ᠲᠠᠯ᠎ᠠ ᠭᠠᠵᠠᠷ
ᠬᠢᠳᠠᠳ ᠨᠡᠷ᠎ᠡ᠄ 草原
ᠲᠠᠯ᠎ᠠ
ᠭᠠᠵᠠᠷ ᠪᠣᠯ ᠭᠠᠵᠠᠷ᠎ᠤᠨ ᠨᠢᠭᠤᠷ ᠨᠢ ᠲᠡᠭ᠌ᠰᠢᠬᠡᠨ ᠪᠤᠶᠤ ᠳᠡᠭᠡᠨᠴᠡᠯ᠎ᠢᠶᠡᠷ ᠨᠡᠯᠢᠶᠡᠳ ᠪᠠᠭ᠎ᠠ ᠨᠢᠭᠡᠨ
ᠨᠡᠯᠢᠶᠡᠳ ᠶᠡᠬᠡ ᠣᠷᠣᠨ ᠪᠣᠯᠤᠨ᠎ᠠ᠂ ᠭᠣᠣᠯᠳᠠᠭᠤ ᠶᠡᠬᠡ ᠭᠣᠣᠯ᠎ᠤᠨ ᠬᠣᠶᠠᠷ ᠡᠷᠭᠢ ᠪᠠ ᠳᠠᠯᠠᠶ ᠳᠠᠭᠠᠤ
ᠣᠷᠣᠨ᠎ᠢᠶᠠᠷ ᠲᠠᠷᠬᠠᠵᠤ ᠪᠠᠢᠨ᠎ᠠ᠃
ᠳᠤᠮᠳᠠᠳᠤ
ᠤᠯᠤᠰ᠎ᠤᠨ ᠭᠤᠷᠪᠠᠨ ᠶᠡᠬᠡ ᠲᠠᠯ᠎ᠠ ᠭᠠᠵᠠᠷ
ᠵᠡᠭᠦᠨᠬᠣᠢᠲᠤᠶ᠋ᠢᠨᠲᠠᠯᠠᠭᠠᠵᠠᠷ᠂ᠤᠮᠠᠷᠠᠲᠤᠶᠢᠨᠲᠠᠯᠠᠭᠠᠵᠠᠷ᠂ᠬᠦᠬᠡᠮᠦ᠋ᠷᠡᠨᠦ
ᠳᠤᠮᠳᠠᠳᠤ ᠳᠤᠤᠷᠠᠳᠤ ᠤᠷᠤᠰᠭᠠᠯ᠎ᠤᠨ ᠲᠠᠯ᠎ᠠ ᠭᠠᠵᠠᠷ ᠪᠣᠯ ᠮᠠᠨ᠎ᠤ ᠤᠯᠤᠰ᠎ᠤᠨ ᠭᠤᠷᠪᠠᠨ ᠶᠡᠬᠡᠲᠠᠯ᠎ᠠ
ᠭᠠᠵᠠᠷ ᠮᠦᠨ᠃ ᠲᠡᠳᠡᠭᠡᠷ ᠨᠢ ᠪᠦᠬᠦᠨ᠎ᠢᠶᠡᠷ᠎ᠢᠶᠡᠨ ᠳᠤᠮᠳᠠᠳᠤ ᠤᠯᠤᠰ᠎ᠤᠨ ᠵᠡᠭᠦᠨ ᠬᠡᠰᠡᠭ᠎ᠲᠦ ᠲᠠᠷᠬᠠᠵᠤ ᠪᠠᠢᠳᠠᠭ᠃ ᠵᠡᠭᠦᠨ ᠬᠣᠢᠲᠤ᠎ᠶ᠋ᠢᠨ ᠲᠠᠯ᠎ᠠ ᠭᠠᠵᠠᠷ ᠪᠣᠯ ᠳᠤᠮᠳᠠᠳᠤ ᠤᠯᠤᠰ᠎ᠤᠨ ᠬᠠᠮᠤᠭ᠎ᠤᠨ ᠶᠡᠬᠡ ᠲᠠᠯᠠᠭᠠᠵᠠᠷᠪᠠᠢᠵᠤ᠂ᠳᠠᠯᠠᠶᠶ᠋ᠢᠨᠲᠦᠪᠱᠢᠨᠡᠴᠡ 200ᠮᠧᠲ᠋ᠷ
ᠣᠷᠴᠢᠮ ᠡᠷᠭᠦᠭ᠌ᠳᠡᠵᠦ᠍᠂ ᠥᠩ ᠱᠢᠮᠡᠯᠢᠭ ᠬᠠᠷ᠎ᠠ ᠬᠥᠷᠥᠰᠥ᠍ ᠥᠷᠭᠡᠨ᠎ᠢᠶᠡᠷ ᠲᠠᠷᠬᠠᠵᠤ ᠪᠠᠢᠨ᠎ᠠ; ᠤᠮᠠᠷᠠᠲᠤ᠎ᠶᠢᠨ ᠲᠠᠯ᠎ᠠ ᠭᠠᠵᠠᠷ ᠪᠣᠯ ᠳᠤᠮᠳᠠᠳᠤ ᠤᠯᠤᠰ᠎ᠤᠨ ᠵᠡᠭᠦᠨ ᠬᠡᠰᠡᠭ᠎ᠦᠨ ᠶᠡᠬᠡ
ᠲᠠᠯ᠎ᠠ ᠭᠠᠵᠠᠷ᠎ᠤᠨ ᠴᠢᠬᠤᠯᠠ ᠪᠦᠷᠢᠯᠳᠦᠬᠦᠨ ᠬᠡᠰᠡᠭ ᠪᠠᠢᠵᠤ᠂ ᠤᠮᠠᠷᠠᠲᠤ᠎ᠶᠢᠨ ᠲᠠᠯ᠎ᠠ ᠭᠠᠵᠠᠷ᠎ᠤᠨ
ᠶᠡᠬᠡᠩᠬᠢ ᠬᠡᠰᠡᠭ᠎ᠤᠨ ᠥᠨᠳᠥᠷ᠎ᠦᠨ ᠬᠡᠮᠵᠢᠶ᠎ᠡ᠎ᠨᠢ ᠭᠠᠵᠠᠷ᠎ᠤᠨ ᠭᠠᠳᠠᠷᠭᠤ᠎ᠡᠴᠡ 50 ᠮᠧᠲ᠋ᠷ᠎ᠡᠴᠡ ᠳᠣᠷᠣᠭ᠍ᠰᠢ ᠪᠠᠢᠵᠦ᠂ ᠵᠠᠮ
ᠬᠠᠷᠢᠯᠴᠠᠭ᠎ᠠ ᠳᠥᠭᠥᠮ ᠳᠥᠲᠡ᠂ ᠠᠵᠤ ᠠᠬᠤᠶ ᠬᠥᠭ᠌ᠵᠢᠭ᠌ᠰᠡᠨ ᠪᠠᠢᠨ᠎ᠠ; ᠬᠦᠬᠡᠮᠦ᠋ᠷᠡᠨᠦ ᠳᠤᠮᠳᠠᠳᠤ ᠳᠣᠣᠷᠠᠳᠤ ᠤᠷᠤᠰᠭᠠᠯ᠎ᠤᠨ ᠲᠠᠯ᠎ᠠ ᠭᠠᠵᠠᠷ᠎ᠤᠨ ᠶᠡᠬᠡᠩᠬᠢ
ᠬᠡᠰᠡᠭ ᠤᠨ ᠥᠨᠳᠥᠷ᠎ᠦᠨ ᠬᠡᠮᠵᠢᠶ᠎ᠡ ᠨᠢ ᠭᠠᠵᠠᠷ᠎ᠤᠨ ᠭᠠᠳᠠᠷᠭᠤ ᠡᠴᠡ 50 ᠮᠧᠲ᠋ᠷ᠎ᠡᠴᠡ ᠳᠣᠷᠣᠭ᠍ᠰᠢ ᠪᠠᠢᠵᠦ᠂ ᠭᠠᠵᠠᠷ᠎ᠤᠨ ᠪᠠᠢᠴᠠ ᠨᠢ ᠨᠠᠮ ᠲᠡᠭ᠌ᠰᠢᠬᠡᠨ᠂
ᠭᠣᠣᠯ᠎ᠤᠨ ᠲᠣᠣᠷ ᠨᠢ ᠬᠥᠨᠳᠡᠯᠡᠨ ᠭᠤᠯᠳᠤ ᠪᠠᠢᠳᠠᠭ᠎ᠠᠴᠠ 《ᠤᠰᠤᠲᠤ
ᠤᠯᠤᠰ》 ᠭᠡᠰᠡᠨ ᠠᠯᠳᠠᠷᠲᠠᠶ ᠶᠤᠮ᠃
ᠵᠡᠭᠦᠨ
ᠬᠣᠢᠲᠤ᠎ᠶ᠋ᠢᠨ ᠲᠠᠯ᠎ᠠ ᠭᠠᠵᠠᠷ
