ᠮᠠᠨ ᠤ᠋ ᠤᠷᠤᠨ ᠤ᠋ ᠪᠦᠯᠬᠦᠮ ᠨᠡᠢᠳᠡ ᠪᠦᠬᠦ ᠤᠯᠤᠰ ᠤ᠋ᠨ ᠵᠠᠮ ᠬᠠᠷᠢᠯᠴᠠᠭᠠᠨ ᠤ᠋ ᠴᠠᠬᠳᠠᠭ᠎ᠠ ᠵᠢᠨ ᠰᠢᠨ᠎ᠡ ᠵᠠᠭᠤᠴᠢᠯᠠᠭᠤᠷ ᠤ᠋ᠨ ᠰᠢᠯᠢᠳᠡᠭ ᠨᠠᠢᠷᠠᠭᠤᠯᠤᠨ ᠤᠳᠤᠷᠢᠳᠤᠭᠠᠴᠢ ᠵᠢᠨ ᠱᠠᠩᠨᠠᠯ ᠬᠦᠷᠳᠡᠵᠡᠢ
2022-01-05 10:00:48
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠢᠷ᠎ᠠ ᠎ᠳᠤ᠂ ᠳᠣᠲᠣᠭᠠᠳᠤ᠎ᠶ᠋ᠢ ᠬᠠᠮᠠᠭᠠᠯᠠᠬᠤ ᠶᠠᠮᠤᠨ ᠡᠴᠨ ᠪᠥᠬᠥ᠌ ᠤᠯᠤᠰ᠎ᠤᠨ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠳᠠᠳᠤᠯᠭ᠎ᠠ ᠪᠣᠯᠪᠠᠰᠤᠷᠠᠯ᠎ᠤᠨ ᠠᠩᠭᠢ᠎ᠶ᠋ᠢᠨ ᠳᠥᠷᠪᠡᠳᠦᠭᠡᠷ ᠬᠤᠭᠤᠴᠠᠭᠠᠨ᠎ᠤ ᠠᠳᠠᠯᠢᠳᠭᠠᠨ ᠱᠢᠯᠭᠠᠷᠠᠭᠤᠯᠤᠬᠰᠠᠨ ᠦᠷ᠎ᠡ ᠳ᠋ᠦᠩ᠎ᠢ ᠨᠡᠢᠳᠡᠯᠡᠪᠡ᠃ ᠦᠪᠡᠷᠳᠡᠬᠡᠨ ᠵᠠᠰᠠᠬᠤ ᠤᠷᠤᠨ᠎ᠤ᠋ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠎ᠶ᠋ᠢᠨ ᠤᠬᠠᠭᠤᠯᠭ᠎ᠠ ᠬᠥᠮᠦᠵᠢᠯ ᠎ᠦᠨ ᠭᠠᠵᠠᠷ ᠎ᠤᠨ ᠵᠠᠩ ᠷᠦᠢ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠵᠧᠸ᠋ ᠱᠢᠶᠤᠤ ᠫᠦ᠋᠂ ᠪᠠᠶᠠᠨᠨᠠᠭᠤᠷ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠳ᠋ᠸᠩᠺᠸᠤ ᠱᠢᠶᠠᠨ᠎ᠤ ᠶᠡᠬᠡ᠎ᠠᠩᠭᠢ᠎ᠶ᠋ᠢᠨ ᠾᠧ ᠷᠦᠢ ᠯᠢᠩ ᠨᠠᠷ ᠵᠢᠡᠷ ᠪᠦᠷᠢᠯᠳᠦᠭ᠌ᠰᠡᠨ ᠥᠪᠥᠷ ᠮᠣᠩᠭᠣᠯ᠎ᠤᠨ ᠪᠦᠯᠬᠦᠮ ᠨᠡᠢᠲᠡ ᠱᠢᠯᠢᠳᠡᠭ ᠨᠠᠢᠷᠠᠭᠤᠯᠤᠨ ᠤᠳᠤᠷᠢᠳᠤᠭᠠᠴᠢ ᠎ᠶ᠋ᠢᠨ ᠱᠠᠩᠨᠠᠯ ᠭᠥᠷᠳᠡᠪᠡ᠃

2021 ᠣᠨ᠎ᠤ 10 ᠰᠠᠷ᠎ᠠ ᠎ᠳᠤ᠂ ᠳᠥᠷᠪᠡᠳᠦᠭᠡᠷ ᠬᠤᠭᠤᠴᠠᠭᠠᠨ ᠎ᠤ 《V ᠦᠵᠡᠯᠲᠡ ᠎ᠶ᠋ᠢᠨ ᠠᠮᠤᠷ ᠲᠦᠪᠱᠢᠨ᠎ᠦ ᠲᠦᠮᠡᠨ ᠭᠠᠵᠠᠷ᠎ᠤᠨ ᠠᠶᠠᠯᠠᠯ 》᠎ᠤ᠋ᠨ ᠪᠥᠬᠥ᠌ ᠤᠯᠤᠰ᠎ᠤᠨ ᠵᠠᠮ ᠬᠠᠷᠢᠯᠴᠠᠭᠠᠨ᠎ᠤ ᠴᠠᠭ᠍ᠳᠠᠭ᠎ᠠ ᠎ᠶ᠋ᠢᠨ ᠱᠢᠨ᠎ᠡ ᠵᠠᠭᠤᠴᠢᠯᠠᠭᠤᠷ᠎ᠤᠨ ᠳᠠᠳᠤᠯᠭ᠎ᠠ ᠪᠣᠯᠪᠠᠰᠤᠷᠠᠯ᠎ᠤᠨ ᠠᠩᠭᠢ ᠴᠠᠩᠱᠠ᠎ᠳᠤ ᠬᠢᠴᠢᠶᠡᠯᠯᠡᠬᠡ ᠬᠢᠵᠦ᠂ ᠪᠥᠬᠥ᠌ ᠤᠯᠤᠰ᠎ᠤᠨ ᠡᠯ᠎ᠡ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠂ ᠲᠤᠰᠭᠠᠶ ᠮᠡᠷᠭᠡᠵᠢᠯᠲᠡᠨ᠎ᠦ ᠱᠢᠯᠭᠠᠷᠠᠭᠤᠯᠬᠤ ᠺᠣᠮᠢᠰ᠎ᠤᠨᠭᠡᠱᠢᠭᠦᠨ᠂ ᠵᠠᠭᠤᠴᠢᠯᠠᠭᠤᠷ᠎ᠤᠨ ᠲᠥᠯᠥᠭᠡᠯᠡᠭ᠌ᠴᠢ ᠵᠡᠷᠭᠡ 70 ᠭᠠᠷᠤᠶ ᠬᠥᠮᠦᠨ ᠣᠷᠣᠯᠴᠠᠵᠠᠶ᠃ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠂ ᠶᠡᠷᠦ᠍᠎ᠶ᠋ᠢᠨ ᠮᠡᠳᠡᠯᠭᠡ ᠵᠡᠷᠭᠡ᠎ᠶ᠋ᠢ ᠥᠷᠭᠡᠨ ᠣᠯᠠᠨ ᠵᠠᠮ ᠬᠠᠷᠢᠯᠴᠠᠭᠠᠨ᠎ᠤ ᠣᠷᠣᠯᠴᠠᠭ᠍ᠴᠢ᠎ᠳᠤ ᠪᠦᠲᠦᠮᠵᠢᠲᠡᠶ ᠶᠠᠷᠢᠵᠤ ᠥᠭ᠌ᠬᠦ ᠵᠤᠷᠢᠯᠭ᠎ᠠ ᠡᠴᠨ᠂ ᠮᠠᠨ ᠤ᠋ ᠤᠷᠤᠨ ᠤ᠋ ᠪᠦᠯᠬᠦᠮ ᠤ᠋ᠨ ᠨᠥᠬᠥᠳ ᠴᠠᠩᠱᠠ᠎ᠳᠤ ᠬᠦᠷᠴᠦ᠍᠂ ᠪᠥᠬᠥ᠌ ᠤᠯᠤᠰ᠎ᠤᠨ ᠣᠯᠠᠨ ᠭᠠᠵᠠᠷ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠰᠠᠯᠠᠭ᠎ᠠ ᠮᠥᠴᠢᠷ᠎ᠦᠨ ᠱᠢᠯᠢᠳᠡᠭ ᠤᠬᠠᠭᠤᠯᠭ᠎ᠠ ᠎ᠶ᠋ᠢᠨ ᠴᠢᠳᠠᠪᠤᠷᠢᠲᠠᠨ ᠲᠠᠢ ᠨᠢᠭᠡ ᠲᠠᠩᠬᠢᠮ᠎ᠳᠤ ᠴᠤᠭ᠍ᠯᠠᠷᠠᠵᠤ᠂ ᠪᠤᠳᠤᠯ ᠰᠠᠨᠠᠯ ᠵᠢᠡᠨ  ᠰᠤᠯᠢᠯᠴᠠᠵᠤ ᠡᠷᠳᠡᠮ ᠴᠢᠳᠠᠪᠤᠷᠢ ᠪᠠᠨ ᠦᠵᠡᠯᠴᠡᠪᠡ᠃  ᠭᠣᠣᠯ ᠰᠡᠳᠦᠪᠲᠦ ᠤᠬᠠᠭᠠᠯᠠᠯ᠂ ᠸᠢᠳᠢᠣ᠋ ᠦᠢᠯᠡᠳᠬᠦ᠌᠂ ᠬᠠᠤᠯᠢ ᠬᠡᠷᠡᠭ᠌ᠵᠢᠭᠦᠯᠬᠦ᠌ ᠱᠢᠭᠤᠳ ᠨᠡᠪᠲᠡᠷᠡᠭᠦᠯᠭᠡ ᠵᠡᠷᠭᠡ ᠠᠯᠢ ᠤᠯᠠᠨ ᠪᠣᠳᠠᠲᠤ ᠮᠥᠷᠥᠢᠴᠡᠭᠡᠨ ᠎ᠢᠶᠡᠷ ᠲᠠᠮᠵᠢᠨ᠂ ᠡᠯ᠎ᠡ ᠰᠤᠷᠤᠯᠭᠠᠲᠠᠳ ᠪᠦᠯᠬᠦᠮ ᠨᠢᠭᠡᠴᠢ᠎ᠶ᠋ᠢᠨ ᠬᠠᠮᠵᠢᠯᠴᠠᠭᠠᠨ᠎ᠤ ᠵᠣᠷᠢᠭ ᠰᠠᠨᠠᠭ᠎ᠠ ᠪᠣᠯᠤᠨ ᠬᠤᠪᠢ ᠬᠥᠮᠦᠨ᠎ᠦ ᠣᠨᠴᠠ ᠴᠢᠳᠠᠪᠤᠷᠢ᠎ᠶ᠋ᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号