— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠸᠠᠩ ᠵᠢᠶᠦ᠋ᠨ᠎ᠢ ᠰᠤᠷᠪᠤᠯᠵᠢᠯᠠᠭ᠍ᠰᠠᠨ ᠨᠢ
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠬᠡᠷᠬᠢᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠸᠠᠩ ᠵᠢᠶᠦ᠋ᠨ᠎ᠢ ᠰᠤᠷᠪᠤᠯᠵᠢᠯᠠᠪᠠ᠃
ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠨᠢᠭᠡᠨ ᠢᠯᠡ ᠲᠣᠳᠣ ᠣᠨᠴᠠᠯᠢᠭ ᠭᠡᠪᠡᠯ᠂ ᠳᠠᠷᠤᠶ ᠨᠠᠮ᠎ᠤᠨ ᠦᠨᠳᠦᠰᠦᠲᠡᠨ᠎ᠦ ᠠᠵᠢᠯ᠎ᠢ ᠲᠣᠪᠣᠢᠮ᠎ᠠ ᠪᠠᠢᠷᠢ ᠪᠣᠯᠤᠨ ᠪᠦᠬᠦ᠌ ᠲᠠᠯ᠎ᠠ᠎ᠶ᠋ᠢᠨ ᠦᠨᠳᠦᠷᠴᠡ᠎ᠳᠦ ᠲᠠᠯᠪᠢᠵᠤ᠂ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠴᠥᠬᠥᠷᠡᠰᠢ ᠦᠭᠡᠶ ᠪᠠᠲᠤ ᠴᠤᠭᠴᠠᠯᠠᠬᠤ》᠎ᠶ᠋ᠢ ᠶᠡᠬᠡ ᠬᠤᠷᠠᠯ᠎ᠤᠨ ᠭᠣᠣᠯ ᠰᠡᠳᠦᠪᠲᠦ ᠪᠢᠴᠢᠨ ᠣᠷᠣᠭᠤᠯᠵᠤ᠂ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢ ᠡᠷᠭᠢᠴᠡᠭᠦᠯᠬᠦ᠌᠎ᠳᠡᠭᠡᠨ᠂ ᠦᠨᠳᠦᠰᠦᠲᠡᠨ᠎ᠦ ᠠᠵᠢᠯ᠎ᠢ ᠪᠤᠰᠤᠳᠴᠢ ᠣᠨᠣᠪᠴᠢᠲᠠᠶ᠂ ᠪᠦᠬᠦ᠌ ᠲᠠᠯ᠎ᠠ᠎ᠪᠠᠷ ᠳ᠋ᠦᠩᠨᠡᠵᠦ᠍᠂ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠢ ᠲᠣᠬᠢᠷᠠᠭᠤᠯᠤᠨ ᠪᠠᠢᠷᠢᠯᠠᠭᠤᠯᠬᠤ ᠳᠠᠭᠠᠨ᠂ ᠦᠨᠳᠦᠰᠦᠲᠡᠨ᠎ᠦ ᠠᠵᠢᠯ᠎ᠤᠨ ᠲᠤᠬᠠᠶ ᠲᠤᠰᠭᠠᠶ ᠪᠦᠯᠦᠭ ᠢᠶᠡᠷ ᠥᠭᠦᠯᠡᠵᠦ᠍᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠡᠬᠡ ᠤᠯᠤᠰ᠎ᠤᠨ ᠨᠢᠭᠡᠳᠦᠯ ᠪᠠ ᠬᠢᠯᠢ ᠬᠢᠵᠠᠭᠠᠷ᠎ᠤᠨ ᠠᠮᠤᠷ ᠲᠤᠭᠲᠠᠭᠤᠨ᠎ᠳᠦ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠳᠤ ᠬᠣᠯᠪᠣᠭ᠍ᠳᠠᠨ᠎ᠠ ᠭᠡᠵᠦ᠍ ᠴᠢᠬᠤᠯᠠᠴᠢᠯᠠᠪᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠱᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠱᠢᠵᠢᠮ ᠪᠣᠯᠭᠠᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠡᠮᠦᠨ᠎ᠡ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠬᠤ ᠬᠡᠷᠡᠭᠲᠡᠢ ᠭᠡᠵᠦ ᠲᠤᠷᠠᠳᠪᠠ ᠬᠡᠵᠤ ᠬᠡᠯᠡᠪᠡ᠃
ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠦᠨᠳᠦᠰᠦᠲᠡᠨ᠎ᠦ ᠠᠵᠢᠯ᠎ᠢ ᠤᠷᠢᠳ ᠡᠮᠦᠨ᠎ᠡ ᠪᠠᠢᠭ᠎ᠠ ᠦᠭᠡᠶ ᠪᠠᠢᠯᠳᠤᠬᠤ ᠪᠣᠳᠣᠯᠭ᠎ᠠ ᠪᠠ ᠪᠦᠬᠦ᠌ ᠲᠠᠯ᠎ᠠ᠎ᠶ᠋ᠢᠨ ᠦᠨᠳᠦᠷᠴᠡ᠎ᠳᠤ ᠬᠦᠷᠲᠡᠯ᠎ᠡ ᠳᠡᠭᠡᠭ᠌ᠰᠢᠯᠡᠭᠦᠯᠵᠦ᠍᠂ ᠮᠠᠨ᠎ᠤ ᠣᠷᠣᠨ᠎ᠤ ᠠᠵᠢᠯ᠎ᠤᠨ ᠶᠡᠬᠡ ᠲᠠᠯ᠎ᠠ᠎ᠳᠠᠬᠢ ᠦᠨᠳᠦᠰᠦᠲᠡᠨ᠎ᠦ ᠠᠵᠢᠯ᠎ᠤᠨ ᠲᠤᠢᠯ᠎ᠤᠨ ᠴᠢᠬᠤᠯᠠ ᠴᠢᠨᠠᠷ᠎ᠢ ᠭᠦᠢᠴᠡᠳ ᠲᠣᠳᠣᠷᠬᠠᠢᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠣᠯ ᠱᠢᠵᠢᠮ ᠪᠣᠯᠭᠠᠵᠤ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠢᠯᠡ ᠲᠣᠳᠣ ᠣᠪᠣᠷ ᠪᠣᠯᠤᠨ ᠡᠷᠡᠰ ᠪᠠᠲᠤ ᠵᠣᠷᠢᠭ᠎ᠢ ᠭᠦᠢᠴᠡᠳ ᠲᠣᠳᠣᠷᠬᠠᠢᠯᠠᠵᠤ᠂ ᠪᠦᠬᠦ᠌ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠱᠢᠰᠲᠸᠮ᠎ᠤᠨ ᠥᠷᠭᠡᠨ ᠤᠯᠠᠨ ᠺᠠᠳ᠋ᠷ ᠠᠵᠢᠯᠲᠠᠳ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠡᠷᠴᠢ ᠵᠤᠷᠢᠭ ᠨᠢ ᠲᠦᠢᠯ᠎ᠢᠶᠡᠷ ᠬᠦᠪᠴᠢᠯᠡᠭᠳᠡᠵᠦ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠭᠡᠳᠡᠭ᠎ᠢ ᠭᠦᠨᠵᠡᠭᠡᠢ ᠮᠡᠳᠡᠷᠡᠪᠡ᠃ ᠪᠢᠳᠡ ᠵᠤᠷᠢᠭ ᠰᠢᠭᠤᠳᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠶ ᠱᠦᠵᠢ ᠰᠢ᠎ᠶ᠋ᠢᠨ ᠫᠢᠩ ᠤ᠋ᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠶ᠋ᠢ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠦᠨ ᠠᠵᠢᠯ᠎ᠤᠨ ᠪᠦᠬᠦ᠌ ᠶᠠᠪᠤᠴᠠ ᠵᠢᠨ ᠡᠯ᠎ᠡ ᠲᠠᠯ᠎ᠠ᠎ᠳᠤ ᠦᠨᠡᠨ ᠬᠦ᠌ ᠲᠤᠭᠤᠰᠢᠯᠠᠭᠤᠯᠵᠤ᠂ ᠡᠯ᠎ᠡ ᠵᠦᠢᠯ᠎ᠦᠨ ᠠᠵᠢᠯ᠎ᠢ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠰᠠᠨᠠᠭᠠᠴᠢᠯᠠᠭ᠎ᠠ᠎ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠱᠢᠰᠲ᠋ᠧᠮ᠎ᠦᠨ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠵᠦ᠍᠂ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠦᠨ ᠱᠢᠰᠲ᠋ᠧᠮ᠎ᠦᠨ ᠱᠢᠨ᠎ᠡ ᠬᠤᠪᠢ ᠨᠡᠮᠡᠷᠢ᠎ᠶ᠋ᠢ ᠦᠵᠡᠭᠦᠯᠦᠨ᠎ᠡ᠃
ᠨᠢᠭᠡ᠎ᠳᠦ᠂ ᠬᠠᠷᠠᠯᠲᠠ ᠡᠭᠦᠷᠭᠡ᠎ᠶ᠋ᠢ ᠠᠬᠢᠭᠤᠯᠬᠤ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠵᠢᠨ ᠲᠤᠭᠤᠷᠢᠨ ᠳ᠋ᠣ᠌ ᠨᠠᠢᠳᠠᠪᠤᠷᠢᠵᠢᠭᠤᠯᠤᠯᠲᠠ᠎ᠶ᠋ᠢ ᠠᠳᠭᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠡᠨᠡ ᠬᠦ᠌ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ 《ᠬᠥᠲᠥᠯᠪᠦᠷᠢ》 ᠶ᠋ᠢ ᠭᠦᠨᠵᠡᠭᠡᠶ ᠲᠠᠨᠢᠵᠤ᠂ ᠠᠯᠢᠪᠠ ᠠᠵᠢᠯ ᠴᠥᠮ ᠡᠭᠦᠨᠲᠠᠢᠰᠢ ᠠᠩᠬᠠᠷᠤᠯ᠎ᠢᠶᠠᠨ ᠲᠥᠪᠯᠡᠷᠡᠭᠦᠯᠦᠨ ᠬᠦᠴᠦᠨ᠎ᠢᠶᠡᠨ ᠨᠢᠭ᠍ᠲᠠᠷᠠᠭᠤᠯᠬᠤ᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ ᠪᠠᠷ ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ ᠶ᠋ᠢᠨ ᠱᠢᠰᠲ᠋ᠧᠮ ᠪᠣᠯᠤᠨ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠂ ᠦᠨᠳᠦᠰᠦᠲᠡᠨ᠎ᠦ ᠬᠦᠷᠢᠶᠡᠨ᠎ᠦ ᠠᠶᠤᠯ ᠲᠦᠭ᠌ᠰᠢᠭᠦᠷᠢ ᠵᠢᠨ ᠬᠡᠮ ᠰᠣᠭᠣᠭ᠎ᠢ ᠰᠡᠷᠭᠡᠢᠯᠡᠨ ᠠᠷᠢᠯᠭᠠᠬᠤ ᠵᠡᠷᠭᠡ ᠭᠣᠣᠯᠳᠠᠯᠭ᠎ᠠ᠎ᠲᠠᠶ ᠡᠭᠦᠷᠭᠡ᠎ᠶ᠋ᠢᠨ ᠲᠠᠯ᠎ᠠ᠎ᠪᠠᠷ ᠡᠮᠦᠨ᠎ᠡ ᠨᠢ ᠬᠤᠰᠢᠭᠤᠷᠠᠵᠤ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠨ᠎ᠠ᠃
ᠬᠣᠶᠠᠷ᠎ᠲᠤ᠌᠂ ᠠᠵᠢᠯ᠎ᠤᠨ ᠠᠷᠭ᠎ᠠ ᠬᠡᠮᠵᠢᠶ᠎ᠡ᠎ᠶ᠋ᠢ ᠴᠢᠩᠭᠠᠳᠭᠠᠬᠤ ᠲᠠᠯ᠎ᠠ᠎ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠍᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠦᠨᠳᠦᠰᠦᠲᠡᠨ᠎ᠦ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠪᠤᠲᠠᠲᠠᠢ ᠨᠠᠷᠢᠯᠢᠭ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ ᠨᠠᠢᠳᠠᠪᠤᠷᠢᠵᠢᠭᠤᠯᠤᠯᠲᠠ᠎ᠶ᠋ᠢ ᠠᠳᠭᠤᠨ᠎ᠠ᠃ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ ᠪᠣᠯ ᠦᠨᠳᠦᠰᠦᠲᠡᠨ᠎ᠦ ᠠᠵᠢᠯ᠎ᠤᠨ ᠭᠣᠣᠯ ᠬᠠᠷᠢᠭᠤᠴᠠᠬᠤ ᠰᠠᠯᠠᠭ᠎ᠠ ᠮᠥᠴᠢᠷ ᠮᠥᠨ᠂ ᠡᠬᠡ ᠤᠯᠤᠰ ᠤ᠋ᠨ ᠨᠢᠭᠡᠳᠦᠯ ᠪᠠ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠶ᠋ᠢ ᠡᠷᠡᠰ ᠡᠭᠦᠷᠭᠡᠯᠡᠵᠦ᠍᠂ ᠰᠠᠨᠠᠭᠠᠴᠢᠯᠠᠭ᠎ᠠ ᠠᠴᠠ᠎ᠪᠠᠨ 《ᠡᠭᠦᠷᠭᠡ ᠴᠢᠳᠠᠪᠬᠢ᠎ᠪᠠᠨ ᠬᠤᠪᠢᠷᠠᠭᠤᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠰᠤᠷᠲᠠᠯ᠎ᠢᠶᠠᠨ ᠬᠤᠪᠢᠷᠠᠭᠤᠯᠵᠤ》᠂ ᠪᠥᠬᠥ᠌ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠱᠢᠰᠲ᠋ᠧᠮ᠎ᠳᠦ 《ᠶᠡᠬᠡᠪᠡᠷ ᠰᠤᠷᠪᠤᠯᠵᠢᠯᠠᠬᠤ᠂ ᠶᠡᠬᠡᠪᠡᠷ ᠪᠠᠢᠴᠠᠭᠠᠨ ᠰᠤᠳᠤᠯᠬᠤ᠂ ᠲᠥᠷᠥ᠎ᠶ᠋ᠢᠨ ᠪᠣᠳᠣᠯᠭ᠎ᠠ ᠵᠢ ᠬᠦᠷᠭᠡᠬᠦ᠌᠂ ᠬᠠᠢᠷ᠎ᠠ ᠬᠠᠯᠠᠮᠵᠢ ᠵᠢ ᠬᠦᠷᠭᠡᠬᠦ᠌᠂ ᠪᠦᠯᠬᠦᠮᠳᠡᠯ᠎ᠢ ᠠᠬᠢᠭᠤᠯᠬᠤ᠂ ᠬᠥᠭ᠌ᠵᠢᠯᠲᠡ᠎ᠶ᠋ᠢ ᠠᠬᠢᠭᠤᠯᠬᠤ》ᠲᠤᠰᠭᠠᠶ ᠠᠵᠢᠯᠯᠠᠭ᠎ᠠ᠎ᠶ᠋ᠢ ᠥᠷᠭᠡᠨ ᠭᠦᠨᠵᠡᠭᠡᠶ ᠥᠷᠨᠢᠭᠦᠯᠵᠦ᠍᠂ ᠪᠠᠢᠭᠤᠯᠭ᠎ᠠ ᠡᠴᠡ ᠭᠠᠷᠴᠤ᠌᠂ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ ᠣᠯᠠᠨ ᠲᠦᠮᠡᠨ᠎ᠲᠡᠶ ᠣᠢᠷᠠᠳᠴᠤ᠌᠂ ᠦᠨᠡᠨ ᠦᠭᠡ ᠵᠢ ᠨᠢ ᠰᠤᠨᠤᠰᠴᠤ᠂ ᠪᠣᠳᠠᠲᠤ ᠪᠠᠢᠳᠠᠯ᠎ᠢ ᠨᠢ ᠣᠢᠯᠠᠭᠠᠵᠤ᠂ ᠪᠣᠳᠠᠲᠤ ᠠᠵᠢᠯ ᠬᠢᠵᠦ᠍᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠬᠠᠶ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠣᠶᠤᠨ ᠴᠢᠳᠠᠯ᠎ᠢᠶᠠᠨ ᠲᠥᠪᠯᠡᠷᠡᠭᠦᠯᠦᠨ ᠨᠢᠭᠡ ᠪᠦᠯᠦᠭ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠪᠣᠳᠠᠲᠤ ᠶᠠᠪᠤᠳᠠᠯ᠎ᠢ ᠱᠢᠶ᠋ᠳᠪᠦᠷᠢᠯᠡᠨ᠎ᠡ᠃ ᠵᠣᠬᠢᠶᠠᠨ ᠪᠠᠢᠭᠤᠯᠤᠯᠲᠠ᠎ᠲᠠᠶ᠂ ᠲᠥᠰᠦᠯ᠎ᠲᠡᠶ᠂ ᠨᠠᠷᠢᠨ ᠲᠠᠩᠰᠠ᠎ᠲᠠᠶ᠂ ᠲᠤᠰᠭᠠᠶ ᠠᠩᠭᠢ᠎ᠲᠠᠶ᠂ ᠱᠠᠯᠠᠪᠳᠠᠭᠤᠯᠤᠨ ᠵᠢᠯᠣᠭᠣᠳᠤᠯᠭ᠎ᠠ᠎ᠲᠠᠶ᠂ᠬᠢᠨᠠᠨᠱᠢᠯᠭᠠᠯᠳᠠᠲᠠᠶ᠂ᠦᠷᠡᠪᠦᠲᠦᠭᠡᠯᠲᠡᠶ᠂ᠳ᠋ᠦᠩᠨᠡᠯᠲᠡ᠎ᠲᠡᠶ᠂ᠰᠠᠨᠠᠭᠤᠯᠭ᠎ᠠ᠎ᠲᠠᠶ᠂ ᠳᠡᠯᠭᠡᠷᠡᠭᠦᠯᠦᠯᠲᠡ᠎ᠲᠡᠶ 《ᠠᠷᠪᠠᠪᠠᠢᠬᠤ》 ᠠᠵᠢᠯ᠎ᠤᠨ ᠵᠠᠭ᠍ᠪᠤᠷ ᠶᠣᠰᠣᠭᠠᠷ᠂ ᠦᠨᠳᠦᠰᠦᠲᠡᠨ᠎ᠦ ᠠᠵᠢᠯ᠎ᠤᠨ ᠭᠣᠸ᠋ᠯᠳᠠᠯᠭ᠎ᠠ᠎ᠲᠠᠶ ᠡᠭᠦᠷᠭᠡ᠎ᠶ᠋ᠢ ᠠᠬᠢᠭᠤᠯᠤᠨ ᠨᠠᠢᠳᠠᠪᠤᠷᠢᠵᠢᠭᠤᠯᠬᠤ ᠲᠥᠰᠦᠯ᠎ᠢ ᠲᠣᠭ᠍ᠲᠠᠭᠠᠵᠤ᠂ ᠠᠷᠭ᠎ᠠ ᠬᠡᠮᠵᠢᠶ᠎ᠡ᠎ᠶ᠋ᠢ ᠴᠢᠨᠠᠭᠰᠢᠳᠠ ᠨᠠᠷᠢᠯᠢᠬ᠍ᠵᠢᠭᠤᠯᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠨᠠᠮ᠎ᠤᠨ ᠦᠨᠳᠦᠰᠦᠲᠡᠨ ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠬᠤᠪᠢ ᠨᠡᠮᠡᠷᠢ ᠦᠵᠡᠭᠦᠯᠬᠦ᠌᠎ᠪᠡᠷ ᠴᠢᠷᠮᠠᠢᠨ᠎ᠠ᠃
ᠭᠤᠷᠪᠠ᠎ᠳᠤ᠂ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠣᠭ᠍ᠲᠠᠴᠠ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠬᠦ᠌ᠲᠤᠭᠤᠷᠢᠨᠳᠤ ᠨᠠᠢᠳᠠᠪᠤᠷᠢᠵᠢᠭᠤᠯᠤᠯᠲᠠ᠎ᠶ᠋ᠢ ᠠᠳᠭᠤᠨ᠎ᠠ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠷᠢᠱᠢᠯ ᠱᠢᠨ᠎ᠡ ᠲᠣᠭ᠍ᠲᠠᠴᠠ᠎ᠶ᠋ᠢ ᠪᠦᠷᠢᠯᠳᠦᠭᠦᠯᠬᠦ᠌᠎ᠶ᠋ᠢ ᠠᠬᠢᠭᠤᠯᠵᠤ᠂ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠭᠡᠱᠢᠭᠦᠨ᠎ᠦ ᠠᠵᠢᠯ᠎ᠤᠨ ᠲᠣᠭ᠍ᠲᠠᠴᠠ᠂ ᠨᠠᠮ᠎ᠤᠨ ᠦᠨᠳᠦᠰᠦᠲᠡᠨ᠎ᠦ ᠠᠵᠢᠯ᠎ᠤᠨ ᠬᠢᠨᠠᠨ ᠱᠢᠯᠭᠠᠵᠤ ᠦᠨᠡᠯᠡᠬᠦ᠌ ᠲᠣᠭ᠍ᠲᠠᠴᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ᠎ᠶ᠋ᠢ ᠦᠨᠡᠯᠡᠨ ᠵᠢᠱ᠌ᠢᠵᠦ᠍ ᠲᠣᠭ᠍ᠲᠠᠭᠠᠬᠤ ᠲᠣᠭ᠍ᠲᠠᠴᠠ᠂ ᠦᠨᠳᠦᠰᠦᠲᠡᠨ᠎ᠦ ᠬᠠᠤᠯᠢ ᠲᠣᠭ᠍ᠲᠠᠭᠠᠯ ᠲᠦᠷᠦ᠍᠎ᠶ᠋ᠢᠨ ᠪᠤᠳᠤᠯᠭ᠎ᠠ᠎ᠶ᠋ᠢ ᠲᠤᠭᠤᠰᠢᠯᠠᠭᠤᠯᠤᠨ ᠬᠡᠷᠡᠭ᠌ᠵᠢᠭᠦᠯᠦᠭ᠌ᠰᠡᠨ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ ᠲᠣᠭ᠍ᠲᠠᠴᠠ᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠬᠡᠮ ᠰᠣᠭᠣᠭ᠎ᠢ ᠰᠤᠳᠤᠯᠤᠨ ᠮᠠᠭᠠᠳᠯᠠᠵᠤ ᠰᠢᠢᠳᠪᠦᠷᠢᠯᠡᠬᠦ ᠲᠣᠭ᠍ᠲᠠᠴᠠ ᠵᠡᠷᠭᠡ ᠨᠠᠮ᠎ᠤᠨ ᠦᠨᠳᠦᠰᠦᠲᠡᠨ᠎ᠦ ᠠᠵᠢᠯ᠎ᠤᠨ ᠡᠯ᠎ᠡ ᠵᠦᠢᠯ᠎ᠦᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠬᠦᠴᠦ᠍ ᠲᠠᠯᠪᠢᠵᠦ ᠪᠠᠢᠭᠤᠯᠤᠨ ᠪᠦᠷᠢᠨᠱᠢᠬᠦᠯᠤᠨ᠎ᠠ᠃ ᠨᠠᠢᠳᠠᠪᠤᠷᠢᠵᠢᠭᠤᠯᠤᠯᠲᠠ᠎ᠶ᠋ᠢ ᠠᠳᠭᠤᠬᠤ᠂ ᠠᠬᠢᠭᠤᠯᠬᠤ᠎ᠶ᠋ᠢ ᠠᠳᠭᠤᠬᠤ ᠵᠣᠬᠢᠶᠠᠨ ᠪᠠᠢᠭᠤᠯᠤᠯᠲᠠ ᠶ᠋ᠢᠨ ᠪᠠᠲᠤᠯᠠᠭ᠎ᠠ᠎ᠶ᠋ᠢᠨ ᠰᠠᠭᠤᠷᠢ᠎ᠶ᠋ᠢ ᠪᠠᠲᠤᠳᠬᠠᠵᠤ᠂ ᠦᠨᠳᠦᠰᠦᠲᠡᠨ᠎ᠦ ᠠᠵᠢᠯ᠎ᠤᠨ ᠱᠢᠨᠵᠢᠯᠡᠬᠦ᠌ ᠤᠬᠠᠭᠠᠨᠴᠢ᠂ ᠣᠨᠣᠪᠴᠢᠲᠠᠢ᠂ ᠵᠢᠷᠤᠮᠵᠢᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠠ᠃
ᠲᠦᠷᠪᠡ᠎ᠳᠦ᠂ ᠦᠨᠳᠦᠰᠦᠲᠡᠨ᠎ᠦ ᠠᠵᠢᠯ᠎ᠤᠨ ᠰᠠᠯᠠᠭ᠎ᠠ ᠮᠥᠴᠢᠷ᠎ᠦᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠦᠨᠳᠦᠰᠦᠲᠡᠨ᠎ᠦ ᠠᠵᠢᠯ᠎ᠢ ᠰᠠᠢᠲᠤᠷᠬᠢᠬᠦ᠌ᠵᠥᠪᠯᠡᠭ᠌ᠴᠢᠪᠠᠬᠠᠪᠰᠤᠷᠤᠭ᠍ᠴᠢᠶ᠋ᠢᠨᠦᠢᠯᠡᠳᠦᠯᠢᠰᠠᠢᠲᠤᠷᠪᠠᠳᠠᠷᠠᠭᠤᠯᠬᠤᠶ᠋ᠢᠨ ᠲᠣᠭᠣᠷᠢᠨ᠎ᠳᠤ ᠨᠠᠢᠳᠠᠪᠤᠷᠢᠵᠢᠭᠤᠯᠤᠯᠲᠠ ᠶ᠋ᠢ ᠠᠳᠭᠤᠨ᠎ᠠ᠃ ᠨᠠᠮ᠎ᠤᠨ ᠦᠨᠳᠦᠰᠦᠲᠡᠨ᠎ᠦ ᠠᠵᠢᠯ᠎ᠳᠠᠬᠢ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠡᠶ ᠬᠠᠮᠲᠤᠷᠠᠨ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ ᠪᠠ ᠠᠢᠮᠠᠭ ᠬᠣᠲᠠ᠎ᠶ᠋ᠢᠨ ᠤᠳᠤᠷᠢᠳᠭᠤ ᠪᠠᠭ᠎ᠤᠨ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ》 ᠵᠢᠨ ᠪᠣᠳᠠᠲᠤ ᠠᠮᠵᠢᠯᠲᠠ᠎ᠶ᠋ᠢ ᠬᠢᠨᠠᠨ ᠱᠢᠯᠭᠠᠬᠤ᠎ᠶ᠋ᠢ ᠰᠠᠢᠲᠤᠷ ᠥᠷᠨᠢᠭᠦᠯᠤᠨ᠎ᠠ᠃ ᠠᠵᠢᠯ᠎ᠤᠨ ᠭᠣᠸ᠋ᠯ ᠱᠢᠵᠢᠮ᠎ᠤ᠋ᠨ ᠲᠤᠭᠤᠷᠢᠨ᠎ᠳᠤ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠰᠠᠯᠠᠭ᠎ᠠ ᠮᠥᠴᠢᠷ᠎ᠦᠨ ᠺᠠᠳ᠋ᠷ᠎ᠤᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠡᠭᠦᠷᠭᠡ ᠴᠢᠳᠠᠪᠬᠢ᠎ᠶ᠋ᠢ ᠱᠢᠯᠢᠳᠡᠭ᠌ᠵᠢᠭᠦᠯᠬᠦ᠌ ᠪᠠ ᠡᠭᠦᠷᠭᠡ ᠬᠠᠷᠢᠭᠤᠴᠠᠯᠭ᠎ᠠ᠎ᠶ᠋ᠢ ᠳᠣᠭᠢᠷᠠᠭᠤᠯᠬᠤ᠎ᠶ᠋ᠢ ᠠᠬᠢᠭᠤᠯᠤᠨ ᠂ ᠦᠨᠳᠦᠰᠦᠨ ᠱᠠᠲᠤᠨ᠎ᠤ ᠡᠮᠦᠨ᠎ᠡ ᠹᠷᠣᠨᠲ ᠤ᠋ᠨ ᠦᠨᠳᠦᠰᠦᠲᠡᠨ᠎ᠦ ᠠᠵᠢᠯ᠎ᠤᠨ ᠬᠦᠴᠦᠨ᠎ᠢ ᠦᠨᠡᠨ ᠬᠦ᠌ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ ᠪᠠ ᠲᠦᠪᠰᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠤᠨ᠎ᠠ᠃ ᠦᠨᠳᠦᠰᠦᠲᠡᠨ᠎ᠦ ᠠᠵᠢᠯ᠎ᠤᠨ ᠮᠡᠳᠡᠭᠡ ᠵᠠᠩᠭᠢᠵᠢᠯᠲᠠ᠂ ᠲᠣᠭᠠᠴᠢᠯᠠᠯᠲᠠ ᠶ᠋ᠢ ᠲᠦᠷᠭᠡᠳᠭᠡᠨ ᠠᠬᠢᠭᠤᠯᠵᠤ᠂《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ》 ᠲᠣᠭᠠᠴᠢᠯᠠᠭ᠍ᠰᠠᠨ ᠲᠠᠪᠴᠠᠩ᠎ᠢ ᠪᠠᠢᠭᠤᠯᠤᠨ᠎ᠠ᠃ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠭᠡᠱᠢᠭᠦᠨ᠎ᠦ ᠳᠦᠷᠢᠮ᠎ᠦᠨ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ ᠭᠡᠱᠢᠭᠦᠨ ᠨᠢᠭᠡᠴᠢ᠎ᠶ᠋ᠢᠨ ᠦᠨᠳᠦᠰᠦᠲᠡᠨ᠎ᠦ ᠠᠵᠢᠯ᠎ᠤᠨ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠪᠦᠬᠦ᠌ ᠨᠡᠢᠭᠡᠮ᠎ᠢᠶᠡᠷ᠎ᠢᠶᠡᠨ ᠦᠨᠳᠦᠰᠦᠲᠡᠨ᠎ᠦ ᠠᠵᠢᠯ᠎ᠢ ᠵᠡᠷᠭᠡ ᠪᠡᠷ ᠠᠳᠭᠤᠵᠤ ᠬᠠᠮᠲᠤ ᠪᠠᠷ ᠬᠠᠮᠢᠶᠠᠷᠬᠤ ᠪᠦᠲᠦᠮᠵᠢᠲᠡᠢ ᠬᠦᠴᠦᠨ᠎ᠢ ᠨᠢᠭ᠍ᠲᠠᠷᠠᠭᠤᠯᠤᠨ᠎ᠠ ᠭᠡᠵᠦ ᠢᠯᠡᠷᠬᠡᠢᠯᠡᠪᠡ᠃