ᠵᠠᠬ᠎ᠠ ᠲᠠᠯᠬᠡᠬᠦᠷ ᠤ᠋ᠨ ᠬᠢᠨᠠᠯᠳᠠ ᠬᠠᠮᠢᠶᠠᠷᠤᠯᠳᠠ ᠵᠢᠨ ᠰᠢᠨ᠎ᠡ ᠵᠢ ᠡᠬᠦᠳᠴᠦ ᠠᠵᠤ ᠠᠬᠤᠢ ᠵᠢᠨ ᠬᠦᠭᠵᠢᠯᠲᠡ ᠳ᠋ᠦ ᠬᠦᠴᠦᠲᠦ ᠪᠠᠲᠣᠯᠠᠭ᠎ᠠ ᠬᠠᠩᠭᠠᠯ᠎ᠠ
2022-01-04 09:57:23
ᠵᠣᠬᠢᠶᠠᠭ᠍ᠴᠢ᠄
ᠸᠠᠩ ᠰᠢᠶᠣᠣ ᠮᠢᠩ
ᠣᠩᠱᠢᠭ᠍ᠰᠠᠨ ᠣᠳᠠᠭ᠎ᠠ᠄
★★★☆☆

ᠬᠣᠲᠠᠯᠲᠣᠭ᠎ᠠ ᠡᠷᠬᠢᠯᠡᠬᠦ ᠲᠠᠭᠠᠯᠠᠮᠵᠢᠲᠠᠢ ᠣᠷᠴᠢᠨ᠂ ᠴᠢᠨᠠᠷ ᠰᠠᠢᠲᠠᠢ ᠦᠢᠯᠡᠳᠬᠦᠨ᠂ ᠢᠲᠡᠭᠡᠨ ᠪᠠ ᠡᠮ ᠤ᠋ᠨ ᠵᠦᠢᠯᠡᠰ ᠤ᠋ᠨ ᠠᠮᠣᠷ ᠲᠦᠪᠰᠢᠨ᠂ ᠵᠠᠬ᠎ᠠ ᠲᠡᠯᠭᠡᠬᠦᠷ ᠤ᠋ᠨ ᠡᠷᠬᠡ ᠲᠡᠭᠰᠢ ᠦᠷᠢᠰᠦᠯᠲᠦᠭᠡᠨ ᠁ ᠠᠷᠠᠳ ᠣᠯᠠᠨ ᠤ᠋ ᠡᠳᠦᠷ ᠲᠣᠲᠣᠮ ᠤ᠋ᠨ ᠠᠮᠢᠲᠣᠷᠠᠯ ᠳ᠋ᠦ ᠬᠣᠯᠪᠣᠬᠲᠠᠬᠣ ᠡᠲᠡᠭᠡᠷ ᠪᠦᠬᠦᠨ ᠢ᠋ ᠵᠢᠷᠣᠮᠵᠢᠭᠣᠯᠵᠤ ᠪᠠᠷᠢᠮᠵᠢᠶᠠᠵᠢᠭᠣᠯᠬᠤ ᠵᠢ ᠠᠬᠢᠭᠤᠯᠤᠯ᠎ᠠ᠃ 2021 ᠣᠨ ᠳ᠋ᠦ᠂ ᠮᠠᠨ ᠤ᠋ ᠤᠷᠤᠨ 《ᠠᠮᠤᠷ ᠲᠦᠪᠱᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠨ᠂ ᠠᠷᠠᠳ ᠤ᠋ᠨ ᠠᠮᠢᠳᠤᠷᠠᠯ ᠳ᠋ᠤ ᠠᠩᠬᠠᠷᠤᠯ ᠵᠢᠡᠨ ᠲᠥᠪᠯᠡᠷᠡᠭᠦᠯᠵᠤ᠂ ᠬᠥᠭ᠌ᠵᠢᠯᠲᠡ ᠵᠢᠨ ᠶᠡᠬᠡ ᠲᠠᠯ᠎ᠠ ᠳ᠋ᠤ ᠦᠢᠯᠡᠴᠢᠯᠡᠬᠦ᠌》 ᠭᠤᠷᠪᠠᠨ ᠶᠡᠬᠡ ᠬᠠᠷᠠᠯᠲᠠ ᠵᠢᠨ ᠲᠣᠭᠣᠷᠢᠨ ᠳ᠋ᠦ᠂ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠵᠦ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠪᠠᠨ ᠦᠨᠡᠨ ᠬᠦ᠌ ᠲᠡᠭᠡᠭᠰᠢᠯᠡᠬᠦᠯᠵᠦ᠂ ᠴᠢᠨᠠᠷ ᠰᠠᠢᠲᠠᠢ ᠬᠦᠭᠵᠢᠯᠲᠡ ᠳ᠋ᠦ ᠪᠠᠲᠣᠯᠠᠭ᠎ᠠ ᠬᠠᠩᠭᠠᠬᠰᠠᠨ ᠪᠠᠢᠨ᠎ᠠ᠃

ᠬᠣᠲᠠᠯᠲᠣᠭᠠᠨ ᠤ᠋ ᠠᠵᠢᠯ ᠤ᠋ᠨ ᠲᠦᠷᠢᠮ ᠤ᠋ᠨ ᠦᠭᠡᠷᠡᠴᠢᠯᠡᠯᠲᠡ ᠵᠢ ᠬᠦᠨᠵᠡᠭᠡᠢᠷᠡᠬᠦᠯᠵᠦ ᠵᠠᠬ᠎ᠠ ᠲᠡᠯᠭᠡᠬᠦᠷ ᠤ᠋ᠨ ᠭᠣᠣᠯ ᠴᠣᠬᠴᠠ ᠵᠢᠨ ᠬᠦᠭᠵᠢᠯᠲᠡ ᠵᠢᠨ ᠠᠮᠢᠵᠢᠷᠠᠯ ᠤ᠋ᠨ ᠬᠦᠴᠦᠨ ᠢ᠋ ᠴᠢᠩᠭᠠᠷᠠᠭᠣᠯᠪᠠ᠃ ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ ᠠᠵᠢᠯ ᠶᠠᠪᠤᠳᠠᠯ ᠭᠦᠶ᠋ᠴᠡᠳᠭᠡᠬᠦ᠌ ᠴᠤᠪᠤᠷᠠᠯ ᠢ᠋ ᠱᠢᠯᠢᠳᠡᠭ᠌ᠵᠢᠭᠦᠯᠵᠦ᠍᠂ ᠵᠥᠭᠡᠯᠡᠨ ᠲᠣᠨᠣᠭ ᠤ᠋ᠨ ᠴᠢᠳᠠᠮᠵᠢ ᠵᠢ ᠳᠡᠭᠡᠭ᠌ᠰᠢᠯᠡᠭᠦᠯᠦᠨ᠂ ᠠᠵᠤ ᠠᠬᠤᠢᠯᠠᠯ ᠡᠷᠭᠢᠯᠡᠬᠦ᠌ ᠵᠢ ᠨᠢᠭᠡ ᠭᠣᠭ᠍ᠴᠣᠭ᠎ᠠ ᠪᠤᠯᠭᠠᠨ ᠨᠢᠭᠡ ᠰᠦᠯᠵᠢᠶ᠎ᠡ ᠪᠡᠷ ᠨᠢᠭᠡ ᠯᠡ ᠡᠳᠦᠷ ᠲᠦ᠍ ᠭᠦᠶ᠋ᠴᠡᠳᠭᠡᠬᠦ ᠪᠣᠯᠪᠠ᠃ 《ᠦᠨᠡᠮᠯᠡᠯ ᠪᠠ ᠭᠡᠷᠡᠴᠢ ᠵᠢ ᠰᠠᠯᠭᠠᠬᠤ》 ᠥᠭᠡᠷᠡᠴᠢᠯᠡᠯᠲᠡ ᠵᠢ ᠠᠬᠢᠭᠣᠯᠵᠦ᠂ 541 ᠵᠦᠶ᠋ᠯ ᠤ᠋ᠨ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠵᠦᠶ᠋ᠯ ᠢ᠋ ᠡᠮᠬᠢᠯᠡᠨ ᠳᠢᠭ᠌ᠯᠡᠵᠦ᠍᠂ 2021 ᠤᠨ ᠤ᠋ 7 ᠰᠠᠷ᠎ᠠ ᠵᠢᠨ 1 ᠤ᠋ ᠡᠳᠦᠷ ᠡᠴᠡ ᠡᠬᠢᠯᠡᠨ ᠥᠭᠡᠷᠡᠴᠢᠯᠡᠯᠲᠡ ᠵᠢ ᠬᠡᠷᠡᠭ᠌ᠵᠢᠭᠦᠯᠦᠭ᠌ᠰᠡᠨ ᠡᠴᠡ ᠨᠠᠭᠠᠰᠢ 94029 ᠠᠵᠤ ᠠᠬᠤᠢᠯᠠᠯ ᠳ᠋ᠤ ᠠᠱᠢᠭ ᠬᠦᠷᠲᠡᠭᠡᠭᠰᠡᠨ ᠪᠠᠢᠨ᠎ᠠ᠃ 2021 ᠣᠨ ᠤ᠋ 11 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ᠌ ᠣᠷᠣᠨ ᠳ᠋ᠤ ᠡᠯ᠎ᠡ ᠲᠥᠷᠥᠯ ᠤ᠋ᠨ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠨᠡᠢᠲᠡ 237.83 ᠲᠦᠮᠡᠨ ᠡᠷᠦᠬᠡ ᠪᠠᠢᠵᠤ᠂ 2020 ᠤᠨ ᠤ᠋ ᠠᠳᠠᠯᠢ ᠬᠤᠭᠤᠴᠠᠭᠠᠨ ᠤ᠋ ᠬᠢ ᠡᠴᠡ 5.32% ᠨᠡᠮᠡᠭ᠌ᠳᠡᠨ᠂ ᠡᠳᠦᠷ ᠳᠤᠮᠳᠠᠴᠢ ᠪᠠᠷ 1063 ᠡᠷᠦᠬᠡ ᠱᠢᠨ᠎ᠡ ᠪᠡᠷ ᠳᠡᠩᠰᠡᠯᠡᠵᠦ᠍᠂ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠪᠠ ᠠᠵᠢᠯ ᠣᠯᠭᠣᠯᠲᠠ ᠵᠢᠨ ᠦᠨᠳᠦᠰᠦᠨ ᠪᠠᠢᠳᠠᠯ ᠢ᠋ ᠲᠣᠭ᠍ᠲᠠᠪᠤᠷᠢᠵᠢᠭᠤᠯᠬᠤ ᠳ᠋ᠤ ᠬᠦᠴᠦᠳᠤ ᠲᠤᠯᠭᠠᠭᠤᠷᠢᠯᠠᠯ ᠬᠠᠩᠭᠠᠬᠰᠠᠨ ᠠᠵᠢ᠃

