ᠲᠣᠮᠣ ᠳ᠋ᠠᠢᠲ᠋ᠠ
2022-01-06 09:07:43
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

1.jpg


ᠤᠳᠤ᠎ᠶ᠋ᠢᠨ ᠨᠡᠢᠭᠡᠮ ᠪᠣᠯ ᠨᠢᠭᠡᠨ ᠳᠡᠭᠡᠳᠦ ᠬᠤᠷᠳᠤᠴᠠ᠎ᠪᠠᠷ ᠬᠥᠭ᠌ᠵᠢᠭ᠌ᠰᠡᠨ ᠨᠡᠢᠭᠡᠮ ᠮᠥᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠬᠥᠭ᠌ᠵᠢᠵᠦ᠍᠂ ᠮᠡᠳᠡᠭᠡ ᠵᠠᠩᠭᠢ᠎ᠶ᠋ᠢᠨ ᠭᠦᠢᠯᠭᠡᠭᠡ᠂ ᠬᠥᠮᠦᠰ᠎ᠦᠨ ᠬᠣᠭᠣᠷᠣᠨᠳᠣᠬᠢ ᠰᠣᠯᠢᠯᠴᠠᠭ᠎ᠠ ᠤᠯᠠᠮ᠎ᠠᠴᠠ ᠤᠯᠠᠮ ᠨᠢᠭ᠍ᠲᠠᠷᠠᠵᠤ᠂ ᠠᠮᠢᠳᠤᠷᠠᠯ ᠴᠤ᠌ ᠤᠯᠠᠮ᠎ᠠᠴᠠ ᠤᠯᠠᠮ ᠳᠥᠭᠥᠮ ᠳᠥᠲᠡ ᠪᠤᠯᠵᠤ ᠪᠠᠢᠨ᠎ᠠ᠂ ᠲᠤᠮᠤ ᠳ᠋ᠠᠢᠲ᠋ᠠ ᠪᠣᠯ ᠳᠠᠷᠤᠢ ᠡᠨᠡ ᠬᠦ᠌ ᠳᠡᠭᠡᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠠᠭ ᠦᠶ᠎ᠡ᠎ᠶ᠋ᠢᠨ ᠪᠦᠲᠦᠭᠡᠭ᠌ᠳᠡᠬᠦᠨ ᠮᠥᠨ᠃

