ᠯᠢᠩᠬᠤ᠎ᠠ ᠴᠡᠴᠡᠭ᠎ᠦᠨ ᠠᠯᠲᠠᠨ ᠬᠤᠨᠳᠠᠭᠠᠨ ᠲᠠᠪᠠᠭ᠄ ᠭᠤᠶᠤ ᠬᠡᠬᠡᠨᠴᠢᠷ᠎ᠤᠨ ᠴᠠᠭᠠᠨ᠎ᠠ ᠡᠴᠢᠨ᠎ᠡ ᠨᠢᠭᠤᠴᠠᠬᠠᠢ ᠪᠠᠷᠠᠭᠤᠨ ᠱᠢᠶᠠ ᠤᠯᠤᠰ᠎ᠤᠨ ᠦᠯᠢᠭᠡᠷ᠎ᠢ ᠬᠦᠦᠷᠨᠢᠨ᠎ᠡ
2022-01-05 09:56:32
ᠵᠣᠬᠢᠶᠠᠭ᠍ᠴᠢ᠄
ᠭᠣᠣ ᠷᠦᠢ ᠹᠸᠩ
ᠣᠩᠱᠢᠭ᠍ᠰᠠᠨ ᠣᠳᠠᠭ᠎ᠠ᠄
★★★☆☆

ᠨᠠᠢᠷᠠᠭᠤᠯᠤᠭᠴᠢ ᠵᠢᠨ ᠦᠬᠡ᠄

ᠳᠤᠮᠳᠠᠳᠤ ᠵᠢᠨ ᠰᠤᠶᠤᠯ ᠪᠤᠯ ᠳᠤᠮᠳᠠᠳᠤ ᠵᠢᠨ ᠪᠤᠯᠪᠠᠰᠤᠨ᠎ᠳᠦ ᠰᠠᠭᠤᠷᠢᠯᠠᠬᠰᠠᠨ᠂ ᠪᠦᠬᠦ ᠤᠯᠤᠰ᠎ᠤᠨ ᠡᠯ᠎ᠠ ᠭᠠᠵᠡᠷ ᠤᠷᠤᠨ ᠪᠠ ᠦᠨᠳᠤᠰᠤᠳᠠᠨ ᠨᠤᠬᠦᠳ᠎ᠤᠨ ᠰᠤᠶᠤᠯ᠎ᠤᠨ ᠡᠯᠸᠮᠸᠨ᠋ᠲ ᠠᠭᠤᠰᠤᠯᠴᠠᠠ ᠪᠦᠷᠢᠯᠳᠦᠭᠰᠡᠡ ᠰᠤᠶᠤᠯ ᠪᠤᠯᠤᠨ᠎ᠠ᠃ ᠲᠠᠪᠤᠨ ᠮᠢᠩᠭᠠᠨ ᠵᠢᠯ᠎ᠤᠨ ᠬᠡᠷᠡᠯ ᠰᠠᠴᠤᠷᠠᠩᠭᠤᠢ ᠰᠤᠶᠤᠯ ᠪᠤᠯᠪᠠᠰᠤᠨ ᠲᠠᠢ ᠳᠤᠮᠳᠠᠳᠤ ᠤᠯᠤᠰ ᠪᠠᠶᠠᠯᠢᠬ ᠰᠠᠢᠬᠠᠨ ᠰᠤᠶᠤᠯ ᠵᠢᠡᠷ ᠵᠢᠠᠨ ᠲᠠᠯᠠᠬᠡᠢ ᠵᠢᠨ ᠳᠤᠷᠤᠨᠡᠳᠡᠬᠢᠨ᠎ᠳᠤ ᠰᠡᠬᠦᠢᠨ ᠰᠦᠨᠳᠡᠷᠯᠡᠵᠤ᠂ ᠦᠪ ᠵᠤᠵᠠᠭᠠᠨ ᠰᠤᠶᠤᠯ ᠵᠢᠡᠷ ᠵᠢᠠᠨ ᠪᠠᠬᠠᠷᠬᠠᠬᠳᠠᠵᠤ ᠪᠠᠢᠳᠠᠭ᠃ ᠰᠢᠨ᠎ᠠ ᠤᠨ᠎ᠳᠤ᠂《ᠲᠤᠮᠳᠠᠳᠤ ᠵᠢᠨ ᠰᠤᠶᠤᠯ》ᠳᠤᠰᠬᠠᠢ ᠨᠢᠭᠤᠷ ᠴᠤ ᠰᠢᠨ᠎ᠠ ᠲᠦᠷᠢ ᠲᠦᠷᠬᠦ ᠪᠡᠷ ᠵᠢᠠᠨ ᠤᠩᠰᠢᠬᠴᠢᠳ ᠲᠠᠢ ᠵᠤᠯᠭᠠᠵᠤ᠂ ᠳᠤᠮᠳᠠᠳᠤ ᠵᠢᠨ ᠰᠤᠶᠤᠯ᠎ᠢ ᠠᠭᠤᠳᠠᠯᠤᠨ ᠲᠠᠨᠢᠯᠴᠠᠭᠤᠯᠵᠤ᠂ ᠳᠤᠮᠳᠠᠳᠤ ᠵᠢᠨ ᠰᠤᠶᠤᠯ᠎ᠢ ᠬᠦᠦᠷᠨᠢᠭᠰᠡᠡ ᠵᠤᠬᠢᠶᠠᠯ ᠪᠦᠳᠤᠬᠡᠯ᠎ᠢ ᠨᠡᠢᠳᠡᠯᠡᠬᠦ ᠪᠠᠷ ᠪᠠᠢᠨ᠎ᠠ᠃ ᠳᠤᠰ ᠨᠢᠭᠤᠷ ᠲᠦ᠍《ᠠᠯᠳᠠᠨ ᠪᠠᠳᠠᠭ》᠂ 《ᠰᠤᠶᠤᠯ᠎ᠤᠨ ᠦᠪ》᠂ 《ᠲᠡᠤᠬᠡ ᠵᠢᠨ ᠤᠯᠪᠠᠭ᠎ᠠ》᠂ 《ᠬᠡᠬᠡᠨ ᠳᠤᠯᠢ》 ᠬᠡᠮᠡᠬᠦ ᠲᠦᠷᠪᠡᠨ ᠪᠤᠯᠤᠩ ᠲᠠᠢ᠃ ᠤᠩᠰᠢᠬᠴᠢᠳ ᠮᠠᠨᠢ ᠠᠩᠬᠠᠷᠤᠯ ᠵᠢᠠᠨ ᠬᠠᠨᠳᠤᠭᠤᠯᠤᠨ᠂ ᠲᠠᠭᠠᠳᠠᠢ ᠰᠠᠭᠤᠵᠤ ᠲᠠᠪᠠᠳᠡᠢ ᠰᠤᠨᠢᠷᠬᠠᠮᠤ!



ᠰᠣᠶᠣᠯ ᠪᠣᠯ ᠨᠢᠭᠡ ᠦᠨᠳᠦᠰᠦᠲᠡᠨ᠎ᠦ ᠰᠦᠭ ᠰᠦᠨᠡᠰᠦ ᠮᠥᠨ᠂ ᠰᠣᠶᠣᠯ᠎ᠤᠨ ᠬᠠᠮᠲᠤ᠎ᠶ᠋ᠢᠨ ᠲᠠᠨᠢᠯᠲᠠ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠰᠠᠭᠤᠷᠢ ᠮᠥᠨ᠃ ᠦᠨᠳᠦᠰᠦᠲᠡᠨ᠎ᠨᠦᠭᠦᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠭᠡᠵᠦ᠍᠂ ᠬᠠᠷᠢᠯᠴᠠᠨ ᠪᠠᠬᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠤᠯᠢᠯᠠᠬᠤ ᠬᠡᠷᠡᠭ᠌ᠲᠡᠢ᠃

— ᠶᠡᠷᠦᠩᠬᠡᠶ ᠱᠦᠵᠢ  ᠰᠢ ᠵᠢᠨ ᠫᠢᠩ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷᠡᠬᠢ ᠶᠠᠷᠢᠶ᠎ᠠ  ᠡᠴᠡ (2019 ᠣᠨ᠎ᠤ 9 ᠰᠠᠷ᠎ᠠ᠎ᠶ᠋ᠢᠨ 27 ᠎ᠤ᠋ ᠡᠳᠦᠷ )


ᠪᠠᠷᠠᠭᠤᠨ ᠱᠢᠶᠠ ᠤᠯᠤᠰ ᠪᠣᠯ᠎ᠳ᠋ᠠᠩᠰᠢᠶᠠᠩ ᠬᠦᠮᠦᠨ᠎ᠤ ᠪᠠᠢᠭᠤᠯᠤᠭ᠍ᠰᠠᠨ ᠡᠴᠢᠨ᠎ᠡ ᠨᠢᠭᠤᠴᠠᠬᠠᠢ ᠤᠯᠤᠰ ᠪᠤᠯᠬᠤ ᠶᠤᠮ᠃ ᠬᠣᠷᠢᠨ ᠳᠥᠷᠪᠡᠨ ᠲᠡᠦᠬᠡᠨ᠎ᠳᠦ ᠪᠠᠷᠠᠭᠤᠨ ᠱᠢᠶᠠ ᠤᠯᠤᠰ᠎ᠤᠨ ᠲᠡᠦᠬᠡ ᠪᠠᠢᠬᠤ ᠥᠬᠡᠶ᠂ ᠪᠤᠰᠤᠳ ᠲᠡᠦᠬᠡᠨ ᠮᠠᠲ᠋ᠧᠷᠢᠶᠠᠯ᠎ᠳᠤ ᠴᠤ᠌ ᠲᠡᠮᠳᠡᠭ᠌ᠯᠡᠯ ᠴᠥᠭᠡᠨ ᠪᠠᠢᠳᠠᠭ᠃ ᠭᠡᠪᠡᠴᠦ᠍ ᠬᠠᠷ᠎ᠠ ᠬᠤᠳᠠ᠎ᠶ᠋ᠢᠨ ᠰᠤᠷᠪᠤᠯᠵᠢ ᠪᠢᠴᠢᠭ᠎ᠦᠨ ᠲᠠᠬᠢᠨᠲᠠ ᠢᠯᠡᠷᠡᠬᠰᠡᠨ᠂ ᠪᠠᠷᠠᠭᠤᠨ ᠱᠢᠶᠠ ᠤᠯᠤᠰ᠎ᠦᠨ ᠤᠩᠭᠤᠨ᠎ᠤ ᠬᠠᠭᠤᠴᠢ ᠰᠤᠳᠤᠯᠤᠯ᠎ᠤᠨ ᠢᠯᠡᠷᠡᠭᠦᠯᠦᠯᠲᠡ᠂ ᠭᠤᠤ ᠶᠢᠦ ᠹᠠᠩ᠎ᠤᠨ ᠡᠷᠲᠡᠨ᠎ᠦ ᠬᠤᠳᠠ᠎ᠶ᠋ᠢᠨ ᠪᠠᠭᠤᠷᠢ᠎ᠡᠴᠡ ᠠᠯᠳᠠᠨ ᠡᠳ᠋ᠯᠡᠯ ᠣᠯᠳᠠᠭᠰᠠᠨ ᠁ ᠵᠡᠷᠭᠡ ᠨᠢ ᠳᠤᠮᠳᠠᠳᠤ ᠤᠯᠤᠰ᠎ᠤᠨ ᠪᠠᠷᠠᠭᠤᠨ ᠬᠣᠢᠲᠤ ᠣᠷᠣᠨ᠎ᠳᠤ ᠰᠡᠬᠦᠢᠨ ᠰᠦᠨᠳᠡᠷᠯᠡᠵᠦ᠍ ᠪᠠᠢᠭ᠍ᠰᠠᠨ ᠡᠷᠲᠡᠨ᠎ᠦ ᠪᠣᠯᠪᠠᠰᠤᠨ ᠤᠯᠤᠰ ᠪᠤᠯᠬᠤ ᠪᠠᠷᠠᠭᠤᠨ ᠱᠢᠶᠠ ᠸᠠᠩᠲᠤ ᠤᠯᠤᠰ᠎ᠤᠨ ᠦᠯᠢᠭᠡᠷ᠎ᠢ ᠬᠦᠮᠦᠰ ᠲᠦ᠍ ᠬᠦᠦᠷᠨᠢᠵᠦ ᠪᠠᠢᠨ᠎ᠠ᠃

