰ᠎ᠤᠨ ᠠᠩᠬᠠᠳᠤᠭᠠᠷ
ᠪᠦᠯᠦᠭ ᠦᠵᠡᠰᠭᠦᠯᠡᠩᠲᠦ ᠰᠠᠢᠬᠠᠨ
ᠭᠤᠤᠯ ᠮᠥᠷᠡᠨ ᠨᠠᠭᠤᠷ ᠴᠥᠭᠥᠷᠥᠮ᠎ᠦᠨ ᠱᠢᠯᠢᠳᠡᠭ ᠬᠡᠷᠡᠭ᠎ᠦᠨ
ᠵᠢᠱ᠌ᠢᠶ᠎ᠡ᠎ᠪᠡᠷ ᠦᠨᠡᠯᠡᠭ᠌ᠳᠡᠵᠠᠢ᠃ ᠡᠨᠡ ᠨᠢ ᠮᠥᠨ ᠴᠦ᠍ ᠮᠠᠨ᠎ᠤ ᠣᠷᠣᠨ᠎ᠡᠴᠡ
ᠰᠣᠩᠭᠣᠭ᠍ᠳᠠᠭ᠍ᠰᠠᠨ ᠴᠤᠷ᠎ᠤᠨ ᠭᠠᠭ᠍ᠴᠠ ᠦᠵᠡᠰᠭᠦᠯᠡᠩᠲᠦ ᠰᠠᠢᠬᠠᠨ
ᠭᠣᠣᠯ ᠮᠥᠷᠡᠨ ᠨᠠᠭᠤᠷ ᠴᠥᠭᠥᠷᠥᠮ᠎ᠦᠨ ᠱᠢᠯᠢᠳᠡᠭ ᠬᠡᠷᠡᠭ᠎ᠦᠨ
ᠵᠢᠱ᠌ᠢᠶ᠎ᠡ ᠪᠣᠯᠤᠨ᠎ᠠ᠃


ᠬᠠᠯᠬ᠎ᠠ ᠭᠣᠣᠯ ᠪᠣᠯ ᠶᠡᠬᠡ ᠬᠢᠩᠭᠠᠨ ᠳᠠᠪᠠᠭ᠎ᠠ᠎ᠶ᠋ᠢᠨ ᠪᠠᠷᠠᠭᠤᠨ
ᠲᠠᠯ᠎ᠠ᠎ᠶ᠋ᠢᠨ ᠷᠠᠱᠢᠶᠠᠨ ᠬᠣᠲᠠ᠎ᠶ᠋ᠢᠨ ᠰᠦᠩ ᠶᠧ ᠨᠠᠭᠤᠷ᠎ᠠᠴᠠ ᠡᠬᠢ ᠠᠪᠤᠬᠰᠠᠨ ᠳᠤᠮᠳᠠᠳᠤ ᠮᠣᠩᠭᠣᠯ᠎ᠤᠨ ᠬᠢᠯᠢ᠎ᠶ᠋ᠢᠨ
ᠭᠣᠣᠯ ᠪᠣᠯᠤᠨ᠎ᠠ᠃ ᠬᠠᠯᠬ᠎ᠠ ᠭᠣᠣᠯ ᠨᠢ ᠷᠠᠱᠢᠶᠠᠨ ᠬᠣᠲᠠ᠎ᠶ᠋ᠢᠨ ᠬᠢᠯᠢ᠎ᠳᠦ 134.5 ᠺᠢᠯᠣᠮᠧᠲ᠋ᠷ ᠤᠷᠤᠰᠴᠦ᠂ ᠰᠠᠪᠠ ᠭᠠᠵᠠᠷ᠎ᠤᠨ ᠲᠠᠯᠠᠪᠠᠶ ᠨᠢ
4270 ᠲᠡᠭ᠌ᠰᠢ ᠳᠥᠷᠪᠡᠯᠵᠢᠨ ᠺᠢᠯᠣᠮᠧᠲ᠋ᠷ ᠪᠠᠢᠳᠠᠭ᠃ ᠳᠤᠮᠳᠠᠳᠤ
ᠮᠣᠩᠭᠣᠯ᠎ᠤᠨ ᠬᠢᠯᠢ ᠳᠠᠭᠠᠨ ᠪᠠᠷᠠᠭᠤᠨᠰᠢ ᠤᠭᠠᠯᠵᠠᠯᠠᠨ ᠤᠷᠤᠰᠴᠦ᠂ ᠪᠣᠢᠷ ᠨᠠᠭᠤᠷ᠂ᠤᠷᠱᠦᠨᠭᠣᠣᠯᠢᠶᠠᠷᠥᠩᠭᠡᠷᠡᠵᠦ᠍᠂
