ᠣᠢᠷ᠎ᠠ ᠶ᠋ᠢᠨ ᠡᠳᠦᠷ᠎ᠤᠳ ᠲᠦ ᠂ ᠥᠪᠥᠷ ᠮᠣᠩᠭᠣᠯ᠎ᠤᠨ ᠴᠡᠷᠢᠭ ᠦᠨ ᠲᠣᠭᠣᠷᠢᠭ᠎ᠤᠨ ᠤᠯᠤᠰ ᠲᠥᠷᠥ ᠶ᠋ᠢᠨ ᠺᠠᠳ᠋ᠷ ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ ᠦᠨ ᠯᠧᠺᠲ᠋ᠣᠷ᠎ᠤᠨ ᠪᠦᠯᠬᠦᠮ ᠦᠨ ᠪᠦᠷᠢᠯᠳᠦᠬᠦᠨ ᠪᠠ ᠤᠯᠠᠭᠠᠨᠮᠥ᠋ᠴᠢᠷ᠎ᠦᠨ ᠡᠷᠦᠬᠡ ᠶ᠋ᠢᠨ ᠴᠡᠷᠢᠭ ᠦᠨ ᠬᠤᠪᠢᠶᠠᠷᠢ ᠠᠩᠭᠢ ᠨᠢ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠲᠣᠰᠭᠣᠨ᠂ ᠶᠡᠬᠡ ᠲᠡᠭᠡᠳᠤ ᠰᠤᠷᠭᠠᠭᠤᠯᠢ ᠵᠡᠷᠭᠡ᠎ᠪᠡᠷ ᠭᠦᠨᠵᠡᠭᠡᠢᠷᠡᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠦ ᠲᠦᠪ ᠬᠤᠷᠢᠶ᠎ᠡ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠢᠳᠡᠪᠬᠢᠲᠡᠶ ᠤᠬᠠᠭᠤᠯᠪᠠ ᠃
ᠣᠢᠯᠠᠭᠠᠭ᠍ᠰᠠᠨ᠎ᠢᠶᠠᠷ ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠳᠡᠭᠡᠳᠦ ᠳᠤᠤᠷᠡᠳᠦ ᠱᠠᠲᠤ ᠬᠣᠯᠪᠣᠭᠠᠯᠠᠨ ᠬᠥᠳᠡᠯᠦᠯᠴᠡᠬᠦ᠌ ᠂ ᠬᠦᠢᠴᠡᠳ ᠤᠶᠠᠯᠳᠤᠭᠤᠯᠬᠤ ᠠᠷᠭ᠎ᠠ ᠬᠡᠯᠪᠡᠷᠢ᠎ᠪᠡᠷ ᠠᠷᠮᠢ ᠂ ᠳ᠋ᠢᠸᠢᠽᠢ ᠂ ᠬᠣᠷᠢᠶ᠎ᠠ ᠭᠤᠷᠪᠠᠨ ᠱᠠᠲᠤᠨ᠎ᠤ 100 ᠭᠠᠷᠤᠶ ᠤᠯᠤᠰ ᠲᠥᠷᠥ᠎ᠶ᠋ᠢᠨ ᠺᠠᠳ᠋ᠷ᠎ᠢ ᠲᠥᠪᠯᠡᠷᠡᠭᠦᠯᠦᠨ ᠪᠣᠯᠪᠠᠰᠤᠷᠠᠭᠤᠯᠤᠬᠰᠠᠨ ᠤ᠋ ᠲᠠᠷᠠᠭ᠎ᠠ ᠂ ᠪᠥᠬᠥ᠌ ᠣᠷᠣᠨ᠎ᠤ ᠬᠤᠷᠢᠶ᠎ᠠ ᠵᠢᠨ ᠲᠠᠰ᠎ᠡᠴᠡ ᠳᠡᠭᠡᠭ᠌ᠰᠢᠬᠢ 200 ᠭᠠᠷᠤᠶ ᠺᠠᠳ᠋ᠷ ᠂ ᠠᠵᠢᠯᠲᠠᠨ ᠠᠵᠢᠯᠴᠢᠨ᠎ᠢ ᠳᠠᠢᠴᠢᠯᠠᠨ 109 ᠬᠠᠪᠰᠤᠷᠤᠨ ᠲᠡᠳᠬᠦᠬᠦ᠌ ᠲᠣᠰᠭᠣᠨ᠎ᠳᠤ ᠬᠦᠷᠴᠦ᠍ ᠂ 《ᠬᠣᠶᠠᠷ ᠵᠥᠪᠯᠡᠯ》 ᠤ᠋ᠨ ᠤᠳᠤᠷᠢᠳᠭᠤ ᠪᠠᠭ ᠂ ᠨᠠᠮ ᠤ᠋ᠨ ᠬᠡᠰᠢᠬᠦᠨ᠎ᠲᠠᠶ ᠬᠠᠮᠲᠤ᠎ᠪᠠᠷ ᠪᠥᠬᠥᠳᠡ ᠬᠤᠷᠠᠯ ᠤᠨ ᠵᠣᠷᠢᠭ ᠰᠠᠨᠠᠭ᠎ᠠ᠎ᠶ᠋ᠢ ᠰᠤᠷᠤᠯᠴᠠᠨ ᠶᠠᠷᠢᠯᠴᠠᠪᠠ ᠃
ᠲᠦᠷᠦᠬᠦᠬᠡᠨ ᠂ ᠬᠦᠬᠡᠬᠤᠳᠠ ᠵᠢᠨ ᠦᠴᠦᠸᠠᠨ ᠱᠢᠶᠠᠨᠳ᠋ᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠯᠧᠺᠲ᠋ᠣᠷ᠎ᠤᠨ ᠪᠦᠯᠬᠦᠮ᠎ᠦᠨ ᠳᠠᠷᠤᠭ᠎ᠠ ᠱ᠌ᠢ ᠱᠢᠩ ᠴᠢᠶᠠᠩ ᠲᠠᠷᠢᠶᠠᠴᠢᠨ ᠨᠠᠮ᠎ᠤᠨ ᠭᠡᠱᠢᠭᠦᠨ᠎ᠳᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠡ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠡᠢ ᠃ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ᠎ᠦᠨ ᠯᠧᠺᠲ᠋ᠣᠷ ᠤᠨ ᠪᠦᠯᠬᠦᠮ᠎ᠦᠨ 《 ᠤᠬᠠᠭᠤᠯᠬᠤ ᠠᠩᠭᠢ 》 ᠶ᠋ᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠤᠯᠤᠰ ᠤᠨ ᠪᠠᠲᠤᠯᠠᠨ ᠬᠠᠮᠠᠭᠠᠯᠠᠯᠲᠠ᠎ᠶ᠋ᠢᠨ ᠰᠤᠷᠭᠠᠨ ᠬᠥᠮᠦᠵᠢᠯ ᠦᠨ 117 ᠯᠧᠺᠲ᠋ᠣᠷ ᠤᠨ ᠪᠦᠯᠬᠦᠮ ᠂ 300 ᠭᠠᠷᠤᠶ ᠯᠧᠺᠲ᠋ᠣᠷ ᠢ ᠵᠣᠬᠢᠶᠠᠨ ᠪᠠᠢᠭᠤᠯᠵᠤ ᠂ ᠰᠠᠭᠤᠭ᠎ᠠ ᠭᠠᠵᠠᠷ᠎ᠤᠨ ᠰᠤᠷᠭᠠᠭᠤᠯᠢ ᠪᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠳᠦ ᠭᠦᠷᠴᠦ᠍ ᠂ 3000 ᠭᠠᠷᠤᠶ ᠬᠤᠪᠢ ᠤᠬᠠᠭᠤᠯᠭ᠎ᠠ᠎ᠶ᠋ᠢᠨ ᠭᠠᠷ ᠠᠪᠤᠯᠭ᠎ᠠ ᠲᠠᠷᠬᠠᠭᠠᠵᠤ ᠂ 200 ᠭᠠᠷᠤᠶ ᠤᠬᠠᠭᠤᠯᠭ᠎ᠠ᠎ᠶ᠋ᠢᠨ ᠤᠷᠢᠶ᠎ᠠ ᠨᠠᠭᠠᠵᠤ ᠂ 400 ᠭᠠᠷᠤᠶ ᠲᠠᠯᠠᠪᠠᠢ ᠤᠳᠠᠭ᠎ᠠ ᠤᠬᠠᠭᠤᠯᠤᠨ ᠲᠠᠢᠯᠪᠤᠷᠢᠯᠠᠵᠤ ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠂ ᠡᠷᠦᠬᠡ ᠶ᠋ᠢᠨ ᠴᠡᠷᠢᠭ ᠪᠠ ᠪᠠᠭ᠍ᠰᠢ ᠰᠤᠷᠤᠭ᠍ᠴᠢᠳ ᠢ ᠬᠠᠪᠰᠤᠷᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠶ ᠣᠢᠯᠠᠭᠠᠭᠤᠯᠵᠠᠢ ᠃
ᠤᠯᠠᠭᠠᠨᠮᠥ᠋ᠴᠢᠷ᠎ᠦᠨ ᠡᠷᠦᠬᠡ᠎ᠶ᠋ᠢᠨ ᠴᠡᠷᠢᠭ᠎ᠦᠨ 110 ᠬᠤᠪᠢᠶᠠᠷᠢ ᠠᠩᠭᠢ᠎ᠶ᠋ᠢ ᠵᠤᠬᠢᠶᠠᠨ ᠪᠠᠢᠭᠤᠯᠵᠤ ᠂ ᠪᠥᠵᠢᠭ ᠂ ᠱᠣᠭ ᠵᠦᠴᠦᠭᠡ ᠂ ᠬᠣᠯᠪᠣᠭ᠎ᠠ ᠵᠡᠷᠭᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠭ᠍ᠰᠠᠨ 200 ᠭᠠᠷᠤᠶ ᠲᠤᠬᠯᠠᠯᠳᠠ ᠵᠢ ᠨᠠᠢᠷᠠᠭᠤᠯᠤᠨ ᠵᠣᠬᠢᠶᠠᠵᠤ ᠂ ᠰᠦᠯᠵᠢᠶᠡᠨ ᠳᠡᠭᠡᠷ᠎ᠠ ᠪᠠ ᠪᠤᠳᠠᠳᠤ ᠴᠤᠬᠴᠠ ᠵᠢᠨ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ 500 ᠭᠠᠷᠤᠶ ᠲᠠᠯᠠᠪᠠᠢ ᠤᠳᠠᠭ᠎ᠠ ᠦᠷᠨᠢᠬᠦᠯᠦᠭᠰᠡᠨ ᠪᠠᠢᠨ᠎ᠠ ᠃