ᠵᠡᠭᠦᠨ
ᠬᠣᠢᠲᠤ᠎ᠶ᠋ᠢᠨ ᠲᠠᠯ᠎ᠠ ᠭᠠᠵᠠᠷ᠎ᠢ ᠪᠠᠰᠠ ᠰᠤᠩᠭᠠᠷᠢ ᠮᠥᠷᠡᠨ᠂ ᠯᠢᠶᠣᠤᠾᠧ ᠭᠣᠣᠯ᠎ᠤᠨ ᠲᠠᠯ᠎ᠠ ᠭᠠᠵᠠᠷ ᠭᠡᠳᠡᠭ᠃
ᠶᠡᠬᠡ᠂ ᠪᠠᠭ᠎ᠠ ᠬᠢᠩᠭᠠᠨ ᠳᠠᠪᠠᠭ᠎ᠠ ᠪᠠ ᠴᠠᠩ ᠪᠠᠶ ᠱᠠᠨ᠎ᠤ ᠬᠣᠭᠣᠷᠣᠨᠳᠣ ᠪᠠᠢᠨ᠎ᠠ᠃ ᠤᠮᠠᠷᠠᠰᠢ ᠨᠤᠨ
ᠮᠥᠷᠡᠨ᠎ᠦ ᠳᠤᠮᠳᠠᠳᠤ ᠤᠷᠤᠰᠭᠠᠯ᠎ᠠᠴᠠ ᠡᠬᠢᠯᠡᠵᠦ᠍᠂ ᠡᠮᠦᠨᠡᠰᠢ ᠯᠢᠶᠣᠤᠳᠦ᠋ᠩ ᠪᠤᠯᠤᠩ ᠬᠦᠷᠦᠨ᠎ᠡ᠃ ᠡᠮᠦᠨᠡᠰᠢ
ᠤᠮᠠᠷᠠᠰᠢ ᠣᠷᠳᠣ ᠨᠢ ᠪᠠᠷᠤᠭ1000 ᠺᠢᠯᠣᠮᠧᠲ᠋ᠷ᠂ ᠵᠡᠭᠦᠨᠰᠢ
ᠪᠠᠷᠠᠭᠤᠨᠰᠢ ᠥᠷᠭᠡᠨ ᠨᠢ ᠪᠠᠷᠤᠭ 400 ᠺᠢᠯᠣᠮᠧᠲ᠋ᠷ᠂
ᠥᠨᠳᠥᠷ᠎ᠦᠨ ᠬᠡᠮᠵᠢᠶ᠎ᠡ᠎ᠨᠢ ᠭᠠᠵᠠᠷ᠎ᠤᠨ ᠭᠠᠳᠠᠷᠭᠤ᠎ᠡᠴᠡ 200
ᠮᠧᠲ᠋ᠷ᠎ᠡᠴᠡ ᠳᠣᠷᠤᠭᠰᠢ ᠪᠠᠢᠵᠤ᠂ ᠲᠠᠯᠠᠪᠠᠶ ᠨᠢ 35 ᠲᠦᠮᠡᠨ ᠲᠡᠭ᠌ᠰᠢ
ᠳᠥᠷᠪᠡᠯᠵᠢᠨ ᠺᠢᠯᠣᠮᠧᠲ᠋ᠷ᠎ᠲᠦ ᠬᠦᠷᠴᠦ᠍᠂ ᠳᠤᠮᠳᠠᠳᠤ ᠤᠯᠤᠰ᠎ᠤᠨ ᠲᠠᠯᠠᠪᠠᠶ᠎ᠪᠠᠷ ᠬᠠᠮᠤᠭ᠎ᠤᠨ ᠶᠡᠬᠡ ᠲᠠᠯ᠎ᠠ
ᠭᠠᠵᠠᠷ ᠪᠣᠯᠤᠨ᠎ᠠ᠃ ᠵᠡᠭᠦᠨ ᠬᠣᠢᠲᠤ᠎ᠶ᠋ᠢᠨ ᠲᠠᠯ᠎ᠠ ᠭᠠᠵᠠᠷ᠎ᠤᠨ ᠬᠥᠷᠥᠰᠥ᠍ ᠱᠢᠷᠣᠶ ᠵᠤᠵᠠᠭᠠᠨ᠂ ᠥᠩ
