ᠣᠢᠷ᠎ᠠ ᠳᠤ᠂ ᠬᠥᠬᠡᠬᠣᠲᠠ᠎ᠶ᠋ᠢᠨ ᠡᠪᠯᠡᠯ ᠦᠨ ᠬᠣᠷᠢᠶ᠎ᠠ ᠨᠠᠮ᠎ᠤᠨ ᠲᠡᠤᠭᠡ ᠵᠢᠨ ᠰᠤᠷᠤᠯᠴᠠᠯᠭ᠎ᠠ ᠬᠦᠮᠦᠵᠢᠯ᠎ᠤᠨ 《ᠣᠯᠠᠨ ᠲᠦᠮᠡᠨ᠎ᠳᠦ ᠪᠣᠳᠠᠲᠦ ᠠᠵᠢᠯ ᠬᠢᠵᠦ᠍ ᠥᠭ᠌ᠬᠦ》 ᠦᠢᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠬᠦᠨᠵᠡᠭᠡᠢᠷᠡᠬᠦᠯᠬᠦ ᠵᠢᠨ ᠲᠦᠯᠦᠭᠡ᠂
ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠨᠡᠢᠭᠡᠮ᠎ᠦᠨ ᠦᠶ᠋ᠯᠡᠰ᠎ᠦᠨ ᠬᠥᠭ᠌ᠵᠢᠯᠲᠡ᠎ᠶ᠋ᠢᠨ ᠲᠥᠪ᠂ ᠥᠪᠥᠷ
ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠥᠭ᠌ᠵᠢᠯᠲᠡ᠎ᠶ᠋ᠢᠨ ᠰᠠᠭᠤᠷᠢ ᠮᠥᠩᠭᠥᠨ᠎ᠦ ᠨᠡᠢᠭᠡᠮᠯᠢᠭ᠂ ᠳᠤᠮᠳᠠᠳᠤ ᠤᠯᠤᠰ᠎ᠤᠨ ᠬᠥᠷᠥᠭ ᠵᠢᠷᠤᠭ᠎ᠤᠨ ᠨᠡᠢᠭᠡᠮᠯᠢᠭ
ᠲᠠᠶ ᠬᠠᠮᠲᠤᠷᠠᠨ 《ᠤᠨ ᠰᠠᠷ᠎ᠠ ᠵᠢᠨ ᠲᠤᠷᠠᠰᠤᠮᠵᠢ· ᠵᠣᠯ ᠵᠢᠷᠭᠠᠯ᠎ᠤᠨ ᠲᠡᠮᠳᠡᠭᠯᠡᠯ》 ᠭᠡᠬᠦ ᠬᠡᠷᠡᠯ
ᠵᠢᠷᠤᠭ ᠲᠠᠳᠠᠭᠤᠯᠬᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ᠬᠥᠬᠡᠬᠣᠲᠠ ᠶ᠋ᠢᠨ 13 ᠨᠡᠢᠭᠡᠮ ᠲᠣᠭᠣᠷᠢᠭ᠎ᠢ ᠬᠠᠮᠤᠷᠴᠤ᠌᠂ ᠨᠡᠢᠲᠡ 300 ᠭᠠᠷᠤᠶ ᠬᠡᠷ ᠪᠦᠯᠢ ᠣᠷᠣᠯᠴᠠᠵᠤ᠂
2000 ᠭᠠᠷᠤᠶ ᠬᠡᠷᠡᠯ ᠵᠢᠷᠤᠭ ᠲᠠᠲᠠᠭᠤᠯᠵᠤ᠂ ᠤᠯᠠᠨ ᠲᠦᠮᠡᠨ᠎ᠤ ᠪᠤᠷᠤᠬᠵᠢᠭᠤᠨ ᠴᠢᠷᠠᠢ᠂ ᠪᠠᠶᠠᠷ ᠤᠨ ᠮᠦᠰᠢᠶᠡᠳᠦ ᠵᠢ ᠮᠠᠷᠲᠠᠭ᠍ᠳᠠᠰᠢ ᠥᠬᠡᠶ ᠲᠡᠮᠳᠡᠭᠯᠡᠭᠰᠡᠨ ᠪᠢᠯᠡ᠃
