ᠡᠳᠡᠭᠡᠷ ᠨᠢ ᠴᠦᠮ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠳ᠋ᠦ ᠪᠠᠭᠲᠠᠨ᠎ᠠ
2022-01-30 09:17:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠦᠢᠷ᠎ᠠ ᠳ᠋ᠦ《ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠵᠢᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠢᠲᠡᠭᠡᠮᠵᠢ ᠵᠢᠨ ᠬᠠᠮᠢᠶᠠᠷᠤᠯᠲᠠ ᠵᠢᠨ ᠲᠣᠭᠲᠠᠭᠠᠯ》᠎ᠢ ᠳᠠᠷᠤᠮᠠᠯᠯᠠᠨ ᠲᠠᠷᠬᠠᠭᠠᠪᠠ᠃ ᠡᠭᠦᠨ ᠳ᠋ᠦ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠬᠠᠤᠯᠢ ᠲᠣᠭᠲᠠᠭᠠᠯ ᠶᠣᠰᠣᠭᠠᠷ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠵᠢ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠳ᠋ᠦ ᠣᠷᠣᠭᠤᠯᠤᠨ᠎ᠠ ᠭᠡᠵᠦ ᠲᠣᠳᠣᠷᠬᠠᠶ ᠲᠣᠭᠲᠠᠭᠠᠪᠠ ᠄

○ᠰᠢᠨ᠎ᠡ ᠵᠢ ᠡᠭᠦᠳᠬᠦ ᠵᠢ ᠬᠠᠮᠠᠭᠠᠯᠠᠬᠤ ᠪᠠᠷ ᠵᠣᠷᠢᠯᠭ᠎ᠠ ᠪᠣᠯᠭᠠᠭᠰᠠᠨ ᠪᠤᠰᠤ ᠲᠤᠰᠬᠠᠢ ᠠᠰᠢᠭ ᠭᠤᠶᠤᠴᠢᠯᠠᠬᠤ ᠬᠡᠪ᠎ᠤᠨ ᠪᠤᠰᠤ ᠦᠢᠯᠡ ᠠᠵᠢᠯᠯᠠᠭ᠎ᠠ︔

○ᠮᠠᠭᠤ ᠰᠠᠨᠠᠭ᠎ᠠ ᠲᠠᠶ ᠪᠠᠷ ᠲᠠᠸᠠᠷ᠎ᠤᠨ ᠲᠡᠮᠳᠡᠭ ᠳᠠᠩᠰᠠᠯᠠᠭᠤᠯᠬᠤ ᠪᠠᠷ ᠭᠤᠶᠤᠴᠢᠯᠠᠭᠰᠠᠨ ᠦᠢᠯᠡ ᠠᠵᠢᠯᠯᠠᠭ᠎ᠠ︔

○ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠡᠴᠡ ᠵᠥᠷᠢᠴᠡᠨ ᠲᠤᠰᠬᠠᠢ ᠠᠰᠢᠭ᠂ ᠲᠠᠸᠠᠷ᠎ᠤᠨ ᠲᠡᠮᠳᠡᠭ᠎ᠢ ᠣᠷᠣᠯᠠᠨ ᠭᠦᠢᠴᠡᠳᠬᠡᠭᠰᠡᠨ ᠪᠥᠭᠡᠳ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠵᠢᠨ ᠵᠠᠰᠠᠭ ᠵᠠᠬᠢᠷᠭᠠᠨ᠎ᠤ ᠰᠢᠢᠳᠬᠡᠯ ᠣᠯᠤᠭᠰᠠᠨ ᠦᠢᠯᠡ ᠠᠵᠢᠯᠯᠠᠭ᠎ᠠ︔

○ᠬᠤᠳᠠᠯ ᠬᠠᠭᠤᠷᠮᠠᠭ ᠮᠠᠲ᠋ᠧᠷᠢᠶᠠᠯ ᠲᠤᠰᠢᠶᠠᠭᠰᠠᠨ ᠪᠤᠶᠤ ᠴᠢᠬᠤᠯᠠ ᠪᠣᠳᠠᠲᠤ ᠬᠡᠷᠡᠭ ᠵᠢᠡᠨ ᠨᠢᠭᠤᠨ ᠳᠠᠯᠳᠠᠯᠠᠵᠤ ᠵᠠᠰᠠᠭ ᠵᠠᠬᠢᠷᠭᠠᠨ ᠵᠢᠡᠷ ᠨᠤᠲᠠᠯᠠᠭᠤᠯᠬᠤ ᠪᠠᠷ ᠭᠤᠶᠤᠴᠢᠯᠠᠭᠰᠠᠨ ᠦᠢᠯᠡ ᠠᠵᠢᠯᠯᠠᠭ᠎ᠠ︔

○ᠢᠲᠡᠭᠡᠮᠵᠢ ᠵᠢᠨ ᠠᠮᠠᠯᠠᠯᠲᠠ ᠵᠢ ᠬᠡᠷᠡᠭᠯᠡᠭᠰᠡᠨ ᠨᠢ ᠦᠨᠡᠨ ᠪᠣᠳᠠᠲᠠᠶ ᠪᠢᠰᠢ ᠭᠡᠵᠦ ᠦᠨᠡᠮᠰᠢᠭᠳᠡᠭᠰᠡᠨ ᠪᠤᠶᠤ ᠠᠮᠠᠯᠠᠯᠲᠠ ᠪᠠᠨ ᠦᠯᠦ ᠭᠦᠢᠴᠡᠳᠬᠡᠭᠰᠡᠨ ᠦᠢᠯᠡ ᠠᠵᠢᠯᠯᠠᠭ᠎ᠠ︔

○ᠵᠠᠰᠠᠭ ᠵᠠᠬᠢᠷᠭᠠᠨ᠎ᠤ ᠰᠢᠢᠳᠬᠡᠯ᠂ ᠵᠠᠰᠠᠭ ᠵᠠᠬᠢᠷᠭᠠᠨ᠎ᠤ ᠲᠣᠭᠲᠠᠭᠠᠯ ᠵᠡᠷᠭᠡ ᠳ᠋ᠦ ᠭᠦᠢᠴᠡᠳᠬᠡᠬᠦ ᠴᠢᠳᠠᠪᠤᠷᠢ ᠲᠠᠶ ᠪᠣᠯᠪᠠᠴᠤ ᠭᠦᠢᠴᠡᠳᠬᠡᠬᠦ ᠵᠢ ᠲᠡᠪᠴᠢᠭᠰᠡᠨ᠂ ᠭᠦᠢᠴᠡᠳᠬᠡᠬᠦ ᠡᠴᠡ ᠵᠠᠢᠯᠠᠭᠰᠠᠨ ᠦᠢᠯᠡ ᠠᠵᠢᠯᠯᠠᠭ᠎ᠠ︔

○ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠦᠷᠢᠶ᠎ᠡ ᠴᠠᠷᠠᠭ᠎ᠠ ᠵᠢᠨ ᠣᠯᠠᠨ ᠨᠡᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠪᠣᠳᠠᠲᠠᠶ ᠵᠤᠷᠪᠤᠰ ᠲᠦ᠍ ᠵᠢᠭᠰᠠᠭᠠᠭᠳᠠᠭᠰᠠᠨ ᠪᠥᠭᠡᠳ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ ᠪᠠᠷ ᠮᠠᠭᠠᠳᠯᠠᠨ ᠲᠣᠭᠳᠠᠭᠠᠭᠳᠠᠭᠰᠠᠨ ᠪᠤᠰᠤᠳ ᠦᠢᠯᠡ ᠠᠵᠢᠯᠯᠠᠭ᠎ᠠ᠃


ᠢᠷᠡᠯᠳᠡ᠄ ᠤᠯᠤᠰ᠎ᠤᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠲᠣᠪᠴᠢᠶ᠎ᠠ ᠵᠢᠨ ᠰᠦᠯᠵᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号