ᠱᠢᠮᠡᠯᠢᠭ᠂ ᠲᠠᠷᠢᠶᠠᠨ ᠭᠠᠵᠠᠷ ᠥᠷᠭᠡᠨ ᠠᠭᠤᠳᠠᠮ ᠪᠠᠢᠵᠤ᠂ ᠳᠤᠮᠳᠠᠳᠤ ᠤᠯᠤᠰ᠎ᠤᠨ ᠭᠣᠣᠯ ᠠᠮᠤ ᠪᠤᠳᠠᠭᠠᠨ᠎ᠤ
ᠭᠠᠷᠤᠯᠲᠠ᠎ᠶ᠋ᠢᠨ ᠣᠷᠣᠨ ᠪᠣᠯᠤᠨ᠎ᠠ᠃
ᠤᠮᠠᠷᠠᠲᠤ᠎ᠶ᠋ᠢᠨ
ᠲᠠᠯ᠎ᠠ ᠭᠠᠵᠠᠷ
ᠬᠠᠳᠤᠨ
ᠭᠤᠤᠯ᠎ᠤᠨ ᠳᠣᠣᠷᠠᠳᠤ ᠤᠷᠤᠰᠭᠠᠯ᠎ᠳᠤ ᠪᠠᠢᠨ᠎ᠠ᠃ ᠪᠠᠷᠠᠭᠤᠨ᠎ᠠᠴᠠ ᠲᠠᠢᠬᠠᠡᠭᠱᠠᠨ ᠠᠭᠤᠯᠠ ᠨᠢᠷᠤᠭᠤ ᠪᠠ
ᠾᠧᠨᠠᠨ᠎ᠤ ᠪᠠᠷᠠᠭᠤᠨ ᠬᠡᠰᠡᠭ᠎ᠦᠨ ᠠᠭᠤᠯᠠᠷᠬᠠᠭ ᠭᠠᠵᠠᠷ᠎ᠠᠴᠠ ᠵᠡᠭᠦᠨᠰᠢ ᠱᠢᠷ᠎ᠠ ᠲᠠᠩᠭᠢᠰ᠂ ᠪᠦᠸᠧᠬᠠᠶ
ᠲᠠᠩᠭᠢᠰ ᠪᠠ ᠱᠠᠨᠳᠦ᠋ᠩ᠎ᠦᠨ ᠳᠣᠪᠣᠷᠬᠠᠭ ᠬᠦᠷᠲᠡᠯ᠎ᠡ᠂ ᠤᠮᠠᠷᠠᠰᠢ ᠶᠠᠨᠱᠠᠨ ᠠᠭᠤᠯᠠ ᠨᠢᠷᠤᠭᠤ᠎ᠠᠴᠠ
ᠡᠬᠢᠯᠡᠵᠦ᠍ ᠂ ᠪᠠᠷᠠᠭᠤᠨ ᠡᠮᠦᠨᠡᠰᠢ ᠾᠧᠨᠠᠨ᠎ᠤ ᠲᠦᠩ ᠪᠠᠶ ᠱᠠᠨ ᠠᠭᠤᠯᠠ ᠪᠠ ᠳᠠ ᠪᠢᠶᠸ ᠱᠠᠨ ᠠᠭᠤᠯᠠ
ᠬᠦᠷᠲᠡᠯ᠎ᠡ᠂ ᠵᠡᠭᠦᠨ ᠡᠮᠦᠨᠡᠰᠢ ᠵᠢᠶᠠᠩᠰᠦ᠂ ᠠᠨᠾᠦᠶ᠋ᠢ ᠵᠢᠨ ᠬᠣᠢᠲᠤ ᠬᠡᠰᠡᠭ ᠬᠦᠷᠴᠦ᠍᠂ ᠬᠦᠬᠡᠮᠦ᠋ᠷᠡᠨᠦ
ᠳᠤᠮᠳᠠᠳᠤ ᠳᠣᠣᠷᠠᠳᠤ ᠤᠷᠤᠰᠭᠠᠯ᠎ᠤᠨ ᠲᠠᠯ᠎ᠠ ᠭᠠᠵᠠᠷ᠎ᠲᠠᠶ ᠵᠠᠯᠭᠠᠯᠳᠤᠵᠤ ᠪᠠᠢᠨ᠎ᠠ᠃ ᠤᠮᠠᠷᠠᠲᠤ ᠶᠢᠨ
