ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ
2022-01-04 09:59:01
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡ ᠰᠤᠷᠭᠠᠭᠤᠯᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠵᠠᠩ ᠴᠢᠨ 《ᠱᠢᠢᠳᠪᠦᠷᠢ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ ᠱᠢᠨ᠎ᠡ ᠠᠶᠠᠨ ᠳ᠋ᠤ ᠨᠡᠩ ᠠᠭᠤᠤ ᠶᠡᠬᠡ ᠢᠯᠠᠯᠲᠠ ᠪᠠ ᠦᠩᠬᠡ ᠬᠡᠷᠡᠯ ᠢ᠋ ᠲᠡᠮᠡᠴᠡᠨ ᠤᠯᠰᠤᠭᠠᠢ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠭᠦᠯᠦᠯᠳᠡ ᠨᠢ 《ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ 〈ᠱᠢᠢᠳᠪᠦᠷᠢ 〉 ᠵᠢᠨ ᠴᠢᠮᠦᠬᠡ ᠪᠤᠯᠬᠤ ᠴᠢᠬᠤᠯᠠ ᠠᠭᠤᠯᠭ᠎ᠠ᠎ᠶ᠋ᠢ ᠡᠵᠡᠮᠳᠡᠶ᠎ᠠ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠭᠤᠤ ᠶᠡᠬᠡ ᠠᠮᠵᠢᠯᠲᠠ ᠪᠦᠲᠦᠮᠵᠢ᠎ᠪᠡᠷ ᠢᠲᠡᠭᠡᠯ ᠪᠢᠰᠢᠷᠠᠯ ᠪᠠ ᠢᠳᠡᠬᠡᠯ ᠵᠣᠷᠢᠭ᠎ᠢᠶᠠᠨ ᠴᠢᠩᠭᠠᠳᠬᠠᠶ᠎ᠠ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠨᠠᠷᠢᠨ ᠬᠢᠨᠠᠮᠠᠭᠠᠢ ᠰᠠᠢᠲᠤᠷ ᠠᠳᠭᠤᠶ᠎ᠠ》 ᠵᠡᠷᠭᠡ ᠭᠤᠷᠪᠠᠨ ᠲᠠᠯ᠎ᠠ᠎ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ ᠭᠤᠤᠯ ᠰᠡᠳᠦᠪ᠎ᠨᠢ ᠢᠯᠡ ᠲᠣᠳᠣ᠂ ᠠᠭᠤᠯᠤᠭ᠍ᠳᠠᠬᠤᠨ᠎ᠨᠢ ᠪᠠᠶᠠᠯᠢᠭ ᠪᠠᠢᠵᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠎ᠳᠤ ᠴᠢᠬᠤᠯᠠ ᠶᠡᠬᠡ ᠵᠢᠯᠣᠭᠣᠳᠭᠤ ᠠᠴᠢ ᠬᠣᠯᠪᠣᠭ᠍ᠳᠠᠯ᠎ᠲᠠᠶ ᠪᠤᠯᠪᠠ᠃

ᠲᠣᠰ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ ᠵᠢᠨ ᠱᠦᠵᠢ ᠸᠠᠩ ᠸᠸᠨ ᠬᠤᠸᠠ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠲᠠᠷᠢᠬᠢᠨ᠎ᠳᠤ ᠰᠠᠭᠤᠭᠳᠠᠵᠤ ᠰᠡᠳᠭᠢᠯ᠎ᠳᠦ ᠬᠠᠳᠠᠨᠭᠰᠢᠭᠰᠠᠨ ᠤᠨᠤᠯ᠎ᠤᠨ ᠵᠢᠯᠤᠭᠤᠳᠤᠯᠭ᠎ᠠ ᠪᠣᠯᠤᠭᠰᠠᠨ ᠪᠥᠭᠡᠳ ᠨᠢᠭᠡᠨ ᠤᠳᠠᠭ᠎ᠠ᠎ᠶ᠋ᠢᠨ ᠣᠨᠣᠪᠴᠢᠲᠤ ᠬᠠᠨᠳᠤᠯᠭ᠎ᠠ ᠲᠠᠢ ᠠᠵᠢᠯ᠎ᠤᠨ ᠵᠢᠯᠤᠭᠤᠳᠤᠯᠭ᠎ᠠ ᠪᠣᠯᠪᠠ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠪᠥᠬᠥᠳᠡ ᠬᠤᠷᠠᠯ ᠪᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠡᠴᠡ᠎ᠪᠠᠨ ᠰᠠᠢᠲᠤᠷ ᠰᠤᠷᠤᠯᠴᠠᠵᠤ᠂ ᠰᠠᠢᠲᠤᠷ ᠰᠤᠳᠤᠯᠵᠤ᠂ ᠰᠠᠢᠲᠤᠷ ᠲᠠᠢᠯᠪᠤᠷᠢᠯᠠᠵᠤ᠂ ᠰᠠᠢᠲᠤᠷ ᠤᠬᠠᠭᠤᠯᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠵᠢᠭᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠶ᠎ᠳᠤ ᠬᠠᠳᠠᠩᠰᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠵᠠᠯᠠᠭᠤ ᠰᠤᠷᠤᠭ᠍ᠴᠢᠳ᠎ᠤᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠲᠤᠬᠠᠶ ᠤᠯᠤᠰ ᠲᠥᠷᠥ᠎ᠶ᠋ᠢᠨ ᠬᠠᠮᠲᠤ᠎ᠶ᠋ᠢᠨ ᠲᠠᠨᠢᠯᠲᠠ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠡᠮᠡᠭ᠌ᠳᠡᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠵᠦ᠍ ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠠ》 ᠭᠡᠵᠤ ᠢᠯᠡᠳᠭᠡᠵᠠᠢ᠃

ᠲᠣᠰ ᠰᠤᠷᠭᠠᠭᠤᠯᠢ᠎ᠶ᠋ᠢᠨ ᠴᠠᠬᠢᠯᠭᠠᠨ ᠬᠦᠴᠦᠨ᠎ᠦ ᠳᠡᠭᠡᠳᠦ ᠰᠤᠷᠭᠠᠭᠤᠯᠢ᠎ᠶ᠋ᠢᠨ ᠳᠡᠳ᠋ ᠵᠠᠬᠢᠷᠤᠯ ᠯᠢᠦ ᠭᠤᠸᠠᠩ ᠴᠧᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠳᠡ ᠨᠢ ᠪᠠᠢᠭᠠᠯᠢ ᠵᠢᠨ ᠱᠢᠨᠵᠢᠯᠡᠬᠦ᠌ ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠪᠥᠬᠥᠳᠡ ᠬᠤᠷᠠᠯ ᠪᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠵᠡᠮᠱᠢᠬᠦᠯᠵᠦ᠍᠂ ᠠᠭᠤᠯᠤᠭ᠍ᠳᠠᠬᠤᠨ᠎ᠢ ᠣᠢᠯᠠᠭᠠᠭᠤᠯᠬᠤ᠎ᠳᠤ ᠪᠣᠳᠠᠲᠤ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠂ ᠪᠢᠳᠡ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠴᠢᠳᠠᠪᠤᠷᠢᠲᠠᠨ ᠬᠥᠮᠦᠵᠢᠭᠦᠯᠬᠦ᠌ ᠵᠡᠷᠭᠡ ᠲᠠᠯ᠎ᠠ᠎ᠪᠠᠷ ᠦᠨᠡᠨ ᠬᠦ᠌ ᠬᠣᠯᠪᠣᠭ᠍ᠳᠠᠯ ᠪᠥᠬᠥᠶ ᠠᠷᠭ᠎ᠠ ᠬᠡᠮᠵᠢᠶ᠎ᠡ ᠠᠪᠴᠤ᠌᠂ ᠣᠷᠣᠨ ᠨᠤᠲᠤᠭ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠨᠠᠩ ᠰᠠᠢᠲᠤᠷ ᠦᠶ᠋ᠯᠡᠴᠢᠯᠡᠬᠦ᠌᠎ᠶ᠋ᠢᠨ ᠲᠥᠯᠥᠭᠡ ᠴᠢᠷᠮᠠᠢᠨ᠎ᠠ ᠭᠡᠵᠤ ᠢᠯᠡᠳᠭᠡᠪᠡ᠃ ᠲᠣᠰ ᠰᠤᠷᠭᠠᠭᠤᠯᠢ᠎ᠶ᠋ᠢᠨ ᠪᠠᠷᠢᠯᠭ᠎ᠠ᠎ᠶ᠋ᠢᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠬᠣᠷᠢᠶ᠎ᠠ ᠵᠢᠨ ᠲᠤᠰᠭᠠᠶ ᠲᠤᠱᠢᠶᠠᠯᠲᠤ ᠵᠣᠬᠢᠶᠠᠨ ᠪᠠᠢᠭᠤᠯᠤᠭ᠍ᠴᠢ ᠰᠡᠴᠡᠨ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠠᠸ᠋ᠭ᠎ᠠ ᠶᠡᠬᠡ ᠲᠡᠦᠬᠡ᠎ᠶ᠋ᠢᠨ ᠦᠵᠡᠯᠲᠡ ᠪᠠ ᠱᠢᠨᠵᠢᠯᠡᠬᠦ᠌ ᠤᠬᠠᠭᠠᠨᠴᠢ ᠨᠠᠮ᠎ᠤᠨ ᠲᠡᠦᠬᠡ᠎ᠶ᠋ᠢᠨ ᠦᠵᠡᠯᠲᠡ᠎ᠪᠡᠷ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠲᠣᠳᠣᠷᠬᠠᠢᠯᠠᠨ ᠥᠭᠦᠯᠡᠪᠡ᠂ ᠪᠢ ᠡᠭᠦᠨ ᠡᠴᠡ ᠣᠶᠤᠨ ᠰᠠᠨᠠᠭᠠᠨ᠎ᠤ ᠬᠦᠴᠦᠨ ᠴᠢᠳᠠᠯ ᠣᠯᠵᠤ᠂ ᠢᠲᠡᠭᠡᠯ ᠵᠣᠷᠢᠭ᠎ᠢᠶᠠᠨ ᠨᠡᠮᠡᠭ᠌ᠳᠡᠭᠦᠯᠦᠨ᠂ ᠨᠠᠮ᠎ᠤᠨ ᠪᠠᠢᠭᠤᠯᠤᠯᠲᠠ᠎ᠶ᠋ᠢᠨ ᠡᠮᠦᠨ᠎ᠡ  ᠹᠷᠣᠨᠲ ᠤ᠋ᠨ ᠠᠵᠢᠯ ᠳᠤᠮᠳᠠ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ᠌ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠥᠬᠡᠶ ᠦᠶ᠋ᠯᠡᠳᠦᠯᠭᠡᠵᠢᠭᠦᠯᠦᠨ᠎ᠡ》 ᠭᠡᠵᠠᠢ᠃

ᠲᠣᠰ ᠰᠤᠷᠭᠠᠭᠤᠯᠢ᠎ᠶ᠋ᠢᠨ ᠮᠧᠬᠠᠨᠢᠭ᠎ᠤᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠰᠣᠷᠣᠭ᠍ᠴᠢ ᠳ᠋ᠧᠩ ᠵᠢᠶᠧ᠄ 《ᠥᠨᠥᠳᠦᠷ᠎ᠦᠨ ᠮᠡᠳᠡᠬᠦᠯᠦᠯᠳᠡ ᠵᠢ ᠰᠣᠨᠣᠰᠤᠭᠠᠳ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠪᠠᠶᠠᠯᠢᠭ ᠠᠭᠤᠯᠤᠭ᠍ᠳᠠᠬᠤᠨ ᠪᠠ ᠭᠣᠣᠯ ᠠᠭᠤᠯᠭ᠎ᠠ᠎ᠶ᠋ᠢ ᠨᠡᠩ ᠭᠦᠨᠵᠡᠭᠡᠢ ᠣᠢᠯᠠᠭᠠᠪᠠ᠃ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨ ᠪᠣᠯᠤᠭ᠍ᠰᠠᠨ᠎ᠤ ᠬᠤᠪᠢ᠎ᠳᠤ᠂ ᠪᠢ ᠰᠤᠷᠤᠯᠴᠠᠬᠤ ᠴᠠᠭ ᠮᠥᠴᠡ᠎ᠪᠡᠨ ᠨᠡᠩ ᠨᠠᠨᠳᠢᠩᠨᠠᠵᠤ᠂ ᠰᠠᠭᠤᠷᠢ᠎ᠪᠠᠨ ᠰᠠᠢ᠌ᠨ ᠲᠠᠯᠪᠢᠵᠤ᠂ ᠲᠡᠭᠦᠰᠦᠭ᠌ᠰᠡᠨ᠎ᠦ᠎ᠲᠠᠷᠠᠭ᠎ᠠ ᠠᠷᠠᠳ ᠲᠦᠮᠡᠨ᠎ᠦ ᠬᠠᠮᠤᠭ᠎ᠤᠨ ᠬᠡᠷᠡᠭ᠌ᠴᠡᠭᠡ᠎ᠲᠡᠶ ᠭᠠᠵᠠᠷ᠎ᠲᠤ ᠬᠦᠷᠴᠦ᠍᠂ ᠤᠯᠤᠰ᠎ᠢᠶᠠᠨ ᠬᠠᠢᠷᠠᠯᠠᠬᠤ ᠰᠡᠳᠭᠢᠯ᠎ᠢᠶᠡᠨ ᠤᠯᠤᠰ᠎ᠲᠠᠭᠠᠨ ᠵᠢᠳᠬᠦᠬᠦ᠌ ᠪᠤᠳᠠᠳᠤ ᠠᠵᠢᠯᠯᠠᠭ᠎ᠠ ᠪᠣᠯᠭᠠᠵᠤ ᠦᠢᠯᠡᠳᠦᠯᠬᠡᠵᠢᠬᠦᠯᠦᠨ᠎ᠡ》 ᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号