ᠡᠷᠡᠮᠡᠬᠡᠢᠯᠡᠨ ᠤᠷᠤᠭᠰᠢᠯᠠᠵᠤ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠶ᠋ᠯᠡᠰ ᠤ᠋ᠨ ᠱᠢᠨ᠎ᠡ ᠬᠠᠭᠤᠳᠠᠰᠤ ᠵᠢ ᠪᠢᠴᠢᠭᠯᠡᠯ᠎ᠡ
2022-01-04 09:45:49
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠶᠢᠰᠦ ᠤᠷᠤᠵᠦ ᠬᠦᠢᠳᠡᠨ ᠤ᠋ ᠡᠷᠴᠢ ᠴᠢᠩᠭᠠᠷᠠᠬᠰᠠᠨ ᠴᠦ᠍ ᠮᠠᠨᠵᠤᠤᠷ ᠡᠴᠡ ᠢᠷᠡᠭᠦᠯᠦᠭ᠌ᠰᠡᠨ ᠴᠢᠮᠡᠭᠡ ᠬᠥᠮᠦᠰ ᠤ᠋ᠨ ᠰᠡᠳᠭᠢᠯ ᠢ᠋ ᠳᠤᠯᠠᠭᠠᠴᠠᠭᠤᠯᠤᠨ᠎ᠠ᠄ 2021 ᠣᠨ ᠤ᠋ 12 ᠰᠠᠷ᠎ᠠ ᠵᠢᠨ 26 ᠤ᠋ ᠡᠳᠦᠷ ᠤ᠋ᠨ 23 ᠴᠠᠭ 30 ᠮᠢᠨᠦ᠋ᠲ ᠡᠴᠡ ᠡᠬᠢᠯᠡᠨ᠂ ᠮᠠᠨᠵᠤᠤᠷ ᠬᠤᠲᠠ ᠶ᠋ᠢᠨ ᠪᠦᠬᠦ᠌ ᠣᠷᠣᠨ ᠪᠦᠰᠡ ᠵᠢ ᠳᠤᠤᠷ᠎ᠠ ᠲᠦᠭ᠌ᠰᠢᠭᠦᠷᠢ ᠲᠠᠢ ᠭᠠᠵᠠᠷ ᠣᠷᠣᠨ ᠪᠣᠯᠭᠠᠨ ᠲᠣᠬᠢᠷᠠᠭᠤᠯᠪᠠ᠃ ᠲᠤᠰ ᠤᠷᠤᠢ᠎ᠳᠤᠨᠢ᠂ ᠵᠠᠷᠢᠮ ᠬᠤᠳᠠ ᠵᠢᠨ ᠠᠷᠠᠳ ᠬᠤᠸᠠᠷ ᠫᠤᠤᠵᠢᠩ ᠲᠠᠯᠪᠢᠵᠤ᠂ ᠨᠠᠢᠵᠠ ᠵᠢᠨ ᠲᠣᠭᠣᠷᠢᠭ᠎ᠲᠠᠭᠠᠨ᠄ 《ᠴᠠᠭᠠᠨ ᠰᠠᠷ᠎ᠠ ᠳ᠋ᠤ ᠴᠦ᠍ ᠡᠢᠮᠦ ᠰᠦᠷᠡᠭᠡᠢ ᠪᠠᠶᠠᠷᠯᠠᠵᠦ ᠦᠵᠡᠭᠡ ᠦᠭᠡᠢ》 ᠬᠡᠵᠤ ᠭᠦᠭᠰᠡᠵᠦ ᠪᠠᠶᠠᠷᠯᠠᠭᠰᠠᠨ ᠰᠡᠳᠬᠢᠯᠭᠡ ᠪᠡᠨ ᠬᠤᠪᠢᠶᠠᠯᠴᠠᠨ᠎ᠠ᠃

2021 ᠤᠨ ᠳ᠋ᠤ᠂ ᠮᠠᠨ ᠤ᠋ ᠣᠷᠣᠨ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤ᠋ᠨ ᠬᠢᠵᠢᠭ ᠤ᠋ᠨ ᠪᠠᠢᠳᠠᠯ ᠢ᠋ ᠪᠥᠬᠥ᠌ ᠬᠦᠴᠦᠨ ᠵᠢᠡᠷ ᠵᠢᠡᠨ ᠪᠦᠲᠦᠮᠵᠢᠳᠠᠢ ᠱᠢᠶ᠋ᠳᠪᠦᠷᠢᠯᠡᠪᠡ᠃ ᠡᠷᠢᠶᠡᠨ ᠬᠣᠲᠠ᠂ ᠡᠵᠡᠨ᠎ᠡ ᠬᠤᠰᠢᠭᠤ ᠡᠴᠡ ᠮᠠᠨᠵᠤᠤᠷ ᠬᠤᠳᠠ ᠬᠦᠷᠲᠡᠯ᠎ᠡ᠂ ᠲᠠᠬᠤᠯ ᠡᠪᠡᠳᠴᠢᠨ ᠤ᠋ ᠰᠤᠳᠤᠯᠤᠯ ᠤ᠋ᠨ ᠪᠠᠢᠴᠠᠭᠠᠯᠲᠠ ᠵᠢᠨ ᠡᠬᠢ ᠰᠤᠷᠪᠤᠯᠵᠢ ᠶ᠋ᠢ ᠡᠷᠢᠬᠦ᠌᠂ ᠪᠥᠭᠡᠮ ᠬᠦᠴᠢᠯ ᠤ᠋ᠨ ᠪᠠᠢᠴᠠᠭᠠᠯᠳᠠ᠂ ᠡᠷᠡᠭᠦᠯ ᠮᠡᠨᠳᠦ ᠵᠢᠨ ᠬᠢᠨᠠᠨ ᠬᠡᠮᠵᠢᠯᠲᠡ᠂ ᠵᠢᠭ᠍ᠰᠠᠭᠠᠨ ᠪᠠᠢᠴᠠᠭᠠᠵᠤ ᠬᠠᠮᠢᠶᠠᠷᠤᠨ ᠡᠵᠡᠮᠳᠡᠬᠦ᠌ ᠵᠡᠷᠭᠡ ᠠᠵᠢᠯ ᠢ᠋ ᠲᠦᠷᠭᠡᠨ ᠪᠥᠭᠡᠳ ᠣᠨᠣᠪᠴᠢᠲᠠᠶ ᠥᠷᠨᠢᠭᠦᠯᠵᠦ᠍᠂ ᠬᠡᠳᠦᠨ ᠡᠬᠡᠯᠵᠢ ᠲᠤᠬᠠᠢ ᠵᠢᠨ ᠭᠠᠵᠠᠷ ᠤ᠋ᠨ ᠬᠢᠵᠢᠭ ᠤ᠋ᠨ ᠪᠠᠢᠳᠠᠯ ᠢ᠋ ᠴᠥᠮ 1 ᠨᠢᠭᠤᠭ᠍ᠳᠠᠮᠠᠯ ᠬᠤᠭᠤᠴᠠᠭᠠᠨ᠎ᠳᠤᠨᠢ ᠡᠵᠡᠮᠳᠡᠭᠰᠡᠨ ᠪᠠᠢᠨ᠎ᠠ᠃ ᠬᠢᠵᠢᠭ ᠤ᠋ᠨ ᠪᠠᠢᠳᠠᠯ ᠡᠭᠦᠰᠬᠦ ᠳ᠋ᠤ ᠬᠦᠨᠳᠦ ᠡᠭᠦᠷᠭᠡ ᠶ᠋ᠢ ᠵᠤᠷᠢᠭᠳᠠᠢ ᠡᠭᠦᠷᠭᠡᠯᠡᠵᠤ ᠡᠷᠡᠮᠡᠬᠡᠢᠯᠡᠨ ᠤᠷᠤᠭᠰᠢᠯᠠᠪᠠ᠃ ᠪᠥᠬᠥ᠌ ᠣᠷᠣᠨ ᠤ᠋ 3500 ᠭᠠᠷᠤᠶ ᠡᠮᠴᠢ ᠰᠤᠪᠢᠯᠠᠭ᠍ᠴᠢ ᠬᠢᠵᠢᠭ ᠤ᠋ᠨ ᠡᠮᠦᠨ᠎ᠡ ᠹᠷᠤᠨᠲ ᠲᠦ᠍ ᠡᠷᠡᠯᠭᠡᠭᠯᠡᠨ ᠳᠡᠮᠡᠴᠡᠵᠦ᠂ ᠡᠵᠡᠨ᠎ᠡ ᠵᠢᠨ ᠬᠡᠳᠦᠨ ᠵᠠᠭᠤᠨ ᠡᠪᠡᠳᠴᠢᠲᠡᠨ ᠢ᠋ ᠮᠢᠩᠭᠠᠨ ᠭᠠᠵᠠᠷ ᠤ᠋ᠨ ᠠᠯᠤᠰ ᠡᠴᠡ ᠱᠢᠯᠵᠢᠭᠦᠯᠦᠨ ᠵᠥᠭᠡᠭᠡᠪᠦᠷᠢᠯᠡᠵᠤ᠂《ᠨᠢᠭᠡ ᠬᠥᠮᠦᠨ ᠳ᠋ᠤ ᠨᠢᠭᠡ ᠲᠥᠰᠦᠯ᠂ ᠨᠢᠭᠡ ᠬᠥᠮᠦᠨ ᠳ᠋ᠤ ᠨᠢᠭᠡ ᠳᠤᠭᠤᠢᠯᠠᠩ᠂ ᠨᠢᠭᠡ ᠡᠳᠦᠷ ᠲᠦ᠍ ᠨᠢᠭᠡ ᠬᠠᠮᠲᠤᠷᠠᠨ ᠣᠨᠣᠱᠢᠯᠠᠬᠤ》 ᠲᠥᠰᠦᠯ ᠶᠣᠰᠣᠭᠠᠷ ᠡᠪᠡᠳᠴᠢᠲᠡᠤᠨ ᠵᠠᠯᠭᠠᠭ᠎ᠠ ᠪᠡᠷ ᠢᠯᠠᠷᠢᠰᠢᠵᠤ ᠡᠮᠨᠡᠯᠭᠡ ᠡᠴᠡ ᠭᠠᠷᠴᠠᠢ᠃

ᠮᠠᠨ ᠤ᠋ ᠣᠷᠣᠨ ᠠᠷᠠᠳ ᠣᠯᠠᠨ ᠤ᠋ ᠠᠮᠢ ᠨᠠᠰᠤᠨ ᠤ᠋ ᠠᠮᠤᠷ ᠲᠦᠪᠱᠢᠨ ᠪᠠ ᠪᠡᠶ᠎ᠡ ᠮᠠᠬᠠᠪᠣᠳ ᠤ᠋ᠨ ᠡᠷᠡᠭᠦᠯ ᠮᠡᠨᠳᠦ᠍ ᠶ᠋ᠢ ᠢᠮᠠᠭ᠍ᠲᠠ ᠲᠡᠷᠢᠭᠦᠨ ᠳ᠋ᠦ ᠲᠠᠯᠪᠢᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠪᠣᠯ ᠳᠠᠷᠤᠶ ᠵᠠᠷᠯᠢᠭ ᠭᠡᠳᠡᠭ ᠢ᠋ ᠴᠠᠭ ᠢᠮᠠᠭ᠍ᠲᠠ ᠪᠠᠲᠤ ᠴᠡᠭᠡᠵᠢᠯᠡᠨ᠂《ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌ ᠶ᠋ᠢ ᠰᠡᠷᠭᠡᠢᠯᠡᠵᠦ᠍᠂ ᠳᠣᠲᠣᠭᠠᠳᠤ᠎ᠳᠠᠭᠠᠨ ᠳᠠᠬᠢᠨ ᠡᠭᠦᠰᠭᠦ ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ ᠪᠠ 《ᠬᠥᠳᠡᠯᠦᠩᠭᠦᠶ ᠪᠠᠢᠳᠠᠯ ᠢ᠋ ᠲᠡᠭ ᠪᠤᠯᠭᠠᠬᠤ》 ᠶ᠋ᠢ ᠪᠠᠷᠢᠮᠲᠠᠯᠠᠪᠠ᠃

ᠥᠪᠡᠷᠲᠡᠭᠡᠨ ᠵᠠᠰᠠᠬᠤ ᠣᠷᠣᠨ ᠤ᠋ 《1+9+N》 ᠲᠥᠷᠥ ᠵᠢᠨ ᠪᠣᠳᠣᠯᠭ᠎ᠠ ᠵᠢᠨ ᠱᠢᠰᠲ᠋ᠧᠮ ᠢ᠋ ᠲᠡᠭᠦᠯᠳᠡᠷᠵᠢᠭᠦᠯᠵᠦ᠍᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠶ᠋ᠢ ᠪᠠᠢᠩᠭᠤᠵᠢᠭᠤᠯᠬᠤ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠪᠠ᠃ ᠬᠠᠯᠠᠭᠤᠷᠠᠯ ᠤ᠋ᠨ ᠡᠭᠦᠳᠡᠨ ᠡᠮᠨᠡᠯᠭᠡ᠂ ᠲᠣᠭ᠍ᠲᠠᠭ᠍ᠰᠠᠨ ᠡᠮᠨᠡᠯᠭᠡ ᠵᠢᠨ ᠬᠣᠷᠢᠶᠠᠨ ᠤ᠋ ᠪᠠᠢᠭᠤᠯᠤᠯᠲᠠ ᠬᠠᠮᠢᠶᠠᠷᠤᠯᠲᠠ᠎ᠶ᠋ᠢ ᠲᠡᠭᠦᠯᠳᠡᠷᠵᠢᠭᠦᠯᠵᠦ᠍᠂ ᠪᠥᠭᠡᠮ ᠬᠦᠴᠢᠯ ᠤ᠋ᠨ ᠪᠠᠢᠴᠠᠭᠠᠯᠳᠠ ᠵᠢᠨ ᠴᠢᠳᠠᠪᠤᠷᠢ ᠵᠢᠨ ᠪᠠᠢᠭᠤᠯᠤᠯᠲᠠ ᠪᠣᠯᠤᠨ ᠲᠠᠬᠤᠯ ᠡᠪᠡᠳᠴᠢᠨ ᠤ᠋ ᠰᠤᠳᠤᠯᠤᠯ ᠤ᠋ᠨ ᠪᠠᠢᠴᠠᠭᠠᠯᠲᠠ ᠵᠢᠨ ᠡᠩᠨᠡᠭᠡᠨ ᠤ᠋ ᠪᠠᠢᠭᠤᠯᠤᠯᠲᠠ ᠶ᠋ᠢ ᠴᠢᠩᠭᠠᠳᠭᠠᠨ᠂ ᠪᠣᠯᠪᠠᠰᠤᠷᠠᠯ ᠰᠣᠷᠢᠯᠲᠠ ᠪᠣᠯᠤᠨ ᠱᠠᠯᠠᠪᠳᠠᠭᠤᠯᠤᠨ ᠪᠠᠢᠴᠠᠭᠠᠬᠤ ᠠᠵᠢᠯ ᠢ᠋ ᠴᠢᠩᠭᠠᠳᠭᠠᠵᠤ᠂ ᠬᠢᠵᠢᠭ ᠡᠭᠦᠰᠦᠮᠡᠭᠴᠡ ᠲᠦᠷᠭᠡᠨ ᠴᠤᠤᠷᠢᠶᠠᠲᠤᠨ ᠠᠷᠭ᠎ᠠ ᠬᠡᠮᠵᠢᠶ᠎ᠡ ᠠᠪᠴᠦ᠂ ᠪᠦᠲᠦᠮᠵᠢᠲᠡᠢ ᠱᠢᠢᠳᠪᠦᠷᠢᠯᠡᠬᠦ᠌ ᠶ᠋ᠢ ᠪᠠᠲᠤᠯᠠᠵᠠᠢ᠃ ᠪᠢᠲᠡᠭᠦᠮᠵᠢᠯᠡᠭ᠌ᠰᠡᠨ ᠬᠠᠮᠢᠶᠠᠷᠤᠯᠲᠠ ᠶ᠋ᠢ ᠴᠢᠩᠭ᠎ᠠ ᠨᠠᠢᠳᠠᠪᠤᠷᠢᠵᠢᠭᠤᠯᠵᠤ᠂ ᠪᠡᠭᠡᠵᠢᠩ ᠳ᠋ᠤ ᠬᠦᠷᠬᠦ᠌ ᠤᠯᠠᠨ ᠤᠯᠤᠰ ᠤ᠋ᠨ ᠠᠶᠠᠨᠴᠢᠨ ᠤ᠋ ᠨᠢᠰᠭᠡᠯ ᠢ᠋ ᠲᠠᠷᠬᠠᠭᠠᠨ ᠪᠠᠭᠤᠯᠭᠠᠬᠤ ᠡᠭᠦᠷᠭᠡ ᠶ᠋ᠢ ᠬᠠᠮᠵᠢᠯᠴᠠᠨ ᠰᠠᠢᠲᠤᠷ ᠬᠢᠪᠡ᠃ ᠬᠤᠤᠰ ᠱᠤᠭᠤᠮ ᠤ᠋ᠨ ᠳᠠᠢᠯᠠᠯᠳᠤᠭᠠᠨ ᠢ᠋ ᠰᠠᠢᠲᠤᠷ ᠬᠢᠵᠦ᠍᠂ ᠬᠤᠯᠤᠭᠠᠨ᠎ᠠ ᠵᠢᠨ ᠬᠢᠵᠢᠭ ᠢ᠋ ᠰᠡᠷᠭᠡᠢᠯᠡᠨ ᠡᠵᠡᠮᠳᠡᠬᠦ᠌᠎ᠶ᠋ᠢ ᠰᠠᠢᠲᠤᠷ ᠠᠳᠭᠤᠵᠤ᠂ ᠪᠡᠭᠡᠵᠢᠩ ᠬᠣᠲᠠ᠎ᠯᠤᠭ᠎ᠠ ᠬᠤᠯᠤᠭᠠᠨ᠎ᠠ ᠵᠢᠨ ᠬᠢᠵᠢᠭ ᠢ᠋ ᠰᠡᠷᠭᠡᠢᠯᠡᠨ ᠡᠵᠡᠮᠳᠡᠬᠦ᠌ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠶ᠋ᠢ ᠪᠠᠢᠭᠤᠯᠵᠤ᠂ ᠡᠯ᠎ᠡ ᠠᠢᠮᠠᠭ ᠬᠣᠲᠠ ᠯᠤᠭ᠎ᠠ ᠬᠠᠷᠢᠭᠤᠴᠠᠯᠭ᠎ᠠ ᠵᠢᠨ ᠪᠢᠴᠢᠭ ᠲᠤᠭᠳᠠᠨ᠂ ᠪᠥᠬᠥ᠌ ᠣᠷᠣᠨ ᠤ᠋ ᠬᠤᠯᠤᠭᠠᠨ᠎ᠠ ᠵᠢᠨ ᠬᠢᠵᠢᠭ ᠢ᠋ ᠬᠢᠨᠠᠨ ᠬᠡᠮᠵᠢᠬᠦ᠌ 57 ᠬᠣᠱᠢᠭᠤ ᠱᠢᠶᠠᠨ ᠳ᠋ᠤ ᠣᠷᠣᠨ ᠱᠠᠲᠤ ᠬᠤᠪᠢᠶᠠᠨ ᠲᠤᠢᠯ ᠤ᠋ᠨ ᠣᠨᠣᠪᠴᠢᠲᠠᠶ ᠪᠠᠷ ᠰᠡᠷᠭᠡᠢᠯᠡᠨ ᠡᠵᠡᠮᠳᠡᠬᠦ᠌᠎ᠶ᠋ᠢ ᠬᠡᠷᠡᠭ᠌ᠵᠢᠭᠦᠯᠪᠡ᠃ ᠨᠡᠢᠲᠡ 2010.97 ᠲᠦᠮᠡᠨ ᠬᠥᠮᠦᠨ ᠳ᠋ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠤ᠋ᠨ ᠸᠠᠺᠼᠢᠨ ᠤ᠋ ᠲᠠᠷᠢᠯᠭ᠎ᠠ ᠲᠠᠷᠢᠵᠤ᠂ 3—11 ᠨᠠᠰᠤᠨ ᠤ᠋ ᠬᠡᠦᠬᠡᠳ ᠤ᠋ᠨ ᠲᠠᠷᠢᠯᠭ᠎ᠠ ᠪᠠ ᠴᠢᠩᠭᠠᠳᠭᠠᠬᠤ ᠲᠠᠷᠢᠯᠭ᠎ᠠ ᠲᠠᠷᠢᠬᠤ ᠠᠵᠢᠯ᠎ᠢ ᠢᠳᠡᠪᠬᠢᠲᠡᠶ ᠥᠷᠨᠢᠭᠦᠯᠪᠡ ᠃

2021 ᠤᠨ ᠳ᠋ᠤ᠂ ᠡᠮᠴᠢᠯᠡᠭᠡᠨ ᠤ᠋ ᠦᠶ᠋ᠯᠡᠴᠢᠯᠡᠭᠡᠨ ᠤ᠋ ᠴᠢᠳᠠᠪᠤᠷᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠴᠢᠨᠠᠷ ᠰᠠᠢᠲᠠᠶ ᠡᠮᠴᠢᠯᠡᠭᠡᠨ ᠤ᠋ ᠡᠬᠢ ᠪᠠᠶᠠᠯᠢᠭ ᠤ᠋ᠨ ᠪᠠᠢᠷᠢᠱᠢᠯ ᠨᠠᠩ ᠲᠡᠩᠴᠡᠭᠦᠷᠢᠲᠡᠶ ᠪᠣᠯᠪᠠ᠃ ᠪᠦᠬᠦ᠌ ᠣᠷᠣᠨ ᠳ᠋ᠤ 5 ᠪᠦᠬᠦ᠌ ᠠᠷᠠᠳ ᠤ᠋ᠨ ᠡᠷᠡᠭᠦᠯ ᠮᠡᠨᠳᠦ ᠵᠢᠨ ᠪᠠᠲᠤᠯᠠᠭ᠎ᠠ ᠵᠢᠨ ᠢᠨᠵᠧᠨᠧᠷᠢᠩ᠂ ᠬᠤᠰᠢᠭᠤ ᠱᠢᠶᠠᠨ ᠤ᠋ ᠱᠠᠲᠤᠨ ᠤ᠋ ᠡᠮᠨᠡᠯᠭᠡ ᠵᠢᠨ ᠬᠣᠷᠢᠶᠠᠨ ᠤ᠋ ᠠᠪᠤᠷᠠᠨ ᠵᠠᠰᠠᠬᠤ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠵᠡᠷᠭᠡ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠶ᠋ᠢ ᠲᠠᠭᠤᠰᠬᠠᠪᠠ᠃ 9519 ᠬᠡᠷ ᠪᠦᠯᠢ ᠵᠢᠨ ᠡᠮᠴᠢ ᠵᠢᠨ ᠪᠦᠯᠬᠦᠮ ᠢ᠋ ᠵᠣᠬᠢᠶᠠᠨ ᠪᠠᠢᠭᠤᠯᠵᠤ᠂ ᠭᠤᠤᠯᠳᠠᠯᠭ᠎ᠠ ᠲᠠᠶ ᠬᠥᠮᠦᠰ ᠲᠦ᠍ ᠡᠮᠴᠢᠯᠡᠬᠡᠨ ᠤ᠋ ᠦᠢᠯᠡᠴᠢᠯᠡᠬᠡ ᠬᠠᠩᠭᠠᠬᠤ ᠭᠡᠷ᠎ᠡ ᠲᠣᠭ᠍ᠲᠠᠭ᠍ᠰᠠᠨ ᠨᠣᠷᠮ᠎ᠠ 75.23% ᠳ᠋ᠤ ᠬᠥᠷᠪᠡ᠃ ᠥᠪᠥᠷ ᠮᠣᠩᠭᠣᠯ ᠤ᠋ᠨ ᠣᠯᠠᠨ ᠤᠯᠤᠰ ᠤ᠋ᠨ ᠮᠣᠩᠭᠣᠯ ᠡᠮᠨᠡᠯᠭᠡ ᠵᠢᠨ ᠬᠣᠷᠢᠶ᠎ᠠ ᠵᠢ ᠥᠷᠭᠡᠳᠭᠡᠨ ᠪᠠᠢᠭᠤᠯᠬᠤ ᠲᠥᠷᠥᠯ ᠵᠦᠶ᠋ᠯ ᠪᠠᠷᠢᠯᠭ᠎ᠠ ᠡᠬᠢᠯᠡᠨ ᠰᠠᠭᠤᠷᠢ ᠲᠠᠯᠪᠢᠵᠤ᠂ ᠥᠷᠭᠡᠳᠭᠡᠨ ᠪᠠᠢᠭᠤᠯᠤᠭ᠍ᠰᠠᠨ ᠤ᠋ ᠳᠠᠷᠠᠭ᠎ᠠ 800 ᠭᠠᠷᠤᠶ ᠣᠷᠣ ᠨᠡᠮᠡᠭ᠌ᠳᠡᠨ᠂ ᠠᠯᠪᠠᠨ ᠡᠴᠡ ᠪᠠᠢᠭᠤᠯᠤᠭ᠍ᠰᠠᠨ ᠡᠮᠨᠡᠯᠭᠡ ᠵᠢᠨ ᠬᠣᠷᠢᠶ᠎ᠠ ᠵᠢᠨ ᠰᠠᠭᠤᠷᠢ ᠲᠦᠭᠦᠭᠡᠷᠦᠮᠵᠢ ᠵᠢᠨ ᠨᠥᠬᠥᠴᠡᠯ ᠢ᠋ ᠤᠯᠠᠮ ᠨᠢᠭᠡ ᠠᠯᠬᠤᠮ ᠰᠠᠢᠵᠢᠷᠠᠭᠤᠯᠬᠤ ᠪᠣᠯᠤᠨ᠎ᠠ᠃ ᠪᠠᠰᠠ ᠬᠥᠬᠡᠬᠣᠲᠠ᠂ ᠪᠤᠭᠤᠲᠤ ᠪᠣᠯᠤᠨ ᠣᠷᠳᠣᠰ ᠬᠤᠳᠠ ᠳ᠋ᠤ ᠤᠯᠤᠰ ᠤ᠋ᠨ ᠣᠷᠣᠨ ᠪᠦᠰᠡ ᠵᠢᠨ 3 ᠡᠮᠴᠢᠯᠡᠭᠡᠨ ᠤ᠋ ᠲᠥᠪ ᠢ᠋ ᠪᠠᠢᠷᠢᠯᠠᠭᠤᠯᠵᠦ ᠪᠥᠲᠥᠭᠡᠨ ᠪᠠᠢᠭᠤᠯᠬᠤ ᠪᠡᠷ ᠲᠤᠭᠳᠠᠵᠤ᠂ ᠴᠢᠨᠠᠷ ᠰᠠᠢᠲᠠᠶ ᠡᠮᠴᠢᠯᠡᠭᠡᠨ ᠤ᠋ ᠡᠬᠢ ᠪᠠᠶᠠᠯᠢᠭ ᠤ᠋ᠨ ᠪᠠᠭ᠍ᠲᠠᠭᠠᠮᠵᠢ ᠶ᠋ᠢ ᠥᠷᠭᠡᠳᠭᠡᠬᠦ᠌ ᠪᠠ ᠦᠨᠳᠦᠰᠦᠨ ᠱᠠᠲᠤᠨ ᠳ᠋ᠤ ᠪᠠᠭᠤᠯᠭᠠᠬᠤ ᠪᠡᠷ ᠪᠤᠢ ᠃

2021 ᠤᠨ ᠳ᠋ᠤ᠂ ᠮᠠᠨ ᠤ᠋ ᠣᠷᠣᠨ ᠠᠯᠪᠠᠨ ᠡᠴᠡ ᠪᠠᠢᠭᠤᠯᠤᠭ᠍ᠰᠠᠨ ᠡᠮᠨᠡᠯᠭᠡ ᠵᠢᠨ ᠬᠣᠷᠢᠶᠠᠨ ᠤ᠋ ᠶᠡᠷᠦᠩᠬᠡᠢᠯᠡᠭ᠌ᠰᠡᠨ ᠥᠭᠡᠷᠡᠴᠢᠯᠡᠯᠲᠡ ᠶ᠋ᠢ ᠦᠷᠭᠦᠯᠵᠢᠯᠡᠨ ᠭᠦᠨᠵᠡᠭᠡᠢᠷᠡᠭᠦᠯᠪᠡ᠃ ᠲᠦᠴᠢᠦᠸᠠᠨ ᠱᠢᠶᠠᠨ ᠪᠥᠬᠥ᠌ ᠤᠯᠤᠰ ᠤ᠋ᠨ ᠠᠯᠪᠠᠨ ᠡᠴᠡ ᠪᠠᠢᠭᠤᠯᠤᠭ᠍ᠰᠠᠨ ᠡᠮᠨᠡᠯᠭᠡ ᠵᠢᠨ ᠬᠣᠷᠢᠶᠠᠨ ᠤ᠋ ᠶᠡᠷᠦᠩᠬᠡᠢᠯᠡᠭ᠌ᠰᠡᠨ ᠥᠭᠡᠷᠡᠴᠢᠯᠡᠯᠲᠡ ᠵᠢᠨ ᠦᠷ᠎ᠡ ᠪᠦᠲᠦᠮᠵᠢ ᠪᠡᠷ ᠨᠡᠯᠢᠶᠡᠳ ᠢᠯᠡᠷᠬᠡᠶ ᠭᠠᠵᠠᠷ ᠣᠷᠣᠨ ᠵᠢᠡᠷ ᠦᠨᠡᠯᠡᠭ᠌ᠳᠡᠵᠦ᠍᠂ ᠮᠠᠨ ᠤ᠋ ᠣᠷᠣᠨ ᠤ᠋ ᠠᠯᠪᠠᠨ ᠡᠴᠡ ᠪᠠᠢᠭᠤᠯᠤᠭ᠍ᠰᠠᠨ ᠡᠮᠨᠡᠯᠭᠡ ᠵᠢᠨ ᠬᠣᠷᠢᠶᠠᠨ ᠤ᠋ ᠶᠡᠷᠦᠩᠬᠡᠢᠯᠡᠭ᠌ᠰᠡᠨ ᠥᠭᠡᠷᠡᠴᠢᠯᠡᠯᠲᠡ 5 ᠵᠢᠯ ᠳᠠᠷᠠᠭᠠᠯᠠᠨ ᠲᠥᠷᠥ ᠵᠢᠨ ᠶᠠᠪᠤᠳᠠᠯ ᠤ᠋ᠨ ᠬᠣᠷᠢᠶᠠᠨ ᠤ᠋ ᠵᠣᠷᠢᠭ᠍ᠵᠢᠭᠤᠯᠤᠯ ᠬᠥᠬᠢᠭᠦᠯᠦᠯ ᠢ᠋ ᠭᠥᠷᠳᠡᠪᠡ᠃ ᠪᠤᠭᠤᠲᠤ ᠬᠤᠳᠠ᠂ ᠦᠬᠠᠶ ᠬᠤᠳᠠ᠂ ᠤᠯᠠᠭᠠᠨᠬᠠᠳᠠ ᠬᠣᠲᠠ ᠵᠢᠨ ᠡᠮᠴᠢᠯᠡᠭᠡᠨ᠎ᠤ᠋ ᠪᠦᠯᠦᠭ᠌ᠯᠡᠯ ᠤ᠋ᠨ ᠶᠡᠷᠦᠩᠬᠡᠢᠯᠡᠭ᠌ᠰᠡᠨ ᠥᠭᠡᠷᠡᠴᠢᠯᠡᠯᠲᠡ ᠵᠢᠨ ᠵᠢᠱ᠌ᠢᠶ᠎ᠡ ᠦᠵᠡᠭᠦᠯᠬᠦ᠌ ᠲᠣᠭᠣᠷᠢᠭ ᠤ᠋ᠨ ᠪᠥᠲᠥᠭᠡᠨ ᠪᠠᠢᠭᠤᠯᠤᠯᠲᠠ ᠶ᠋ᠢ ᠲᠠᠰᠤᠷᠠᠯᠲᠠ ᠥᠬᠡᠶ ᠰᠦᠪᠡᠭ᠌ᠴᠢᠯᠡᠨ ᠠᠬᠢᠭᠤᠯᠵᠤ᠂ ᠪᠦᠬᠦ ᠤᠷᠤᠨ ᠤ᠋ 27 ᠵᠢᠱ᠌ᠢᠶ᠎ᠡ ᠦᠵᠡᠭᠦᠯᠬᠦ᠌ ᠡᠮᠨᠡᠯᠭᠡ ᠵᠢᠨ ᠬᠣᠷᠢᠶ᠎ᠠ ᠳ᠋ᠤ ᠣᠲᠣ ᠦᠶ᠎ᠡ ᠵᠢᠨ ᠡᠮᠨᠡᠯᠭᠡ ᠵᠢᠨ ᠬᠣᠷᠢᠶᠠᠨ ᠤ᠋ ᠬᠠᠮᠢᠶᠠᠷᠤᠯᠲᠠ ᠵᠢᠨ ᠲᠦᠷᠢᠮ ᠢ᠋ ᠪᠠᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃ ᠠᠯᠪᠠᠨ ᠡᠴᠡ ᠪᠠᠢᠭᠤᠯᠤᠭ᠍ᠰᠠᠨ 63 ᠡᠮᠨᠡᠯᠭᠡ ᠵᠢᠨ ᠬᠣᠷᠢᠶᠠᠨ ᠳ᠋ᠤ ᠡᠮ ᠤ᠋ᠨ ᠵᠦᠢᠯ ᠢ᠋ ᠲᠥᠪᠯᠡᠷᠡᠭᠦᠯᠦᠨ ᠬᠡᠮᠵᠢᠢ᠎ᠡ ᠲᠡᠶ ᠪᠡᠷ ᠬᠤᠳᠠᠯᠳᠤᠨ ᠠᠪᠬᠤ ᠶ᠋ᠢ ᠠᠬᠢᠭᠤᠯᠵᠤ᠂ ᠡᠮᠴᠢᠯᠡᠭᠡ᠂ ᠡᠮ ᠡᠮᠨᠡᠯᠭᠡ ᠵᠢᠨ ᠳᠠᠭᠠᠳᠭᠠᠯ᠂ ᠡᠮ ᠡᠮᠨᠡᠯᠭᠡ ᠵᠢᠨ ᠬᠣᠯᠪᠣᠯᠳᠤᠨ ᠬᠥᠳᠡᠯᠦᠯᠴᠡᠬᠦ᠌ ᠶ᠋ᠢ ᠴᠢᠩᠭᠠᠳᠭᠠᠪᠠ᠃ ᠬᠤᠰᠢᠭᠤ ᠱᠢᠶᠠᠨ ᠤ᠋ ᠡᠮᠴᠢᠯᠡᠭᠡᠨ ᠤ᠋ ᠬᠠᠮᠲᠤ ᠵᠢᠨ ᠴᠣᠭ᠍ᠴᠠ ᠶ᠋ᠢ ᠪᠠᠢᠭᠤᠯᠬᠤ ᠲᠤᠷᠱᠢᠯᠲᠠ ᠵᠢᠨ ᠴᠡᠭ ᠤ᠋ᠨ ᠠᠵᠢᠯ ᠢ᠋ ᠠᠬᠢᠭᠤᠯᠵᠤ᠂ ᠱᠠᠲᠤ ᠬᠤᠪᠢᠶᠠᠨ ᠣᠨᠣᠱᠢᠯᠠᠨ ᠵᠠᠰᠠᠵᠦ ᠡᠮᠨᠡᠭᠦᠯᠬᠦ᠌ ᠱᠢᠨ᠎ᠡ ᠪᠠᠢᠷᠢᠱᠢᠯ ᠢ᠋ ᠲᠦᠷᠭᠡᠳᠭᠡᠨ ᠪᠠᠢᠭᠤᠯᠤᠭᠰᠠᠨ ᠪᠠᠢᠨ᠎ᠠ᠃

 2021 ᠤᠨ ᠳ᠋ᠤ᠂ ᠨᠠᠰᠤᠳᠠᠢᠴᠤᠳ ᠳᠦ᠍ ᠬᠠᠨᠳᠤᠭᠤᠯᠤᠰᠠᠨ ᠡᠮᠴᠢᠯᠡᠬᠡᠨ ᠤ᠋ ᠦᠢᠯᠡᠴᠢᠯᠡᠬᠡ ᠵᠢ ᠠᠭᠢᠭᠤᠯᠪᠠ᠃ ᠪᠥᠬᠥ᠌ ᠣᠷᠣᠨ ᠤ᠋ 48.8% ᠵᠢᠨ ᠬᠣᠶᠠᠳᠤᠭᠠᠷ ᠳᠡᠰ ᠡᠴᠡ ᠳᠡᠭᠡᠭ᠌ᠰᠢᠬᠢ ᠶᠡᠷᠦᠩᠬᠡᠢᠯᠡᠭ᠌ᠰᠡᠨ ᠡᠮᠨᠡᠯᠭᠡ ᠵᠢᠨ ᠬᠣᠷᠢᠶ᠎ᠠ᠎ᠳᠤ ᠨᠠᠰᠤᠲᠠᠢᠴᠤᠳ ᠤ᠋ᠨ ᠠᠨᠠᠭᠠᠬᠤ ᠤᠬᠠᠭᠠᠨ ᠤ᠋ ᠰᠠᠯᠠᠭ᠎ᠠ ᠲᠣᠬᠢᠷᠠᠭᠤᠯᠤᠨ᠂ 420 ᠡᠮᠴᠢᠯᠡᠭᠡᠨ ᠤ᠋ ᠪᠠᠢᠭᠤᠯᠤᠮᠵᠢ ᠨᠢ ᠠᠮᠤᠷ ᠲᠠᠢᠪᠤᠩ ᠰᠤᠪᠢᠯᠠᠯᠲᠠ ᠵᠢᠨ ᠦᠶ᠋ᠯᠡᠴᠢᠯᠡᠭᠡ ᠥᠷᠨᠢᠭᠦᠯᠵᠦ᠍᠂ ᠠᠯᠤᠰ ᠡᠵᠡᠮᠱᠢᠯᠲᠦ ᠡᠮᠴᠢᠯᠡᠭᠡᠨ ᠤ᠋ ᠦᠶ᠋ᠯᠡᠴᠢᠯᠡᠭᠡ ᠵᠢᠨ ᠰᠦᠯᠵᠢᠶ᠎ᠡ 102 ᠬᠣᠱᠢᠭᠤ ᠱᠢᠶᠠᠨ ᠲᠣᠭᠣᠷᠢᠭ ᠲᠦ᠍ ᠨᠡᠪᠳᠡᠷᠡᠨ᠂ ᠨᠠᠰᠤᠲᠠᠢᠴᠤᠳ ᠲᠦ᠍ ᠠᠯᠤᠰ ᠡᠵᠡᠮᠱᠢᠯᠲᠦ ᠣᠨᠣᠱᠢᠯᠠᠯᠲᠠ᠂ ᠠᠯᠤᠰ ᠡᠵᠡᠮᠱᠢᠯᠲᠦ ᠡᠮᠴᠢᠯᠡᠭᠡ ᠵᠡᠷᠭᠡ ᠦᠶ᠋ᠯᠡᠴᠢᠯᠡᠭᠡ ᠬᠠᠩᠭᠠᠵᠤ ᠴᠢᠳᠠᠬᠤ ᠪᠣᠯᠪᠠ᠃ ᠨᠢᠷᠠᠶ ᠨᠢᠯᠬ᠎ᠠ ᠬᠡᠦᠬᠡᠳ ᠢ᠋ ᠰᠠᠭᠠᠲᠠᠭᠤᠯᠤᠨ ᠠᠰᠠᠷᠠᠬᠤ ᠦᠶ᠋ᠯᠡᠴᠢᠯᠡᠭᠡᠨ ᠤ᠋ ᠵᠢᠱ᠌ᠢᠶ᠎ᠡ ᠦᠵᠡᠭᠦᠯᠬᠦ᠌ ᠠᠢᠮᠠᠭ ᠬᠣᠲᠠ ᠪᠣᠯᠤᠨ ᠵᠢᠱ᠌ᠢᠶ᠎ᠡ ᠦᠵᠡᠭᠦᠯᠬᠦ᠌ ᠪᠠᠢᠭᠤᠯᠤᠮᠵᠢ ᠶ᠋ᠢ ᠡᠭᠦᠳᠦᠨ ᠪᠠᠢᠭᠤᠯᠬᠤ ᠠᠵᠢᠯᠯᠠᠭ᠎ᠠ ᠥᠷᠨᠢᠭᠦᠯᠵᠦ᠍᠂ ᠣᠷᠳᠣᠰ ᠬᠣᠲᠠ᠂ ᠬᠢᠩᠭᠠᠨ ᠠᠢᠮᠠᠭ ᠢ᠋ ᠨᠢᠷᠠᠶ ᠨᠢᠯᠬ᠎ᠠ ᠬᠡᠦᠬᠡᠳ ᠢ᠋ ᠰᠠᠭᠠᠲᠠᠭᠤᠯᠤᠨ ᠠᠰᠠᠷᠠᠬᠤ ᠦᠶ᠋ᠯᠡᠴᠢᠯᠡᠭᠡᠨ ᠤ᠋ ᠲᠦᠷᠦᠭᠦᠦ ᠪᠦᠯᠦᠭ ᠤ᠋ᠨ ᠵᠢᠱ᠌ᠢᠶ᠎ᠡ ᠦᠵᠡᠭᠦᠯᠬᠦ ᠠᠢᠮᠠᠭ ᠬᠣᠲᠠ ᠪᠠᠷ ᠲᠣᠭ᠍ᠲᠠᠭᠠᠵᠤ᠂ 15 ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌  ᠪᠠᠢᠭᠤᠯᠤᠮᠵᠢ ᠶ᠋ᠢ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠵᠢᠱ᠌ᠢᠶ᠎ᠡ ᠦᠵᠡᠭᠦᠯᠬᠦ᠌ ᠪᠠᠢᠭᠤᠯᠤᠮᠵᠢ ᠪᠠᠷ ᠲᠣᠭ᠍ᠲᠠᠭᠠᠪᠠ᠃ ᠤᠳᠤ ᠪᠥᠬᠥ᠌ ᠣᠷᠣᠨ ᠳ᠋ᠤ ᠳᠠᠩᠰᠠᠯᠠᠭᠤᠯᠤᠭ᠍ᠰᠠᠨ ᠨᠠᠢᠳᠠᠵᠤ ᠰᠠᠭᠠᠲᠠᠭᠤᠯᠤᠨ ᠬᠥᠮᠦᠵᠢᠭᠦᠯᠬᠦ᠌ ᠪᠠᠢᠭᠤᠯᠤᠮᠵᠢ 376 ᠪᠤᠢ᠃

2021 ᠤᠨ ᠳ᠋ᠤ᠂ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ)ᠶ᠋ᠢ ᠤᠯᠠᠮᠵᠢᠯᠠᠨ ᠵᠠᠯᠭᠠᠮᠵᠢᠯᠠᠵᠤ ᠱᠢᠨ᠎ᠡ ᠶ᠋ᠢ ᠡᠭᠦᠳᠦᠨ ᠬᠥᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ ᠡᠴᠡ 6 ᠬᠢᠲᠠᠳ ᠡᠮᠨᠡᠯᠭᠡ(ᠮᠣᠩᠭᠣᠯ ᠡᠮᠨᠡᠯᠭᠡ)ᠶ᠋ᠢᠨ ᠬᠣᠷᠢᠶ᠎ᠠ ᠶ᠋ᠢ ᠤᠯᠤᠰ ᠤ᠋ᠨ ᠬᠢᠲᠠᠳ ᠡᠮᠨᠡᠯᠭᠡ ᠵᠢᠨ ᠣᠨᠴᠠᠯᠢᠭ᠍ᠲᠤ ᠭᠣᠣᠯᠳᠠᠯᠭ᠎ᠠ ᠲᠠᠶ ᠡᠮᠨᠡᠯᠭᠡ ᠵᠢᠨ ᠬᠣᠷᠢᠶᠠᠨ ᠤ᠋ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ ᠳ᠋ᠤ ᠣᠷᠣᠭᠤᠯᠪᠠ᠂ ᠤᠯᠤᠰ ᠤ᠋ᠨ ᠬᠢᠲᠠᠳ ᠡᠮᠨᠡᠯᠭᠡ ᠵᠢᠨ ᠬᠢᠵᠢᠭ ᠡᠪᠡᠳᠴᠢᠨ ᠢ᠋ ᠰᠡᠷᠭᠡᠢᠯᠡᠨ ᠵᠠᠰᠠᠬᠤ ᠰᠠᠭᠤᠷᠢᠨ ᠪᠠ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ)ᠶ᠋ᠢᠨ ᠪᠠᠴᠢᠮ ᠪᠠᠢᠳᠠᠯ ᠢ᠋ ᠠᠷᠭᠠᠴᠠᠭᠠᠬᠤ ᠡᠮᠴᠢᠯᠡᠭᠡᠨ ᠤ᠋ ᠠᠩᠭᠢ᠎ᠶ᠋ᠢ ᠪᠠᠢᠭᠤᠯᠪᠠ᠂ 99 ᠬᠢᠲᠠᠳ ᠡᠮᠨᠡᠯᠭᠡ(ᠮᠣᠩᠭᠣᠯ ᠡᠮᠨᠡᠯᠭᠡ)ᠵᠢᠨ ᠬᠣᠷᠢᠶ᠎ᠠ ᠳ᠋ᠤ ᠪᠠᠴᠢᠮ ᠪᠠᠢᠳᠠᠯ ᠢ᠋ ᠠᠷᠭᠠᠴᠠᠭᠠᠬᠤ ᠨᠥᠭᠡᠴᠡ ᠬᠥᠮᠥᠷᠭᠡ ᠪᠠᠢᠭᠤᠯᠪᠠ ᠁ 2021 ᠤᠨ ᠤ᠋ 12 ᠰᠠᠷ᠎ᠠ ᠵᠢᠨ 31 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠬᠢᠲᠠᠳ ᠮᠣᠩᠭᠣᠯ ᠡᠮ ᠡᠮᠨᠡᠯᠭᠡ ᠵᠢᠨ ᠰᠤᠳᠤᠯᠭᠠᠨ ᠤ᠋ ᠬᠦᠷᠢᠶᠡᠯᠡᠩ ᠫᠠᠢᠰᠠ ᠰᠡᠬᠦᠵᠦ᠍᠂ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ)ᠶ᠋ᠢ ᠤᠯᠠᠮᠵᠢᠯᠠᠨ ᠵᠠᠯᠭᠠᠮᠵᠢᠯᠠᠵᠤ ᠱᠢᠨ᠎ᠡ ᠶ᠋ᠢ ᠡᠭᠦᠳᠬᠦ᠌ ᠶ᠋ᠢ ᠠᠬᠢᠭᠤᠯᠵᠤ᠂ ᠬᠢᠲᠠᠳ ᠡᠮ ᠡᠮᠨᠡᠯᠭᠡ(ᠮᠣᠩᠭᠣᠯ ᠡᠮ ᠡᠮᠨᠡᠯᠭᠡ)ᠶ᠋ᠢᠨ ᠣᠳᠣᠬᠢᠴᠢᠯᠠᠯᠲᠠ ᠪᠠ ᠠᠵᠤ ᠦᠢᠯᠡᠰᠵᠢᠯᠲᠡ ᠶ᠋ᠢ ᠲᠦᠷᠭᠡᠳᠭᠡᠬᠦ ᠪᠤᠯᠤᠨ᠎ᠠ᠃

2021 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠬᠢᠯᠡᠯᠲᠡ ᠵᠢᠨ ᠵᠢᠯ ᠪᠤᠯᠬᠤ ᠶᠤᠮ᠂ ᠪᠦᠬᠦ᠌ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠱᠢᠰᠲ᠋ᠧᠮ ᠤ᠋ᠨ ᠬᠢᠨ ᠡᠷᠡᠮᠡᠬᠡᠢᠯᠡᠨ ᠤᠷᠤᠭ᠍ᠰᠢᠯᠠᠵᠤ ᠠᠮᠵᠢᠯᠳᠠ ᠡᠭᠦᠳᠤᠨ᠂ ᠡᠯ᠎ᠡ ᠲᠦᠷᠦᠯ ᠤ᠋ᠨ ᠠᠵᠢᠯ ᠢ᠋ ᠯᠠᠪᠳᠠᠭᠤᠨ ᠵᠢᠡᠷ ᠠᠬᠢᠭᠤᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠶ᠋ᠯᠡᠰ ᠤ᠋ᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠯ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号