ᠲᠠᠯ᠎ᠠ ᠭᠠᠵᠠᠷ ᠪᠣᠯ ᠳᠤᠮᠳᠠᠳᠤ ᠤᠯᠤᠰ᠎ᠤᠨ ᠬᠣᠶᠠᠳᠤᠭᠠᠷ ᠶᠡᠬᠡ ᠲᠠᠯ᠎ᠠ ᠭᠠᠵᠠᠷ ᠪᠣᠯᠤᠨ᠎ᠠ᠃ ᠲᠠᠯᠠᠪᠠᠶ ᠨᠢ
ᠪᠠᠷᠤᠭ 31 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠢᠨ᠎ᠠ᠃ ᠤᠮᠠᠷᠠᠲᠤ᠎ᠶᠢᠨ ᠲᠠᠯ᠎ᠠ ᠭᠠᠵᠠᠷ ᠪᠣᠯ ᠳᠤᠯᠠᠭᠠᠨ ᠰᠡᠷᠢᠭᠦᠨ
ᠪᠦᠰᠡ᠎ᠶ᠋ᠢᠨ ᠤᠯᠠᠷᠢᠯ᠎ᠤᠨ ᠰᠠᠯᠬᠢᠨ᠎ᠤ ᠠᠭᠤᠷ ᠠᠮᠢᠰᠭᠤᠯ᠎ᠳᠤ ᠬᠠᠷᠢᠶᠠᠯᠠᠭ᠍ᠳᠠᠵᠤ᠂ ᠳᠥᠷᠪᠡᠨ ᠤᠯᠠᠷᠢᠯ᠎ᠤᠨ
ᠬᠤᠪᠢᠷᠠᠯᠲᠠ ᠨᠢ ᠢᠯᠡᠷᠬᠡᠶ ᠪᠠᠢᠳᠠᠭ᠃ ᠡᠮᠦᠨᠡᠲᠦ ᠬᠡᠰᠡᠭ᠎ᠦᠨ ᠬᠤᠸᠠᠢᠾᠧ ᠭᠣᠣᠯ᠎ᠤᠨ ᠰᠠᠪᠠ ᠭᠠᠵᠠᠷ ᠨᠢ
ᠳᠡᠳ᠋ ᠬᠠᠯᠠᠭᠤᠨ ᠪᠦᠰᠡ ᠵᠦᠭ ᠱᠢᠯᠵᠢᠬᠦ᠌ ᠣᠷᠣᠨ᠎ᠳᠤ ᠣᠷᠣᠱᠢᠵᠤ᠂ ᠠᠭᠠᠷ᠎ᠤᠨ ᠳᠤᠯᠠᠭᠠᠨ ᠪᠠ ᠲᠤᠨᠳᠠᠰᠤᠨ᠎ᠤ
ᠬᠡᠮᠵᠢᠶ᠎ᠡ ᠨᠢ ᠪᠦᠷ ᠤᠮᠠᠷᠠᠲᠤ ᠬᠡᠰᠡᠭ᠎ᠦᠨ ᠬᠢ᠎ᠡᠴᠡ ᠥᠨᠳᠥᠷ ᠪᠠᠢᠳᠠᠭ᠃ ᠲᠠᠯ᠎ᠠ ᠭᠠᠵᠠᠷ᠎ᠤᠨ ᠵᠢᠯ᠎ᠦᠨ
ᠳᠤᠮᠳᠠᠴᠢ ᠳᠤᠯᠠᠭᠠᠨ ᠨᠢ 8°C—15°C ᠪᠠᠢᠵᠤ᠂ ᠡᠪᠦᠯ᠎ᠦᠨ ᠤᠯᠠᠷᠢᠯ᠎ᠳᠤ ᠬᠠᠬᠢᠷ ᠬᠦᠢᠲᠡᠨ ᠭᠠᠩ ᠬᠠᠭᠤᠷᠠᠶ᠂ ᠲᠠᠷᠢᠮᠠᠯ᠎ᠤᠨ
ᠵᠦᠢᠯ᠎ᠦᠨ ᠣᠯᠠᠩᠬᠢ ᠨᠢ ᠬᠣᠶᠠᠷ ᠵᠢᠯ᠎ᠳᠦ ᠭᠤᠷᠪᠠᠨ ᠤᠳᠠᠭ᠎ᠠ ᠪᠣᠯᠪᠠᠰᠤᠷᠠᠵᠤ᠂ ᠡᠮᠦᠨᠡᠲᠦ ᠬᠡᠰᠡᠭ᠎ᠲᠦ ᠨᠢᠭᠡ
ᠵᠢᠯ᠎ᠳᠦ ᠬᠣᠶᠠᠷ ᠤᠳᠠᠭ᠎ᠠ ᠪᠣᠯᠪᠠᠰᠤᠷᠠᠳᠠᠭ᠃
ᠬᠥᠬᠡᠮᠥ᠋ᠷᠡᠨ᠎ᠦ
ᠳᠤᠮᠳᠠᠳᠤ ᠳᠣᠣᠷᠠᠳᠤ ᠤᠷᠤᠰᠭᠠᠯ᠎ᠤᠨ ᠲᠠᠯ᠎ᠠ ᠭᠠᠵᠠᠷ
ᠬᠥᠬᠡᠮᠥ᠋ᠷᠡᠨ᠎ᠦ
ᠳᠤᠮᠳᠠᠳᠤ ᠳᠣᠣᠷᠠᠳᠤ ᠤᠷᠤᠰᠭᠠᠯ᠎ᠤᠨ ᠲᠠᠯ᠎ᠠ ᠭᠠᠵᠠᠷ ᠭᠡᠳᠡᠭ ᠨᠢ ᠳᠤᠮᠳᠠᠳᠤ ᠤᠯᠤᠰ᠎ᠤᠨ ᠬᠥᠬᠡᠮᠥ᠋ᠷᠡᠨ᠎ᠦ
ᠭᠤᠷᠪᠠᠨ ᠬᠠᠪᠴᠢᠯ᠎ᠠᠴᠠ ᠵᠡᠭᠦᠨᠰᠢ ᠳᠤᠮᠳᠠᠳᠤ ᠳᠣᠣᠷᠠᠳᠤ ᠤᠷᠤᠰᠭᠠᠯ᠎ᠤᠨ ᠡᠷᠭᠢ ᠳᠠᠭᠠᠤ ᠪᠦᠰᠡᠯᠢᠭ ᠲᠠᠯ᠎ᠠ
ᠭᠠᠵᠠᠷ᠎ᠢ ᠵᠢᠭᠠᠵᠤ ᠪᠠᠢᠨ᠎ᠠ᠃ ᠤᠮᠠᠷᠠᠰᠢᠬᠤᠸᠠᠢᠶᠠᠩᠠᠭᠤᠯᠠᠲᠠᠶᠵᠠᠯᠭᠠᠯᠳᠤᠵᠤ᠂ ᠡᠮᠦᠨᠡᠰᠢ
ᠵᠢᠶᠠᠩᠨᠠᠨ᠎ᠤ ᠳᠣᠪᠣᠷᠬᠠᠭ᠎ᠲᠠᠶ ᠵᠠᠯᠭᠠᠯᠳᠤᠨ᠎ᠠ᠃ ᠭᠠᠵᠠᠷ᠎ᠤᠨ ᠪᠠᠢᠴᠠ ᠨᠢ ᠨᠠᠮ ᠲᠡᠭ᠌ᠰᠢᠬᠡᠨ ᠪᠠᠢᠵᠤ᠂
ᠳᠣᠤᠷᠠᠳᠤ ᠤᠷᠤᠰᠭᠠᠯ᠎ᠤᠨ ᠲᠠᠯ᠎ᠠ ᠭᠠᠵᠠᠷ᠎ᠤᠨ ᠶᠡᠬᠡᠩᠬᠢ ᠬᠡᠰᠡᠭ᠎ᠤᠨ ᠥᠨᠳᠥᠷ᠎ᠦᠨ ᠬᠡᠮᠵᠢᠶ᠎ᠡ᠎ᠨᠢ ᠭᠠᠵᠠᠷ᠎ᠤᠨ ᠭᠠᠳᠠᠷᠭᠤ᠎ᠶ᠋ᠢᠨ 50
ᠮᠧᠲ᠋ᠷ᠎ᠡᠴᠡ ᠳᠣᠷᠣᠭ᠍ᠰᠢ ᠪᠠᠢᠳᠠᠭ᠃ ᠳᠤᠮᠳᠠᠳᠤ ᠤᠷᠤᠰᠭᠠᠯ᠎ᠤᠨ ᠲᠠᠯ᠎ᠠ ᠭᠠᠵᠠᠷ᠎ᠲᠤ ᠬᠤᠪᠸᠢ ᠮᠥᠷᠡᠨ
