ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍ ᠨᠠᠮ᠎ᠤᠨ ᠲᠣᠭ᠎ᠢ ᠢᠨᠲ᠋ᠧᠷ ᠰᠦᠯᠵᠢᠶᠡᠨ᠎ᠦ ᠵᠢᠭ᠍ᠰᠠᠭᠠᠯ᠎ᠤᠨ ᠭᠠᠵᠠᠷ᠎ᠲᠤ ᠥᠨᠳᠥᠷ ᠨᠠᠮᠢᠷᠠᠭᠤᠯᠤᠨ᠎ᠠ
2022-01-04 09:34:05
ᠵᠣᠬᠢᠶᠠᠭ᠍ᠴᠢ᠄
ᠤᠯᠠᠭᠠᠨ ᠨᠠᠷᠠᠰᠤ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶᠠᠨ᠎ᠤ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠬᠢᠵᠢᠯᠳᠠ᠎ᠶ᠋ᠢᠨ ᠬᠤᠷᠢᠶᠠᠨ᠎ᠤ ᠠᠯᠪᠠᠨ ᠬᠡᠷ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠡᠴᠡ ᠪᠣᠯᠤᠭ᠍ᠰᠠᠨ ᠠᠶᠤᠯ ᠲᠦᠭ᠌ᠰᠢᠭᠦᠷᠢ ᠥᠷᠢᠰᠥᠯᠳᠦᠭᠡᠨ᠎ᠳᠦ ᠬᠠᠨᠳᠤᠭᠤᠯᠵᠤ᠂ ᠡᠭᠦᠷᠭᠡ ᠴᠢᠳᠠᠪᠬᠢ᠎ᠳᠠᠭᠠᠨ ᠰᠠᠭᠤᠷᠢᠯᠠᠨ ᠦᠶ᠋ᠯᠡᠳᠦᠯ᠎ᠢᠶᠡᠨ ᠪᠠᠳᠠᠷᠠᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠷᠢᠭ᠍ᠯᠠᠯᠲᠠ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠠᠷᠢᠭᠤᠨ ᠴᠢᠬᠡᠴᠢ ᠡᠮᠬᠢ ᠵᠢᠷᠤᠮ᠎ᠲᠠᠶ ᠰᠦᠯᠵᠢᠶᠡᠨ᠎ᠦ ᠣᠷᠣᠨ ᠵᠠᠶ᠎ᠶ᠋ᠢ ᠪᠣᠶ ᠪᠣᠯᠭᠠᠵᠤ᠂ ᠨᠠᠮ᠎ᠤᠨ ᠲᠣᠭ᠎ᠢ ᠢᠨᠲ᠋ᠧᠷ ᠰᠦᠯᠵᠢᠶᠡᠨ᠎ᠦ ᠵᠢᠭ᠍ᠰᠠᠭᠠᠯ᠎ᠤᠨ ᠭᠠᠵᠠᠷ᠎ᠲᠤ ᠥᠨᠳᠥᠷ ᠨᠠᠮᠢᠷᠠᠭᠤᠯᠪᠠ᠃

ᠬᠢᠵᠢᠭ᠎ᠤᠨ ᠪᠠᠢᠳᠠᠯ ᠡᠬᠦᠰᠦᠭᠰᠡᠨ᠎ᠤ ᠲᠠᠷᠠᠭ᠎ᠠ᠂ ᠲᠤᠰ ᠠᠯᠪᠠᠨ ᠬᠡᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠦᠳᠲᠡᠷ ᠲᠦᠷᠭᠡᠨ ᠰᠤᠳᠤᠯᠤᠨ ᠪᠠᠢᠷᠢᠯᠠᠭᠤᠯᠵᠦ᠍ ᠳᠠᠢᠴᠢᠯᠠᠯᠳᠠ ᠬᠢᠵᠦ᠍᠂ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠲᠤᠰᠭᠠᠶ ᠠᠩᠭᠢ ᠵᠣᠬᠢᠶᠠᠨ ᠪᠠᠢᠭᠤᠯᠵᠤ ᠲᠥᠰᠦᠯ ᠲᠣᠭ᠍ᠲᠠᠭᠠᠵᠦ᠍ ᠂ ᠰᠦᠯᠵᠢᠶᠡᠨ ᠳᠡᠭᠡᠷᠡᠬᠢ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ᠎ᠦ ᠵᠢᠯᠣᠭᠣᠳᠤᠮᠵᠢ᠂ ᠰᠦᠯᠵᠢᠶᠡᠨ᠎ᠦ ᠠᠮᠤᠷ ᠲᠦᠪᠱᠢᠨ᠎ᠦ ᠪᠠᠲᠤᠯᠠᠭ᠎ᠠ᠂ ᠢᠨᠲ᠋ᠧᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠭᠤᠯᠭ᠎ᠠ᠎ᠶ᠋ᠢᠨ ᠬᠠᠮᠢᠶᠠᠷᠤᠯᠲᠠ ᠵᠡᠷᠭᠡ ᠭᠤᠤᠯᠳᠠᠯᠭ᠎ᠠ᠎ᠲᠠᠶ ᠠᠵᠢᠯ᠎ᠢ ᠨᠠᠷᠢᠨ ᠨᠢᠮᠪᠠᠢ ᠲᠣᠬᠢᠷᠠᠭᠤᠯᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠠᠵᠢᠯ᠎ᠢ ᠴᠢᠩᠭ᠎ᠠ ᠪᠣᠳᠠᠲᠠᠢ ᠨᠠᠷᠢᠯᠢᠭ ᠠᠳᠭᠤᠪᠠ᠃ ᠬᠠᠮᠲᠤ᠌ ᠳ᠋ᠤᠨᠢ᠂ ᠨᠠᠮ᠎ᠤᠨ ᠭᠡᠱᠢᠭᠦᠨ ᠺᠠᠳ᠋ᠷᠴᠤᠳ ᠵᠢᠡᠨ ᠳᠠᠢᠴᠢᠯᠠᠨ ᠲᠡᠷᠡ ᠳᠠᠷᠤᠶ᠎ᠳᠤᠨᠢ ᠮᠠᠨᠵᠤᠤᠷ ᠬᠤᠳᠠ᠂ ᠬᠠᠢᠯᠠᠷ ᠲᠣᠭᠣᠷᠢᠭ ᠵᠡᠷᠭᠡ ᠭᠠᠵᠠᠷ ᠣᠷᠤᠨ᠎ᠤ ᠨᠡᠢᠭᠡᠮ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠳ᠋ᠤ ᠲᠤᠰᠠᠯᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠦ᠂ ᠨᠡᠢᠭᠡᠮ ᠲᠣᠭᠣᠷᠢᠭ ᠪᠠ ᠦᠨᠳᠦᠰᠦᠨ ᠱᠠᠲᠤᠨ᠎ᠤ 《ᠬᠠᠮᠤᠭ᠎ᠤᠨ ᠬᠦᠴᠦᠷᠬᠡᠭ ᠨᠠᠮ᠎ᠤᠨ ᠡᠭᠦᠷ》 ᠤ᠋ᠨ ᠪᠠᠢᠭᠤᠯᠤᠯᠲᠠ᠎ᠶ᠋ᠢᠨ ᠠᠵᠢᠯ᠎ᠤᠨ ᠬᠠᠷᠢᠯᠴᠠᠬᠤ ᠴᠡᠭ ᠲᠦ᠍ ᠬᠦᠨᠵᠡᠬᠡᠢ᠌ᠷᠡᠨ ᠬᠢᠵᠢᠭ᠎ᠢ ᠰᠡᠷᠭᠡᠢᠯᠡᠬᠦ᠌ ᠡᠳ᠋ ᠪᠣᠳᠠᠰ ᠬᠠᠨᠳᠢᠪᠯᠠᠬᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠮᠡᠳᠡᠯᠭᠡ᠎ᠶ᠋ᠢ ᠤᠬᠠᠭᠤᠯᠤᠨ ᠲᠠᠢᠯᠪᠤᠷᠢᠯᠠᠬᠤ ᠵᠡᠷᠭᠡ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠠᠢ᠃ ᠪᠠᠰᠠ ᠡᠷᠬᠡ ᠰᠦᠷᠲᠦ ᠮᠡᠳᠡᠬᠡ ᠵᠠᠩᠬᠢ ᠵᠢ ᠤᠷᠢᠳᠴᠢᠯᠠᠨ ᠲᠠᠮᠵᠢᠭᠤᠯᠬᠤ ᠵᠢ ᠪᠠᠳᠤᠯᠠᠵᠦ᠍᠂ ᠬᠣᠲᠠ᠎ᠶ᠋ᠢᠨ ᠬᠠᠷᠢᠶ᠎ᠠ ᠭᠣᠣᠯᠳᠠᠯᠭ᠎ᠠ᠎ᠲᠠᠶ ᠰᠣᠨᠢᠨ ᠮᠡᠳᠡᠭᠡᠨ᠎ᠦ ᠰᠦᠯᠵᠢᠶ᠎ᠠ᠂ ᠱᠢᠨ᠎ᠡ ᠵᠠᠭᠤᠴᠢᠯᠠᠭᠤᠷ᠎ᠤᠨ ᠲᠠᠪᠴᠠᠩ᠎ᠢ ᠨᠢᠭᠡᠳᠦᠯᠲᠡᠶ ᠲᠥᠯᠥᠪᠵᠢᠬᠦᠯᠦᠨ ᠲᠣᠬᠢᠷᠠᠭᠤᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠷᠬᠡ ᠰᠦᠷᠲᠦ ᠮᠡᠳᠡᠭᠡ ᠵᠠᠩᠭᠢ ᠪᠠ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ᠎ᠶ᠋ᠢ ᠲᠠᠷᠤᠢ ᠲᠦᠷᠬᠡᠨ ᠣᠨᠣᠪᠴᠢᠲᠠᠶ ᠨᠡᠢᠲᠡᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠭᠦᠨᠵᠡᠭᠡᠶ ᠤᠬᠠᠭᠤᠯᠵᠤ᠂ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠤᠨ ᠰᠡᠳᠭᠢᠯ ᠬᠥᠳᠡᠯᠭᠡᠮ᠎ᠡ ᠦᠢᠯᠡ ᠠᠵᠢᠯᠯᠠᠭ᠎ᠠ᠎ᠶ᠋ᠢ ᠠᠮᠢᠳᠤᠯᠢᠭ᠎ᠢᠶᠠᠷ ᠮᠡᠳᠡᠬᠡᠯᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠮᠡᠳᠡᠯᠭᠡ᠎ᠶ᠋ᠢ ᠲᠦᠭᠡᠮᠡᠯᠵᠢᠭᠦᠯᠬᠦ᠌ ᠠᠵᠢᠯ᠎ᠢ ᠶᠡᠬᠡ᠎ᠪᠡᠷ ᠥᠷᠨᠢᠭᠦᠯᠵᠡᠢ ᠃

ᠢᠨᠲ᠋ᠧᠷ ᠰᠦᠯᠵᠢᠶ᠎ᠡ᠎ᠶ᠋ᠢ ᠠᠷᠠᠳ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠬᠦᠳᠦᠯᠦᠨ ᠵᠢᠯᠣᠭᠣᠳᠭᠤ ᠪᠦᠲᠦᠮᠵᠢᠲᠡᠢ ᠭᠣᠣᠯ ᠠᠷᠭ᠎ᠠ ᠵᠠᠮ ᠪᠣᠯᠭᠠᠵᠦ᠂ 24 ᠴᠠᠭ᠎ᠢᠶᠠᠷ ᠵᠢᠵᠢᠭᠦᠷᠯᠡᠬᠦ᠌᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠳᠤᠷᠢᠳᠤᠯᠭ᠎ᠠ ᠳᠠᠭᠠᠭᠤᠯᠤᠨ ᠵᠢᠵᠢᠬᠦᠷᠯᠡᠬᠦ ᠳᠦᠷᠢᠮ ᠂ ᠣᠨᠣᠱᠢᠯᠠᠭ᠍ᠳᠠᠭ᠍ᠰᠠᠨ ᠡᠪᠡᠳᠴᠢᠲᠡᠨ ᠪᠤᠶᠤ ᠨᠢᠭ᠍ᠲᠠ ᠣᠢᠷᠠᠲᠤᠭ᠍ᠰᠠᠳ᠎ᠤᠨ ᠶᠠᠪᠤᠵᠤ ᠰᠠᠭᠤᠭ᠍ᠰᠠᠨ ᠵᠠᠮ ᠮᠥᠷ᠂ ᠡᠪᠡᠳᠴᠢᠲᠡᠨ᠎ᠢ ᠲᠤᠰᠠᠭᠠᠷᠯᠠᠨ ᠠᠪᠤᠷᠠᠨ ᠵᠠᠰᠠᠬᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠬᠠᠮᠢᠶᠠᠷᠤᠯᠲᠠ ᠡᠵᠡᠮᠳᠡᠯ ᠂ ᠬᠢᠵᠢᠭ᠎ᠢ ᠰᠡᠷᠭᠡᠢᠯᠡᠬᠦ᠌ ᠡᠳ᠋ ᠪᠣᠳᠠᠰ᠎ᠤᠨ ᠬᠠᠩᠭᠠᠯᠭ᠎ᠠ ᠵᠡᠷᠭᠡ ᠶᠠᠷᠢᠶ᠎ᠠ ᠬᠡᠯᠡᠯᠴᠡᠭᠡᠨ᠎ᠦ ᠬᠠᠯᠠᠮᠱᠢᠯ ᠴᠡᠭ᠎ᠤᠨ ᠲᠤᠭᠤᠷᠢᠨ᠎ᠳᠦ᠂ ᠪᠥᠬᠥ᠌ ᠬᠣᠲᠠ᠎ᠶ᠋ᠢᠨ ᠬᠢᠵᠢᠭ᠎ᠦᠨ ᠪᠠᠢᠳᠠᠯ᠎ᠳᠤ ᠬᠣᠯᠪᠣᠭ᠍ᠳᠠᠭ᠍ᠰᠠᠨ ᠰᠦᠯᠵᠢᠶᠡᠨ ᠳᠡᠭᠡᠷᠡᠬᠢ ᠮᠡᠳᠡᠭᠡ ᠵᠠᠩᠭᠢ᠎ᠶ᠋ᠢ ᠴᠤᠭ᠍ᠯᠠᠭᠤᠯᠵᠦ᠍ ᠰᠤᠳᠤᠯᠤᠨ ᠮᠠᠭᠠᠳᠯᠠᠵᠤ᠂ ᠰᠦᠯᠵᠢᠶᠡᠨ ᠢᠷᠭᠡᠳ᠎ᠦᠨ ᠶᠠᠷᠢᠶ᠎ᠠ ᠬᠡᠯᠡᠯᠴᠡᠭᠡ ᠪᠠ ᠰᠠᠨᠠᠭᠤᠯᠭ᠎ᠠ᠎ᠶ᠋ᠢ ᠠᠮᠢᠳᠤᠯᠢᠭ ᠵᠢᠡᠷ ᠡᠮᠬᠢᠯᠡᠨ ᠬᠤᠷᠢᠶᠠᠩᠭᠤᠢᠯᠠᠵᠦ᠍ ᠂ ᠬᠠᠯᠠᠮᠱᠢᠯ ᠠᠰᠠᠭᠤᠳᠠᠯ᠎ᠢ ᠴᠠᠭ ᠲᠤᠬᠠᠶ᠎ᠳᠤᠨᠢ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠲᠦ ᠱᠢᠯᠵᠢᠭᠦᠯᠦᠨ ᠲᠤᠱᠢᠶᠠᠵᠤ ᠬᠢᠨᠠᠨ ᠬᠠᠷᠭᠤᠭᠤᠯᠬᠤ᠎ᠶ᠋ᠢᠨ ᠬᠠᠮᠲᠤ ᠱᠢᠶ᠋ᠳᠪᠦᠷᠢᠯᠡᠬᠦᠯᠵᠡᠢ᠃ ᠣᠨᠴᠠᠭᠠᠢᠯᠠᠨ ᠮᠠᠨᠵᠤᠤᠷ ᠬᠣᠲᠠ᠎ᠶ᠋ᠢᠨ ᠬᠢᠵᠢᠭ᠎ᠦᠨ ᠪᠠᠢᠳᠠᠯ᠎ᠳᠤ ᠴᠢᠭ᠌ᠯᠡᠭᠦᠯᠦᠨ᠂ ᠰᠦᠯᠵᠢᠶᠡᠨ ᠳᠡᠭᠡᠷᠡᠬᠢ ᠤᠬᠠᠭᠤᠯᠭ᠎ᠠ ᠶᠠᠷᠢᠶ᠎ᠠ ᠬᠡᠯᠡᠯᠴᠡᠭᠡᠨ᠎ᠦ ᠠᠵᠢᠯ᠎ᠤᠨ ᠲᠤᠰᠭᠠᠶ ᠠᠩᠭᠢ ᠪᠠᠢ᠌ᠭᠤᠯᠵᠦ᠍᠂ ᠶᠠᠷᠢᠶ᠎ᠠ ᠬᠡᠯᠡᠯᠴᠡᠭᠡᠨ᠎ᠦ ᠪᠠᠢᠳᠠᠯ᠎ᠢ ᠬᠢᠨᠠᠨ ᠡᠵᠡᠮᠳᠡᠬᠦ᠌ ᠡᠷᠴᠢᠮ᠎ᠢ ᠴᠢᠩᠭᠠᠷᠠᠭᠤᠯᠵᠤ᠂ ᠬᠢᠵᠢᠭ᠎ᠦᠨ ᠪᠠᠢᠳᠠᠯ᠎ᠳᠤ ᠬᠣᠯᠪᠣᠭ᠍ᠳᠠᠭ᠍ᠰᠠᠨ ᠰᠦᠯᠵᠢᠶᠡᠨ ᠳᠡᠭᠡᠷᠡᠬᠢ ᠮᠡᠳᠡᠭᠡ ᠵᠠᠩᠭᠢ᠎ᠶ᠋ᠢ ᠨᠡᠢᠲᠡ 77.98 ᠲᠦᠮᠡᠨ ᠵᠤᠷᠪᠤᠰ ᠬᠢᠨᠠᠨ ᠪᠠᠢ᠌ᠴᠠᠭᠠᠵᠦ᠍᠂ 279 ᠵᠤᠷᠪᠤᠰ᠎ᠢ ᠨᠢ ᠱᠢᠯᠵᠢᠭᠦᠯᠦᠨ ᠱᠢᠶ᠋ᠳᠪᠦᠷᠢᠯᠡᠭᠦᠯᠵᠡᠢ᠃  

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号