ᠳᠤᠮᠳᠠᠳᠤ᠎ᠶ᠋ᠢᠨ ᠪᠣᠯᠪᠠᠰᠤᠨ ᠪᠠᠷᠠᠭᠤᠨ ᠱᠢᠶᠠ ᠤᠯᠤᠰ᠎ᠢ ᠭᠡᠷᠡᠯᠲᠦᠭᠦᠯᠪᠡ

ᠥᠪᠥᠷ ᠮᠣᠩᠭᠣᠯ᠎ᠤᠨ ᠮᠦᠽᠧᠶ᠎ᠶ᠋ᠢᠨ《ᠠᠭᠤᠰᠤᠯᠴᠠᠯ᠎ᠤᠨ ᠷᠢᠳᠢ ᠱᠢᠳᠢ》ᠭᠡᠬᠦ ᠦᠵᠡᠭᠦᠯᠭᠡ᠎ᠶ᠋ᠢᠨ ᠲᠢᠩᠬᠢᠮ᠎ᠳᠦ ᠤᠯᠤᠰ᠎ᠤᠨ ᠨᠢᠭᠡᠳᠦᠭᠡᠷ ᠳᠡᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠪᠤᠯᠬᠤ ᠯᠢᠩᠬᠤ᠎ᠠ ᠴᠡᠴᠡᠭ᠎ᠦᠨ ᠠᠯᠲᠠᠨ ᠬᠤᠨᠳᠠᠭᠠᠨ ᠲᠠᠪᠠᠭ ᠰᠢᠵᠢᠷ ᠭᠡᠷᠡᠯ ᠰᠠᠴᠤᠷᠠᠭᠤᠯᠵᠤ ᠬᠦᠮᠦᠰ᠎ᠤᠨ ᠠᠩᠬᠠᠷᠤᠯ᠎ᠢ ᠲᠠᠲᠠᠵᠤ ᠪᠠᠢᠯ᠎ᠠ᠃ ᠲᠤᠰ ᠯᠢᠩᠬᠤ᠎ᠠ ᠴᠡᠴᠡᠭ᠎ᠦᠨ ᠠᠯᠲᠠᠨ ᠬᠤᠨᠳᠠᠭᠠᠨ ᠲᠠᠪᠠᠭ᠎ᠤᠨ ᠥᠨᠳᠥᠷ ᠨᠢ 4.5 ᠰᠠᠨᠲ᠋ᠢᠮᠧᠲ᠋ᠷ᠂ ᠳ᠋ᠢᠶᠠᠮᠧᠲ᠋ᠷ ᠨᠢ 12 ᠰᠠᠨᠲ᠋ᠢᠮᠧᠲ᠋ᠷ᠂ ᠠᠶᠠᠭ᠎ᠠ᠎ᠶ᠋ᠢᠨ ᠥᠨᠳᠥᠷ ᠨᠢ 3.5 ᠰᠠᠨᠲ᠋ᠢᠮᠧᠲ᠋ᠷ᠂ ᠠᠮᠠᠰᠠᠷ᠎ᠤᠨ ᠳ᠋ᠢᠶᠠᠮᠧᠲ᠋ᠷ ᠨᠢ 10.6 ᠰᠠᠨᠲ᠋ᠢᠮᠧᠲ᠋ᠷ᠂ ᠪᠥᠬᠥ᠌ ᠪᠡᠶ᠎ᠡ ᠨᠢ ᠯᠢᠩᠬᠤ᠎ᠠ ᠴᠡᠴᠡᠭ᠎ᠦᠨ ᠬᠡᠯᠪᠡᠷᠢᠲᠡᠶ᠂ ᠲᠠᠪᠠᠭ᠂ ᠠᠶᠠᠭ᠎ᠠ᠎ᠶ᠋ᠢᠨ ᠭᠠᠳᠠᠷ ᠬᠥᠪᠡᠭᠡᠨ᠎ᠳᠤᠨᠢ ᠪᠦᠷ ᠣᠷᠢᠶᠠᠮᠠᠯ ᠴᠡᠴᠡᠭ ᠡᠪᠡᠰᠦᠨ᠎ᠦ ᠬᠡ ᠤᠭᠠᠯᠵᠠ᠎ᠶ᠋ᠢ ᠰᠡᠢᠯᠵᠦ᠍᠂ ᠬᠢᠴᠡ ᠨᠢ ᠨᠠᠷᠢᠯᠢᠭ᠂ ᠬᠡᠯᠪᠡᠷᠢ ᠳᠦᠷᠰᠦ ᠨᠢ ᠭᠣᠶᠣ ᠪᠠᠢᠵᠤ᠂ ᠪᠠᠶᠠᠨᠨᠠᠭᠤᠷ ᠬᠣᠲᠠ᠎ᠶ᠋ᠢᠨ ᠯᠢᠨᠾᠧ ᠲᠣᠭᠣᠷᠢᠭ᠎ᠤᠨ ᠭᠣᠣ ᠶᠢᠦ ᠹᠠᠩ᠎ᠤᠨ ᠪᠠᠷᠠᠭᠤᠨ ᠱᠢᠶᠠ᠎ᠶ᠋ᠢᠨ ᠡᠷᠲᠡᠨ᠎ᠦ ᠬᠣᠲᠠ᠎ᠶ᠋ᠢᠨ ᠪᠠᠭᠤᠷᠢ᠎ᠠᠴᠠ ᠣᠯᠳᠠᠵᠠᠶ᠃


QQ图片20220105095032.png


ᠯᠢᠩᠬᠤ᠎ᠠ ᠴᠡᠴᠡᠭ᠎ᠦᠨ ᠠᠯᠲᠠᠨ ᠬᠤᠨᠳᠠᠭᠠᠨ ᠲᠠᠪᠠᠭ(ᠥᠪᠥᠷ ᠮᠣᠩᠭᠣᠯ᠎ᠤᠨ ᠮᠦᠽᠧᠶ ᠵᠢᠨ ᠬᠦᠷᠢᠶᠡᠯᠡᠩ ᠬᠠᠩᠭᠠᠪᠠ)

ᠲᠤᠰ ᠲᠡᠦᠬᠡ᠎ᠶ᠋ᠢᠨ ᠳᠤᠷᠠᠰᠭᠠᠯᠲᠤ ᠵᠦᠶ᠋ᠯ᠎ᠤᠨ ᠴᠠᠭᠠᠨ᠎ᠠ ᠬᠦᠴᠦᠷᠬᠡᠭ ᠪᠥᠭᠡᠳ ᠰᠤᠷᠬᠤ᠎ᠳᠤ ᠴᠢᠳᠠᠮᠠᠭᠠᠶ ᠡᠷᠲᠡᠨ᠎ᠦ ᠨᠢᠭᠤᠴᠠᠬᠠᠶ ᠪᠠᠷᠠᠭᠤᠨ ᠱᠢᠶᠠ ᠤᠯᠤᠰ᠎ᠤᠨ ᠤᠯᠤᠰ᠎ᠤᠨ ᠦᠯᠢᠭᠡᠷ ᠨᠢᠭᠤᠭᠳᠠᠵᠤ ᠪᠤᠢ᠃

ᠲᠡᠦᠬᠡᠨ᠎ᠳᠦ ᠲᠡᠮᠳᠡᠭ᠌ᠯᠡᠭ᠌ᠰᠡᠨ᠎ᠢᠶᠡᠷ᠂ ᠪᠠᠷᠠᠭᠤᠨ ᠱᠢᠶᠠ ᠤᠯᠤᠰ᠎ᠢ᠎ᠳ᠋ᠠᠩᠰᠢᠶᠠᠩ᠎ᠤᠨ ᠬᠠᠮᠤᠭ᠎ᠤᠨ ᠬᠦᠴᠦᠷᠬᠡᠭ ᠰᠠᠯᠠᠭ᠎ᠠ ᠪᠤᠯᠬᠤ ᠲᠣᠪᠠ ᠠᠢᠮᠠᠭ ᠪᠠᠢᠭᠤᠯᠵᠠᠢ᠃ ᠲᠤᠰ ᠠᠢᠮᠠᠭ ᠯᠢ ᠵᠢᠶ ᠴᠢᠶᠠᠨ᠂ ᠯᠢ ᠳ᠋ᠸ ᠮᠢᠩ᠂ ᠯᠢ ᠶᠤᠸᠠᠨ ᠬᠤᠤ᠎ᠵᠡᠷᠭᠡ ᠭᠤᠷᠪᠠᠨ ᠦᠶ᠎ᠡ᠎ᠶ᠋ᠢᠨ ᠬᠦᠮᠦᠰ᠎ᠤᠨ ᠴᠢᠷᠮᠠᠢᠯᠭ᠎ᠠ ᠪᠡᠷ ᠲᠠᠰᠤᠷᠠᠯᠲᠠ ᠦᠭᠡᠶ ᠬᠥᠭ᠌ᠵᠢᠨ ᠬᠦᠴᠦᠷᠭᠡᠭᠵᠢᠭᠰᠡᠨ ᠪᠠᠢᠨ᠎ᠠ᠃ ᠨᠡᠢᠲᠡ᠎ᠶ᠋ᠢᠨ ᠤᠨ ᠲᠣᠭᠠᠯᠠᠯ᠎ᠤᠨ 1038 ᠣᠨ᠎ᠳᠤ ᠯᠢ ᠶᠤᠸᠠᠨ ᠬᠤᠤ ᠬᠠᠭᠠᠨ ᠰᠠᠭᠤᠵᠤ ᠤᠯᠤᠰ ᠪᠠᠢᠭᠤᠯᠤᠭ᠍ᠰᠠᠨ ᠪᠥᠭᠡᠳ ᠲᠠᠩ ᠤᠯᠤᠰ ᠰᠦᠩ ᠤᠯᠤᠰ᠎ᠢ ᠳᠠᠭᠤᠷᠢᠶᠠᠨ ᠪᠦᠷᠢᠨ ᠪᠦᠲᠦᠨ ᠤᠯᠤᠰ ᠲᠥᠷᠥ᠎ᠶ᠋ᠢᠨ ᠳᠦᠷᠢᠮ᠎ᠢ ᠪᠠᠢᠭᠤᠯᠵᠠᠶ᠃

《ᠳ᠋ᠠᠩᠱᠢᠶᠠᠩ ᠠᠢᠮᠠᠭ ᠬᠥᠬᠡᠨᠠᠭᠤᠷ ᠲᠥᠪᠡᠳ᠎ᠦᠨ ᠥᠨᠳᠥᠷᠯᠢᠭ᠎ᠦᠨ ᠵᠡᠭᠦᠨ ᠬᠡᠰᠡᠭ᠎ᠡᠴᠡ ᠡᠭᠦᠰᠴᠦ᠍᠂ ᠲᠠᠩ ᠤᠯᠤᠰ᠎ᠤᠨ ᠡᠬᠢᠨ᠎ᠦ ᠦᠶ᠎ᠡ᠎ᠳᠦ ᠳᠦᠪᠡᠳ ᠸᠠᠩᠲᠦ ᠤᠯᠤᠰ᠎ᠤᠨ ᠳᠠᠷᠤᠯᠠᠯ ᠳᠣᠣᠷ᠎ᠠ ᠨᠤᠲᠤᠭ᠎ᠠᠴᠠ᠎ᠪᠠᠨ ᠰᠠᠯᠤᠭᠠᠳ ᠯᠦᠡᠭ᠌ᠶᠢᠦ ᠴᠢᠩᠵᠸᠤ ᠣᠷᠴᠢᠮ ᠨᠡᠭᠦᠪᠡ᠃ ᠠᠨ ᠱ᠌ᠢ᠎ᠶ᠋ᠢᠨ ᠤᠷᠪᠠᠯᠭᠠᠨ᠎ᠤ ᠤᠷᠢᠳ ᠬᠣᠵᠢᠳ᠎ᠢᠶᠠᠷ ᠱᠠᠨᠪᠸᠢ ᠪᠣᠯᠤᠨ ᠣᠷᠳᠣᠰ᠎ᠲᠤ ᠰᠢᠯᠵᠢᠭᠰᠡᠨ ᠪᠠᠢᠨ᠎ᠠ᠃ ᠪᠠᠷᠠᠭᠤᠨ ᠱᠢᠶᠠ ᠤᠯᠤᠰ ᠬᠦᠴᠦᠷᠬᠡᠭ᠌ᠵᠢᠨ ᠮᠠᠨᠳᠤᠬᠰᠠᠨ ᠦᠶ᠎ᠡ᠎ᠳᠦ ᠶᠡᠬᠡ ᠲᠥᠯᠥᠪ ᠣᠳᠣ᠎ᠶ᠋ᠢᠨ ᠨᠢᠩᠱᠢᠶᠠ᠎ᠶ᠋ᠢᠨ ᠳᠤᠮᠳᠠ ᠬᠣᠢᠲᠤ ᠬᠡᠰᠡᠭ᠂ ᠭᠠᠨᠰᠦ᠎ᠶ᠋ᠢᠨ ᠪᠠᠷᠠᠭᠤᠨ ᠬᠡᠰᠡᠭ᠂ ᠥᠪᠥᠷ ᠮᠣᠩᠭᠣᠯ᠎ᠤᠨ ᠪᠠᠷᠠᠭᠤᠨ ᠬᠡᠰᠡᠭ᠂ ᠱᠠᠨᠰᠢ᠎ᠶ᠋ᠢᠨ ᠬᠣᠢᠲᠤ ᠬᠡᠰᠡᠭ ᠵᠢᠴᠢ ᠬᠥᠬᠡᠨᠠᠭᠤᠷ᠎ᠤᠨ ᠬᠡᠰᠡᠭ ᠭᠠᠵᠠᠷ ᠣᠷᠣᠨ᠎ᠢ ᠪᠠᠬᠳᠠᠭᠠᠵᠤ ᠪᠠᠢᠪᠠ》ᠭᠡᠵᠦ ᠨᠢᠩᠱᠢᠶᠠ ᠶᠡᠬᠡ ᠰᠤᠷᠭᠠᠭᠤᠯᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ᠎ᠬᠠᠮᠲᠤ᠎ᠶ᠋ᠢᠨ ᠴᠣᠭ᠍ᠴᠠ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ᠂ ᠪᠠᠷᠠᠭᠤᠨ ᠱᠢᠶᠠ ᠤᠯᠤᠰ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠳ᠋ᠦ᠋ ᠵᠢᠶᠠᠨ ᠯᠦ᠍᠎ᠬᠡᠯᠡᠵᠦ ᠪᠠᠢᠯ᠎ᠠ᠃ ᠪᠠᠷᠠᠭᠤᠨ ᠱᠢᠶᠠ ᠤᠯᠤᠰ ᠪᠠᠷᠠᠭᠤᠨ ᠬᠣᠢᠲᠤ ᠣᠷᠣᠨ᠎ᠤ ᠬᠡᠰᠡᠭ ᠲᠠᠯ᠎ᠠ᠎ᠶ᠋ᠢᠨ ᠨᠢᠭᠡᠳᠦᠯ᠎ᠢ ᠪᠡᠶᠡᠯᠡᠭᠦᠯᠵᠦ᠍᠂ ᠶᠤᠸᠠᠨ ᠤᠯᠤᠰ᠎ᠤᠨ ᠶᠡᠬᠡ ᠨᠢᠭᠡᠳᠦᠯ᠎ᠦᠨ ᠰᠠᠭᠤᠷᠢ᠎ᠶ᠋ᠢ ᠲᠠᠯᠪᠢᠪᠠ᠃