ᠠᠮᠣᠷ ᠲᠦᠪᠰᠢᠨ ᠤ᠋ ᠬᠣᠷᠢᠭ᠎ᠠ ᠱᠣᠭᠣᠮ ᠢ᠋ ᠪᠠᠲᠣ ᠰᠠᠬᠢᠵᠦ᠂ ᠠᠮᠣᠷ ᠲᠦᠪᠰᠢᠨ ᠲᠣᠬᠲᠠᠭᠣᠨ ᠵᠠᠬ᠎ᠠ ᠲᠡᠯᠭᠡᠬᠦᠷ ᠤ᠋ᠨ ᠣᠷᠴᠢᠨ ᠲᠣᠭᠣᠷᠢᠨ ᠢ᠋ ᠪᠣᠢ ᠪᠣᠯᠭᠠᠪᠠ᠃ 《ᠳᠥᠷᠪᠡᠨ ᠬᠠᠮᠤᠭ ᠤ᠋ᠨ ᠴᠢᠩᠭ᠎ᠠ》 ᠱᠠᠭᠠᠷᠳᠠᠯᠭ᠎ᠠ ᠵᠢ ᠨᠠᠢᠳᠠᠪᠤᠷᠢᠵᠢᠭᠤᠯᠵᠤ᠂ ᠢᠳᠡᠭᠡᠨ ᠤ᠋ ᠵᠦᠢᠯ᠂ ᠡᠮ ᠤ᠋ᠨ ᠵᠦᠶ᠋ᠯ᠂ ᠣᠨᠴᠠᠭᠠᠢ ᠲᠥᠷᠥᠯ ᠤ᠋ᠨ ᠲᠥᠬᠥᠭᠡᠷᠦᠮᠵᠢ᠂ ᠭᠤᠤᠯᠳᠠᠯᠭ᠎ᠠ ᠲᠠᠶ ᠠᠵᠤ ᠦᠶ᠋ᠯᠡᠳᠪᠦᠷᠢ ᠵᠢᠨ ᠦᠶ᠋ᠯᠡᠳᠬᠦᠨ ᠵᠡᠷᠭᠡ《ᠳᠥᠷᠪᠡᠨ ᠶᠡᠬᠡ ᠬᠦᠷᠢᠶ᠎ᠡ ᠴᠠᠷᠠᠭ᠎ᠠ》 ᠵᠢᠨ ᠲᠣᠭᠣᠷᠢᠨ ᠳ᠋ᠤ《ᠲᠦᠭ᠌ᠰᠢᠭᠦᠷᠢ ᠵᠢᠨ ᠴᠡᠭ ᠤ᠋ᠨ ᠬᠠᠷᠢᠭᠤᠴᠠᠯᠭ᠎ᠠ ᠵᠢᠨ ᠬᠡᠯᠬᠢᠶ᠎ᠡ》 ᠵᠢᠨ ᠱᠢᠰᠲ᠋ᠧᠮ ᠢ᠋ ᠪᠣᠳᠠᠲᠠᠢᠵᠢᠭᠤᠯᠵᠤ᠂ ᠶᠠᠰᠤ ᠴᠢᠨᠠᠷ ᠤ᠋ᠨ ᠠᠮᠤᠷ ᠲᠦᠪᠱᠢᠨ ᠤ᠋ ᠲᠦᠭ᠌ᠰᠢᠭᠦᠷᠢ ᠵᠢ ᠬᠠᠮᠢᠶᠠᠷᠤᠨ ᠡᠵᠡᠮᠳᠡᠬᠦ᠌ ᠰᠠᠨᠠᠭᠠᠴᠢᠯᠠᠭᠠᠲᠤ ᠴᠢᠨᠠᠷ ᠢ᠋ ᠴᠢᠩᠭᠠᠳᠭᠠᠪᠠ᠃ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠭᠤᠤᠯᠳᠠᠯᠭ᠎ᠠ ᠲᠠᠶ ᠬᠦᠷᠢᠶ᠎ᠡ ᠴᠠᠷᠠᠭ᠎ᠠ ᠵᠢᠨ ᠲᠦᠭ᠌ᠰᠢᠭᠦᠷᠢ ᠵᠢ ᠬᠠᠮᠢᠶᠠᠷᠤᠨ ᠡᠵᠡᠮᠳᠡᠬᠦ᠌ ᠱᠢᠰᠲ᠋ᠧᠮ ᠢ᠋ ᠪᠥᠬᠥ᠌ ᠲᠠᠯ᠎ᠠ ᠪᠠᠷ ᠳᠡᠯᠭᠡᠷᠡᠭᠦᠯᠦᠨ ᠬᠡᠷᠡᠭ᠌ᠯᠡᠵᠦ᠂ ᠪᠥᠬᠥ᠌ ᠣᠷᠣᠨ ᠳ᠋ᠤ ᠨᠢᠭᠡᠨᠲᠡ ᠲᠦᠷᠦᠭᠦᠦ ᠪᠦᠯᠦᠭ ᠤ᠋ᠨ 20 ᠲᠦᠮᠡᠨ ᠡᠷᠦᠬᠡ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢ ᠡᠨᠳᠡ ᠨᠣᠲᠣᠬᠰᠢᠭᠤᠯᠤᠨ᠂ ᠲᠦᠭ᠌ᠰᠢᠭᠦᠷᠢ ᠶᠡᠬᠡᠲᠡᠶ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ ᠥᠪᠡᠰᠦᠪᠡᠨ ᠪᠠᠢᠴᠠᠭᠠᠬᠤ ᠨᠣᠷᠮ᠎ᠠ 54.34% ᠳ᠋ᠤ ᠬᠦᠷᠴᠠᠢ᠃

ᠲᠤᠰᠬᠠᠢ ᠠᠵᠢᠯᠯᠠᠭ᠎ᠠ ᠦᠷᠨᠢᠬᠦᠯᠵᠤ ᠠᠵᠦ ᠠᠬᠣᠢ ᠨᠡᠢᠭᠡᠮ ᠤ᠋ᠨ ᠴᠢᠨᠠᠷ ᠰᠠᠢᠲᠠᠢ ᠬᠦᠭᠵᠢᠯᠲᠡ ᠵᠢ ᠪᠦᠬᠦ ᠬᠦᠴᠦᠨ ᠶ᠋ᠢᠡᠷ ᠠᠬᠢᠭᠣᠯᠪᠠ᠃ ᠪᠠᠷᠢᠮᠵᠢᠶᠠᠵᠢᠭᠤᠯᠤᠯᠲᠠ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠦᠷᠨᠢᠬᠦᠯᠵᠤ᠂ ᠥᠪᠡᠷᠲᠡᠭᠡᠨ ᠵᠠᠰᠠᠬᠤ ᠣᠷᠣᠨ ᠤ᠋ ᠠᠵᠤ ᠦᠢᠯᠡᠰ ᠤ᠋ᠨ ᠬᠥᠭ᠌ᠵᠢᠯᠲᠡ ᠵᠢᠨ ᠬᠡᠷᠡᠭ᠌ᠴᠡᠭᠡ ᠱᠠᠭᠠᠷᠳᠠᠯᠭ᠎ᠠ ᠲᠠᠶ ᠨᠢᠭ᠍ᠲᠠ ᠤᠶᠠᠯᠳᠤᠭᠤᠯᠤᠨ ᠪᠣᠬᠢᠷᠲᠤᠯ ᠦᠭᠡᠢ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ᠂ ᠡᠨᠧᠷᠭᠢ᠂ ᠬᠢᠮᠢ ᠵᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠵᠢᠨ ᠪᠠᠷᠢᠮᠵᠢᠶᠠᠨ ᠤ᠋ ᠱᠢᠰᠲᠸᠮ ᠤ᠋ᠨ 79 ᠲᠦᠷᠦᠯ ᠤ᠋ᠨ 1739 ᠵᠤᠢᠯ ᠢ᠋ ᠪᠠᠢᠭᠤᠯᠵᠤ᠂ ᠠᠵᠤ ᠦᠢᠯᠡᠰ ᠢ᠋ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌ ᠵᠢ ᠬᠦᠳᠦᠯᠦᠨ ᠳᠠᠭᠠᠭᠤᠯᠬᠤ ᠪᠠᠷᠢᠮᠵᠢᠶᠠᠲᠤ ᠪᠦᠯᠦᠭ᠌ᠵᠢᠯ ᠢ᠋ ᠪᠦᠷᠢᠯᠳᠦᠭᠦᠯᠪᠡ; ᠪᠠᠷᠢᠮᠵᠢᠶᠠᠵᠢᠭᠤᠯᠤᠭᠰᠠᠨ ᠬᠠᠩᠭᠠᠯᠭ᠎ᠠ ᠵᠢ ᠥᠷᠭᠡᠳᠭᠡᠨ᠂ 2021 ᠣᠨ ᠳ᠋ᠤ ᠨᠡᠢᠲᠡ 2127 ᠣᠷᠣᠨ ᠨᠤᠲᠤᠭ ᠤ᠋ᠨ ᠪᠠᠷᠢᠮᠵᠢᠶ᠎ᠠ ᠵᠢ ᠲᠣᠭ᠍ᠲᠠᠭᠠᠵᠤ᠂ ᠪᠥᠬᠥ᠌ ᠤᠯᠤᠰ ᠤ᠋ᠨ ᠶᠢᠰᠦᠳᠦᠭᠡᠷ ᠲᠦ᠍ ᠵᠢᠭ᠍ᠰᠠᠪᠠ; ᠤᠯᠤᠰ ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠲᠤᠷᠱᠢᠯᠲᠠ ᠵᠢᠨ ᠴᠡᠭ ᠤ᠋ᠨ ᠵᠢᠱ᠌ᠢᠶ᠎ᠡ ᠦᠵᠡᠭᠦᠯᠬᠦ᠌ 412 ᠲᠥᠷᠥᠯ ᠵᠦᠶ᠋ᠯ ᠢ᠋ ᠡᠭᠦᠳᠦᠨ ᠪᠠᠢᠭᠤᠯᠵᠤ᠂ ᠮᠸᠩ ᠨᠢᠤ ᠪᠦᠯᠦᠭ᠌ᠯᠡᠯ ᠤᠯᠤᠰ ᠤ᠋ᠨ ᠮᠡᠷᠭᠡᠵᠢᠯ ᠤ᠋ᠨ ᠪᠠᠷᠢᠮᠵᠢᠶ᠎ᠠ ᠵᠢᠨ ᠱᠢᠨ᠎ᠡ ᠵᠢ ᠡᠭᠦᠳᠬᠦ᠌ ᠰᠠᠭᠤᠷᠢᠨ ᠢ᠋ ᠪᠠᠢᠭᠤᠯᠪᠠ᠃ ᠪᠣᠬᠢᠷᠲᠤᠯ ᠦᠭᠡᠢ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠠᠵᠤ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠠᠵᠢᠯᠯᠠᠭ᠎ᠠ ᠦᠷᠨᠢᠬᠦᠯᠵᠤ᠂ ᠢᠮᠠᠭᠠᠨ ᠨᠣᠤᠯᠤᠭᠣᠷ᠂ ᠮᠣᠩᠭᠣᠯ ᠬᠢᠲᠠᠳ ᠡᠮ᠂ ᠲᠣᠨᠣᠭᠯᠠᠯ ᠦᠶ᠋ᠯᠡᠳᠬᠦ᠌ ᠵᠡᠷᠭᠡ ᠨᠠᠶ᠋ᠮᠠᠨ ᠶᠡᠬᠡ ᠠᠵᠤ ᠦᠶ᠋ᠯᠡᠰ ᠤ᠋ᠨ ᠬᠡᠯᠬᠢᠶ᠎ᠡ ᠵᠢᠨ ᠲᠣᠭᠣᠷᠢᠨ ᠳ᠋ᠤ 124 ᠠᠵᠤ ᠠᠬᠤᠢᠯᠠᠯ ᠳ᠋ᠤ ᠶᠠᠰᠤ ᠴᠢᠨᠠᠷ ᠤ᠋ᠨ ᠰᠠᠭᠤᠷᠢ ᠵᠢᠨ《ᠨᠢᠭᠡ ᠥᠷᠲᠡᠭᠡᠴᠢᠯᠡᠭᠰᠡᠨ》ᠦᠶ᠋ᠯᠡᠴᠢᠯᠡᠭᠡ ᠬᠠᠩᠭᠠᠵᠤ᠂ ᠳᠡᠭᠡᠳᠦ ᠳᠤᠤᠷᠠᠳᠤ ᠬᠡᠯᠬᠢᠶ᠎ᠡ ᠵᠢᠨ ᠠᠵᠤ ᠦᠶ᠋ᠯᠡᠰ ᠤ᠋ᠨ 400 ᠱᠢᠬᠠᠮ ᠠᠵᠤ ᠠᠬᠤᠢᠯᠠᠯ ᠢ᠋ ᠳᠠᠢᠴᠢᠯᠠᠨ ᠠᠱᠢᠭ ᠬᠦᠷᠲᠡᠭᠡᠭᠰᠡᠨ ᠪᠠᠢᠨ᠎ᠠ᠃ ᠥᠪᠥᠷ ᠮᠣᠩᠭᠣᠯ ᠤ᠋ᠨ ᠨᠠᠷᠠᠲᠤ ᠲᠥᠷᠥᠯ ᠲᠡᠮᠳᠡᠭ᠌ᠲᠦ᠍ ᠵᠢ ᠴᠤᠬᠴᠠᠯᠠᠬᠤ ᠠᠵᠢᠯᠯᠠᠭ᠎ᠠ ᠦᠷᠨᠢᠬᠦᠯᠵᠤ᠂ ᠬᠠᠮᠢᠶ᠎ᠠ ᠪᠦᠬᠦᠢ ᠠᠵᠤ ᠠᠬᠤᠢᠯᠠᠯ ᠢ᠋ ᠵᠤᠬᠢᠶᠠᠨ ᠪᠠᠢᠭᠤᠯᠵᠦ 《ᠦᠪᠦᠷ ᠮᠣᠩᠭᠣᠯ》 ᠨᠡᠷᠡᠮᠵᠢᠳᠤ ᠨᠡᠷᠡᠲᠦ ᠲᠥᠷᠥᠯ ᠲᠡᠮᠳᠡᠭ᠌ ᠤ᠋ᠨ ᠪᠦᠬᠦᠯᠢ ᠴᠣᠭ᠍ᠴᠠ ᠵᠢᠨ ᠳᠦᠷᠢ ᠲᠥᠷᠬᠦ᠌ ᠪᠡᠷ ᠠᠷᠪᠠᠨ ᠵᠢᠷᠭᠤᠳᠤᠭᠠᠷ ᠬᠤᠭᠤᠴᠠᠭᠠᠨ ᠤ᠋ ᠵᠡᠭᠦᠨ ᠠᠽᠢᠶ᠎ᠠ ᠵᠢᠨ ᠣᠯᠠᠨ ᠤᠯᠤᠰ ᠤ᠋ᠨ ᠢᠳᠡᠭᠡᠨ ᠤ᠋ ᠠᠷᠠᠯᠵᠢᠶᠠᠨ ᠤ᠋ ᠦᠵᠡᠰᠭᠦᠯᠡᠩ᠎ᠳᠦ ᠣᠷᠣᠯᠴᠠᠭᠤᠯᠪᠠ; ᠱᠧᠨᠵᠧᠨ᠂ ᠵᠧᠵᠢᠶᠠᠩ᠂ ᠱᠠᠩᠬᠠᠶ᠂ ᠱᠠᠨᠳᠦ᠋ᠩ ᠵᠡᠷᠭᠡ ᠭᠠᠵᠠᠷ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠯᠦᠭᠡ ᠣᠷᠣᠨ ᠪᠦᠰᠡ ᠵᠢᠨ ᠨᠠᠷᠠᠲᠤ ᠲᠥᠷᠥᠯ ᠲᠡᠮᠳᠡᠭ᠌ ᠤ᠋ᠨ ᠬᠠᠮᠲᠤᠷᠠᠯᠴᠠᠭ᠎ᠠ ᠪᠤᠯᠤᠨ ᠦᠶ᠋ᠯᠡᠳᠬᠦᠨ ᠤ᠋ ᠭᠡᠷᠡᠴᠢᠯᠡᠯ ᠢ᠋ ᠬᠠᠷᠢᠯᠴᠠᠨ ᠮᠡᠳᠡᠷᠡᠬᠦ᠌ ᠵᠢ ᠢᠳᠡᠪᠬᠢᠲᠡᠶ ᠠᠬᠢᠭᠤᠯᠵᠤ᠂ 《ᠥᠪᠥᠷ ᠮᠣᠩᠭᠣᠯ》 