​ᠲᠡᠦᠬᠡ᠎ᠶ᠋ᠢᠨ ᠳᠤᠷᠠᠰᠭᠠᠯᠲᠤ ᠵᠦᠶ᠋ᠯ᠎ᠤᠨ ᠦᠨ᠎ᠡ ᠦᠷᠲᠡᠭ᠎ᠢ ᠪᠠᠳᠠᠷᠠᠭᠤᠯᠤᠶ᠎ᠠ
2022-01-05 10:19:38
ᠵᠣᠬᠢᠶᠠᠭ᠍ᠴᠢ᠄
ᠬᠠᠨ ᠵᠢᠶ ᠸᠠᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠮᠦᠽᠧᠶ᠎ᠳᠦ ᠬᠠᠳᠠᠭᠠᠯᠠᠭᠳᠠᠵᠤ ᠪᠠᠢᠭ᠎ᠠ ᠯᠢᠩᠬᠤ᠎ᠠ ᠴᠡᠴᠡᠭ᠎ᠦᠨ ᠬᠤᠨᠳᠠᠭᠠᠨ ᠲᠠᠪᠠᠭ ᠵᠡᠷᠭᠡ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠶ᠋ᠯ ᠲᠡᠦᠬᠡ᠎ᠶ᠋ᠢᠨ ᠤᠯᠠ ᠮᠥᠷ᠎ᠢ ᠲᠡᠮᠲᠡᠭᠯᠡᠨ᠂ ᠲᠡᠦᠬᠡ᠎ᠶ᠋ᠢᠨ ᠤᠯᠠᠷᠢᠯ ᠬᠤᠪᠢᠰᠤᠯ᠎ᠢ ᠠᠴᠢᠶᠠᠯᠠᠵᠤ ᠪᠠᠢᠨ᠎ᠠ᠃ ᠬᠥᠮᠦᠰ ᠠᠯᠢ ᠤᠯᠠᠨ ᠰᠣᠳᠣᠨ ᠲᠡᠦᠬᠡ᠎ᠶ᠋ᠢᠨ ᠳᠤᠷᠠᠰᠭᠠᠯᠲᠤ ᠵᠦᠢᠯ᠎ᠢ ᠲᠣᠭᠣᠷᠢᠨ ᠦᠵᠡᠬᠦ᠌᠎ᠶ᠋ᠢᠨ ᠳᠠᠭᠠᠤ ᠤᠮᠠᠷᠠᠲᠤ᠎ᠶ᠋ᠢᠨ ᠲᠠᠯ᠎ᠠ ᠨᠤᠲᠤᠭ᠎ᠤᠨ ᠥᠪᠡᠷᠮᠢᠴᠡ ᠤᠨᠴᠠᠯᠢᠬ᠎ᠢ ᠣᠢᠯᠠᠭᠠᠵᠤ᠂ ᠤᠯᠠᠨ ᠡᠱᠢᠲᠦ ᠰᠣᠶᠣᠯ᠎ᠤᠨ ᠠᠭᠤᠰᠤᠯᠴᠠᠨ ᠨᠡᠪᠲᠡᠷᠡᠯᠴᠡᠵᠦ᠍ ᠬᠠᠷᠢᠯᠴᠠᠨ ᠲᠤᠯᠢᠳᠠᠬᠰᠠᠨ ᠷᠢᠳᠢ ᠱᠢᠳᠢ᠎ᠶ᠋ᠢ ᠮᠡᠳᠡᠷᠡᠵᠦ᠍ ᠪᠣᠯᠤᠨ᠎ᠠ᠃

ᠲᠡᠦᠬᠡ᠎ᠶ᠋ᠢᠨ ᠳᠤᠷᠠᠰᠭᠠᠯᠲᠤ ᠵᠦᠢᠯ ᠭᠡᠷᠡᠯ ᠰᠠᠴᠤᠷᠠᠩᠭᠤᠢ ᠪᠣᠯᠪᠠᠰᠤᠨ᠎ᠢ ᠠᠴᠢᠶᠠᠯᠠᠵᠤ᠂ ᠲᠡᠦᠬᠡ ᠰᠣᠶᠣᠯ᠎ᠢ ᠤᠯᠠᠮᠵᠢᠯᠠᠨ᠂ ᠦᠨᠳᠦᠰᠦᠲᠡᠨ᠎ᠦ ᠵᠣᠷᠢᠭ ᠰᠠᠨᠠᠭ᠎ᠠ᠎ᠶ᠋ᠢ ᠵᠠᠯᠭᠠᠮᠵᠢᠯᠠᠨ᠂ ᠬᠥᠮᠦᠰ᠎ᠦᠨ ᠳᠤᠮᠳᠠᠳᠤ᠎ᠶ᠋ᠢᠨ ᠰᠣᠶᠣᠯ᠎ᠢ ᠣᠢᠯᠠᠭᠠᠬᠤ᠂ ᠰᠣᠶᠣᠯ᠎ᠤᠨ ᠢᠲᠡᠭᠡᠯ᠎ᠢ ᠨᠡᠮᠡᠭ᠌ᠳᠡᠭᠦᠯᠬᠦ᠌ ᠴᠢᠬᠤᠯᠠ ᠡᠬᠢ ᠪᠠᠶᠠᠯᠢᠭ ᠪᠠ ᠠᠷᠭ᠎ᠠ ᠵᠠᠮ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠤᠯᠤᠰ ᠲᠦᠷᠦ᠍᠎ᠶ᠋ᠢᠨ ᠲᠣᠪᠴᠢᠶᠠᠨ᠎ᠤ ᠬᠣᠷᠢᠨ ᠭᠤᠷᠪᠠᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠳᠡᠭᠡᠷ᠎ᠡ᠄《ᠪᠢᠳᠡ ᠬᠠᠭᠤᠴᠢ ᠰᠤᠳᠤᠯᠤᠯ᠎ᠤᠨ ᠠᠵᠢᠯ ᠪᠠ ᠲᠡᠦᠬᠡ᠎ᠶ᠋ᠢᠨ ᠰᠤᠳᠤᠯᠭᠠᠨ᠎ᠢ ᠴᠢᠩᠭᠠᠳᠭᠠᠵᠤ᠂ ᠮᠦᠽᠧᠢ᠎ᠳᠦ ᠬᠠᠳᠠᠭᠠᠯᠠᠭ᠍ᠳᠠᠵᠤ ᠪᠠᠢᠭ᠎ᠠ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠥᠷᠭᠡᠨ ᠠᠭᠤᠳᠠᠮ ᠡᠬᠡ ᠭᠠᠵᠠᠷ᠎ᠲᠤ ᠳᠡᠯᠭᠡᠭ᠌ᠳᠡᠵᠦ᠍ ᠪᠠᠢᠭ᠎ᠠ ᠥᠪ ᠬᠦᠷᠦᠩᠭᠡ᠂ ᠡᠷᠲᠡᠨ᠎ᠦ ᠨᠣᠮ ᠪᠢᠴᠢᠭ᠎ᠲᠦ ᠲᠡᠮᠲᠡᠭᠯᠡᠭᠳᠡᠭᠰᠡᠨ ᠦᠰᠦᠭ ᠪᠢᠴᠢᠭ᠎ᠢ ᠴᠥᠮ ᠠᠮᠢᠯᠠᠭᠤᠯᠵᠤ᠂ ᠪᠦᠬᠦ᠌ ᠨᠡᠢᠭᠡᠮ᠎ᠦᠨ ᠲᠡᠦᠬᠡ ᠰᠣᠶᠣᠯ᠎ᠤᠨ ᠱᠢᠮ᠎ᠡ ᠲᠡᠵᠢᠭᠡᠯ᠎ᠢ ᠪᠠᠶᠠᠯᠢᠭ᠍ᠵᠢᠭᠤᠯᠬᠤ ᠬᠡᠷᠡᠭ᠌ᠲᠡᠢ》 ᠭᠡᠵᠦ ᠶᠠᠷᠢᠭᠰᠠᠨ ᠪᠠᠢᠳᠠᠭ᠃

ᠥᠨᠢ ᠤᠳᠠᠭᠠᠨ ᠲᠡᠦᠬᠡ᠎ᠶ᠋ᠢᠨ ᠶᠠᠪᠤᠴᠠ᠎ᠳᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠬᠤᠩᠱᠠᠨ᠎ᠤ ᠰᠣᠶᠣᠯ᠂ ᠳ᠋ᠠ ᠶᠣᠣ᠎ᠶ᠋ᠢᠨ ᠰᠣᠶᠣᠯ᠂ ᠰᠢᠷᠠᠠᠤᠰᠤ᠎ᠶ᠋ᠢᠨ᠎ᠰᠣᠶᠣᠯ ᠵᠡᠷᠭᠡ ᠪᠠᠶᠠᠯᠢᠭ ᠠᠭᠤᠯᠭ᠎ᠠ᠎ᠲᠠᠶ ᠲᠡᠦᠬᠡ ᠰᠣᠶᠣᠯ᠎ᠢ ᠬᠠᠮᠲᠤ᠎ᠪᠠᠷ ᠡᠭᠦᠳᠴᠦ᠍᠂ ᠳᠤᠮᠳᠠᠳᠤ᠎ᠶ᠋ᠢᠨ ᠪᠣᠯᠪᠠᠰᠤᠨ᠎ᠤ ᠤᠯᠠᠨ ᠡᠱᠢᠵᠢᠭ᠌ᠰᠡᠨ ᠨᠢᠭᠡ ᠴᠤᠬ᠍ᠴᠠᠵᠢᠬ᠍ᠰᠡᠨ ᠪᠠᠢᠷᠢᠱᠢᠯ ᠪᠦᠷᠢᠯᠳᠦᠬᠦ᠌ ᠶᠠᠪᠤᠴᠠ᠎ᠳᠤ ᠯᠤᠲᠤ ᠶᠡᠬᠡ ᠬᠤᠪᠢ ᠨᠡᠮᠡᠷᠢ ᠦᠵᠡᠭᠦᠯᠪᠡ᠃ ᠥᠪᠥᠷ ᠮᠣᠩᠭᠣᠯ᠎ᠠᠴᠠ ᠣᠯᠳᠠᠭ᠍ᠰᠠᠨ ᠠᠮᠢᠳᠠᠨ᠎ᠤ ᠬᠡ᠎ᠲᠡᠶ ᠠᠯᠳᠠᠨ ᠪᠦᠰᠡᠯᠡᠭᠦᠷ᠂ ᠲᠶᠦᠷᠺ ᠬᠥᠮᠦᠨ᠎ᠦ ᠴᠢᠯᠠᠭᠤᠨ ᠬᠦᠷᠦᠭ᠂ ᠬᠢᠳᠠᠨ ᠢᠵᠠᠭᠤᠷᠲᠠᠨ᠎ᠤ ᠮᠤᠷᠢᠨ ᠡᠳ᠋ᠯᠡᠯ ᠵᠡᠷᠭᠡ ᠮᠠᠰᠢ ᠤᠯᠠᠨ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ᠂ ᠡᠯ᠎ᠡ ᠭᠠᠵᠠᠷ᠎ᠲᠤ ᠲᠠᠷᠬᠠᠭ᠍ᠰᠠᠨ ᠬᠠᠳᠠᠨ ᠵᠢᠷᠤᠭ᠂ ᠤᠷᠳᠤ ᠴᠠᠭᠠᠨ ᠬᠡᠷᠡᠮ ᠵᠡᠷᠭᠡ ᠮᠠᠰᠢ ᠤᠯᠠᠨ ᠥᠪᠡᠷᠮᠢᠴᠡ ᠠᠭᠤᠯᠤᠭ᠍ᠳᠠᠬᠤᠨ᠎ᠲᠠᠶ ᠲᠡᠦᠬᠡ᠎ᠶ᠋ᠢᠨ ᠳᠤᠷᠠᠰᠭᠠᠯᠲᠤ ᠵᠦᠢᠯᠡᠰ ᠡᠷᠲᠡᠨ᠎ᠦ ᠦᠯᠡᠳᠡᠭ᠌ᠳᠡᠯ ᠪᠦᠷ ᠥᠪᠥᠷ ᠮᠣᠩᠭᠣᠯ᠎ᠤᠨ ᠡᠷᠲᠡᠨ᠎ᠡᠴᠡ ᠨᠠᠭᠠᠱᠢᠬᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠮᠢᠳᠤᠯᠢᠭ᠎ᠢᠶᠠᠷ ᠬᠠᠷᠠᠭᠤᠯᠤᠭᠰᠠᠨ ᠪᠠᠢᠳᠠᠭ᠃

ᠭᠠᠭ᠍ᠴᠠ ᠬᠦ᠌ ᠲᠡᠦᠬᠡ᠎ᠶ᠋ᠢ ᠨᠠᠨᠳᠢᠩᠨᠠᠪᠠᠯ ᠰᠠᠶᠢ ᠢᠷᠡᠭᠡᠳᠦᠢ᠎ᠶ᠋ᠢ ᠨᠡᠭᠡᠭᠡᠵᠦ᠍ ᠴᠢᠳᠠᠨ᠎ᠠ; ᠭᠠᠭ᠍ᠴᠠ ᠬᠦ᠌ ᠰᠣᠶᠣᠯ᠎ᠢ ᠵᠤᠵᠠᠭᠠᠳᠭᠠᠪᠠᠯ ᠰᠠᠶᠢ ᠤᠯᠤᠰ ᠣᠷᠣᠨ᠎ᠢ ᠤᠮᠳᠠᠯᠠᠵᠤ ᠴᠢᠳᠠᠨ᠎ᠠ᠃ ᠱᠢᠨ᠎ᠡ ᠴᠠᠭ ᠦᠶ᠎ᠡ᠎ᠳᠦ ᠪᠢᠳᠡ ᠤᠯᠠᠮᠵᠢᠯᠠᠨ ᠲᠠᠷᠬᠠᠭᠠᠬᠤ ᠠᠷᠭ᠎ᠠ ᠪᠠᠷᠢᠯ᠎ᠤᠨ ᠱᠢᠨ᠎ᠡ᠎ᠶ᠋ᠢ ᠡᠭᠦᠳᠴᠦ᠍᠂ ᠵᠠᠭᠤᠴᠢᠯᠠᠭᠤᠷ᠎ᠤᠨ ᠠᠭᠤᠰᠤᠯᠴᠠᠯ᠎ᠤᠨ ᠳᠠᠪᠠᠭᠤᠯᠢᠭ᠎ᠢ ᠪᠠᠳᠠᠷᠠᠭᠤᠯᠵᠤ᠂ ᠪᠥᠬᠥ᠌ ᠣᠷᠣᠨ᠎ᠤ ᠡᠯ᠎ᠡ ᠭᠠᠵᠠᠷ᠎ᠤᠨ ᠮᠦᠽᠧᠶ᠂ ᠦᠵᠡᠰᠭᠦᠯᠡᠩ᠎ᠦᠨ ᠣᠷᠳᠣᠨ ᠵᠡᠷᠭᠡ᠎ᠲᠡᠶ ᠬᠠᠮᠲᠤᠷᠠᠯᠴᠠᠵᠤ᠂ ᠸᠢᠳᠢᠣ᠋᠂ ᠬᠡᠷᠡᠯ ᠵᠢᠷᠤᠭ᠂ VR᠂ H5 ᠵᠡᠷᠭᠡ ᠬᠠᠮ ᠵᠠᠭᠤᠴᠢᠯᠠᠭᠤᠷ᠎ᠤᠨ ᠠᠷᠭ᠎ᠠ ᠪᠠᠷᠢᠯ᠎ᠢ ᠭᠦᠶ᠋ᠴᠡᠳ ᠠᠱᠢᠭ᠍ᠯᠠᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠬᠢ ᠪᠠᠶᠠᠯᠢᠭ᠎ᠤᠨ ᠲᠡᠦᠬᠡ ᠰᠣᠶᠣᠯ᠎ᠤᠨ ᠠᠭᠤᠯᠤᠭ᠍ᠳᠠᠬᠤᠨ᠂ ᠦᠵᠡᠯ ᠰᠠᠨᠠᠭᠠᠨ᠎ᠤ ᠣᠬᠢ ᠰᠣᠳᠣ ᠪᠠ ᠴᠠᠭ ᠦᠶ᠎ᠡ᠎ᠶ᠋ᠢᠨ ᠦᠨ᠎ᠡ ᠥᠷᠲᠡᠭ᠎ᠢ ᠭᠦᠨᠵᠡᠭᠡᠶ ᠠᠭᠤᠳᠠᠯᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠠᠷᠤ᠎ᠳᠠᠬᠢ ᠥᠯᠢᠭᠡᠷ᠎ᠢ ᠰᠠᠢᠲᠤᠷ ᠶᠠᠷᠢᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠡᠬᠢ ᠪᠠᠶᠠᠯᠢᠭ᠎ᠢ ᠣᠯᠠᠨ ᠲᠦᠮᠡᠨ᠎ᠲᠡᠶ ᠣᠢᠷᠠᠲᠤᠭᠤᠯᠵᠤ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠤᠨ ᠱᠢᠨ᠎ᠡ ᠴᠠᠭ ᠦᠶ᠎ᠡ᠎ᠳᠡᠬᠢ ᠦᠨ᠎ᠡ ᠦᠷᠲᠡᠭ᠎ᠢ ᠪᠠᠳᠠᠷᠠᠭᠤᠯᠵᠤ᠂ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ ᠪᠠ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠳᠡᠯᠭᠡᠷᠡᠭᠦᠯᠬᠦ᠌ ᠬᠡᠷᠡᠭ᠌ᠲᠡᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号