《ᠪᠢᠳᠡ ᠬᠤᠷᠢᠮᠯᠠᠬᠤᠦᠶᠡᠰ ᠲᠡᠭᠡᠨ ᠬᠤᠷᠢᠮ᠎ᠤᠨ ᠰᠡᠭᠦᠳᠡᠷ ᠲᠠᠲᠠᠭᠤᠯᠵᠤ ᠴᠢᠳᠠᠭᠰᠠᠨ ᠥᠬᠡᠶ᠂
ᠦᠨᠦᠳᠦᠷ ᠡᠨᠡ ᠬᠦ᠌ ᠬᠠᠷᠠᠮᠰᠠᠯᠢ ᠨᠥᠬᠥᠬᠦ᠌ ᠵᠠᠪᠱᠢᠶᠠᠨ ᠤᠯᠭᠤᠭᠰᠠᠨ ᠲᠠ᠎ᠨᠠᠷ᠎ᠲᠦ ᠲᠠᠯᠠᠷᠬᠠᠵᠤ ᠪᠠᠢᠨ᠎ᠠ᠃ ᠡᠨᠡ ᠤᠳᠠᠭ᠎ᠠ᠎ᠶ᠋ᠢᠨ ᠬᠤᠷᠢᠮ᠎ᠤᠨ ᠰᠡᠬᠦᠳᠡᠷ᠎ᠤᠳ ᠪᠣᠯ ᠪᠢᠳᠡ ᠨᠠᠷ ᠲᠸ᠋ ᠠᠪᠴᠤ ᠬᠡᠯᠡᠪᠡᠯ᠂ ᠲᠤᠢᠯ᠎ᠤᠨ ᠬᠣᠪᠣᠷ ᠨᠠᠨᠳᠢᠨ ᠪᠡᠯᠡᠭ ᠪᠤᠯᠬᠤ
ᠨᠢ ᠲᠠᠮᠵᠢᠭ ᠦᠭᠡᠢ᠂ ᠬᠡᠵᠢᠶᠡᠳᠡ ᠨᠠᠨᠳᠢᠩᠨᠠᠨ ᠬᠠᠳᠠᠭᠠᠯᠠᠨ᠎ᠠ》 ᠭᠡᠵᠦ
ᠰᠡᠭᠦᠳᠡᠷ ᠲᠠᠳᠠᠭᠤᠯᠬᠤᠪᠠᠷ ᠢᠷᠡᠭ᠌ᠰᠡᠳ ᠲᠤᠬᠳᠤᠯᠤᠬᠰᠠᠨ ᠰᠡᠳᠬᠢᠯ ᠵᠢᠡᠨ ᠢᠯᠡᠳᠭᠡᠵᠦ ᠪᠠᠢᠯ᠎ᠠ᠃
ᠠᠵᠢᠯᠯᠠᠭᠠᠨ᠎ᠤ ᠠᠬᠤᠢ ᠲᠠᠯᠠᠪᠠᠢ ᠳ᠋ᠤ ᠬᠦᠷᠦᠯᠴᠡᠨ ᠢᠷᠡᠭᠰᠡᠨ ᠰᠠᠭᠤᠭᠠᠯᠢ ᠠᠷᠠᠳ
ᠪᠦᠬᠦᠨ ᠣᠷᠭᠢᠯᠤᠮ᠎ᠠ ᠬᠠᠯᠠᠭᠤᠨ ᠰᠡᠳᠭᠢᠯᠭᠡ᠎ᠪᠡᠷ ᠰᠠᠢᠨ ᠲᠤᠷ᠎ᠠ ᠵᠢᠨ ᠬᠡᠷᠡᠯ ᠵᠢᠷᠤᠭᠴᠢᠨ᠎ᠤ ᠡᠨᠡ ᠬᠦ᠌ ᠪᠠᠶᠠᠷ ᠵᠢᠷᠭᠠᠯᠳᠤ
ᠴᠠᠭ ᠮᠦᠴᠡ ᠵᠢ ᠲᠤᠷᠠᠰᠬᠠᠨ ᠲᠡᠮᠳᠡᠭᠯᠡᠬᠦ ᠵᠢ ᠪᠠᠶᠠᠷᠳᠠᠢ ᠬᠦᠯᠢᠶᠡᠨ᠎ᠡ᠃ ᠪᠦᠬᠦᠢᠯᠡ ᠠᠵᠢᠯᠯᠠᠭ᠎ᠠ᠎ᠶ᠋ᠢᠨ ᠠᠬᠤᠶ ᠲᠠᠯᠠᠪᠠᠶ ᠬᠠᠢᠷ᠎ᠠ᠎ᠶ᠋ᠢᠨ
ᠠᠶᠠᠰ᠎ᠢᠶᠠᠷ ᠪᠢᠯᠬᠠᠵᠤ᠂ ᠥᠪᠡᠷᠮᠢᠴᠡ ᠣᠨᠴᠠᠯᠢᠭ ᠪᠦᠬᠦᠢ
ᠭᠡᠷ ᠪᠦᠯᠢ ᠵᠢᠨ ᠬᠠᠮᠲᠤ ᠵᠢᠨ ᠰᠡᠭᠦᠳᠡᠷ ᠨᠢ ᠦᠪᠡᠷ ᠦᠪᠡᠷ᠎ᠤᠨ ᠬᠢᠨᠢ ᠵᠣᠯ ᠵᠢᠷᠭᠠᠯ᠎ᠢ ᠬᠦᠤᠷᠨᠢᠵᠦ ᠪᠠᠢᠯ᠎ᠠ᠃