ᠨᠠᠷᠡᠮᠵᠢᠳᠤ ᠨᠠᠷᠠᠲᠤ ᠲᠥᠷᠥᠯ ᠲᠡᠮᠳᠡᠭ᠌ ᠤ᠋ᠨ ᠨᠥᠯᠥᠭᠡᠯᠡᠬᠦ᠌ ᠬᠦᠴᠦᠨ ᠢ᠋ ᠲᠠᠰᠤᠷᠠᠯᠲᠠ ᠥᠬᠡᠶ ᠥᠷᠭᠡᠳᠭᠡᠪᠡ᠃ ᠣᠷᠣᠨ ᠨᠤᠲᠤᠭ ᠤ᠋ᠨ ᠣᠨᠴᠠᠯᠢᠭ᠍ᠲᠤ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠤᠰᠭᠠᠶ ᠠᠵᠢᠯᠯᠠᠭ᠎ᠠ ᠦᠷᠨᠢᠬᠦᠯᠵᠤ᠂ ᠲᠦᠷᠦᠭᠦᠦ ᠪᠦᠯᠦᠭ ᠲᠤᠷᠱᠢᠯᠲᠠ ᠵᠢᠨ ᠴᠡᠭ ᠢ᠋ ᠱᠢᠯᠭᠠᠨ ᠠᠪᠬᠤ᠂ ᠱᠢᠨ᠎ᠡ ᠪᠣᠭᠣᠳᠠᠯ ᠱᠢᠨ᠎ᠡ ᠬᠡᠪ ᠢ᠋ ᠳᠡᠯᠭᠡᠷᠡᠭᠦᠯᠦᠨ ᠬᠡᠷᠡᠭ᠌ᠯᠡᠬᠦ᠌᠂ ᠣᠷᠣᠨ ᠪᠦᠰᠡ ᠵᠢᠨ ᠨᠠᠷᠠᠲᠤ ᠲᠥᠷᠥᠯ ᠲᠡᠮᠳᠡᠭ᠌ ᠢ᠋ ᠴᠤᠭᠴᠠᠯᠠᠬᠤ᠂ ᠬᠣᠱᠢᠭᠤᠴᠢ ᠳᠡᠯᠭᠡᠭᠦᠷ ᠪᠠᠢᠭᠤᠯᠬᠤ᠂ ᠰᠦᠯᠵᠢᠶᠡᠨ ᠳᠡᠭᠡᠷ᠎ᠡ ᠪᠣᠷᠣᠯᠠᠭᠤᠯᠬᠤ ᠠᠷᠭ᠎ᠠ ᠵᠠᠮ ᠢ᠋ ᠥᠷᠭᠡᠳᠭᠡᠬᠦ᠌ ᠵᠡᠷᠭᠡ ᠠᠵᠢᠯ ᠢ᠋ ᠯᠠᠪᠳᠠᠭᠤᠨ ᠪᠠᠲᠤᠲᠠᠶ ᠠᠬᠢᠭᠤᠯᠵᠤ᠂ ᠪᠥᠬᠥ᠌ ᠣᠷᠣᠨ ᠤ᠋ ᠦᠨᠡᠮᠯᠡᠯ ᠣᠯᠤᠭ᠍ᠰᠠᠨ ᠴᠠᠭᠠᠨ ᠢᠳᠡᠬᠡᠨ ᠪᠤᠯᠪᠠᠰᠤᠷᠠᠭᠤᠯᠬᠤ ᠦᠶ᠋ᠯᠡᠳᠭᠡᠯ ᠤ᠋ᠨ ᠭᠠᠵᠠᠷ 746 ᠪᠠᠢᠭ᠍ᠰᠠᠨ ᠡᠴᠡ ᠪᠠᠨ ᠨᠡᠮᠡᠭ᠌ᠳᠡᠭᠡᠳ 1278 ᠪᠣᠯᠵᠣ᠂ ᠠᠵᠤ ᠠᠬᠤᠢᠯᠠᠯ 16 ᠪᠠᠢᠭ᠍ᠰᠠᠨ ᠡᠴᠡ ᠪᠠᠨ ᠨᠡᠮᠡᠭ᠌ᠳᠡᠭᠡᠳ 26 ᠪᠣᠯᠵᠣ᠂ ᠵᠢᠯ ᠤ᠋ᠨ ᠦᠶ᠋ᠯᠡᠳᠬᠦᠨ ᠤ᠋ ᠥᠷᠲᠡᠭ ᠨᠢ 15 ᠳ᠋ᠦᠩᠱᠢᠭᠤᠷ ᠲᠥᠭᠥᠷᠢᠭ ᠲᠦ᠍ ᠬᠥᠷᠪᠡ᠃ ᠱᠢᠯᠭᠠᠨ ᠪᠠᠢᠴᠠᠭᠠᠵᠤ ᠱᠢᠯᠭᠠᠨ ᠬᠡᠮᠵᠢᠬᠦ᠌ ᠴᠢᠳᠠᠪᠤᠷᠢ ᠪᠠᠨ ᠳᠡᠭᠡᠭ᠌ᠰᠢᠯᠡᠭᠦᠯᠬᠦ᠌ ᠠᠵᠢᠯᠯᠠᠭ᠎ᠠ ᠦᠷᠨᠢᠬᠦᠯᠵᠤ᠂ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠴᠢᠩᠭᠠᠳᠬᠠᠬᠤ᠂ ᠬᠠᠮᠢᠶᠠᠷᠤᠯᠲᠠ ᠪᠠᠷ ᠤᠷᠮᠠᠱᠢᠭᠤᠯᠬᠤ ᠵᠢ ᠱᠢᠯᠢᠳᠡᠭ᠌ᠵᠢᠭᠦᠯᠬᠦ᠌᠂ ᠮᠡᠷᠭᠡᠵᠢᠯ ᠤ᠋ᠨ ᠴᠢᠳᠠᠪᠤᠷᠢᠲᠠᠨ ᠣᠷᠣᠭᠤᠯᠤᠨ ᠠᠪᠴᠢᠷᠠᠬᠤ᠂ ᠮᠡᠷᠭᠡᠵᠢᠯ ᠴᠢᠳᠠᠪᠤᠷᠢ ᠵᠢᠨ《ᠮᠥᠷᠥᠢᠴᠡᠭᠡᠨ》ᠥᠷᠨᠢᠭᠦᠯᠬᠦ᠌᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠴᠢᠳᠠᠪᠤᠷᠢ ᠵᠢ ᠳᠡᠭᠡᠭ᠌ᠰᠢᠯᠡᠭᠦᠯᠬᠦ᠌ ᠵᠡᠷᠭᠡ ᠠᠷᠭ᠎ᠠ ᠬᠡᠮᠵᠢᠶ᠎ᠡ ᠪᠡᠷ ᠲᠠᠮᠵᠢᠨ ᠮᠠᠨ ᠤ᠋ ᠣᠷᠣᠨ ᠤ᠋ ᠪᠠᠢᠴᠠᠭᠠᠨ ᠱᠢᠯᠭᠠᠵᠤ ᠪᠠᠢᠴᠠᠭᠠᠨ ᠱᠢᠨᠵᠢᠬᠦ᠌ ᠬᠢᠷᠢ ᠬᠡᠮᠵᠢᠶ᠎ᠡ ᠵᠢ ᠪᠥᠬᠥ᠌ ᠲᠠᠯ᠎ᠠ ᠪᠠᠷ ᠳᠡᠭᠡᠭ᠌ᠰᠢᠯᠡᠭᠦᠯᠪᠡ᠃ ᠡᠬᠦᠨ ᠳ᠋ᠤ ᠢᠯᠢ ᠪᠦᠯᠦᠭ᠌ᠯᠡᠯ 《ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠶᠠᠰᠤ ᠴᠢᠨᠠᠷ ᠤ᠋ᠨ ᠱᠠᠩᠨᠠᠯ ᠤ᠋ᠨ ᠨᠡᠷ᠎ᠡ ᠳᠤᠷᠠᠳᠤᠭ᠍ᠰᠠᠨ ᠱᠠᠩᠨᠠᠯ》ᠭᠥᠷᠳᠡᠵᠦ᠂ ᠪᠤᠭᠤᠲᠤ ᠬᠣᠲᠠ ᠪᠥᠬᠥ᠌ ᠤᠯᠤᠰ ᠤ᠋ᠨ ᠠᠩᠬᠠᠳᠠᠭ᠍ᠴᠢ ᠪᠦᠯᠦᠭ ᠪᠠᠷᠢᠮᠵᠢᠶᠠᠵᠢᠭᠰᠠᠨ ᠳᠡᠯᠡᠬᠡᠢᠵᠢᠭ᠌ᠰᠡᠨ ᠱᠢᠨ᠎ᠡ ᠵᠢ ᠡᠭᠦᠳᠬᠦ᠌ ᠬᠡᠯᠪᠡᠷᠢ ᠵᠢᠨ ᠬᠣᠲᠠ ᠵᠢ ᠠᠮᠵᠢᠯᠲᠠ ᠲᠠᠶ ᠡᠭᠦᠳᠦᠨ ᠪᠠᠢᠭᠤᠯᠵᠤ᠂ ᠲᠥᠷᠥ ᠵᠢᠨ ᠶᠠᠪᠤᠳᠠᠯ ᠤ᠋ᠨ ᠬᠣᠷᠢᠶ᠎ᠠ ᠳ᠋ᠤ 《2020 ᠣᠨ ᠳ᠋ᠤ ᠬᠣᠯᠪᠣᠭ᠍ᠳᠠᠯ ᠪᠥᠬᠥᠶ ᠴᠢᠬᠤᠯᠠ ᠶᠡᠬᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠵᠤ ᠦᠨᠡᠨ ᠬᠦ᠌ ᠠᠳᠭᠤᠨ ᠪᠣᠳᠠᠲᠠᠶ ᠠᠵᠢᠯᠯᠠᠵᠤ ᠶᠠᠰᠤ ᠴᠢᠨᠠᠷ ᠤ᠋ᠨ ᠠᠵᠢᠯ ᠤ᠋ᠨ ᠦᠷ᠎ᠡ ᠪᠦᠲᠦᠮᠵᠢ ᠪᠡᠷ ᠲᠣᠪᠣᠢᠮ᠎ᠠ ᠭᠠᠵᠠᠷ ᠣᠷᠣᠨ》 ᠭᠡᠵᠦ᠍ ᠦᠨᠡᠯᠡᠭ᠌ᠳᠡᠪᠡ᠃ ᠡᠳᠡᠬᠡᠷ ᠠᠵᠢᠯᠯᠠᠭ᠎ᠠ ᠪᠡᠷ ᠲᠠᠮᠵᠢᠨ ᠨᠡᠢᠲᠡ 2100 ᠭᠠᠷᠤᠶ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠳ᠋ᠤ ᠠᠱᠢᠭ ᠬᠦᠷᠲᠡᠭᠡᠨ᠂ ᠨᠡᠢᠳᠡ 76 ᠳ᠋ᠦᠩᠱᠢᠭᠤᠷ ᠲᠥᠭᠥᠷᠢᠭ ᠤ᠋ᠨ ᠦᠷ᠎ᠡ ᠠᠱᠢᠭ ᠡᠭᠦᠳᠴᠦ᠍᠂ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠳ᠋ᠤ ᠬᠦᠴᠦᠨ ᠨᠡᠮᠡᠷᠢᠯᠡᠭᠰᠡᠨ ᠪᠠᠢᠨ᠎ᠠ᠃

