ᠬᠦᠬᠡᠬᠤᠳᠠ ᠵᠢᠨ ᠲᠡᠤᠬᠡ ᠰᠤᠶᠤᠯ᠎ᠢ ᠡᠨᠳᠡ ᠡᠴᠡ ᠤᠢᠯᠠᠭᠠᠶ᠎ᠠ
2022-01-05 10:53:42
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠥᠬᠡᠬᠣᠲᠠ ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠎ᠦᠨ ᠲᠣᠪᠴᠢᠶ᠎ᠠ ᠡᠴᠡ ᠲᠤᠰᠭᠠᠶ ᠮᠡᠷᠭᠡᠵᠢᠯᠲᠡᠨ ᠎ᠢ ᠵᠣᠬᠢᠶᠠᠨ ᠪᠠᠢᠭᠤᠯᠵᠤ ᠨᠠᠢᠷᠠᠭᠤᠯᠤᠨ ᠪᠢᠴᠢᠵᠦ᠍ ᠂ ᠹᠠᠩ ᡁᠢ ᠬᠡᠪᠯᠡᠯ ᠎ᠦᠨ ᠬᠣᠷᠢᠶ᠎ᠠ ᠡᠴᠡ ᠬᠡᠪᠯᠡᠭᠦᠯᠦᠭ᠌ᠰᠡᠨ ᠣᠷᠣᠨ ᠨᠤᠲᠤᠭ ᠎ᠤᠨ ᠲᠡᠦᠬᠡ ᠣᠢᠯᠠᠯᠭ᠎ᠠ ᠵᠢᠨ ᠲᠥᠷᠥᠯ ᠎ᠦᠨ ᠨᠣᠮ  ᠪᠤᠯᠬᠤ 《ᠲᠡᠦᠬᠡ ᠰᠣᠶᠣᠯ ᠎ᠤᠨ ᠨᠠᠷᠠᠲᠤ ᠬᠣᠲᠠ — ᠬᠥᠬᠡᠬᠣᠲᠠ》ᠭᠡᠬᠦ᠌ ᠱᠢᠨ᠎ᠡ ᠨᠣᠮ ᠎ᠢ ᠠᠩᠬ᠎ᠠ ᠲᠠᠷᠬᠠᠭᠠᠬᠤ ᠶᠣᠰᠣᠯᠠᠯ ᠬᠥᠬᠡᠬᠣᠲᠠ ᠵᠢᠨ ᠨᠣᠮ ᠎ᠤᠨ ᠰᠠᠩ ᠳ᠋ᠤ ᠶᠠᠪᠤᠭ᠍ᠳᠠᠪᠠ ᠃

《ᠲᠡᠦᠬᠡ ᠰᠣᠶᠣᠯ ᠎ᠤᠨ ᠨᠠᠷᠠᠲᠤ ᠬᠣᠲᠠ — ᠬᠥᠬᠡᠬᠣᠲᠠ》ᠪᠣᠯ ᠲᠦᠷᠪᠡᠨ ᠵᠦᠭ ᠨᠠᠢ᠍ᠮᠠᠨ ᠵᠤᠪᠬᠢᠰ ᠡᠴᠡ ᠬᠦᠷᠦᠯᠴᠡ ᠢᠷᠡᠭᠰᠡᠨ ᠵᠢᠭᠤᠯᠴᠢᠯᠠᠭ᠍ᠰᠠᠳ᠎ᠤᠨ ᠬᠥᠬᠡᠬᠣᠲᠠ ᠵᠢᠨ ᠲᠡᠦᠬᠡ ᠰᠤᠶᠤᠯ ᠎ᠢ ᠣᠢᠯᠠᠭᠠᠬᠤ《ᠴᠣᠩᠬᠣ》ᠪᠣᠯᠤᠭᠰᠠᠨ ᠵᠢᠡᠷ ᠪᠠᠷᠠᠬᠤ ᠥᠬᠡᠶ ᠂ ᠪᠠᠰᠠ ᠱᠢᠨᠵᠢᠯᠡᠬᠦ᠌ ᠤᠬᠠᠭᠠᠨ ᠎ᠢ ᠲᠦᠭᠡᠮᠡᠯᠵᠢᠭᠦᠯᠬᠦ᠌ ᠲᠣᠪᠴᠢᠯᠠᠭᠰᠠᠨ ᠬᠡᠪᠯᠡᠯ ᠎ᠦᠨ ᠨᠣᠮ ᠪᠢᠴᠢᠭ ᠪᠠ ᠲᠡᠦᠬᠡ ᠎ᠶ᠋ᠢᠨ ᠳᠤᠷᠠᠰᠭᠠᠯᠲᠤ ᠵᠦᠶ᠋ᠯᠡᠰ ᠎ᠦᠨ ᠵᠢᠭᠠᠬᠤ ᠮᠠᠲ᠋ᠧᠷᠢᠶᠠᠯ ᠪᠣᠯᠤᠨ᠎ᠠ ᠃ ᠲᠤᠰ ᠨᠣᠮ ᠳ᠋ᠤ ᠪᠠᠯᠠᠷ ᠡᠷᠲᠡᠨ ᠎ᠦ ᠰᠣᠶᠣᠯ ᠂ ᠬᠦᠷᠡᠯ ᠵᠡᠪᠰᠡᠭ ᠎ᠦᠨ ᠦᠶ᠎ᠡ ᠂ ᠪᠠᠢᠯᠳᠤᠭᠠᠨᠲᠤ ᠤᠯᠤᠰ ᠴᠢᠨ ᠤᠯᠤᠰ ᠬᠠᠨ ᠤᠯᠤᠰ ᠎ᠤᠨ ᠦᠶ᠎ᠡ ᠂ ᠸᠧᠶ ᠤᠯᠤᠰ ᠵᠢᠨ ᠤᠯᠤᠰ ᠡᠮᠦᠨᠡᠲᠦ ᠤᠮᠠᠷᠠᠲᠤ ᠲᠥᠷᠥ ᠵᠢᠨ ᠦᠶ᠎ᠡ᠂ ᠰᠦᠶ ᠤᠯᠤᠰ ᠲᠠᠩ ᠤᠯᠤᠰ ᠎ᠤᠨ ᠦᠶ᠎ᠡ᠂ ᠯᠢᠶᠣᠤ ᠤᠯᠤᠰ ᠠᠯᠲᠠᠨ ᠤᠯᠤᠰ ᠶᠤᠸᠠᠨ ᠤᠯᠤᠰ ᠎ᠤᠨ ᠦᠶ᠎ᠡ᠂ ᠮᠢᠩ ᠤᠯᠤᠰ ᠴᠢᠩ ᠤᠯᠤᠰ ᠎ᠤᠨ ᠦᠶ᠎ᠡ᠂ ᠣᠢᠷ᠎ᠠ ᠣᠳᠣ ᠦᠶ᠎ᠡ ᠎ᠶ᠋ᠢᠨ ᠬᠠᠭᠤᠴᠢᠨ ᠪᠠᠭᠤᠷᠢ ᠵᠡᠷᠭᠡ ᠨᠠᠢ᠍ᠮᠠᠨ ᠪᠦᠯᠦᠭ ᠎ᠢᠶᠡᠷ ᠪᠦᠷᠢᠯᠳᠦᠵᠡᠶ ᠃ ᠲᠣᠰ ᠨᠣᠮ᠎ᠨᠢ ᠲᠡᠦᠬᠡ ᠎ᠶ᠋ᠢᠨ ᠳᠤᠷᠠᠰᠭᠠᠯᠲᠤ ᠵᠦᠶ᠋ᠯᠡᠰ ᠡᠷᠲᠡᠨ ᠎ᠦ ᠦᠯᠡᠳᠡᠭ᠌ᠳᠡᠯ ᠵᠢᠡᠷ ᠭᠤᠤᠯ ᠱᠢᠵᠢᠮ ᠪᠣᠯᠭᠠᠨ᠂ ᠠᠳᠠᠯᠢ ᠪᠤᠰᠤ ᠴᠠᠭ ᠦᠶ᠎ᠡ ᠵᠢᠨ ᠲᠥᠯᠥᠭᠡᠯᠡᠬᠦ᠌ ᠴᠢᠨᠠᠷᠲᠠᠶ ᠲᠡᠦᠬᠡ ᠵᠢᠨ ᠳᠤᠷᠠᠰᠭᠠᠯᠲᠤ ᠵᠦᠶ᠋ᠯᠡᠰ ᠎ᠢᠶᠡᠷ ᠲᠤᠯᠭᠠᠭᠤᠷᠢ ᠪᠣᠯᠭᠠᠵᠤ᠂ ᠥᠩᠭᠡᠷᠡᠭ᠌ᠰᠡᠨ ᠵᠢᠯ ᠎ᠦᠳ ᠎ᠦᠨ ᠬᠠᠭᠤᠴᠢ ᠰᠤᠳᠤᠯᠤᠯ ᠎ᠤᠨ ᠪᠠᠢᠴᠠᠭᠠᠯᠲᠠ᠂ ᠠᠭᠤᠳᠠᠯᠤᠭ᠍ᠰᠠᠨ ᠦᠷ᠎ᠡ ᠪᠦᠲᠦᠭᠡᠯ᠎ᠲᠡᠶ ᠤᠶᠠᠯᠳᠤᠭᠤᠯᠤᠨ᠂ ᠣᠷᠣᠨ ᠨᠤᠲᠤᠭ ᠎ᠤᠨ ᠰᠣᠶᠣᠯ ᠎ᠤᠨ ᠣᠨᠴᠠᠯᠢᠭ ᠱᠢᠨᠵᠢ ᠵᠢᠴᠢ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠦ ᠪᠦᠯᠬᠦᠮᠳᠡᠨ ᠡᠷᠡᠯᠬᠡᠭ᠌ᠯᠡᠨ ᠲᠡᠮᠡᠴᠡᠵᠦ᠍ ᠪᠠᠢᠭᠠᠳ ᠡᠨᠡ ᠬᠦ᠌ ᠨᠤᠲᠤᠭ ᠤᠰᠤ ᠵᠢ ᠬᠠᠮᠲᠤ ᠪᠠᠷ ᠨᠡᠭᠡᠭᠡᠨ ᠬᠥᠭ᠌ᠵᠢᠭᠦᠯᠵᠦ᠍ ᠪᠥᠲᠥᠭᠡᠨ ᠪᠠᠢᠭᠤᠯᠤᠭ᠍ᠰᠠᠨ ᠲᠡᠦᠬᠡᠨ ᠶᠠᠪᠤᠴᠠ᠎ᠶ᠋ᠢ ᠭᠦᠨᠵᠡᠭᠡᠶ ᠲᠤᠰᠬᠠᠵᠠᠢ ᠃ ᠡᠭᠦᠨ ᠎ᠦ ᠬᠠᠮᠲᠤ ᠪᠠᠰᠠ ᠬᠥᠬᠡᠬᠣᠲᠠ᠎ᠶ᠋ᠢᠨ ᠲᠡᠦᠬᠡ ᠰᠣᠶᠣᠯ ᠎ᠤᠨ ᠮᠡᠳᠡᠭᠡ ᠵᠠᠩᠭᠢ ᠎ᠶ᠋ᠢ ᠭᠦᠨᠵᠡᠭᠡᠶ ᠠᠭᠤᠳᠠᠯᠤᠨ ᠲᠤᠰᠭᠠᠵᠤ᠂ ᠬᠣᠲᠠ ᠵᠢᠨ ᠬᠥᠭ᠌ᠵᠢᠯᠲᠡ᠎ᠶ᠋ᠢᠨ ᠰᠤᠳᠠᠰᠤ ᠵᠢᠴᠢ ᠣᠨᠴᠠᠯᠢᠭ ᠎ᠢ ᠡᠵᠡᠮᠳᠡᠨ᠂ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠎ᠦᠨ ᠬᠢᠨ ᠪᠠ ᠵᠢᠭᠤᠯᠴᠢᠯᠠᠭᠰᠠᠳ ᠎ᠤᠨ ᠬᠥᠬᠡᠬᠣᠲᠠ ᠵᠢᠨ ᠲᠡᠦᠬᠡ ᠵᠢ ᠣᠨᠣᠪᠴᠢᠲᠠᠶ ᠤᠢᠯᠠᠭᠠᠵᠦ᠂ ᠣᠨᠣᠪᠴᠢᠲᠠᠶ ᠲᠠᠢᠯᠪᠤᠷᠢᠯᠠᠬᠤ ᠎ᠶ᠋ᠢ ᠵᠢᠷᠤᠮᠵᠢᠭᠤᠯᠤᠨ ᠂《ᠦᠵᠡᠰᠭᠦᠯᠡᠩᠲᠦ ᠰᠠᠢᠬᠠᠨ ᠬᠥᠬᠡᠬᠣᠲᠠ·ᠲᠠᠯ᠎ᠠ ᠨᠤᠲᠤᠭ ᠎ᠤᠨ ᠲᠣᠮᠣ ᠬᠣᠲᠠ 》 ᠶ᠋ᠢᠨ ᠲᠡᠦᠬᠡ ᠰᠣᠶᠣᠯ ᠎ᠢ ᠨᠠᠩ ᠰᠠᠢᠲᠤᠷ ᠤᠬᠠᠭᠤᠯᠬᠤ ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号