ᠳ᠋ᠦ᠋ ᠵᠢᠶᠠᠨ ᠯᠦ᠍ ᠵᠢᠨ ᠬᠡᠯᠡᠬᠦ ᠪᠡᠷ᠂ ᠪᠠᠷᠠᠭᠤᠨ ᠱᠢᠶᠠ ᠤᠯᠤᠰ ᠤᠷᠤᠰᠢᠨ ᠲᠤᠭᠲᠠᠨᠢᠭᠰᠠᠨ 189 ᠵᠢᠯ᠎ᠳᠤ 10 ᠬᠠᠭᠠᠨ᠎ᠰᠠᠭᠤᠷᠢᠨ᠎ᠳᠦ ᠰᠠᠭᠤᠵᠤ᠂ ᠡᠮᠦᠨ᠎ᠡ ᠬᠤᠭᠤᠴᠠᠭᠠᠨ᠎ᠳᠤ ᠤᠮᠠᠷᠠᠲᠤ ᠰᠦᠩ ᠤᠯᠤᠰ᠂ ᠯᠢᠶᠣᠤ ᠤᠯᠤᠰ᠎ᠲᠠᠶ ᠡᠰᠡᠷᠭᠦᠴᠡᠯᠳᠦᠵᠦ᠍᠂ ᠰᠡᠭᠦᠯ᠎ᠦᠨ ᠬᠤᠭᠤᠴᠠᠭᠠᠨ᠎ᠳᠤ ᠡᠮᠦᠨᠡᠲᠦ ᠰᠦᠩ ᠤᠯᠤᠰ᠂ ᠠᠯᠲᠠᠨ ᠤᠯᠤᠰ ᠲᠠᠢ ᠬᠠᠮᠲᠤ ᠲᠣᠭ᠍ᠲᠠᠨᠢᠭ᠍ᠰᠠᠨ ᠨᠢ ᠮᠠᠨ᠎ᠤ ᠤᠯᠤᠰ᠎ᠤᠨ ᠲᠡᠦᠬᠡᠨ ᠳᠡᠭᠡᠷᠡᠬᠢ ᠬᠣᠶᠠᠳᠤᠭᠠᠷ 《ᠭᠤᠷᠪᠠᠨ ᠤᠯᠤᠰ ᠬᠠᠮᠲᠤ ᠲᠣᠭ᠍ᠲᠠᠨᠢᠭ᠍ᠰᠠᠨ》 ᠴᠠᠭ ᠦᠶ᠎ᠡ ᠪᠣᠯᠤᠨ᠎ᠠ᠃ ᠪᠠᠷᠠᠭᠤᠨ ᠱᠢᠶᠠ ᠤᠯᠤᠰ ᠰᠦᠩ ᠤᠯᠤᠰ᠎ᠢ ᠡᠮᠦᠨᠡᠲᠦ ᠲᠥᠷᠥ᠍᠂ ᠯᠢᠶᠣᠤ ᠤᠯᠤᠰ᠎ᠢ ᠤᠮᠠᠷᠠᠲᠤ ᠲᠥᠷᠥ᠍ ᠭᠡᠵᠦ᠍᠂ ᠥᠪᠡᠷ᠎ᠢ᠎ᠪᠡᠨ ᠪᠠᠷᠠᠭᠤᠨ ᠲᠥᠷᠥ᠍ ᠭᠡᠵᠦ᠂ ᠲᠤᠬᠠᠶ᠎ᠶ᠋ᠢᠨ ᠦᠶ᠎ᠡ᠎ᠶ᠋ᠢᠨ ᠳᠤᠮᠳᠠᠳᠤ ᠤᠯᠤᠰ᠎ᠤᠨ ᠡᠬᠡ ᠭᠠᠵᠠᠷ ᠳᠡᠭᠡᠷᠡᠬᠢ ᠭᠤᠷᠪᠠᠨ ᠠᠬ᠎ᠠ ᠳᠡᠭᠦᠦ ᠲᠥᠷᠥ᠎ᠭᠦᠷᠦᠨ ᠪᠠᠢᠭᠰᠠᠨ ᠭᠡᠨ᠎ᠡ᠃

ᠪᠠᠷᠠᠭᠤᠨ ᠱᠢᠶᠠ ᠤᠯᠤᠰ᠎ᠤᠨ ᠨᠣᠶᠠᠷᠬᠠᠭ᠍ᠴᠢᠳ ᠲᠠᠷᠢᠶᠠᠯᠠᠩ᠂ ᠮᠠᠯ ᠠᠵᠤ ᠠᠬᠤᠶ᠂ ᠲᠡᠮᠦᠷ ᠬᠠᠢᠯᠤᠭᠤᠯᠬᠤ ᠦᠢᠯᠡᠰ᠂ ᠳᠠᠪᠤᠰᠤ᠎ᠪᠤᠯᠪᠠᠰᠤᠷᠠᠭᠤᠯᠬᠤ᠎ᠦᠢᠯᠡᠰ᠎ᠪᠠ᠎ᠠᠷᠠᠯᠵᠢᠶ᠎ᠠ᠎ᠰᠣᠯᠢᠯᠴᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠠᠲᠠᠷ ᠬᠠᠭᠠᠯᠪᠤᠷᠢᠯᠠᠬᠤ ᠪᠠ ᠲᠠᠷᠢᠶᠠᠯᠠᠬᠤ᠎ᠶ᠋ᠢ ᠵᠣᠷᠢᠭ᠍ᠵᠢᠭᠤᠯᠤᠨ᠂ ᠳᠤᠮᠳᠠᠳᠤ ᠣᠷᠣᠨ᠎ᠤ ᠨᠡᠯᠢᠶᠡᠳ ᠲᠡᠷᠢᠭᠦᠨ᠎ᠦ ᠲᠠᠷᠢᠶᠠᠯᠠᠩ ᠦᠢᠯᠡᠳᠪᠦᠷᠢᠯᠡᠯ᠎ᠦᠨ ᠮᠡᠷᠭᠡᠵᠢᠯ᠎ᠢ ᠥᠷᠭᠡᠨ᠎ᠢᠶᠡᠷ ᠣᠷᠣᠭᠤᠯᠤᠨ ᠠᠪᠴᠢᠷᠠᠵᠤ᠂ ᠪᠠᠷᠠᠭᠤᠨ ᠬᠣᠢᠲᠤ ᠣᠷᠣᠨ᠎ᠤ ᠲᠠᠷᠢᠶᠠᠯᠠᠩ ᠦᠢᠯᠡᠳᠪᠦᠷᠢᠯᠡᠯ ᠤᠷᠢᠳ ᠡᠮᠦᠨ᠎ᠡ ᠭᠠᠷᠤᠭ᠎ᠠ ᠦᠭᠡᠶ ᠬᠥᠭ᠌ᠵᠢᠵᠦ᠍᠂ ᠴᠠᠩ ᠠᠨ ᠬᠣᠲᠠ᠎ᠶ᠋ᠢᠨ ᠳᠠᠷᠠᠭ᠎ᠠ ᠣᠷᠣᠬᠤ ᠪᠠᠷᠠᠭᠤᠨ ᠬᠣᠢᠲᠤ ᠣᠷᠣᠨ᠎ᠤ ᠲᠣᠮᠣ ᠬᠣᠲᠠ ᠪᠤᠯᠬᠤ ᠱᠢᠩᠴᠢᠩ ᠹᠦ᠋(ᠣᠳᠣ᠎ᠶ᠋ᠢᠨ ᠢᠷᠭᠠᠶ ᠬᠣᠲᠠ)ᠶ᠋ᠢ ᠪᠠᠢᠭᠤᠯᠵᠠᠶ᠃ ᠳ᠋ᠦ᠋ ᠵᠢᠶᠠᠨ ᠯᠦ᠍ ᠵᠢᠨ ᠬᠡᠯᠡᠬᠦ ᠪᠡᠷ᠂ ᠪᠠᠷᠠᠭᠤᠨ ᠱᠢᠶᠠ ᠤᠯᠤᠰ ᠪᠣᠯᠤᠨ ᠡᠷᠭᠢᠨ ᠲᠣᠭᠣᠷᠢᠨ᠎ᠤ ᠦᠨᠳᠦᠰᠦᠲᠡᠨ᠎ᠦ ᠬᠣᠭᠣᠷᠣᠨᠳᠣᠬᠢ ᠠᠷᠠᠯᠵᠢᠶ᠎ᠠ ᠰᠣᠯᠢᠯᠴᠠᠭ᠎ᠠ ᠮᠠᠰᠢ ᠨᠢᠭ᠍ᠲᠠ ᠪᠠᠢᠵᠤ᠂ ᠠᠯᠢ ᠡᠷᠲᠡ ᠵᠢᠨ ᠲᠠᠩ ᠤᠯᠤᠰ ᠲᠠᠪᠤᠨ ᠲᠥᠷᠥ ᠵᠢᠨ ᠦᠶ᠎ᠡ᠎ᠳᠦ ᠳ᠋ᠠᠩᠱᠢᠶᠠᠩ᠎ᠤᠨ ᠮᠤᠷᠢ ᠪᠣᠯ ᠳᠤᠮᠳᠠᠳᠤ ᠣᠷᠣᠨ᠎ᠤ ᠬᠠᠮᠤᠭ ᠬᠦᠷᠢᠶᠡᠯᠡᠯ᠎ᠲᠡᠶ ᠲᠠᠸᠠᠷ ᠪᠣᠯᠵᠠᠢ; 《ᠱᠢᠶᠠ ᠵᠢᠨ ᠰᠡᠯᠡᠮ᠎ᠡ》 ᠰᠥᠩ ᠤᠯᠤᠰ᠎ᠤᠨ ᠦᠶ᠎ᠡ᠎ᠶ᠋ᠢᠨ ᠨᠣᠶᠠᠳ ᠬᠡᠷᠬᠡᠮᠲᠡᠳ᠎ᠤᠨ᠎ᠬᠦᠷᠢᠶᠡᠯᠡᠯ᠎ᠢ ᠣᠯᠵᠤ᠂ ᠰᠥᠩ᠎ᠤᠨ ᠴᠢᠨᠽᠦᠢ᠍ᠩ ᠬᠠᠭᠠᠨ ᠴᠦ᠍ ᠦᠷᠭᠦᠯᠵᠢ ᠪᠡᠶ᠎ᠡ᠎ᠳᠡᠭᠡᠨ ᠵᠡᠭᠦᠵᠦ ᠶᠠᠪᠤᠳᠠᠭ ᠭᠡᠨ᠎ᠡ᠃