ᠬᠠᠨᠵᠢᠶᠠᠩ ᠮᠥᠷᠡᠨ᠎ᠦ ᠲᠠᠯ᠎ᠠ ᠭᠠᠵᠠᠷ᠂ ᠬᠤᠨᠠᠨ᠎ᠤ ᠳ᠋ᠥᠩ ᠲᠢᠩ ᠬᠤ᠌ ᠨᠠᠭᠤᠷ᠎ᠤᠨ ᠲᠠᠯ᠎ᠠ ᠭᠠᠵᠠᠷ ᠪᠠ
ᠵᠢᠶᠠᠩᠰᠢ᠎ᠶ᠋ᠢᠨ ᠫᠦᠸᠸ ᠶᠠᠩ ᠬᠤ᠌ ᠨᠠᠭᠤᠷ᠎ᠤᠨ ᠲᠠᠯ᠎ᠠ ᠭᠠᠵᠠᠷ ᠪᠠᠭ᠍ᠲᠠᠨ᠎ᠠ᠃ ᠳᠣᠣᠷᠠᠳᠤ
ᠤᠷᠤᠰᠭᠠᠯ᠎ᠤᠨ ᠲᠠᠯ᠎ᠠ ᠭᠠᠵᠠᠷ᠎ᠲᠤ ᠠᠨᠾᠤᠶ᠋ᠢ ᠬᠦᠬᠡᠮᠦ᠋ᠷᠡᠨ᠎ᠤ ᠡᠷᠭᠢ ᠳᠠᠭᠠᠤ ᠲᠠᠯ᠎ᠠ ᠭᠠᠵᠠᠷ ᠪᠠ ᠴᠤᠤ ᠬᠤ᠌ ᠨᠠᠭᠤᠷ᠎ᠤᠨ ᠲᠠᠯ᠎ᠠ ᠭᠠᠵᠠᠷ ᠵᠢᠴᠢ ᠵᠢᠶᠠᠩᠰᠦ᠂ ᠵᠧᠵᠢᠶᠠᠩ᠂ ᠱᠠᠩᠬᠠᠶ᠎ᠶ᠋ᠢᠨ ᠬᠣᠭᠣᠷᠣᠨᠳᠣᠬᠢ
ᠬᠦᠬᠡᠮᠦ᠋ᠷᠡᠨ᠎ᠤ ᠭᠤᠷᠪᠠᠯᠵᠢᠨ ᠬᠣᠢᠭ ᠪᠠᠭ᠍ᠲᠠᠨ᠎ᠠ᠃ ᠠᠯᠪᠠᠨ᠎ᠤ ᠲᠠᠯ᠎ᠠ᠎ᠶ᠋ᠢᠨ ᠪᠦᠷᠢᠳᠭᠡᠭ᠌ᠰᠡᠨ ᠲᠣᠭ᠎ᠠ
ᠪᠠᠷᠢᠮᠲᠠ ᠳᠦ ᠲᠠᠯ᠎ᠠ ᠭᠠᠵᠠᠷ ᠨᠢ ᠤᠯᠤᠰ᠎ᠤᠨ ᠨᠤᠲᠤᠭ ᠳᠡᠪᠢᠰᠭᠡᠷ᠎ᠦᠨ ᠶᠡᠷᠦᠩᠬᠡᠶ ᠲᠠᠯᠠᠪᠠᠶ᠎ᠶ᠋ᠢᠨ 12%᠎ᠢ
ᠡᠵᠡᠯᠡᠵᠦ᠍᠂ ᠪᠠᠷᠤᠭ 115 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠢᠨ᠎ᠠ᠃
ᠢᠷᠡᠯᠳᠡ᠄ ᠪᠠᠢ ᠳᠦ ᠪᠠᠢ ᠺᠸ ᠰᠦᠯᠵᠢᠶ᠎ᠠ
ᠡᠮᠬᠢᠯᠡᠭᠴᠢ᠄ ᠴᠠᠡᠭ ᠶᠠᠨ ᠵᠢᠶᠦ᠋ᠨ