ᠵᠠᠬ᠎ᠠ ᠲᠡᠯᠭᠡᠬᠦᠷ ᠤ᠋ᠨ ᠲᠦᠭᠵᠢᠷᠡᠯ ᠢ᠋ ᠰᠢᠯᠣᠭᠣᠳᠬᠠᠵᠦ᠂ ᠬᠦᠭᠵᠢᠯᠲᠡ ᠵᠢᠨ ᠰᠢᠨ᠎ᠡ ᠪᠠᠢᠷᠢᠰᠢᠯ ᠢ᠋ ᠪᠠᠢᠭᠣᠯᠬᠣ ᠳ᠋ᠦ ᠦᠢᠯᠡᠴᠢᠯᠡᠪᠡ᠃ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠯ ᠎ᠤᠨ ᠡᠷᠬᠡ ᠵᠢᠨ ᠬᠠᠮᠠᠭᠠᠯᠠᠯᠲᠠ ᠵᠢ ᠴᠢᠩᠭᠠᠳᠭᠠᠨ᠂ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠯ᠎ᠤᠨ ᠡᠷᠬᠡ ᠵᠢᠨ ᠬᠠᠮᠲᠤᠷᠠᠨ ᠵᠥᠪᠳᠡᠯᠴᠡᠬᠦ᠌ ᠲᠣᠭ᠍ᠲᠠᠴᠠ ᠵᠢ ᠪᠠᠢᠭᠤᠯᠤᠨ᠂ ᠳᠤᠮᠳᠠᠳᠤ ᠤᠯᠤᠰ(ᠥᠪᠥᠷ ᠮᠣᠩᠭᠣᠯ)ᠤ᠋ᠨ ᠮᠡᠳᠡᠯᠭᠡ ᠵᠢᠨ ᠪᠦᠲᠦᠭᠡᠭ᠌ᠳᠡᠬᠦᠨ ᠤ᠋ ᠥᠮᠴᠢᠯᠡᠬᠦ᠌ ᠡᠷᠬᠡ ᠵᠢᠨ ᠬᠠᠮᠠᠭᠠᠯᠠᠯᠲᠠ ᠵᠢᠨ ᠲᠥᠪ ᠢ᠋ ᠪᠠᠢᠭᠤᠯᠵᠤ᠂ ᠭᠠᠵᠠᠷ ᠵᠦᠶ ᠵᠢᠨ ᠢᠯᠡᠷᠬᠡᠢᠯᠡᠯᠳᠤ ᠬᠣᠶᠠᠷ ᠪᠦᠯᠦᠭ ᠦᠶ᠋ᠯᠡᠳᠬᠦᠨ ᠢ᠋ ᠳᠤᠮᠳᠠᠳᠤ ᠧᠦ᠋ᠷᠣᠫᠠ ᠵᠢᠨ ᠭᠠᠵᠠᠷ ᠵᠦᠶ ᠵᠢᠨ ᠢᠯᠡᠷᠬᠡᠢᠯᠡᠯᠳᠤ ᠦᠢᠯᠡᠳᠬᠦᠨ ᠢ᠋ ᠬᠠᠮᠠᠭᠠᠯᠠᠬᠤ ᠬᠡᠯᠡᠯᠴᠡᠭᠡᠷ ᠲᠦ᠍ ᠣᠷᠣᠭᠣᠯᠪᠠ᠃ ᠭᠠᠭ᠍ᠴᠠᠭᠠᠷ ᠡᠵᠡᠮᠱᠢᠯ ᠢ᠋ ᠡᠰᠡᠷᠭᠦᠴᠡᠬᠦ᠌ ᠪᠠ ᠵᠦᠶ ᠪᠤᠰᠤ ᠥᠷᠢᠰᠥᠯᠳᠦᠭᠡᠨ ᠢ᠋ ᠡᠰᠡᠷᠭᠦᠴᠡᠬᠦ᠌ ᠬᠠᠤᠯᠢ ᠬᠡᠷᠡᠭ᠌ᠵᠢᠭᠦᠯᠦᠯᠲᠡ ᠵᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠵᠠᠰᠠᠭ ᠤ᠋ᠨ ᠣᠷᠳᠣᠨ ᠢ᠋ ᠬᠠᠮᠤᠷᠤᠭ᠍ᠰᠠᠨ ᠡᠷᠬᠡ ᠲᠡᠭ᠌ᠰᠢ ᠥᠷᠢᠰᠥᠯᠳᠦᠭᠡᠨ ᠤ᠋ ᠬᠢᠨᠠᠨ ᠪᠠᠢᠴᠠᠭᠠᠬᠤ ᠲᠦᠷᠢᠮ ᠢ᠋ ᠪᠠᠢᠭᠤᠯᠵᠤ᠂ 59237 ᠬᠤᠪᠢ ᠦᠯᠡᠳᠡᠭᠡᠯ ᠪᠢᠴᠢᠭ ᠮᠠᠲ᠋ᠧᠷᠢᠶᠠᠯ ᠢ᠋ ᠢᠯᠭᠠᠷᠠᠭᠤᠯᠤᠨ ᠭᠠᠷᠭᠠᠵᠤ 285 ᠬᠤᠪᠢ ᠵᠢ ᠨᠢ ᠬᠦᠴᠦᠨ ᠥᠬᠡᠶ ᠪᠣᠯᠭᠠᠵᠤ ᠵᠠᠰᠠᠪᠤᠷᠢ ᠣᠷᠣᠭᠤᠯᠤᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号