ᠪᠠᠷᠠᠭᠤᠨ ᠱᠢᠶᠠ ᠤᠯᠤᠰ ᠪᠢᠴᠢᠭ᠎ᠤᠨ ᠰᠤᠷᠭᠠᠯ ᠵᠢᠡᠷ ᠤᠯᠤᠰ ᠵᠢᠡᠨ ᠵᠠᠰᠠᠵᠤ᠂ ᠴᠦᠩᠽᠦ᠋ᠩ ᠬᠠᠭᠠᠨ ᠰᠤᠶᠤᠯ ᠰᠤᠷᠭᠠᠨ ᠬᠦᠮᠦᠵᠢᠯ᠎ᠢ ᠴᠢᠬᠤᠯᠠᠴᠢᠯᠠᠨ ᠬᠥᠭ᠌ᠵᠢᠭᠦᠯᠵᠦ᠍ ᠰᠤᠷᠭᠠᠭᠤᠯᠢ ᠪᠠᠢᠭᠤᠯᠪᠠ; ᠲᠡᠭᠦᠨ᠎ᠦ ᠬᠥᠪᠡᠭᠦᠨ ᠷᠧᠨᠽᠦᠢ᠍ᠡᠭ ᠰᠣᠶᠣᠯ ᠰᠤᠷᠭᠠᠨ ᠬᠥᠮᠦᠵᠢᠯ᠎ᠢ ᠡᠷᠬᠢᠮᠯᠡᠨ᠂ ᠱᠢᠯᠭᠠᠭᠤᠯᠢ᠎ᠶ᠋ᠢᠨ ᠳᠦᠷᠢᠮ᠎ᠢ ᠬᠡᠷᠡᠭ᠌ᠵᠢᠭᠦᠯᠵᠦ᠍᠂ ᠪᠢᠴᠢᠭ᠎ᠦᠨ ᠰᠤᠷᠭᠠᠯᠲᠠᠨ᠎ᠤ ᠦᠵᠡᠯ ᠰᠠᠨᠠᠭ᠎ᠠ᠎ᠵᠢ ᠵᠢᠯᠣᠭᠣᠳᠭᠤ ᠦᠵᠡᠯ ᠰᠠᠨᠠᠭ᠎ᠠ ᠪᠣᠯᠭᠠᠨ᠂ ᠺᠦᠩᠽᠢ᠎ᠶ᠋ᠢ ᠬᠦᠨᠳᠦᠳᠭᠡᠨ᠂ ᠪᠠᠷᠠᠭᠤᠨ ᠱᠢᠶᠠ ᠤᠯᠤᠰ᠎ᠤᠨ ᠪᠢᠴᠢᠭ᠎ᠤᠨ ᠰᠤᠷᠭᠠᠯ᠎ᠢ ᠣᠷᠭᠢᠯ᠎ᠳᠤᠨᠢ  ᠬᠦᠷᠲᠡᠯ᠎ᠡ ᠬᠦᠭᠵᠢᠭᠦᠯᠦᠭᠰᠡᠨ ᠪᠠᠢᠨ᠎ᠠ᠃

《ᠪᠠᠷᠠᠭᠤᠨ ᠱᠢᠶᠠ ᠤᠯᠤᠰ ᠦᠰᠦᠭ ᠪᠢᠴᠢᠭ ᠵᠣᠬᠢᠶᠠᠭ᠍ᠤ᠎ᠳᠠᠭᠠᠨ ᠬᠢᠲᠠᠳ ᠦᠰᠦᠭ ᠪᠢᠴᠢᠭ᠎ᠢ ᠳᠠᠭᠤᠷᠢᠶᠠᠨ ᠵᠤᠬᠢᠶᠠᠵᠤ᠂ ᠬᠢᠲᠡᠳ ᠦᠰᠦᠭ ᠪᠢᠴᠢᠭ ᠪᠤᠯᠤᠨ ᠪᠠᠷᠠᠭᠤᠨ ᠰᠢᠶᠠ ᠵᠢᠨ ᠦᠰᠦᠭ ᠪᠢᠴᠢᠭ ᠪᠤᠯ ᠪᠠᠷᠠᠭᠤᠨ ᠰᠢᠶᠠ ᠤᠯᠤᠰ᠎ᠤᠨ ᠨᠡᠢᠳᠡᠮ ᠬᠡᠷᠡᠭᠯᠡᠬᠦ ᠦᠰᠦᠭ ᠪᠢᠴᠢᠭ ᠪᠠᠢᠵᠠᠢ; ᠪᠠᠷᠠᠭᠤᠨ ᠱᠢᠶᠠ ᠤᠯᠤᠰ ᠎ᠤᠨ ᠤᠨ ᠲᠤᠭᠠᠯᠠᠯ ᠮᠠᠨ᠎ᠤ ᠤᠯᠤᠰ᠎ᠤᠨ ᠡᠷᠲᠡᠨ᠎ᠦ ᠤᠯᠠᠮᠵᠢᠯᠠᠯᠲᠤ ᠣᠨ ᠲᠤᠭᠠᠯᠠᠯ᠎ᠢ ᠬᠡᠷᠡᠭ᠌ᠯᠡᠵᠡᠶ; ᠤᠯᠤᠰ᠎ᠤᠨ ᠡᠵᠡᠨ ᠬᠠᠭᠠᠨ ᠰᠠᠭᠤᠷᠢᠨ᠎ᠳᠤ ᠪᠠᠢᠬᠤ ᠦᠶ᠎ᠡ᠎ᠳᠤ ᠬᠦᠨᠳᠦᠳᠭᠡᠯ᠎ᠦᠨ ᠴᠣᠯᠠ ᠤᠯᠭᠤᠨ᠂ ᠨᠠᠰᠤ ᠪᠠᠷᠠᠭ᠍ᠰᠠᠨ᠎ᠤ ᠳᠠᠷᠠᠭ᠎ᠠ ᠴᠣᠯᠠ ᠨᠡᠬᠡᠮᠵᠢᠯᠡᠨ ᠡᠷᠭᠦᠮᠵᠢᠯᠡᠵᠤ᠂ ᠣᠩᠭᠣᠨ᠎ᠨᠢ᠎ᠴᠦ᠍᠎ᠴᠣᠯᠠ᠎ᠲᠠᠢ》ᠭᠡᠵᠦ ᠳ᠋ᠦ᠋ ᠵᠢᠶᠠᠨ ᠯᠦ᠍ ᠲᠠᠨᠢᠯᠴᠠᠭᠤᠯᠤᠨ᠎ᠠ᠂ ᠭᠡᠪᠡᠴᠦ᠍ ᠬᠢᠲᠠᠳ ᠰᠣᠶᠣᠯ᠎ᠢ ᠭᠥᠯᠢᠶᠡᠨ ᠠᠪᠬᠤ᠎ᠶ᠋ᠢᠨ ᠬᠠᠮᠲᠤ ᠪᠠᠷᠠᠭᠤᠨ ᠱᠢᠶᠠ ᠤᠯᠤᠰ ᠮᠥᠨ ᠯᠡ ᠲᠣᠰ ᠦᠨᠳᠦᠰᠦᠲᠡᠨ᠎ᠦ᠎ᠪᠡᠨ ᠪᠠᠢᠭᠠᠯᠢ᠎ᠶ᠋ᠢᠨ ᠱᠢᠲᠦᠯᠭᠡ ᠵᠡᠷᠭᠡ ᠦᠪᠡᠷᠮᠢᠴᠡ ᠵᠠᠩ ᠦᠢᠯᠡ ᠪᠠᠨ ᠬᠠᠳᠠᠭᠠᠯᠠᠵᠠᠢ᠃

ᠳᠤᠮᠳᠠᠳᠤ ᠣᠷᠣᠨ᠎ᠤ ᠰᠣᠶᠣᠯ ᠪᠠᠷᠠᠭᠤᠨ ᠱᠢᠶᠠ ᠤᠯᠤᠰ᠎ᠤᠨ ᠡᠳᠦᠷ ᠲᠤᠲᠤᠮ᠎ᠳᠤ ᠠᠭᠤᠰᠪᠠ

《ᠯᠢᠩᠬᠤ᠎ᠠ ᠴᠡᠴᠡᠭ᠎ᠦᠨ ᠠᠯᠲᠠᠨ ᠬᠤᠨᠳᠠᠭᠠᠨ ᠲᠠᠪᠠᠭ ᠪᠣᠯ ᠪᠠᠷᠠᠭᠤᠨ ᠱᠢᠶᠠ ᠤᠯᠤᠰ᠎ᠤᠨ ᠳᠡᠭᠡᠳᠦ ᠳᠠᠪᠬᠤᠷᠭᠠᠲᠠᠨ᠎ᠤ ᠬᠡᠷᠡᠭ᠌ᠯᠡᠳᠡᠭ ᠴᠠᠶ᠎ᠶ᠋ᠢᠨ ᠰᠠᠪᠠ ᠮᠥᠨ᠂ ᠯᠢᠩᠬᠤ᠎ᠠ ᠴᠡᠴᠡᠭ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠳᠤ ᠠᠷᠢᠭᠤᠨ ᠴᠡᠪᠡᠷ᠂ ᠥᠯᠵᠡᠶ ᠪᠡᠯᠭᠡ᠂ ᠠᠮᠤᠷ ᠠᠮᠤᠭᠤᠯᠠᠩ᠎ᠢ ᠪᠠᠯᠭᠡᠳᠡᠨ᠂ ᠬᠦᠪᠡᠭᠡᠨ ᠳᠡᠭᠡᠷᠡᠬᠢ ᠣᠷᠢᠶᠠᠮᠠᠯ ᠴᠡᠴᠡᠭ ᠡᠪᠡᠰᠦᠨ᠎ᠦ ᠬᠡ ᠤᠭᠠᠯᠵᠠ ᠪᠣᠯ ᠳᠤᠮᠳᠠᠳᠤ ᠤᠯᠤᠰ᠎ᠤᠨ ᠤᠯᠠᠮᠵᠢᠯᠠᠯᠲᠤ ᠬᠡ ᠤᠭᠠᠯᠵᠠ ᠪᠤᠯᠤᠨ᠎ᠠ》ᠭᠡᠵᠦ ᠳ᠋ᠦ᠋ ᠵᠢᠶᠠᠨ ᠯᠤ᠌ ᠲᠠᠢᠯᠪᠤᠷᠢᠯᠠᠨ᠎ᠠ᠃ ᠲᠤᠰ ᠲᠡᠦᠬᠡ ᠵᠢᠨ ᠳᠤᠷᠠᠰᠬᠠᠯᠲᠤ ᠵᠦᠢᠯ᠎ᠤᠨ ᠳᠦᠷᠰᠦ ᠬᠡᠯᠪᠡᠷᠢ ᠨᠢ ᠰᠥᠩ ᠤᠯᠤᠰ᠎ᠤᠨ ᠱᠠᠭᠠᠵᠠᠩ ᠪᠠᠭᠠᠵᠢ ᠵᠢᠨ ᠳᠤᠲᠤᠷ᠎ᠠ ᠦᠷᠭᠦᠯᠵᠢ ᠬᠠᠷᠠᠭ᠍ᠳᠠᠳᠠᠭ ᠯᠢᠩᠬᠤ᠎ᠠ ᠴᠡᠴᠡᠭ ᠪᠤᠯᠤᠨ᠎ᠠ᠂ ᠪᠤᠷᠤᠭᠵᠢᠭᠤᠨ ᠡᠷᠬᠢᠮᠰᠦᠭ ᠬᠡᠪ ᠨᠠᠮᠪᠠ᠂ ᠨᠠᠷᠢᠯᠢᠬ ᠭᠤᠶᠤ ᠬᠡᠯᠪᠡᠷᠢ ᠳᠦᠷᠰᠦ ᠨᠢ ᠶᠡᠬᠡ ᠲᠥᠯᠥᠪ ᠬᠣᠶᠠᠷ ᠰᠥᠩ ᠤᠯᠤᠰ᠎ᠤᠨ ᠦᠶ᠎ᠡ᠎ᠶ᠋ᠢᠨ ᠠᠯᠲᠠ ᠮᠥᠩᠭᠥᠨ᠎ᠦ ᠭᠠᠷ ᠤᠷᠠᠯᠠᠯ᠎ᠲᠠᠶ ᠠᠳᠠᠯᠢ ᠪᠠᠢᠵᠤ᠂《ᠰᠥᠩ᠎ᠤᠨ ᠨᠠᠮᠪᠠ》 ᠢᠯᠡ ᠬᠠᠷᠠᠭᠳᠠᠵᠤ ᠪᠠᠢᠨ᠎ᠠ᠃

