ᠡᠨ᠋ᠸᠷᠬᠢ ᠵᠢᠨ ᠰᠠᠭᠤᠷᠢᠨ ᠤ᠋ ᠦᠢᠯᠡᠳᠤᠯ ᠴᠢᠳᠠᠪᠬᠢ ᠪᠠᠨ ᠬᠦᠢᠴᠡᠳ ᠪᠠᠳᠠᠷᠠᠭᠤᠯᠵᠤ ᠪᠤᠬᠢᠷᠳᠤᠯ ᠦᠬᠡᠢ ᠬᠦᠭᠵᠢᠯᠳᠡ ᠵᠢᠨ ᠬᠦᠳᠡᠯᠬᠡᠬᠦ ᠬᠦᠴᠦᠨ ᠢ᠋ ᠴᠢᠩᠭᠠᠤᠨᠬᠠᠯ᠎ᠠ
2022-01-05 10:21:49
ᠵᠣᠬᠢᠶᠠᠭ᠍ᠴᠢ᠄
ᠦᠷᠴᠠᠢᠬᠤ
ᠣᠩᠱᠢᠭ᠍ᠰᠠᠨ ᠣᠳᠠᠭ᠎ᠠ᠄
★★★☆☆

ᠡᠨ᠋ᠸᠷᠬᠢ ᠪᠤᠯ ᠠᠵᠤ ᠠᠬᠤᠢ ᠵᠢᠨ ᠬᠦᠭᠵᠢᠯᠳᠡ ᠵᠢᠨ ᠬᠦᠳᠡᠯᠭᠡᠬᠦ ᠬᠦᠴᠦᠨ ᠮᠦᠨ᠃ ᠮᠠᠨ ᠤ᠋ ᠤᠷᠤᠨ ᠤᠯᠤᠰ ᠤ᠋ᠨ ᠴᠢᠬᠤᠯᠠ ᠡᠨ᠋ᠸᠷᠬᠢ ᠵᠢᠨ ᠰᠠᠭᠤᠷᠢᠨ ᠪᠤᠯᠤᠬᠰᠠᠨ ᠤ᠋ ᠬᠤᠪᠢ ᠳ᠋ᠦ᠂ 2021 ᠤᠨ ᠳ᠋ᠤ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠬᠥᠭ᠌ᠵᠢᠯᠲᠡ ᠵᠢ ᠪᠦᠬᠦ᠌ ᠬᠦᠴᠦᠨ ᠵᠢᠡᠷ ᠠᠬᠢᠭᠤᠯᠵᠤ᠂ ᠡᠨ᠋ᠸᠷᠬᠢ ᠵᠢᠨ ᠬᠠᠩᠭᠠᠯᠭ᠎ᠠ ᠵᠢᠨ ᠬᠦᠨᠳᠦ ᠬᠠᠷᠢᠭᠤᠴᠠᠯᠭ᠎ᠠ ᠵᠢ ᠵᠤᠷᠢᠬᠳᠠᠢ ᠪᠡᠷ ᠡᠭᠦᠷᠭᠡᠯᠡᠨ ᠨᠢᠮᠪᠠᠢ ᠬᠦᠢᠴᠡᠳᠬᠡᠵᠤ᠂ ᠪᠤᠬᠢᠷᠳᠤᠯ ᠦᠬᠡᠢ ᠬᠦᠭᠵᠢᠯᠳᠡ ᠵᠢᠨ ᠬᠦᠳᠡᠯᠬᠡᠬᠦ ᠬᠦᠴᠦᠨ ᠢ᠋ ᠴᠢᠨᠠᠭᠰᠢᠳᠠ ᠴᠢᠩᠭᠠᠤᠨᠬᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠢ᠋ ᠰᠠᠢᠨ ᠰᠠᠢᠬᠠᠨ ᠡᠬᠢᠯᠡᠭᠦᠯᠦᠭᠰᠡᠨ ᠪᠠᠢᠨ᠎ᠠ᠃

ᠡᠬᠡ ᠤᠯᠤᠰ ᠤ᠋ᠨ 《ᠶᠡᠬᠡ ᠰᠠᠭᠤᠷᠢᠨ》 ᠤ᠋ ᠬᠠᠷᠢᠭᠤᠴᠠᠯᠭ᠎ᠠ ᠪᠠᠨ ᠡᠭᠦᠷᠭᠡᠯᠡᠵᠤ᠂ ᠡᠨᠧᠷᠭᠢ ᠵᠢᠨ ᠠᠮᠤᠷ ᠲᠦᠪᠱᠢᠨ ᠢ᠋ ᠪᠦᠬᠦ᠌ ᠬᠦᠴᠦᠨ ᠵᠢᠡᠷ ᠵᠢᠠᠨ ᠪᠠᠲᠤᠯᠠᠪᠠ᠃ ᠤᠷᠤᠨ ᠲᠠᠶᠠᠭᠠᠷ ᠵᠢᠡᠨ ᠦᠪᠤᠷ ᠮᠤᠩᠭᠤᠯ ᠪᠤᠯ ᠤᠯᠤᠰ ᠤ᠋ᠨ ᠴᠢᠬᠤᠯᠠ ᠡᠨᠧᠷᠭᠢ ᠵᠢᠨ ᠰᠠᠭᠤᠷᠢᠨ ᠪᠣᠯᠬᠤ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠵᠢ ᠪᠠᠲᠤ ᠴᠡᠭᠡᠵᠢᠯᠡᠵᠦ᠍᠂ ᠤᠯᠤᠰ ᠤ᠋ᠨ ᠡᠨᠧᠷᠭᠢ ᠵᠢᠨ ᠠᠮᠤᠷ ᠲᠦᠪᠱᠢᠨ ᠢ᠋ ᠪᠠᠲᠤᠯᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠨ᠂ ᠤᠯᠤᠰ ᠤ᠋ᠨ ᠡᠨᠧᠷᠭᠢ ᠵᠢᠨ ᠠᠮᠤᠷ ᠲᠦᠪᠱᠢᠨ ᠢ᠋ ᠪᠥᠬᠥ᠌ ᠬᠦᠴᠦᠨ ᠵᠢᠡᠷ ᠪᠠᠲᠤᠯᠠᠬᠰᠠᠨ ᠶᠤᠮ᠃ ᠴᠠᠬᠢᠯᠭᠠᠨ ᠬᠦᠴᠦᠨ᠎ᠦ ᠬᠠᠩᠭᠠᠯᠭ᠎ᠠ ᠵᠢ ᠪᠠᠲᠤᠯᠠᠬᠤ 《30 ᠵᠤᠷᠪᠤᠰ》 ᠪᠤᠯᠤᠨ ᠡᠨᠧᠷᠭᠢ ᠵᠢᠨ ᠲᠣᠭ᠍ᠲᠠᠭᠤᠨ ᠬᠠᠩᠭᠠᠯᠭ᠎ᠠ ᠵᠢ ᠴᠢᠩᠭᠠᠳᠭᠠᠬᠤ 《20 ᠵᠤᠷᠪᠤᠰ》ᠠᠷᠭ᠎ᠠ ᠬᠡᠮᠵᠢᠶ᠎ᠡ ᠵᠢ ᠨᠡᠢᠲᠡᠯᠡᠵᠦ᠍᠂ ᠭᠠᠷᠤᠯᠲᠠ ᠪᠠᠨ ᠨᠡᠮᠡᠭ᠌ᠳᠡᠭᠦᠯᠵᠦ᠍ ᠬᠠᠩᠭᠠᠯᠭ᠎ᠠ ᠵᠢ ᠪᠠᠲᠤᠯᠠᠬᠤ ᠡᠯ᠎ᠡ ᠵᠦᠢᠯ ᠤ᠋ᠨ ᠠᠷᠭ᠎ᠠ ᠬᠡᠮᠵᠢᠶ᠎ᠡ ᠵᠢ ᠪᠣᠳᠠᠲᠠᠢ ᠨᠠᠢᠳᠠᠪᠤᠷᠢᠵᠢᠭᠤᠯᠵᠠᠢ᠃ ᠤᠯᠤᠰ ᠤ᠋ᠨ ᠬᠣᠯᠪᠣᠭ᠍ᠳᠠᠯ ᠪᠦᠬᠦᠢ ᠶᠠᠮᠤᠨ ᠵᠥᠪᠯᠡᠯ ᠤ᠋ᠨ ᠳᠡᠮᠵᠢᠯᠭᠡ ᠵᠢ ᠣᠯᠵᠤ᠂ ᠤᠷᠢᠳ ᠬᠣᠵᠢᠳ 5 ᠪᠦᠯᠦᠭ ᠤᠳᠠᠭ᠎ᠠ ᠪᠡᠷ 125 ᠨᠡᠭᠦᠷᠡᠰᠦᠨ ᠠᠭᠤᠷᠬᠠᠶ ᠵᠢᠨ ᠭᠠᠷᠤᠯᠳᠠ ᠵᠢ ᠬᠢᠨᠠᠨ ᠨᠡᠮᠡᠭ᠌ᠳᠡᠭᠦᠯᠵᠤ᠂ ᠦᠶ᠋ᠯᠡᠳᠪᠦᠷᠢᠯᠡᠯ ᠤ᠋ᠨ ᠴᠢᠳᠠᠪᠤᠷᠢ ᠵᠢ 1.9 ᠳ᠋ᠦᠩᠱᠢᠭᠤᠷ ᠲᠣᠨ ᠲᠣᠬᠢᠷᠠᠭᠤᠯᠤᠨ᠂ ᠪᠦᠬᠦ᠌ ᠣᠷᠣᠨ ᠤ᠋ ᠨᠡᠭᠦᠷᠡᠰᠦᠨ᠎ᠦ ᠭᠠᠷᠤᠯᠲᠠ ᠢᠯᠡᠳᠲᠡ ᠳᠡᠭᠡᠭ᠌ᠰᠢᠯᠡᠵᠦ᠍ 2021 ᠤᠨ ᠤ᠋ 10 ᠰᠠᠷ᠎ᠠ ᠪᠤᠯᠤᠨ 11 ᠰᠠᠷ᠎ᠠ ᠵᠢᠨ ᠭᠠᠷᠤᠯᠲᠠ ᠴᠥᠮ ᠳ᠋ᠦᠩᠱᠢᠭᠤᠷ ᠲᠣᠨ ᠢ᠋ ᠳᠠᠪᠠᠵᠤ᠂ ᠲᠡᠦᠬᠡ ᠵᠢᠨ ᠬᠠᠮᠤᠭ ᠤ᠋ᠨ ᠥᠨᠳᠥᠷ ᠬᠡᠮᠵᠢᠶ᠎ᠡ ᠵᠢ ᠡᠭᠦᠳᠪᠡ᠃ ᠴᠠᠬᠢᠯᠭᠠᠨ ᠬᠦᠴᠦᠨ᠎ᠦ ᠦᠶ᠋ᠯᠡᠳᠪᠦᠷᠢᠯᠡᠯ ᠤ᠋ᠨ ᠡᠷᠬᠢᠯᠳᠡ ᠵᠢ ᠲᠣᠭ᠍ᠲᠠᠪᠤᠷᠢᠵᠢᠭᠤᠯᠤᠨ᠂ ᠤᠮᠠᠷᠠᠲᠤ ᠣᠷᠣᠨ ᠪᠣᠯᠤᠨ ᠵᠡᠭᠦᠨ ᠬᠣᠢᠲᠤ ᠣᠷᠣᠨ ᠤ᠋ ᠴᠠᠬᠢᠯᠭᠠᠨ ᠤ᠋ ᠬᠡᠷᠡᠭᠯᠡᠬᠡ ᠵᠢ ᠬᠦᠴᠦᠯᠡᠨ ᠪᠠᠲᠤᠯᠠᠵᠤ᠂ ᠵᠢᠱ᠌ᠢᠯᠲᠡ ᠪᠡᠷ 2021 ᠤᠨ ᠤ᠋ ᠭᠠᠳᠠᠭ᠍ᠰᠢ ᠬᠦᠷᠭᠡᠬᠦ᠌ ᠴᠠᠬᠢᠯᠭᠠᠨ ᠤ᠋ ᠬᠡᠮᠵᠢᠶ᠎ᠡ 2400 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍ 18% ᠡᠴᠡ ᠳᠡᠭᠡᠭ᠌ᠰᠢ ᠨᠡᠮᠡᠭ᠌ᠳᠡᠵᠦ᠍᠂ ᠭᠠᠳᠠᠭ᠍ᠰᠢ ᠬᠦᠷᠭᠡᠬᠦ᠌ ᠴᠠᠬᠢᠯᠭᠠᠨ ᠤ᠋ ᠬᠡᠮᠵᠢᠶ᠎ᠡ ᠵᠢᠨ ᠬᠡᠪᠴᠢᠶ᠎ᠡ ᠦᠷᠭᠦᠯᠵᠢᠯᠡᠨ ᠪᠥᠬᠥ᠌ ᠤᠯᠤᠰ ᠲᠦ᠍ ᠲᠦᠷᠦᠭᠦᠯᠡᠵᠦ᠍᠂ ᠪᠣᠳᠠᠲᠤ ᠠᠵᠢᠯᠯᠠᠭ᠎ᠠ ᠪᠠᠷ ᠵᠢᠡᠨ ᠥᠪᠥᠷ ᠮᠣᠩᠭᠣᠯ ᠤ᠋ᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠢᠯᠡ᠃ ᠴᠢᠯᠠᠭᠤᠨ ᠲᠣᠰᠣ ᠪᠠᠢᠭᠠᠯᠢ ᠵᠢᠨ ᠱᠢᠲᠠᠮᠠᠬᠠᠶ ᠬᠡᠶ ᠵᠢᠨ ᠨᠦᠭᠡᠴᠠᠯᠡᠯᠳᠡ ᠪᠠ ᠭᠠᠷᠤᠯᠳᠠ ᠵᠢ ᠨᠡᠮᠡᠭᠳᠡᠭᠦᠯᠬᠦ ᠂ ᠪᠠᠢᠭᠠᠯᠢ ᠵᠢᠨ ᠱᠢᠲᠠᠮᠠᠬᠠᠶ ᠬᠡᠶ ᠵᠢᠨ ᠦᠶ᠋ᠯᠡᠳᠪᠦᠷᠢᠯᠡᠯ ᠬᠠᠩᠭᠠᠯᠭ᠎ᠠ ᠨᠥᠭᠡᠴᠡᠯᠡᠯᠲᠡ ᠪᠣᠷᠣᠯᠠᠭᠤᠯᠭ᠎ᠠ ᠵᠢᠨ ᠱᠢᠰᠲ᠋ᠧᠮ ᠤ᠋ᠨ ᠪᠠᠢᠭᠤᠯᠤᠯᠲᠠ ᠵᠢ ᠪᠥᠬᠥ᠌ ᠬᠦᠴᠦᠨ ᠵᠢᠡᠷ ᠠᠬᠢᠭᠤᠯᠵᠤ᠂ ᠵᠢᠱ᠌ᠢᠯᠲᠡ᠎ᠪᠡᠷ ᠨᠢᠳᠤᠨᠤᠨ ᠤ᠋ ᠪᠠᠢᠭᠠᠯᠢ ᠵᠢᠨ ᠱᠢᠲᠠᠮᠠᠬᠠᠶ ᠬᠡᠶ ᠵᠢᠨ ᠭᠠᠷᠤᠯᠲᠠ 4% ᠪᠠᠷ ᠨᠡᠮᠡᠭ᠌ᠳᠡᠨ 290 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠦ᠍᠂ ᠨᠡᠭᠦᠷᠡᠰᠦ᠎ᠪᠡᠷ ᠰᠢᠳᠠᠮᠠᠬᠠᠢ ᠬᠡᠶ ᠦᠶ᠋ᠯᠡᠳᠬᠦ ᠴᠢᠳᠠᠪᠤᠷᠢ ᠵᠢ 12 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠨᠡᠮᠡᠭ᠌ᠳᠡᠭᠦᠯᠦᠭᠰᠡᠨ ᠠᠵᠢ᠃

《ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌》 ᠵᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠍᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠬᠦᠭᠵᠢᠯᠳᠡ ᠳᠡᠢᠰᠢ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠪᠠ᠃ ᠤᠯᠤᠰ ᠤ᠋ᠨ《ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠤᠷᠬᠢᠯ ᠬᠡᠮᠵᠢᠭᠳᠡᠯ ᠳ᠋ᠦ ᠬᠦᠷᠭᠡᠬᠦ᠌᠂ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ》ᠴᠢᠬᠤᠯᠠ ᠶᠡᠬᠡ ᠪᠠᠢᠯᠳᠤᠬᠤ ᠪᠤᠳᠤᠯᠭ᠎ᠠ ᠵᠢ ᠪᠡᠶᠡᠯᠡᠭᠦᠯᠬᠦ᠌ ᠵᠢ ᠠᠬᠢᠭᠤᠯᠵᠤ ᠪᠠᠢᠭ᠎ᠠ ᠠᠵᠠ ᠲᠣᠬᠢᠶᠠᠯ ᠢ᠋ ᠠᠳᠭᠤᠨ᠂ ᠱᠢᠨ᠎ᠡ ᠡᠨᠧᠷᠭᠢ ᠵᠢᠨ ᠠᠵᠤ ᠠᠬᠤᠢ ᠵᠢ ᠶᠡᠬᠡ ᠪᠡᠷ ᠬᠥᠭ᠌ᠵᠢᠭᠦᠯᠵᠦ᠍᠂ ᠪᠦᠬᠦ ᠤᠷᠤᠨ ᠤ᠋ ᠱᠢᠨ᠎ᠡ ᠡᠨᠧᠷᠭᠢ ᠵᠢᠨ ᠶᠡᠷᠦᠩᠬᠡᠢ ᠮᠠᠱᠢᠨ ᠴᠣᠭ᠍ᠴᠠᠯᠠᠪᠤᠷᠢ 5291 ᠲᠦᠮᠡᠨ ᠺᠢᠯᠦᠸᠠᠲ ᠲᠦ᠍ ᠬᠦᠷᠴᠦ᠍᠂ ᠪᠦᠬᠦ᠌ ᠤᠯᠤᠰ ᠤ᠋ᠨ ᠲᠡᠷᠢᠭᠦᠨ᠎ᠳᠦ ᠣᠷᠣᠪᠠ; ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠵᠢᠨ ᠡᠵᠡᠯᠡᠬᠦ᠌ ᠬᠠᠷᠢᠴᠠᠯ 34.8% ᠳ᠋ᠤ ᠬᠦᠷᠴᠦ᠍᠂ 2020 ᠤᠨ ᠤ᠋ ᠬᠢ᠎ᠡᠴᠡ ᠵᠠᠭᠤᠨ ᠤ᠋ ᠬᠠᠷᠢᠴᠠᠯ᠎ᠢᠶᠠᠷ 3.4 ᠬᠤᠪᠢ ᠳᠡᠭᠡᠭ᠌ᠰᠢᠯᠡᠵᠠᠢ᠃ 2021 ᠤᠨ ᠤ᠋ 1 — 11 ᠰᠠᠷ᠎ᠠ ᠳ᠋ᠦ ᠱᠢᠨ᠎ᠡ ᠡᠨᠧᠷᠭᠢ ᠵᠢᠨ ᠴᠠᠬᠢᠯᠭᠠᠨ ᠭᠠᠷᠭᠠᠯᠲᠠ ᠵᠢᠨ ᠬᠡᠮᠵᠢᠶ᠎ᠡ 1060 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍ ᠂ 2020 ᠤᠨ ᠤ᠋ ᠠᠳᠠᠯᠢ ᠬᠤᠭᠤᠴᠠᠭᠠᠨ ᠤ᠋ ᠬᠢ ᠡᠴᠡ 29.1% ᠪᠠᠷ ᠨᠡᠮᠡᠭ᠌ᠳᠡᠪᠠ ᠃ 2021 ᠤᠨ ᠳ᠋ᠤ ᠪᠠᠰᠠ ᠨᠢᠬᠡ ᠪᠦᠯᠦᠭ ᠦᠪᠡᠷᠳᠡᠭᠡᠨ ᠬᠡᠷᠡᠭ᠌ᠯᠡᠬᠦ᠌ ᠪᠠᠲᠤᠯᠠᠭ᠎ᠠ ᠵᠢᠨ ᠴᠢᠨᠠᠷᠲᠠᠶ ᠲᠤᠤᠷ ᠲᠦ᠍ ᠨᠡᠢᠯᠡᠭᠦᠯᠦᠭ᠌ᠰᠡᠨ ᠱᠢᠨ᠎ᠡ ᠡᠨᠧᠷᠭᠢ ᠵᠢᠨ ᠲᠦᠷᠦᠯ ᠵᠤᠢᠯ᠂ ᠨᠢᠭᠡᠳᠦᠭᠡᠷ ᠪᠦᠯᠦᠭ ᠤ᠋ᠨ ᠲᠣᠮᠣ ᠬᠡᠯᠪᠡᠷᠢ ᠵᠢᠨ ᠱᠢᠨ᠎ᠡ ᠡᠨᠧᠷᠭᠢ ᠵᠢᠨ ᠰᠠᠭᠤᠷᠢᠨ᠂ ᠲᠠᠷᠠᠬᠠᠶ ᠮᠠᠶᠢᠭ ᠤ᠋ᠨ ᠰᠠᠯᠬᠢᠨ ᠬᠦᠴᠦᠨ᠎ᠦ ᠴᠠᠬᠢᠯᠭᠠᠨ ᠪᠠ ᠬᠡᠷᠡᠯᠴᠢ ᠴᠡᠨᠡᠭ ᠤ᠋ᠨ ᠲᠥᠷᠥᠯ ᠵᠦᠶ᠋ᠯ ᠤ᠋ᠨ ᠪᠦᠳᠦᠬᠡᠨ ᠪᠠᠢᠭᠤᠯᠤᠯᠳᠠ ᠵᠢ ᠵᠦᠪᠰᠢᠶᠡᠷᠡᠵᠤ᠂ ᠶᠡᠷᠤᠩᠬᠡᠢ ᠬᠡᠪᠴᠢᠶ᠎ᠡ ᠨᠢ 4000 ᠲᠦᠮᠡᠨ ᠺᠢᠯᠦᠸᠠᠲ ᠢ᠋ ᠳᠠᠪᠠᠬᠰᠠᠨ᠎ᠪᠠᠢᠨ᠎ᠠ᠃᠎ᠡᠨᠧᠷᠭᠢ᠎ᠵᠢᠨ᠎ᠬᠣᠷᠣᠭ᠍ᠳᠠᠯ ᠤ᠋ᠨ《ᠬᠣᠶᠠᠷ ᠢ᠋ ᠬᠢᠵᠠᠭᠠᠷᠯᠠᠬᠤ》ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠵᠤ᠂ ᠡᠨᠧᠷᠭᠢ ᠵᠢᠨ ᠬᠣᠷᠣᠭ᠍ᠳᠠᠯ ᠶᠡᠬᠡᠲᠡᠶ ᠲᠥᠷᠥᠯ ᠵᠦᠶ᠋ᠯ᠎ᠳᠦ ᠵᠦᠶ ᠵᠣᠬᠢᠰ ᠥᠬᠡᠶ ᠪᠡᠷ ᠴᠠᠬᠢᠯᠭᠠᠨ ᠬᠡᠷᠡᠭ᠌ᠯᠡᠬᠦ᠌ ᠵᠢ ᠴᠢᠩᠭ᠎ᠠ ᠬᠢᠵᠠᠭᠠᠷᠯᠠᠨ᠂ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠵᠢᠨ ᠡᠨᠧᠷᠭᠢ ᠠᠷᠪᠢᠯᠠᠵᠤ ᠬᠣᠷᠣᠭ᠍ᠳᠠᠯ ᠢ᠋ ᠪᠠᠭᠠᠰᠭᠠᠬᠤ ᠵᠢ ᠭᠦᠨᠵᠡᠭᠡᠶ ᠠᠬᠢᠭᠤᠯᠵᠤ᠂ ᠨᠡᠭᠦᠷᠡᠰᠦ ᠴᠠᠬᠢᠯᠭᠠᠨ ᠤ᠋ ᠡᠨᠧᠷᠭᠢ ᠠᠷᠪᠢᠯᠠᠬᠤ ᠥᠭᠡᠷᠡᠴᠢᠯᠡᠯᠲᠡ ᠵᠢ 848 ᠲᠦᠮᠡᠨ ᠺᠢᠯᠦᠸᠠᠲ ᠪᠡᠶᠡᠯᠡᠭᠦᠯᠵᠠᠢ᠃ 

ᠱᠢᠨ᠎ᠡ ᠡᠨᠧᠷᠭᠢ ᠪᠡᠷ ᠡᠨᠧᠷᠭᠢ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ ᠵᠢ ᠬᠠᠮᠤᠭ ᠤ᠋ᠨ ᠶᠡᠬᠡ ᠬᠡᠮᠵᠢᠶ᠎ᠡ ᠪᠡᠷ ᠬᠠᠩᠭᠠᠵᠤ᠂ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠳᠠᠬᠢᠯᠳᠠ ᠡᠨᠧᠷᠭᠢ ᠵᠢ ᠣᠷᠣᠯᠠᠭᠤᠯᠬᠤ ᠠᠵᠢᠯᠯᠠᠭ᠎ᠠ ᠦᠷᠨᠢᠬᠦᠯᠦᠭᠰᠡᠨ ᠮᠦᠷᠳᠡᠬᠡᠨ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠵᠢᠨ 143 ᠲᠦᠮᠡᠨ ᠺᠢᠯᠦᠸᠠᠲ ᠤ᠋ᠨ ᠠᠮᠢᠳᠤᠯᠢᠭ ᠥᠭᠡᠷᠡᠴᠢᠯᠡᠯᠲᠡ ᠵᠢ ᠪᠡᠶᠡᠯᠡᠬᠦᠯᠪᠠ᠃

ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ 《ᠨᠢᠭᠡᠳᠦᠭᠡᠷ ᠬᠥᠳᠡᠯᠭᠡᠬᠦ᠌ ᠬᠦᠴᠦᠨ》ᠢ᠋ ᠴᠢᠩᠭ᠎ᠠ ᠠᠳᠭᠤᠵᠤ᠂ ᠡᠨᠧᠷᠭᠢ ᠵᠢᠨ ᠠᠵᠤ ᠦᠶ᠋ᠯᠡᠰ ᠤ᠋ᠨ ᠬᠡᠯᠬᠢᠶ᠎ᠡ ᠵᠢᠨ ᠲᠦᠪᠱᠢᠨ ᠢ᠋ ᠲᠣᠭ᠍ᠲᠠᠭᠤᠨ ᠵᠢᠡᠷ ᠳᠡᠭᠡᠭ᠌ᠰᠢᠯᠡᠭᠦᠯᠪᠠ᠃ ᠥᠭᠡᠷᠡᠴᠢᠯᠡᠯᠲᠡ᠎ᠪᠡᠷ ᠨᠡᠭᠦᠷᠡᠰᠦ ᠴᠠᠬᠢᠯᠭᠠᠨ ᠤ᠋ ᠠᠵᠤ ᠠᠬᠤᠢᠯᠠᠯ ᠤ᠋ᠨ ᠡᠵᠡᠩᠨᠡᠯᠲᠡ ᠵᠢᠨ ᠬᠦᠴᠢᠷᠳᠡᠯ ᠢ᠋ ᠱᠢᠶ᠋ᠳᠪᠦᠷᠢᠯᠡᠬᠦ᠌ 《ᠠᠯᠲᠠᠨ ᠲᠦᠯᠬᠢᠭᠦᠷ》ᠵᠢᠡᠨ ᠪᠣᠯᠭᠠᠨ᠂ ᠪᠥᠬᠥ᠌ ᠤᠯᠤᠰ ᠲᠦ᠍ ᠴᠠᠬᠢᠯᠭᠠᠨ ᠤ᠋ ᠦᠨ᠎ᠡ ᠬᠠᠩᠰᠢ ᠵᠢᠨ ᠥᠭᠡᠷᠡᠴᠢᠯᠡᠯᠲᠡ ᠵᠢ ᠲᠦᠷᠦᠭᠦᠯᠡᠨ ᠠᠬᠢᠭᠤᠯᠵᠤ᠂ 2021 ᠤᠨ ᠤ᠋ 8 ᠰᠠᠷ᠎ᠠ ᠳ᠋ᠦ ᠨᠡᠭᠦᠷᠡᠰᠦ ᠴᠠᠬᠢᠯᠭᠠᠨ ᠤ᠋ ᠦᠨ᠎ᠡ ᠬᠠᠩᠰᠢ ᠵᠢ 10% ᠥᠰᠭᠡᠬᠦ᠌ ᠲᠥᠷᠥ ᠵᠢᠨ ᠪᠣᠳᠣᠯᠭ᠎ᠠ ᠵᠢ ᠨᠡᠢᠲᠡᠯᠡᠨ᠂ 10 ᠰᠠᠷ᠎ᠠ ᠳ᠋ᠤᠨᠢ ᠠᠷᠠᠯᠵᠢᠶᠠᠨ᠎ᠤ ᠴᠠᠬᠢᠯᠭᠠᠨ ᠤ᠋ ᠦᠨ᠎ᠡ ᠬᠠᠩᠰᠢ ᠵᠢ 20% ᠥᠰᠭᠡᠭ᠌ᠰᠡᠨ ᠰᠠᠭᠤᠷᠢᠨ ᠳᠡᠭᠡᠷ᠎ᠡ ᠂ ᠪᠣᠯᠣᠳ ᠲᠡᠮᠦᠷ ᠵᠡᠷᠭᠡ ᠡᠨᠧᠷᠭᠢ ᠵᠢᠨ ᠬᠣᠷᠣᠭ᠍ᠳᠠᠯ ᠶᠡᠬᠡᠲᠡᠶ ᠠᠵᠢᠯ ᠲᠥᠷᠥᠯ ᠤ᠋ᠨ ᠠᠷᠠᠯᠵᠢᠶᠠᠨ᠎ᠤ ᠴᠠᠬᠢᠯᠭᠠᠨ ᠤ᠋ ᠦᠨ᠎ᠡ ᠬᠠᠩᠰᠢ ᠵᠢᠨ ᠳᠡᠭᠡᠳᠦ ᠬᠢᠵᠠᠭᠠᠷ ᠢ᠋ ᠤᠯᠠᠮ ᠴᠢᠯᠥᠭᠡᠲᠡᠶ ᠪᠣᠯᠭᠠᠪᠠ; 11 ᠰᠠᠷ᠎ᠠ ᠳ᠋ᠦ ᠤᠷᠬᠢᠯ ᠤ᠋ᠨ ᠬᠤᠭᠤᠴᠠᠭᠠᠨ᠎ᠤ ᠴᠠᠬᠢᠯᠭᠠᠨ ᠤ᠋ ᠦᠨ᠎ᠡ ᠬᠠᠩᠰᠢ ᠵᠢᠨ ᠲᠥᠷᠥ ᠵᠢᠨ ᠪᠣᠳᠣᠯᠭ᠎ᠠ ᠵᠢ ᠲᠤᠷᠱᠢᠨ ᠬᠡᠷᠡᠭ᠌ᠵᠢᠭᠦᠯᠵᠦ᠍᠂  ᠴᠠᠬᠢᠯᠭᠠᠨ ᠬᠦᠴᠦᠨ᠎ᠦ ᠱᠢᠰᠲ᠋ᠧᠮ ᠤ᠋ᠨ ᠡᠷᠬᠢᠯᠳᠡ ᠵᠢᠨ ᠦᠷ᠎ᠡ ᠪᠦᠲᠦᠮᠵᠢ ᠵᠢ ᠪᠦᠳᠦᠮᠵᠢᠳᠠᠢ ᠳᠡᠭᠡᠭ᠌ᠰᠢᠯᠡᠭᠦᠯᠵᠠᠢ᠃ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠲᠥᠪ ᠤ᠋ᠨ ᠬᠤᠪᠢᠴᠠᠭᠠᠳᠤ ᠳᠦᠷᠢᠮ᠎ᠤᠨ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠵᠦ᠍᠂ ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠠᠷᠠᠯᠵᠢᠶᠠᠨ ᠤ᠋ ᠲᠥᠪ ᠤ᠋ᠨ ᠬᠤᠪᠢᠴᠠᠭᠠᠳᠤ ᠳᠦᠷᠢᠮ᠎ᠤᠨ ᠥᠭᠡᠷᠡᠴᠢᠯᠡᠯᠲᠡ ᠵᠢ ᠶᠠᠭ ᠲᠦᠷᠭᠡᠳᠭᠡᠨ ᠠᠬᠢᠭᠤᠯᠵᠤ ᠪᠠᠢᠨ᠎ᠠ᠃ ᠪᠦᠬᠦ᠌ ᠪᠥᠮᠪᠥᠷᠴᠡᠭ ᠤ᠋ᠨ ᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠭᠡᠢ ᠠᠵᠤ ᠦᠢᠯᠡᠰ ᠤ᠋ᠨ ᠬᠦᠷᠢᠶᠡᠯᠡᠩ ᠢ᠋ ᠡᠬᠢᠯᠡᠨ ᠪᠦᠳᠦᠬᠡᠨ ᠪᠠᠢᠭᠤᠯᠵᠤ᠂ ᠰᠠᠯᠬᠢᠨ ᠬᠦᠴᠦ ᠬᠡᠷᠡᠯᠴᠢ ᠴᠡᠨᠡᠭ ᠪᠠ ᠤᠰᠤᠲᠥ᠋ᠷᠥᠭ᠌ᠴᠢ ᠬᠠᠳᠠᠭᠠᠯᠠᠬᠤ ᠵᠢ ᠨᠢᠭᠡ ᠴᠣᠭ᠍ᠴᠠᠵᠢᠭᠤᠯᠤᠭ᠍ᠰᠠᠨ ᠠᠵᠤ ᠦᠢᠯᠡᠰ ᠤ᠋ᠨ ᠬᠡᠯᠬᠢᠶ᠎ᠡ ᠵᠢ ᠲᠦᠷᠭᠡᠳᠭᠡᠨ ᠪᠠᠢᠷᠢᠯᠠᠭᠤᠯᠵᠤ᠂ ᠰᠠᠯᠬᠢᠨ ᠬᠦᠴᠦ ᠬᠡᠷᠡᠯᠴᠢ ᠴᠡᠨᠡᠭ ᠵᠢᠡᠷ ᠤᠰᠤᠲᠥ᠋ᠷᠥᠭ᠌ᠴᠢ ᠦᠢᠯᠡᠳᠬᠦ᠌ ᠵᠢ ᠨᠢᠭᠡ ᠴᠣᠭ᠍ᠴᠠᠵᠢᠭᠤᠯᠤᠭ᠍ᠰᠠᠨ 7 ᠵᠢᠱ᠌ᠢᠶ᠎ᠡ ᠦᠵᠡᠭᠦᠯᠬᠦ᠌ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠤᠨ᠂ ᠠᠵᠤ ᠦᠢᠯᠡᠰ ᠤ᠋ᠨ ᠬᠡᠯᠬᠢᠶ᠎ᠡ ᠵᠢᠨ 10 ᠭᠠᠷᠤᠶ ᠲᠠᠭᠠᠭᠤᠯᠤᠭᠴᠢ ᠠᠵᠤ ᠠᠬᠤᠢᠯᠠᠯ ᠢ᠋ ᠣᠷᠣᠭᠤᠯᠤᠨ ᠠᠪᠴᠢᠷᠠᠵᠤ᠂ ᠤᠰᠤᠲᠥ᠋ᠷᠥᠭ᠌ᠴᠢ ᠡᠨᠧᠷᠭᠢ ᠵᠢᠨ ᠪᠦᠬᠦ᠌ ᠠᠵᠤ ᠦᠢᠯᠡᠰ ᠤ᠋ᠨ ᠬᠡᠯᠬᠢᠶ᠎ᠡ ᠵᠢ ᠨᠡᠪᠲᠡᠷᠡᠭᠦᠯᠬᠦ᠌᠎ᠳᠦ ᠴᠢᠬᠤᠯᠠ ᠰᠠᠭᠤᠷᠢ ᠵᠢ ᠳᠠᠯᠪᠢᠭᠰᠠᠨ ᠪᠢᠯᠡ᠃

ᠬᠦᠮᠦᠨ ᠵᠢᠡᠷ ᠦᠨᠳᠤᠰᠤ ᠪᠤᠯᠭᠠᠬᠤ ᠵᠢ ᠪᠠᠷᠢᠮᠳᠠᠯᠠᠵᠤ᠂ ᠠᠷᠠᠳ ᠤ᠋ᠨ ᠠᠮᠢᠳᠤᠷᠠᠯ ᠤ᠋ᠨ ᠡᠨᠧᠷᠭᠢ ᠵᠢᠨ ᠬᠠᠩᠭᠠᠯᠭ᠎ᠠ ᠵᠢ ᠬᠦᠴᠦᠯᠡᠨ ᠪᠠᠲᠤᠯᠠᠪᠠ᠃ ᠣᠯᠠᠨ ᠲᠦᠮᠡᠨ᠎ᠦ ᠡᠪᠦᠯ ᠤ᠋ᠨ ᠤᠯᠠᠷᠢᠯ ᠤ᠋ᠨ ᠳᠤᠯᠠᠭᠠᠯᠠᠭ᠎ᠠ ᠵᠢ ᠠᠷᠠᠳ ᠤ᠋ᠨ ᠠᠮᠢᠳᠤᠷᠠᠯ ᠤ᠋ᠨ ᠴᠢᠬᠤᠯᠠ ᠢᠨᠵᠧᠨᠧᠷᠢᠩ᠂ ᠠᠷᠠᠳ ᠤᠯᠠᠨ ᠤ᠋ ᠰᠡᠳᠭᠢᠯ ᠤ᠋ᠨ ᠢᠨᠵᠧᠨᠧᠷᠢᠩ ᠪᠣᠯᠭᠠᠬᠤ ᠵᠢ ᠪᠠᠷᠢᠮᠲᠠᠯᠠᠨ᠂ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠤ᠋ᠨ ᠪᠠᠭᠤᠯᠭᠠᠭ᠍ᠰᠠᠨ 18 ᠮᠤᠵᠢ᠂ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠣᠲᠠ ᠵᠢᠨ ᠨᠡᠭᠦᠷᠡᠰᠦᠨ᠎ᠦ ᠬᠠᠩᠭᠠᠯᠭ᠎ᠠ ᠵᠢ ᠪᠠᠲᠤᠯᠠᠬᠤ ᠡᠭᠦᠷᠭᠡ ᠵᠢ ᠡᠷᠡᠰ ᠨᠠᠢᠳᠠᠪᠤᠷᠢᠵᠢᠭᠤᠯᠵᠤ᠂ ᠡᠩ ᠤ᠋ᠨ ᠦᠨ᠎ᠡ ᠬᠠᠩᠰᠢ ᠲᠠᠢ《ᠳᠤᠯᠠᠭᠠᠯᠠᠭ᠎ᠠ ᠵᠢᠨ ᠨᠡᠭᠦᠷᠡᠰᠦ》 ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠬᠦᠯᠤᠨ ᠮᠠᠯᠴᠢᠨ ᠲᠠᠷᠢᠶᠠᠴᠢᠨ ᠤ᠋ ᠡᠪᠦᠯ ᠤ᠋ᠨ ᠤᠯᠠᠷᠢᠯ ᠤ᠋ᠨ ᠳᠤᠯᠠᠭᠠᠯᠠᠭ᠎ᠠ ᠵᠢ ᠪᠠᠲᠤᠯᠠᠵᠤ᠂ ᠪᠥᠬᠥ᠌ ᠣᠷᠣᠨ ᠤ᠋ 110 ᠭᠠᠷᠤᠶ ᠲᠦᠮᠡᠨ ᠡᠷᠦᠬᠡ ᠵᠢᠨ ᠮᠠᠯᠴᠢᠨ ᠲᠠᠷᠢᠶᠠᠴᠢᠨ ᠳ᠋ᠦ《ᠳᠤᠯᠠᠭᠠᠯᠠᠭ᠎ᠠ ᠵᠢᠨ ᠨᠡᠭᠦᠷᠡᠰᠦ》ᠬᠠᠩᠭᠠᠪᠠ᠃ ᠠᠷᠠᠳ ᠤ᠋ᠨ ᠠᠮᠢᠳᠤᠷᠠᠯ ᠳ᠋ᠦ ᠬᠡᠷᠡᠭ᠌ᠯᠡᠬᠦ᠌ ᠪᠠᠢᠭᠠᠯᠢ ᠵᠢᠨ ᠱᠢᠲᠠᠮᠠᠬᠠᠶ ᠬᠡᠢ ᠵᠢᠨ ᠬᠢᠵᠠᠭᠠᠷ ᠱᠤᠭᠤᠮ ᠢ᠋ ᠡᠷᠡᠰ ᠰᠠᠬᠢᠵᠤ᠂ ᠳᠤᠯᠠᠭᠠᠯᠠᠭ᠎ᠠ ᠬᠠᠩᠭᠠᠬᠤ ᠤᠯᠠᠷᠢᠯ ᠤ᠋ᠨ ᠪᠠᠢᠭᠠᠯᠢ ᠵᠢᠨ ᠱᠢᠲᠠᠮᠠᠬᠠᠶ ᠬᠡᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭ᠍ᠲᠠᠬᠤ ᠵᠢ ᠬᠤᠭᠤᠴᠠᠭ᠎ᠠ ᠶᠣᠰᠣᠭᠠᠷ ᠪᠡᠶᠡᠯᠡᠭᠦᠯᠵᠠᠢ᠃

ᠮᠠᠨ᠎ᠤ ᠤᠷᠤᠨ ᠤᠯᠤᠰ ᠤ᠋ᠨ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢᠨ ᠵᠢᠱ᠌ᠢᠶ᠎ᠡ ᠦᠵᠡᠭᠦᠯᠬᠦ᠌ ᠣᠷᠣᠨ ᠢ᠋ ᠪᠥᠲᠥᠭᠡᠨ ᠪᠠᠢᠭᠤᠯᠬᠤ ᠪᠠᠷ ᠶᠡᠷᠦᠩᠬᠡᠶ ᠬᠠᠷᠠᠯᠲᠠ ᠪᠣᠯᠭᠠᠵᠤ᠂ ᠱᠢᠨ᠎ᠡ ᠬᠥᠭ᠌ᠵᠢᠯᠲᠡ ᠵᠢᠨ ᠱᠠᠲᠤᠨ ᠳ᠋ᠦ ᠰᠠᠭᠤᠷᠢᠯᠠᠨ᠂ ᠱᠢᠨ᠎ᠡ ᠬᠥᠭ᠌ᠵᠢᠯᠲᠡ ᠵᠢᠨ ᠣᠢᠯᠠᠭᠠᠭ᠍ᠳᠠᠬᠤᠨ ᠢ᠋ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠵᠢᠨ ᠪᠠᠢᠷᠢᠱᠢᠯ ᠢ᠋ ᠪᠠᠢᠭᠤᠯᠤᠨ᠂ 《ᠬᠣᠶᠠᠷ ᠢ᠋ ᠤᠷᠢᠳ ᠵᠢᠡᠷ ᠬᠢᠬᠦ᠌》 ᠪᠠ 《ᠬᠣᠶᠠᠷ ᠢ᠋ ᠳᠠᠪᠠᠭᠤᠯᠬᠤ》 ᠵᠤᠷᠢᠯᠳᠠ ᠳ᠋ᠦ ᠠᠩᠬᠠᠷᠤᠯ ᠵᠢᠡᠨ ᠲᠥᠪᠯᠡᠷᠡᠭᠦᠯᠵᠦ᠍᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠬᠦᠭᠵᠢᠯᠳᠡ ᠵᠢ ᠪᠥᠬᠥ᠌ ᠬᠦᠴᠦᠨ ᠵᠢᠡᠷ ᠠᠬᠢᠭᠤᠯᠵᠤ᠂ ᠠᠮᠢ ᠠᠬᠤᠶ ᠵᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ᠎ᠢᠶᠠᠷ ᠵᠢᠯᠤᠭᠤ ᠰᠤᠩᠭᠠᠨ ᠤᠷᠤᠭᠰᠢᠯᠠᠭᠰᠠᠭᠠᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号