ᠡᠴᠦᠰ᠎ᠲᠡᠬᠡᠨ ᠬᠥᠯᠥᠨ ᠨᠠᠭᠤᠷ᠎ᠲᠤ ᠴᠢᠳᠬᠤᠳᠠᠭ᠃ ᠬᠥᠯᠥᠨ ᠨᠠᠭᠤᠷ᠎ᠲᠤ ᠬᠣᠶᠠᠷ ᠶᠡᠬᠡ ᠡᠬᠢ ᠰᠤᠷᠪᠤᠯᠵᠢ᠎ᠲᠠᠶ᠂
ᠬᠠᠯᠬ᠎ᠠ ᠭᠣᠣᠯ᠎ᠠᠴᠠ ᠡᠬᠢ ᠠᠪᠤᠭ᠍ᠰᠠᠨ ᠡᠨᠡ ᠬᠦ᠌ ᠬᠡᠰᠡᠭ᠎ᠤᠨ ᠤᠰᠤᠨ᠎ᠤ ᠬᠡᠮᠵᠢᠶ᠎ᠡ ᠨᠢ ᠬᠥᠯᠥᠨ ᠨᠠᠭᠤᠷ᠎ᠤᠨ
ᠪᠠᠢᠭᠠᠯᠢ᠎ᠶ᠋ᠢᠨ ᠤᠰᠤᠨ᠎ᠤ ᠬᠡᠮᠵᠢᠶ᠎ᠡ᠎ᠶ᠋ᠢᠨ 30% ᠶ᠋ᠢ
ᠡᠵᠡᠯᠡᠳᠡᠭ᠃


ᠠᠮᠢ ᠠᠬᠤᠶ᠎ᠶ᠋ᠢᠨ ᠴᠢᠬᠤᠯᠠ ᠬᠣᠩᠭᠢᠯ ᠪᠣᠯᠤᠬᠰᠠᠨ ᠬᠠᠯᠬ᠎ᠠ
ᠭᠤᠤᠯ ᠨᠢ ᠶᠡᠬᠡ ᠬᠢᠩᠭᠠᠨ ᠳᠠᠪᠠᠭ᠎ᠠ᠎ᠶ᠋ᠢᠨ ᠢᠭ᠍ᠴᠤ ᠰᠠᠬᠤᠯᠢᠭ ᠣᠶ ᠱᠢᠭᠤᠶ ᠳ᠋ᠦ ᠠᠮᠢᠵᠢᠷᠠᠯ ᠤᠨ ᠬᠦᠴᠦᠨ
ᠤᠯᠭᠤᠵᠦ᠂ ᠲᠢᠶᠠᠨ ᠤ᠋ᠤᠢ ᠨᠠᠭᠤᠷ᠂ ᠯᠦ᠍ ᠮᠢᠩ ᠨᠠᠭᠤᠷ ᠵᠡᠷᠭᠡ ᠭᠠᠯᠲᠤ ᠠᠭᠤᠯᠠ᠎ᠶ᠋ᠢᠨ ᠨᠠᠭᠤᠷᠤᠳᠢ ᠬᠣᠯᠪᠣᠨ᠂
20 ᠲᠦᠮᠡᠨ ᠮᠥ᠍ ᠬᠥᠷᠥᠰᠥᠲᠦ ᠭᠠᠵᠠᠷ᠎ᠢ ᠤᠮᠳᠠᠯᠠᠵᠤ᠂ 600 ᠭᠠᠷᠤᠶ ᠵᠦᠶ᠋ᠯ᠎ᠦᠨ ᠬᠡᠭᠡᠷ᠎ᠡ᠎ᠶ᠋ᠢᠨ ᠠᠮᠢᠲᠠᠨ ᠪᠠ
200 ᠭᠠᠷᠤᠶ ᠵᠦᠶ᠋ᠯ᠎ᠦᠨ ᠬᠡᠭᠡᠷ᠎ᠡ᠎ᠶ᠋ᠢᠨ ᠤᠷᠭᠤᠮᠠᠯ᠎ᠢ ᠪᠣᠢᠵᠢᠭᠤᠯᠵᠤ᠂ ᠠᠭᠤᠯᠠ ᠤᠰᠤ ᠣᠶ ᠰᠢᠭᠤᠢ ᠡᠪᠡᠰᠦ ᠲᠠᠷᠢᠶ᠎ᠠ
ᠨᠠᠭᠤᠷ ᠴᠦᠬᠦᠷᠦᠮ ᠦᠷᠬᠦᠯᠵᠢᠯᠡᠭᠰᠡᠨ ᠦᠵᠡᠰᠭᠦᠯᠡᠩᠲᠦ ᠰᠠᠢᠬᠠᠨ ᠦᠵᠡᠮᠵᠢ ᠵᠢᠨ ᠤᠷᠤᠨ᠎ᠢ ᠪᠦᠷᠢᠯᠳᠦᠭᠦᠯᠵᠠᠢ᠃
ᠢᠷᠡᠯᠳᠡ᠄ ᠲᠠᠯ᠎ᠠ ᠨᠤᠳᠤᠭ ᠰᠢᠯᠵᠢᠶ᠎ᠡ