ᠲᠡᠦᠬᠡᠨ᠎ᠳᠦ ᠲᠡᠮᠳᠡᠭ᠌ᠯᠡᠭ᠌ᠰᠡᠨ᠎ᠢᠶᠡᠷ᠂ ᠳ᠋ᠠᠩᠰᠢᠶᠠᠩ ᠬᠦᠮᠦᠨ ᠮᠢᠬ᠎ᠠ ᠢᠳᠡᠨ ᠰᠦ ᠤᠤᠭᠤᠳᠠᠭ ᠪᠤᠯᠬᠤᠷ ᠴᠠᠶ᠎ᠶ᠋ᠢ ᠬᠠᠪᠰᠤᠷᠭᠠᠨ ᠤᠤᠭᠤᠵᠤ ᠱᠢᠩᠭᠡᠭᠡᠯᠲᠡ ᠪᠠᠨ ᠰᠠᠢᠵᠢᠷᠠᠭᠤᠯᠳᠠᠭ᠃ ᠪᠠᠷᠠᠭᠤᠨ ᠱᠢᠶᠠ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ ᠳᠤᠮᠳᠠᠳᠤ ᠣᠷᠣᠨ᠎ᠤ ᠰᠣᠶᠣᠯ᠎ᠤᠨ ᠨᠥᠯᠥᠭᠡ ᠪᠡᠷ᠂ ᠨᠣᠶᠠᠳ ᠬᠡᠷᠬᠡᠮᠲᠡᠳ ᠪᠠ ᠡᠭᠡᠯ ᠠᠷᠠᠳ᠎ᠤᠳ ᠡᠳᠦᠷ ᠲᠤᠲᠤᠮ᠎ᠤᠨ ᠠᠮᠢᠳᠤᠷᠠᠯ ᠳᠤᠮᠳᠠ ᠴᠠᠶ᠎ᠠᠴᠠ ᠰᠠᠯᠵᠤ ᠴᠢᠳᠠᠬᠤ ᠥᠬᠡᠶ ᠪᠤᠯᠵᠤ ᠴᠠᠶ᠎ᠶ᠋ᠢᠨ ᠬᠡᠷᠡᠭ᠌ᠴᠡᠭᠡ ᠮᠠᠰᠢ ᠶᠡᠬᠡ ᠪᠠᠢᠵᠠᠢ᠃ ᠪᠠᠷᠠᠭᠤᠨ ᠱᠢᠶᠠ ᠤᠯᠤᠰ ᠬᠡᠳᠦᠢᠪᠡᠷ ᠪᠣᠷᠣᠲᠣᠬᠣᠶ᠎ᠶ᠋ᠢᠨ ᠲᠠᠯ᠎ᠠ ᠭᠠᠵᠠᠷ ᠪᠠ ᠾᠸᠰᠢ ᠬᠣᠩᠭᠢᠯ᠎ᠤᠨ ᠪᠠᠶᠠᠨ ᠴᠢᠨᠡᠭᠡᠯᠢᠭ ᠭᠠᠵᠠᠷ᠎ᠢ ᠡᠵᠡᠯᠡᠵᠦ᠍ ᠪᠠᠢᠭ᠎ᠠ ᠪᠣᠯᠪᠠᠴᠤ᠌ ᠴᠠᠶ ᠭᠠᠷᠬᠤ ᠦᠭᠡᠶ᠂ ᠵᠥᠪᠬᠡᠨ《ᠠᠯᠪᠠ ᠪᠠᠷᠢᠬᠤ ᠡᠯᠴᠢ᠎ᠶ᠋ᠢᠨ ᠠᠷᠠᠯᠵᠢᠶ᠎ᠠ》 ᠪᠠᠷ ᠳᠠᠮᠵᠢᠨ ᠬᠡᠷᠡᠭ᠌ᠴᠡᠭᠡ᠎ᠲᠡᠶ ᠵᠦᠢᠯ᠎ᠢᠶᠡᠨ ᠣᠯᠳᠠᠭ ᠪᠠᠢᠪᠠ᠃

《ᠳ᠋ᠠᠩᠱᠢᠶᠠᠩᠴᠤᠳ ᠡᠷᠲᠡ ᠦᠶ᠎ᠡ᠎ᠳᠦ ᠮᠣᠳᠣᠨ ᠠᠶᠠᠭ᠎ᠠ ᠬᠡᠷᠡᠭ᠌ᠯᠡᠵᠦ᠍ ᠪᠠᠢᠵᠠᠢ᠂ ᠳᠣᠲᠣᠷ᠎ᠠ ᠭᠠᠵᠠᠷ ᠨᠡᠭᠦᠭᠰᠡᠨ᠎ᠤ ᠳᠠᠷᠠᠭ᠎ᠠ ᠠᠭᠠᠵᠢᠮ᠎ᠢᠶᠠᠷ ᠱᠠᠭᠠᠵᠠᠩ ᠰᠠᠪᠠ ᠬᠡᠷᠡᠭ᠌ᠯᠡᠬᠦ ᠪᠤᠯᠵᠠᠢ》ᠭᠡᠵᠦ ᠳ᠋ᠦ᠋ ᠵᠢᠶᠠᠨ ᠯᠦ᠍ ᠶᠠᠷᠢᠨ᠎ᠠ᠃ ᠣᠢᠷ᠎ᠠ᠎ᠶ᠋ᠢᠨ ᠵᠢᠯ᠎ᠦᠳ᠎ᠲᠦ᠂ ᠮᠠᠯᠲᠠᠵᠤ ᠭᠠᠷᠭᠠᠭ᠍ᠰᠠᠨ ᠪᠠᠷᠠᠭᠤᠨ ᠱᠢᠶᠠ ᠤᠯᠤᠰ᠎ᠤᠨ ᠠᠶᠠᠭ᠎ᠠ᠂ ᠳᠡᠪᠦᠷ᠎ᠡ᠂ ᠴᠣᠮᠣ ᠵᠡᠷᠭᠡ ᠢᠳᠡᠭᠡᠨ ᠤᠮᠳᠠᠭᠠᠨ᠎ᠤ ᠡᠳ᠋ᠯᠡᠯ᠎ᠡᠴᠡ ᠦᠵᠡᠪᠡᠯ᠂ ᠲᠠᠩ ᠴᠤᠯᠭᠤᠶ ᠴᠠᠭᠠᠨ ᠥᠩᠭᠡ᠂ ᠬᠠᠷ᠎ᠠ ᠥᠩᠭᠡ ᠪᠠ ᠬᠦᠷᠡᠩ ᠥᠩᠭᠡ᠎ᠶ᠋ᠢᠨ ᠸᠠᠭᠠᠷ ᠱᠠᠭᠠᠵᠠᠩ ᠰᠠᠪᠠ ᠵᠢ ᠪᠠᠷᠠᠭᠤᠨ ᠱᠢᠶᠠ ᠤᠯᠤᠰ᠎ᠤᠨ ᠡᠭᠡᠯ ᠠᠷᠠᠳ ᠬᠡᠷᠡᠭᠯᠡᠨ᠂ ᠠᠯᠪᠠᠨ᠎ᠡᠴᠡ ᠡᠷᠭᠢᠯᠡᠭ᠌ᠰᠡᠨ ᠦᠶ᠋ᠯᠡᠳᠭᠡᠯ᠎ᠦᠨ ᠭᠠᠵᠠᠷ᠎ᠤᠨ ᠨᠠᠷᠢᠯᠢᠭ ᠴᠠᠭᠠᠨ ᠱᠢᠯ ᠪᠤᠳᠤᠭ᠎ᠲᠠᠶ ᠱᠠᠭᠠᠵᠠᠩ ᠰᠠᠪᠠ᠎ᠶ᠋ᠢ ᠨᠤᠶᠠᠳ ᠬᠤᠳᠠᠯᠳᠤᠭᠠᠴᠢᠳ ᠬᠡᠷᠡᠭᠯᠡᠨ᠂ ᠬᠠᠭᠠᠨ᠎ᠤ ᠤᠭ᠍ᠰᠠᠭᠠᠲᠠᠨ ᠢᠵᠠᠭᠤᠷᠲᠠᠳ ᠨᠠᠷᠢᠯᠢᠭ ᠱᠠᠭᠠᠵᠠᠩ ᠰᠠᠪᠠ ᠬᠡᠷᠡᠭ᠌ᠯᠡᠬᠦ᠌᠎ᠡᠴᠡ ᠭᠠᠳᠠᠨ᠎ᠠ ᠪᠠᠰᠠ ᠠᠯᠲᠠ ᠮᠥᠩᠭᠥ ᠪᠡᠷ ᠬᠢᠭᠰᠡᠨ ᠢᠳᠡᠭᠡᠨ ᠤᠮᠳᠠᠭᠠᠨ᠎ᠤ ᠡᠳ᠋ᠯᠡᠯ᠎ᠢ ᠬᠡᠷᠡᠭᠯᠡᠵᠦ ᠪᠠᠢᠵᠠᠢ᠃

ᠠᠯᠲᠠᠨ ᠡᠳ᠋ᠯᠡᠯ ᠪᠤᠯ ᠳᠤᠮᠳᠠᠳᠤ ᠤᠯᠤᠰ᠎ᠤᠨ ᠡᠷᠲᠡᠨ᠎ᠦ ᠨᠡᠢᠭᠡᠮ᠎ᠳᠦ ᠣᠯᠠᠩᠬᠢ᠎ᠳᠠᠭᠠᠨ ᠬᠠᠭᠠᠨ᠎ᠤ ᠤᠭ᠍ᠰᠠᠭᠠᠲᠠᠨ ᠪᠣᠯᠤᠨ ᠳᠡᠭᠡᠳᠦ ᠳᠠᠪᠬᠤᠷᠭ᠎ᠠ᠎ᠶ᠋ᠢᠨ ᠢᠵᠠᠭᠤᠷᠲᠠᠨ᠎ᠤ ᠡᠳ᠋ᠯᠡᠵᠦ᠍ ᠪᠠᠢᠭᠰᠠᠨ ᠵᠦᠢᠯᠡᠰ ᠪᠤᠯᠤᠨ᠎ᠠ᠂ ᠡᠨᠡ ᠨᠢ ᠪᠠᠷᠠᠭᠤᠨ ᠱᠢᠶᠠ ᠤᠯᠤᠰ ᠲᠦ᠍ ᠴᠦ᠍ ᠠᠳᠠᠯᠢ ᠪᠠᠢᠪᠠ᠃

《ᠪᠠᠷᠠᠭᠤᠨ ᠱᠢᠶᠠ ᠤᠯᠤᠰ᠎ᠤᠨ ᠠᠯᠲᠠ ᠮᠥᠩᠭᠥ᠌ ᠴᠢᠳᠭᠤᠬᠤ ᠦᠢᠯᠡᠰ ᠮᠠᠰᠢ ᠪᠣᠯᠪᠠᠰᠤᠷᠠᠩᠭᠤᠶ ᠪᠤᠯᠵᠤ᠂ ᠴᠢᠳᠭᠤᠬᠤ᠂ ᠳᠠᠪᠲᠠᠬᠤ᠂ ᠰᠢᠷᠬᠡᠭᠯᠡᠬᠦ᠂ ᠨᠡᠬᠡᠬᠦ᠌᠂ ᠰᠡᠢᠯᠬᠦ᠂ ᠭᠢᠯᠠᠢᠯᠭᠠᠬᠤ᠂ ᠬᠡᠷᠴᠢᠬᠦ᠌᠂ ᠠᠯᠲᠠᠳᠠᠬᠤ ᠵᠡᠷᠭᠡ ᠮᠡᠷᠭᠡᠵᠢᠯ᠎ᠢ ᠪᠣᠯᠪᠠᠰᠤᠷᠠᠩᠭᠤᠶ ᠡᠵᠡᠮᠱᠢᠵᠦ᠍᠂ ᠤᠷ᠎ᠠ ᠮᠡᠷᠭᠡᠵᠢᠯ ᠨᠢ ᠮᠠᠰᠢ ᠨᠠᠷᠢᠯᠢᠭ ᠪᠤᠯᠵᠠᠢ》ᠭᠡᠵᠦ ᠠᠯᠠᠱᠠ᠎ᠶ᠋ᠢᠨ ᠮᠦᠽᠧᠶ᠎ᠶ᠋ᠢᠨ ᠰᠤᠳᠤᠯᠤᠭ᠍ᠴᠢ ᠼᠠᠢ ᠲᠦᠩ ᠬᠤᠸᠠ ᠬᠡᠯᠡᠨ᠎ᠡ᠃ ᠭᠡᠪᠡᠴᠦ᠍ ᠪᠠᠷᠠᠭᠤᠨ ᠱᠢᠶᠠ ᠤᠯᠤᠰ᠎ᠤᠨ ᠬᠢᠯᠢ ᠳᠣᠲᠣᠷ᠎ᠠ ᠠᠯᠲᠠ ᠮᠥᠩᠭᠥᠨ᠎ᠦ ᠡᠬᠢ ᠪᠠᠶᠠᠯᠢᠭ ᠳᠤᠲᠠᠭ᠍ᠳᠠᠵᠤ ᠪᠠᠢᠬᠰᠠᠨ ᠵᠢᠡᠷ᠂ ᠠᠯᠲᠠ ᠮᠥᠩᠭᠥᠨ ᠡᠳ᠋ᠯᠡᠯ ᠬᠡᠷᠡᠭ᠌ᠯᠡᠬᠦ᠌ ᠬᠡᠪᠴᠢᠶ᠎ᠡ᠎ᠶ᠋ᠢ ᠴᠢᠩᠭᠠᠳᠬᠠᠵᠤ᠂ ᠭᠠᠭ᠍ᠴᠠ ᠬᠦ᠌ ᠬᠠᠭᠠᠨ᠎ᠤ ᠤᠭ᠍ᠰᠠᠭᠠᠨ᠎ᠤ ᠢᠵᠠᠭᠤᠷᠲᠠᠨ ᠰᠠᠶᠢ ᠡᠳ᠋ᠯᠡᠬᠦ᠌ ᠡᠷᠬᠡ᠎ᠲᠡᠶ᠂ ᠡᠭᠡᠯ ᠠᠷᠠᠳ ᠬᠡᠷᠡᠭ᠌ᠯᠡᠵᠦ᠍ ᠪᠣᠯᠬᠤ ᠦᠭᠡᠶ ᠭᠡᠵᠦ᠍ ᠲᠣᠭ᠍ᠲᠠᠭᠠᠵᠠᠶ᠃