ᠲᠤᠰ ᠤᠳᠠᠭᠠᠨ᠎ᠤ ᠨᠡᠢᠲᠡ᠎ᠶ᠋ᠢᠨ
ᠠᠰᠠᠷᠠᠮᠵᠢ᠎ᠶ᠋ᠢᠨ ᠭᠡᠷᠡᠯ ᠵᠢᠷᠤᠬ ᠲᠠᠳᠠᠭᠤᠯᠬᠤ ᠠᠵᠢᠯᠯᠠᠭ᠎ᠠ ᠨᠢ ᠢᠳᠡᠷ᠂ ᠥᠲᠡᠯᠦᠭᠡ ᠨᠠᠰᠤᠨ᠎ᠤ ᠬᠥᠮᠦᠰ᠎ᠦᠨ
ᠬᠤᠷᠢᠮ᠎ᠤᠨ ᠰᠡᠭᠦᠳᠡᠷ᠎ᠤᠨ ᠬᠦᠰᠡᠯ᠎ᠢ ᠲᠡᠷᠭᠡᠯᠱᠢᠭᠦᠯᠦᠭ᠌ᠰᠡᠨᠢᠶᠡᠷ ᠪᠠᠷᠠᠬᠤ ᠥᠬᠡᠶ᠂ ᠪᠠᠰᠠ ᠤᠯᠤᠰ ᠵᠢᠡᠨ ᠬᠠᠢᠷᠠᠯᠠᠬᠤ ᠬᠡᠷ ᠪᠦᠯᠢ ᠪᠠᠨ ᠬᠠᠢᠷᠠᠯᠠᠬᠤ ᠬᠠᠷᠢᠯᠴᠠᠨ ᠬᠠᠢᠷᠠᠯᠠᠬᠤ᠂ ᠥᠭᠡᠳᠡᠯᠡᠨ
ᠲᠠᠪᠱᠢᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠬᠡᠷ ᠪᠦᠯᠢ᠎ᠶ᠋ᠢᠨ ᠪᠣᠯᠪᠠᠰᠤᠨ᠎ᠤ ᠱᠢᠨ᠎ᠡ ᠬᠡᠪ ᠰᠤᠷᠲᠠᠯ᠎ᠢ ᠪᠣᠶ ᠪᠣᠯᠭᠠᠵᠤ᠂ ᠣᠯᠠᠨ
ᠲᠦᠮᠡᠨ᠎ᠦ ᠵᠣᠯ ᠵᠢᠷᠭᠠᠯ᠎ᠤᠨ ᠲᠦᠷᠦᠭᠳᠡᠯ᠎ᠢ ᠨᠡᠮᠡᠭᠳᠡᠬᠦᠯᠵᠦ᠂ ᠨᠠᠩ ᠴᠤ᠌ ᠨᠡᠢᠭᠡᠮ ᠲᠣᠭᠣᠷᠢᠭ᠎ᠲᠤ ᠬᠡᠷ ᠪᠦᠯᠢ᠎ᠶ᠋ᠢᠨ
ᠡᠶ᠎ᠡ ᠵᠣᠬᠢᠴᠠᠯ ᠪᠠ ᠨᠡᠢᠭᠡᠮ᠎ᠦᠨ ᠪᠣᠯᠪᠠᠰᠤᠨ᠎ᠤ ᠠᠭᠤᠷ ᠠᠮᠢᠰᠭᠤᠯ᠎ᠢ ᠪᠣᠶ ᠪᠣᠯᠭᠠᠵᠤ᠂
ᠵᠠᠯᠠᠭᠤ ᠨᠢᠭᠡ ᠦᠶ᠎ᠡ᠎ᠶ᠋ᠢᠨ ᠬᠢᠨ ᠬᠡᠷ ᠪᠦᠯᠢ᠎ᠶ᠋ᠢᠨ ᠡᠶ᠎ᠡ
ᠵᠣᠬᠢᠴᠠᠯ᠎ᠢ ᠡᠷᠬᠢᠮᠨᠡᠨ ᠨᠠᠨᠳᠢᠩᠨᠠᠬᠤ᠎ᠶ᠋ᠢ ᠬᠥᠲᠥᠯᠦᠨ ᠵᠢᠯᠣᠭᠣᠳᠴᠤ᠌᠂ ᠵᠣᠯ ᠵᠢᠷᠭᠠᠯᠲᠤ ᠠᠮᠢᠳᠤᠷᠠᠯ᠎ᠢ ᠬᠠᠮᠲᠤ᠎ᠪᠠᠷ ᠪᠠᠢᠭᠤᠯᠵᠤ ᠬᠠᠮᠲᠤ ᠪᠠᠷ ᠡᠳ᠋ᠯᠡᠬᠦ᠌᠎ᠶ᠋ᠢ ᠰᠠᠨᠠᠭᠠᠴᠢᠯᠠᠨ
ᠰᠤᠷᠳᠠᠯᠴᠢᠯᠠᠪᠠ᠃