ᠳ᠋ᠦ᠋ ᠵᠢᠶᠠᠨ ᠯᠦ᠍ ᠵᠢᠨ ᠬᠡᠯᠡᠬᠦ ᠪᠡᠷ᠂ ᠪᠠᠷᠠᠭᠤᠨ ᠱᠢᠶᠠ ᠤᠯᠤᠰ ᠪᠣᠯ᠎ᠳ᠋ᠠᠩᠰᠢᠶᠠᠩ ᠬᠦᠮᠦᠨ᠎ᠢᠶᠡᠷ ᠭᠤᠤᠯ ᠴᠣᠭ᠍ᠴᠠ ᠪᠣᠯᠭᠠᠭ᠍ᠰᠠᠨ ᠣᠯᠠᠨ ᠦᠨᠳᠦᠰᠦᠲᠡᠨ᠎ᠲᠠᠢ ᠵᠠᠰᠠᠭ᠎ᠤᠨ ᠡᠷᠬᠡ ᠮᠥᠨ᠂ ᠬᠢᠯᠢ ᠳᠣᠲᠣᠷ᠎ᠠ ᠨᠢ ᠪᠠᠰᠠ ᠱᠢᠶᠡᠨᠪᠢ᠂ ᠲᠥᠪᠡᠳ᠂ ᠤᠢᠭᠤᠷ ᠬᠥᠮᠦᠨ ᠵᠡᠷᠭᠡ ᠪᠤᠰᠤᠳ ᠦᠨᠳᠦᠰᠦᠲᠡᠨ ᠪᠣᠶ᠂ ᠣᠷᠳᠣ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠳᠤᠮᠳᠠᠳᠤ ᠣᠷᠣᠨ᠎ᠤ ᠬᠢᠲᠠᠳ ᠦᠨᠳᠦᠰᠦᠲᠡᠨ᠎ᠦ ᠰᠣᠶᠣᠯ᠎ᠢᠶᠠᠷ ᠭᠤᠤᠯ ᠪᠣᠯᠭᠠᠵᠤ᠂᠎ᠳ᠋ᠠᠩᠰᠢᠶᠠᠩ᠎ᠤᠨ ᠰᠣᠶᠣᠯ᠂ ᠱᠢᠶᠡᠨᠪᠢ᠎ᠶ᠋ᠢᠨ ᠰᠣᠶᠣᠯ᠂ ᠲᠥᠪᠡᠳ ᠤ᠋ᠨ ᠰᠣᠶᠣᠯ᠂ ᠤᠢᠭᠤᠷ᠎ᠤᠨ ᠰᠣᠶᠣᠯ ᠵᠡᠷᠭᠡ ᠪᠦᠷᠢᠯᠳᠦᠬᠦᠨ᠎ᠢ ᠪᠠᠭᠲᠠᠭᠠᠭᠰᠠᠨ ᠪᠠᠷᠠᠭᠤᠨ ᠱᠢᠶᠠ ᠤᠯᠤᠰ᠎ᠤᠨ ᠰᠣᠶᠣᠯ᠎ᠢ ᠪᠦᠷᠢᠯᠳᠦᠭᠦᠯᠦᠨ᠂ ᠬᠡᠨ ᠨᠢ ᠬᠡᠨ ᠡᠴᠡ ᠪᠠᠨ ᠰᠠᠯᠵᠤ ᠴᠢᠳᠠᠬᠤ ᠦᠭᠡᠢ᠂ ᠬᠡᠷᠡᠯ ᠰᠠᠴᠤᠷᠠᠩᠭᠤᠶ ᠳᠤᠮᠳᠠᠳᠤ᠎ᠶ᠋ᠢᠨ ᠰᠣᠶᠣᠯ᠎ᠤᠨ ᠴᠢᠬᠤᠯᠠ ᠪᠦᠷᠢᠯᠳᠦᠬᠦᠨ ᠬᠡᠰᠡᠭ ᠪᠤᠯᠤᠭᠰᠠᠨ ᠭᠡᠨ᠎ᠡ᠃

ᠳᠤᠮᠳᠠᠳᠤ᠎ᠶ᠋ᠢᠨ ᠡᠬᠡ ᠭᠠᠵᠠᠷ᠎ᠲᠤ ᠪᠠᠷᠠᠭᠤᠨ ᠱᠢᠶᠠ ᠤᠯᠤᠰ᠎ᠤᠨ ᠲᠡᠤᠬᠡᠨ ᠦᠯᠡᠳᠡᠭ᠌ᠳᠡᠯ ᠲᠠᠷᠬᠠᠵᠤ ᠪᠠᠢᠨ᠎ᠠ

ᠨᠡᠢᠲᠡ᠎ᠶ᠋ᠢᠨ ᠤᠨ ᠲᠣᠭᠠᠯᠠᠯ᠎ᠤᠨ 1227 ᠣᠨ᠎ᠳᠤ ᠴᠢᠩᠭᠢᠰ ᠬᠠᠭᠠᠨ᠎ᠤ ᠶᠡᠬᠡ ᠴᠡᠷᠢᠭ ᠬᠦᠷᠴᠦ᠍ ᠢᠷᠡᠬᠦ᠌᠎ᠶ᠋ᠢ ᠳᠠᠭᠠᠯᠳᠤᠨ ᠪᠠᠷᠠᠭᠤᠨ ᠱᠢᠶᠠ ᠤᠯᠤᠰ ᠮᠥᠬᠥᠵᠦ᠍᠂ ᠨᠣᠮ ᠰᠤᠳᠤᠷ ᠴᠤ᠌ ᠣᠷᠣ ᠮᠥᠷ ᠦᠭᠡᠶ ᠠᠷᠢᠯᠵᠠᠶ᠃ ᠰᠦᠩ ᠤᠯᠤᠰ᠂ ᠯᠢᠶᠣᠤ ᠤᠯᠤᠰ᠂ ᠠᠯᠲᠠᠨ ᠤᠯᠤᠰ᠎ᠤᠨ ᠭᠤᠷᠪᠠᠨ ᠲᠡᠦᠬᠡᠨ᠎ᠳᠦ ᠵᠥᠪᠬᠡᠨ ᠨᠡᠯᠢᠶᠡᠳ ᠪᠠᠭ᠎ᠠ ᠬᠠᠭᠤᠳᠠᠰᠤ᠎ᠲᠠᠶ《ᠪᠠᠷᠠᠭᠤᠨ ᠱᠢᠶᠠ ᠤᠯᠤᠰ᠎ᠤᠨ ᠲᠡᠮᠳᠡᠭ᠌ᠯᠡᠯ》᠂ 《ᠱᠢᠶᠠ ᠤᠯᠤᠰ᠎ᠤᠨ ᠨᠠᠮᠲᠠᠷ》 ᠯᠠ ᠦᠯᠡᠳᠡᠵᠦ᠍᠂ ᠤᠷᠲᠤ ᠬᠤᠭᠤᠴᠠᠭᠠᠨ᠎ᠤ ᠲᠤᠷᠰᠢ ᠬᠥᠮᠦᠰ ᠳᠤᠮᠳᠠᠳᠤ ᠤᠯᠤᠰ᠎ᠤᠨ ᠡᠨᠡ ᠬᠦ᠌ ᠲᠡᠦᠬᠡ᠎ᠶ᠋ᠢ ᠳᠡᠮᠡᠶ ᠣᠢᠯᠠᠭᠠᠬᠤ ᠦᠭᠡᠶ ᠪᠠᠢᠵᠠᠶ᠃

ᠪᠠᠷᠠᠭᠤᠨ ᠱᠢᠶᠠ ᠤᠯᠤᠰ ᠬᠣᠵᠢᠮ᠎ᠤᠨ ᠬᠥᠮᠦᠰ ᠲᠦ᠍ ᠵᠦᠪᠬᠡᠨ ᠡᠴᠢᠨ᠎ᠡ ᠨᠢᠭᠤᠴᠠᠬᠠᠶ ᠲᠦᠷᠦᠭᠳᠡᠯ ᠦᠯᠡᠳᠡᠭᠡᠵᠡᠢ᠃

ᠨᠡᠢᠲᠡ᠎ᠶ᠋ᠢᠨ ᠤᠨ ᠲᠣᠭᠠᠯᠠᠯ᠎ᠤᠨ 1804 ᠣᠨ᠎ᠳᠤ᠂ ᠳᠠᠷᠤᠶ ᠪᠠᠷᠠᠭᠤᠨ ᠱᠢᠶᠠ ᠤᠯᠤᠰ ᠮᠥᠬᠥᠭ᠌ᠰᠡᠨ᠎ᠦ 577 ᠵᠢᠯ᠎ᠦᠨ ᠳᠠᠷᠠᠭ᠎ᠠ᠂ ᠴᠢᠩ ᠤᠯᠤᠰ᠎ᠤᠨ ᠦᠶ᠎ᠡ᠎ᠶ᠋ᠢᠨ ᠠᠯᠳᠠᠷᠲᠤ ᠡᠷᠳᠡᠮᠲᠡᠨ ᠵᠠᠩ ᠱᠦ᠍ ᠭᠠᠨᠰᠦ᠎ᠶ᠋ᠢᠨ ᠡᠦ ᠸᠧᠶ᠎ᠡᠴᠡ《ᠯᠢᠶᠠᠩᠵᠸᠤ ᠵᠢᠨ ᠬ᠍ᠦ ᠭᠦᠸᠸ ᠬᠡᠢᠳ ᠲᠡᠬᠢ ᠰᠠᠢᠨ ᠠᠪᠤᠷᠠᠯᠳᠤ ᠰᠤᠪᠤᠷᠭ᠎ᠠ᠎ᠶ᠋ᠢ ᠳᠠᠬᠢᠨ ᠵᠠᠰᠠᠭ᠍ᠰᠠᠨ ᠬᠥᠱᠢᠶ᠎ᠡ》 ᠎ᠶ᠋ᠢ ᠢᠯᠡᠷᠡᠭᠦᠯᠪᠡ᠂ ᠬᠥᠱᠢᠶᠡᠨ᠎ᠦ ᠨᠢᠭᠡ ᠲᠠᠯ᠎ᠠ᠎ᠳᠤᠨᠢ ᠬᠢᠲᠠᠳ ᠦᠰᠦᠭ ᠲᠠᠢ᠂ ᠨᠥᠭᠥᠭᠡ ᠲᠠᠯ᠎ᠠ᠎ᠳᠤᠨᠢ ᠬᠢᠲᠠᠳ ᠦᠰᠦᠭ᠎ᠲᠡᠶ ᠠᠳᠠᠯᠢᠪᠲᠤᠷ᠂ ᠬᠢᠲᠠᠳ ᠦᠰᠦᠭ᠎ᠡᠴᠡ ᠪᠤᠳᠤᠯᠢᠶᠠᠨᠲᠠᠶ ᠳᠥᠷᠪᠡᠯᠵᠢᠨ ᠦᠰᠦᠭ᠎ᠦᠨ ᠲᠢᠭ᠎ᠢ ᠢᠯᠡᠷᠡᠭᠦᠯᠵᠡᠶ᠂ ᠡᠨᠡ ᠪᠣᠯ ᠳᠠᠷᠤᠶ ᠬᠡᠳᠦᠨ ᠵᠠᠭᠤᠨ ᠵᠢᠯ ᠠᠷᠢᠯᠤᠭ᠍ᠰᠠᠨ ᠪᠠᠷᠠᠭᠤᠨ ᠱᠢᠶᠠ ᠤᠯᠤᠰ᠎ᠤᠨ ᠦᠰᠦᠭ ᠪᠣᠯᠤᠨ᠎ᠠ᠃ ᠲᠡᠭᠦᠨ᠎ᠢ ᠢᠯᠡᠷᠡᠭᠦᠯᠦᠭ᠌ᠰᠡᠨ ᠨᠢ ᠬᠣᠵᠢᠮ᠎ᠤᠨ ᠬᠥᠮᠦᠰ᠎ᠦᠨ ᠪᠠᠷᠠᠭᠤᠨ ᠱᠢᠶᠠ ᠤᠯᠤᠰ᠎ᠤᠨ ᠲᠡᠦᠬᠡ᠎ᠶ᠋ᠢ ᠰᠤᠳᠤᠯᠬᠤ᠎ᠳᠤ ᠵᠠᠮ ᠨᠡᠭᠡᠭᠡᠵᠦ᠍ ᠥᠭ᠌ᠴᠡᠶ᠃

ᠡᠵᠡᠨ᠎ᠡ᠎ᠵᠢᠨ ᠬᠠᠷ᠎ᠠ ᠬᠣᠲᠠ ᠪᠣᠯ ᠡᠳᠦᠭᠡ ᠨᠢᠭᠡᠨᠲᠡ ᠮᠡᠳᠡᠭ᠌ᠰᠡᠨ᠎ᠳ᠋ᠠᠩᠰᠢᠶᠠᠩ ᠬᠡᠯᠡ᠎ᠪᠡᠷ ᠨᠡᠷᠡᠢᠳᠦᠭ᠌ᠰᠡᠨ ᠴᠣᠷ᠎ᠤᠨ ᠭᠠᠭ᠍ᠴᠠ ᠬᠣᠲᠠ ᠪᠣᠯᠤᠨ᠎ᠠ᠂ 20 ᠳ᠋ᠤᠭᠠᠷ ᠵᠠᠭᠤᠨ᠎ᠤ ᠡᠬᠢ᠎ᠪᠡᠷ ᠬᠠᠷ᠎ᠠ ᠬᠤᠳᠠ᠎ᠠᠴᠠ ᠪᠠᠷᠠᠭᠤᠨ ᠱᠢᠶᠠ ᠤᠯᠤᠰ᠎ᠤᠨ ᠦᠶ᠎ᠡ᠎ᠶ᠋ᠢᠨ ᠸᠠᠭᠠᠷ ᠰᠠᠪᠠ᠂ ᠲᠡᠮᠦᠷ ᠡᠳ᠋ᠯᠡᠯ᠂ ᠱᠠᠭᠠᠵᠠᠩ ᠡᠳ᠋ᠯᠡᠯ᠂ ᠪᠠᠷᠠᠭᠤᠨ ᠱᠢᠶᠠ ᠤᠯᠤᠰ᠎ᠤᠨ ᠰᠤᠷᠪᠤᠯᠵᠢ ᠪᠢᠴᠢᠭ ᠵᠡᠷᠭᠡ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠠᠷᠪᠢᠨ ᠢᠯᠡᠷᠡᠭᠦᠯᠵᠡᠶ᠃ ᠡᠭᠦᠨ᠎ᠳᠤ《ᠲᠠᠩᠭᠤᠳ ᠬᠢᠲᠠᠳ ᠨᠡᠢᠯᠡᠯᠳᠦᠭᠰᠡᠨ ᠦᠶ᠎ᠡ ᠵᠢᠨ ᠠᠯᠠᠭᠠᠨ᠎ᠳᠡᠭᠡᠷᠡᠬᠢ ᠰᠤᠪᠤᠳ》ᠭᠡᠳᠡᠭ ᠰᠤᠷᠪᠤᠯᠵᠢ ᠪᠢᠴᠢᠭ ᠪᠤᠢ᠂ ᠳᠣᠲᠣᠷ᠎ᠠ ᠨᠢ ᠬᠢᠲᠠᠳ ᠦᠰᠦᠭ᠂ ᠪᠠᠷᠠᠭᠤᠨ ᠱᠢᠶᠠ ᠤᠯᠤᠰ᠎ᠤᠨ ᠦᠰᠦᠭ᠎ᠢ ᠬᠠᠷᠢᠴᠠᠭᠤᠯᠤᠨ ᠣᠷᠴᠢᠭᠤᠯᠵᠤ᠂ ᠣᠳᠣ᠎ᠶ᠋ᠢᠨ ᠲᠣᠯᠢ ᠪᠢᠴᠢᠭ᠎ᠲᠡᠶ ᠲᠡᠩᠴᠡᠨ᠎ᠡ᠃ ᠬᠠᠷ᠎ᠠ ᠬᠣᠲᠠ᠎ᠶ᠋ᠢᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠢᠯᠡᠷᠡᠭᠦᠯᠦᠭ᠌ᠰᠡᠨ ᠨᠢ ᠪᠠᠷᠠᠭᠤᠨ ᠰᠢᠶᠠ ᠤᠯᠤᠰ᠎ᠤᠨ ᠰᠤᠳᠤᠯᠤᠯ ᠭᠡᠬᠦ ᠱᠢᠨ᠎ᠡ ᠱᠢᠨᠵᠢᠯᠡᠭᠡᠨ᠎ᠦ ᠰᠠᠯᠠᠭ᠎ᠠ᠎ᠶ᠋ᠢᠨ ᠪᠤᠢ ᠪᠤᠯᠬᠤ ᠶ᠋ᠢ ᠱᠢᠭᠤᠳ ᠠᠬᠢᠭᠤᠯᠪᠠ᠃

ᠪᠠᠷᠠᠭᠤᠨ ᠱᠢᠶᠠ ᠤᠯᠤᠰ᠎ᠤᠨ ᠡᠴᠢᠨ᠎ᠡ ᠨᠢᠭᠤᠴᠠᠬᠠᠢ ᠪᠠᠢᠳᠠᠯ ᠡᠨᠳᠡ ᠬᠦᠷᠦᠭᠡᠳ ᠠᠭᠠᠵᠢᠮ᠎ᠢᠶᠠᠷ ᠤᠯᠠᠨ᠎ᠤ ᠡᠮᠦᠨ᠎ᠡ ᠳᠡᠯᠭᠡᠭᠳᠡᠪᠡ᠃

20 ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠤ ᠦᠶ᠎ᠡ᠎ᠳᠤ᠂ ᠭᠤᠤ ᠶᠢᠦ ᠹᠠᠩ᠎ᠤᠨ ᠪᠠᠷᠠᠭᠤᠨ ᠱᠢᠶᠠ ᠤᠯᠤᠰ᠎ᠤᠨ ᠡᠷᠲᠡᠨ᠎ᠦ ᠬᠣᠲᠠ᠎ᠶ᠋ᠢᠨ ᠪᠠᠭᠤᠷᠢ᠎ᠶ᠋ᠢ ᠢᠯᠡᠷᠡᠭᠦᠯᠵᠦ᠍᠂ ᠯᠢᠩᠬᠤ᠎ᠠ ᠴᠡᠴᠡᠭ᠎ᠤᠨ ᠠᠯᠲᠠᠨ ᠬᠤᠨᠳᠠᠭᠠᠨ ᠲᠠᠪᠠᠭ᠂ ᠠᠯᠲᠠᠨ ᠬᠢᠮᠦᠰᠤᠨ ᠬᠤᠰᠤᠭᠤᠷ᠂ ᠠᠯᠲᠠᠨ ᠰᠤᠢᠬᠡ᠂ ᠠᠯᠲᠠᠨ ᠠᠶᠠᠭ᠎ᠠ ᠵᠡᠷᠭᠡ ᠠᠯᠲᠠᠨ ᠰᠠᠪᠠ ᠵᠢᠴᠢ ᠱᠠᠭᠠᠵᠠᠩ ᠰᠠᠪᠠ᠂ ᠵᠣᠭᠣᠰ ᠵᠡᠷᠭᠡ ᠨᠢᠭᠡ ᠪᠦᠯᠦᠭ ᠬᠣᠪᠣᠷ ᠨᠠᠨᠳᠢᠨ ᠪᠠᠷᠠᠭᠤᠨ ᠱᠢᠶᠠ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠮᠠᠯᠲᠠᠨ ᠭᠠᠷᠭᠠᠵᠠᠢ᠂ ᠡᠭᠦᠨ᠎ᠡᠴᠡ ᠭᠠᠳᠠᠨ᠎ᠠ ᠪᠠᠰᠠ ᠨᠡᠯᠢᠶᠡᠳ ᠠᠷᠪᠢᠨ ᠰᠦᠩ ᠤᠯᠤᠰ᠎ᠤᠨ ᠱᠠᠭᠠᠵᠠᠩ ᠰᠠᠪᠠ᠂ ᠵᠣᠭᠣᠰ ᠵᠢᠴᠢ ᠪᠠᠭ᠎ᠠ ᠬᠡᠮᠵᠢᠶᠡᠨ᠎ᠦ ᠠᠯᠲᠠᠨ ᠤᠯᠤᠰ᠎ᠤᠨ ᠵᠣᠭᠣᠰ ᠵᠡᠷᠭᠡ ᠪᠠᠢᠨ᠎ᠠ᠃

20 ᠳ᠋ᠤᠭᠠᠷ ᠵᠠᠭᠤᠨ᠎ᠤ ᠳᠠᠯᠠᠭᠠᠳ ᠣᠨ᠎ᠤ ᠡᠬᠢ᠎ᠪᠡᠷ᠂ ᠪᠠᠷᠠᠭᠤᠨ ᠱᠢᠶᠠ ᠵᠢᠨ ᠤᠩᠭᠤᠨ᠎ᠦ ᠬᠠᠭᠤᠴᠢ ᠰᠤᠳᠤᠯᠤᠯ᠎ᠤᠨ ᠠᠵᠢᠯ ᠦᠷᠭᠦᠯᠵᠢᠯᠡᠨ ᠥᠷᠨᠢᠵᠦ᠍᠂ ᠳᠡᠯᠡᠬᠡᠶ ᠳ᠋ᠠᠬᠢᠨ᠎ᠳᠤ ᠨᠠᠩ ᠪᠣᠰᠣᠭ᠎ᠠ ᠴᠣᠭ᠍ᠴᠠᠲᠤ ᠪᠠᠷᠠᠭᠤᠨ ᠱᠢᠶᠠ ᠤᠯᠤᠰ᠎ᠢ ᠦᠵᠡᠭᠦᠯᠵᠡᠢ᠃《ᠪᠠᠷᠠᠭᠤᠨ ᠱᠢᠶᠠ ᠤᠯᠤᠰ᠎ᠤᠨ ᠦᠶ᠎ᠡ᠎ᠳᠦ ᠣᠲᠣ᠎ᠶ᠋ᠢᠨ ᠥᠪᠥᠷ ᠮᠣᠩᠭᠣᠯ᠎ᠤᠨ ᠣᠷᠳᠣᠰ ᠬᠣᠲᠠ᠂ ᠦᠬᠠᠶ ᠬᠣᠲᠠ᠂ ᠠᠯᠠᠱᠠ ᠠᠢᠮᠠᠭ᠂ ᠪᠠᠶᠠᠨᠨᠠᠭᠤᠷ ᠬᠣᠲᠠ᠎ᠶ᠋ᠢᠨ ᠶᠡᠬᠡᠩᠬᠢ ᠬᠡᠰᠡᠭ ᠭᠠᠵᠠᠷ ᠣᠷᠣᠨ ᠴᠥᠮ ᠪᠠᠷᠠᠭᠤᠨ ᠱᠢᠶᠠ ᠤᠯᠤᠰ᠎ᠤᠨ ᠨᠤᠲᠤᠭ ᠳᠡᠪᠢᠰᠭᠡᠷ ᠪᠠᠢᠵᠠᠢ》 ᠭᠡᠵᠦ ᠼᠠᠢ ᠲᠦᠩ ᠬᠤᠸᠠ ᠶᠠᠷᠢᠨ᠎ᠠ᠂ ᠠᠯᠠᠱᠠ ᠪᠠ ᠪᠠᠶᠠᠨᠨᠠᠭᠤᠷ ᠡᠴᠡ ᠪᠠᠷᠠᠭᠤᠨ ᠱᠢᠶᠠ ᠤᠯᠤᠰ᠎ᠤᠨ ᠦᠯᠡᠳᠡᠭ᠌ᠳᠡᠯ᠎ᠢ ᠢᠯᠡᠷᠡᠭᠦᠯᠦᠭ᠌ᠰᠡᠨ᠎ᠡᠴᠡ ᠭᠠᠳᠠᠨ᠎ᠠ᠂ ᠣᠷᠳᠣᠰ᠎ᠲᠤ ᠪᠠᠷᠠᠭᠤᠨ ᠱᠢᠶᠠ ᠤᠯᠤᠰ᠎ᠤᠨ ᠴᠸᠩ ᠫᠦᠸᠸ ᠵᠢᠨ ᠡᠷᠲᠡᠨ᠎ᠦ ᠬᠣᠲᠠ᠎ᠶ᠋ᠢᠨ ᠪᠠᠭᠤᠷᠢ ᠵᠢ ᠢᠯᠡᠷᠡᠭᠦᠯᠵᠦ᠍᠂ ᠪᠠᠷᠠᠭᠤᠨ ᠱᠢᠶᠠ ᠤᠯᠤᠰ᠎ᠤᠨ ᠶᠡᠬᠡ ᠬᠡᠮᠵᠢᠶᠡᠨ᠎ᠦ ᠴᠡᠷᠢᠭ᠎ᠦᠨ ᠵᠡᠪᠰᠡᠭ᠎ᠢ ᠮᠠᠯᠲᠠᠨ ᠭᠠᠷᠭᠠᠵᠤ᠂ ᠦᠬᠠᠶ᠎ᠡᠴᠡ ᠪᠠᠷᠠᠭᠤᠨ ᠱᠢᠶᠠ ᠤᠯᠤᠰ᠎ᠤᠨ ᠴᠢᠯᠠᠭᠤᠨ ᠱᠤᠭᠤᠮᠠᠯ᠎ᠢ ᠢᠯᠡᠷᠡᠭᠦᠯᠪᠡ᠃

ᠠᠩᠬ᠎ᠠ ᠠᠯᠬᠤᠮ᠎ᠤᠨ ᠪᠦᠷᠢᠳᠭᠡᠯ᠎ᠢ ᠦᠨᠳᠦᠰᠦᠯᠡᠪᠡᠯ᠂ ᠣᠳᠣ ᠪᠣᠯᠲᠠᠯ᠎ᠠ ᠤᠤᠯ᠎ᠤᠨ ᠪᠠᠷᠠᠭᠤᠨ ᠱᠢᠶᠠ ᠤᠯᠤᠰ᠎ᠤᠨ ᠬᠢᠯᠢ ᠳᠣᠲᠣᠷ᠎ᠠ ᠪᠠᠷᠠᠭᠤᠨ ᠱᠢᠶᠠ ᠤᠯᠤᠰ᠎ᠤᠨ ᠪᠠᠭᠤᠷᠢ ᠵᠢ ᠬᠡᠳᠦᠨ ᠵᠠᠭᠤ ᠢᠯᠡᠷᠡᠭᠦᠯᠵᠡᠢ; ᠡᠭᠦᠨ᠎ᠠᠴᠠ ᠭᠠᠳᠠᠨ᠎ᠠ᠂ ᠾᠧᠨᠠᠨ᠂ ᠱᠠᠨᠰᠢ᠂ ᠾᠸᠪᠸᠢ ᠵᠡᠷᠭᠡ ᠭᠠᠵᠠᠷ᠎ᠠᠴᠠ ᠪᠠᠰᠠ ᠪᠠᠷᠠᠭᠤᠨ ᠱᠢᠶᠠ ᠤᠯᠤᠰ᠎ᠤᠨ ᠴᠢᠯᠠᠭᠤᠨ ᠬᠥᠱᠢᠶ᠎ᠡ᠂ ᠪᠠᠷᠠᠭᠤᠨ ᠱᠢᠶᠠ ᠤᠯᠤᠰ᠎ᠤᠨ ᠬᠠᠭᠠᠨ᠎ᠤ ᠤᠭ᠍ᠰᠠᠭᠠᠲᠠᠨ᠎ᠤ ᠴᠠᠳᠢᠭ ᠵᠡᠷᠭᠡ ᠬᠣᠪᠣᠷ ᠴᠤᠬᠠᠭ ᠲᠡᠦᠬᠡ᠎ᠶ᠋ᠢᠨ ᠳᠤᠷᠠᠰᠭᠠᠯᠲᠤ ᠵᠦᠢᠯᠡᠰ᠎ᠢ ᠵᠠᠯᠭᠠᠭ᠎ᠠ᠎ᠪᠠᠷ ᠢᠯᠡᠷᠡᠭᠦᠯᠵᠡᠶ᠃ ᠡᠨᠡ ᠨᠢ ᠪᠠᠷᠠᠭᠤᠨ ᠱᠢᠶᠠ ᠤᠯᠤᠰ ᠮᠥᠬᠥᠭ᠌ᠰᠡᠨ᠎ᠦ ᠳᠠᠷᠠᠭ᠎ᠠ ᠠᠷᠠᠳ ᠢᠷᠭᠡᠳ ᠡᠨᠳᠡ ᠨᠡᠭᠦᠵᠦ᠍ ᠢᠷᠡᠭ᠌ᠰᠡᠨ᠎ᠢ ᠬᠠᠷᠠᠭᠤᠯᠵᠤ ᠪᠠᠢᠨ᠎ᠠ ᠦᠦ?《ᠪᠠᠷᠠᠭᠤᠨ ᠱᠢᠶᠠ ᠤᠯᠤᠰ ᠮᠥᠬᠥᠭ᠌ᠰᠡᠨ᠎ᠦ ᠳᠠᠷᠠᠭ᠎ᠠ᠂ ᠪᠠᠷᠠᠭᠤᠨ ᠱᠢᠶᠠ ᠤᠯᠤᠰ᠎ᠤᠨ ᠠᠷᠠᠳ ᠢᠷᠭᠡᠳ ᠨᠤᠲᠤᠭ᠎ᠲᠠᠭᠠᠨ ᠦᠯᠡᠳᠡᠭ᠌ᠰᠡᠨ᠎ᠡᠴᠡ ᠭᠠᠳᠠᠨ᠎ᠠ᠂ ᠶᠡᠬᠡ ᠬᠡᠮᠵᠢᠶᠡᠨ᠎ᠦ ᠬᠥᠮᠦᠰ ᠮᠣᠩᠭᠣᠯ᠎ᠤᠨ ᠶᠡᠬᠡ ᠴᠡᠷᠢᠭ ᠎ᠢ ᠳᠠᠭᠠᠨ ᠪᠠᠷᠠᠭᠤᠨᠰᠢ ᠳᠠᠢᠯᠠᠵᠤ ᠡᠮᠦᠨᠡᠰᠢ ᠪᠠᠢᠯᠳᠤᠨ᠂ ᠳᠠᠢᠨ ᠳᠠᠭᠤᠰᠤᠭ᠍ᠰᠠᠨ᠎ᠤ ᠳᠠᠷᠠᠭ᠎ᠠ ᠲᠤᠬᠠᠢ ᠵᠢᠨ ᠭᠠᠵᠠᠷ᠎ᠲᠠᠭᠠᠨ ᠴᠡᠷᠢᠭ᠎ᠤᠨ ᠠᠯᠪᠠᠨ ᠡᠴᠡ ᠬᠠᠯᠠᠭᠳᠠᠨ᠂ ᠬᠥᠬᠡᠮᠥ᠋ᠷᠡᠨ᠂ ᠬᠠᠲᠤᠨ ᠭᠣᠣᠯ ᠳᠠᠭᠠᠤ ᠳᠠᠷᠬᠠᠨ ᠰᠠᠭᠤᠷᠢᠰᠢᠵᠡᠢ᠂ ᠲᠡᠳᠡ ᠬᠡᠳᠦᠨ ᠦᠶ᠎ᠡ᠎ᠶ᠋ᠢᠨ ᠬᠥᠮᠦᠰ᠎ᠦᠨ ᠠᠮᠢᠳᠤᠷᠠᠨ ᠦᠷᠡᠵᠢᠭᠦ ᠶ᠋ᠢ ᠳᠠᠭᠠᠯᠳᠤᠨ᠂ ᠠᠭᠠᠵᠢᠮ᠎ᠢᠶᠠᠷ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠎ᠦ ᠳᠤᠮᠳᠠ ᠠᠭᠤᠰᠴᠠᠢ》ᠭᠡᠵᠤ ᠳ᠋ᠦ᠋ ᠵᠢᠶᠠᠨ ᠯᠦ᠍ ᠶᠠᠷᠢᠨ᠎ᠠ᠂ ᠣᠲᠣ ᠪᠣᠯᠲᠠᠯ᠎ᠠ ᠥᠪᠥᠷ ᠮᠣᠩᠭᠣᠯ᠎ᠤᠨ ᠣᠲᠣᠭ᠎ᠤᠨ ᠡᠮᠦᠨᠡᠲᠦ ᠬᠣᠱᠢᠭᠤᠨ᠎ᠳᠤ ᠨᠢᠭᠡ ᠪᠦᠯᠦᠭ 《ᠲᠠᠩᠭᠤᠳ ᠤᠪᠣᠭ᠍ᠲᠠᠨ》ᠬᠡᠮᠡᠭ᠌ᠳᠡᠭ᠌ᠰᠡᠨ᠎ᠳ᠋ᠠᠩᠰᠢᠶᠠᠩ ᠬᠦᠮᠦᠨ ᠲᠥᠪᠯᠡᠷᠡᠨ ᠰᠠᠭᠤᠷᠢᠰᠢᠵᠤ ᠪᠠᠢᠨ᠎ᠠ᠂ ᠠᠯᠢ ᠡᠷᠲᠡ ᠬᠢᠲᠠᠳ ᠦᠨᠳᠦᠰᠦᠲᠡᠨ᠎ᠦ ᠵᠠᠩᠱᠢᠯ᠎ᠢᠶᠠᠷ ᠲᠠᠳᠠᠨ᠎ᠤ ᠨᠢᠭᠡ ᠪᠦᠯᠦᠭ ᠨᠢ ᠲᠠᠩ ᠣᠪᠣᠭ ᠲᠠᠢ ᠪᠤᠯᠵᠤ᠂ ᠪᠠᠰᠠ ᠨᠢᠭᠡ ᠪᠦᠯᠦᠭ ᠨᠢ ᠸᠠᠩ ᠣᠪᠣᠭᠲᠠᠨ ᠪᠠ ᠮᠠ ᠣᠪᠣᠭᠲᠠᠨ ᠪᠣᠯᠤᠭᠰᠠᠨ ᠪᠠᠢᠨ᠎ᠠ᠃

ᠪᠠᠷᠠᠭᠤᠨ ᠱᠢᠶᠠ ᠤᠯᠤᠰ᠎ᠤᠨ ᠬᠥᠮᠦᠨ ᠠᠯᠢ ᠡᠷᠲᠡ ᠲᠡᠦᠬᠡ ᠵᠢᠨ ᠤᠷᠲᠤ ᠠᠶᠠᠨ᠎ᠳᠤ 《ᠲᠡᠳᠡ》 ᠪᠠᠢᠭ᠍ᠰᠠᠨ᠎ᠠᠴᠠ᠎ᠪᠠᠨ《ᠪᠢᠳᠡ》 ᠪᠤᠯᠵᠤ ᠬᠤᠪᠢᠷᠠᠪᠠ᠃

ᠣᠯᠠᠨ ᠡᠱᠢᠴᠢᠯᠡᠭᠰᠡᠨ ᠡᠴᠡ ᠬᠦᠴᠦᠷᠬᠡᠭ ᠪᠤᠯᠵᠤ ᠨᠢᠭᠡ ᠴᠤᠭ᠍ᠴᠠᠴᠢᠯᠠᠭᠰᠠᠨ᠎ᠠᠴᠠ ᠤᠯᠠᠮᠵᠢᠯᠠᠯ ᠲᠠᠰᠤᠷᠠᠭ᠎ᠠ ᠦᠭᠡᠢ᠃

ᠡᠨᠡ ᠪᠣᠯ ᠳᠠᠷᠤᠢ ᠳᠤᠮᠳᠠᠳᠤ᠎ᠶ᠋ᠢᠨ ᠪᠣᠯᠪᠠᠰᠤᠨ᠎ᠤ ᠥᠨᠢ ᠤᠳᠠᠭᠠᠨ ᠤᠯᠠᠮᠵᠢᠯᠠᠯ᠎ᠲᠠᠶ ᠪᠠᠢᠬᠤ᠎ᠶ᠋ᠢᠨ ᠦᠨᠳᠦᠰᠦ ᠮᠥᠨ᠃


QQ图片20220105095049.png


ᠪᠠᠷᠠᠭᠤᠨ ᠱᠢᠶᠠ ᠤᠯᠤᠰ᠎ᠤᠨ《ᠮᠤᠳᠤᠨ᠎ᠤ ᠵᠤᠬᠢᠶᠠᠯ ᠰᠤᠳᠤᠷ》 ( ᠵᠢᠷᠤᠭ᠎ᠢ ᠳ᠋ᠦ᠋ ᠵᠢᠶᠠᠨ ᠯᠦ᠍ ᠬᠠᠩᠭᠠᠪᠠ )


QQ图片20220105095102.png


ᠪᠠᠷᠠᠭᠤᠨ ᠱᠢᠶᠠ ᠵᠢᠨ ᠤᠩᠭᠤᠨ ᠥᠩᠭᠡᠷᠡᠭ᠌ᠰᠡᠨ᠎ᠦ ᠢᠷᠠᠭᠤ ᠲᠡᠦᠬᠡ ᠵᠢ ᠨᠠᠮ ᠲᠣᠭᠠᠴᠢᠨᠠᠮ

      ᠳ᠋ᠦ᠋ ᠵᠢᠶᠠᠨ ᠯᠦ᠍   ᠬᠠᠩᠭᠠᠪᠠ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号