ᠪᠠᠭ᠍ᠲᠠᠭᠠᠮᠵᠢ ᠶᠡᠬᠡ᠂ ᠲᠥᠷᠥᠯ ᠵᠦᠶ᠋ᠯ ᠣᠯᠠᠨ᠂ ᠬᠠᠳᠠᠭᠠᠯᠠᠵᠤ ᠭᠠᠷᠭᠠᠬᠤ ᠬᠤᠷᠳᠤᠴᠠ ᠲᠦᠷᠭᠡᠨ᠂ ᠬᠡᠷᠡᠭ᠌ᠯᠡᠭᠡᠨ᠎ᠦ ᠥᠷᠲᠡᠭ ᠥᠨᠳᠥᠷ ᠵᠡᠷᠭᠡ ᠨᠢ ᠲᠤᠮᠤ᠎ᠳ᠋ᠠᠢᠲ᠋ᠠ ᠵᠢᠨ  ᠭᠤᠤᠯ ᠣᠨᠴᠠᠯᠢᠭ ᠪᠠᠢᠳᠠᠭ᠃ ᠲᠣᠭ᠎ᠠ ᠪᠠᠷᠢᠮᠲᠠ᠎ᠶ᠋ᠢᠨ ᠴᠤᠭ᠍ᠯᠠᠷᠠᠯ᠎ᠢ ᠬᠠᠮᠤᠭ᠎ᠤᠨ ᠡᠷᠲᠡ IT ᠠᠵᠢᠯ ᠲᠥᠷᠥᠯ᠎ᠳᠦ ᠬᠡᠷᠡᠭ᠌ᠯᠡᠵᠦ᠍᠂ ᠣᠳᠣᠬᠠᠨ᠎ᠳᠤ ᠶᠠᠭ ᠲᠦᠷᠭᠡᠨ ᠬᠥᠭ᠌ᠵᠢᠵᠦ᠍ ᠪᠠᠢᠭ᠎ᠠ ᠲᠣᠭ᠎ᠠ ᠬᠡᠮᠵᠢᠶ᠎ᠡ᠎ᠨᠢ ᠯᠤᠲᠤ ᠶᠡᠬᠡ ᠂ ᠢᠷᠡᠯᠲᠡ᠎ᠨᠢ ᠲᠠᠷᠠᠬᠠᠶ ᠪᠤᠲᠠᠷᠬᠠᠶ᠂ ᠬᠡᠯᠪᠡᠷᠢ ᠮᠠᠶᠢᠭ᠎ᠨᠢ᠎ᠣᠯᠠᠨ ᠶᠠᠩᠵᠤ᠎ᠶ᠋ᠢᠨ ᠲᠣᠭ᠎ᠠ ᠪᠠᠷᠢᠮᠲᠠ᠎ᠶ᠋ᠢ ᠴᠤᠭ᠍ᠯᠠᠭᠤᠯᠬᠤ᠂ ᠬᠠᠳᠠᠭᠠᠯᠠᠬᠤ ᠪᠠ ᠬᠣᠯᠪᠣᠭ᠍ᠳᠠᠭᠤᠯᠬᠤ᠎ᠳᠦ ᠵᠠᠳᠠᠯᠤᠯᠲᠠ ᠬᠢᠵᠦ᠍᠂ ᠡᠭᠦᠨ᠎ᠦ ᠳᠤᠮᠳᠠ᠎ᠠᠴᠠ ᠱᠢᠨ᠎ᠡ ᠮᠡᠳᠡᠯᠭᠡ᠎ᠶ᠋ᠢ ᠢᠯᠡᠷᠡᠭᠦᠯᠬᠦ᠌᠂ ᠱᠢᠨ᠎ᠡ ᠦᠨ᠎ᠡ ᠥᠷᠲᠡᠭ᠎ᠢ ᠡᠭᠦᠳᠬᠦ᠌᠂ ᠱᠢᠨ᠎ᠡ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ ᠪᠠ ᠦᠶ᠋ᠯᠡᠴᠢᠯᠡᠭᠡᠨ᠎ᠦ ᠡᠵᠡᠩᠨᠡᠯᠲᠡ᠎ᠶ᠋ᠢᠨ ᠪᠠᠢᠳᠠᠯ᠎ᠢ ᠪᠣᠶ ᠪᠣᠯᠭᠠᠵᠤ ᠪᠠᠢᠨ᠎ᠠ᠃  ᠲᠣᠮᠣ ᠳ᠋ᠠᠢᠲ᠋ᠠ᠎ᠨᠢ ᠡᠷᠬᠡᠪᠰᠢ ᠲᠠᠷᠬᠠᠯᠲᠠ᠎ᠶ᠋ᠢᠨ ᠬᠡᠯᠪᠡᠷᠢ᠎ᠶ᠋ᠢᠨ ᠪᠦᠲᠦᠴᠡ᠎ᠶ᠋ᠢ ᠬᠡᠷᠡᠭ᠌ᠯᠡᠨ᠂ ᠶᠡᠬᠡ ᠬᠡᠮᠵᠢᠶᠡᠨ᠎ᠦ ᠳ᠋ᠠᠢᠲ᠋ᠠ᠎ᠳᠤ ᠲᠠᠷᠬᠠᠯᠲᠠ᠎ᠶ᠋ᠢᠨ ᠬᠡᠯᠪᠡᠷᠢ᠎ᠶ᠋ᠢᠨ ᠳ᠋ᠠᠢᠲ᠋ᠠ᠎ᠶ᠋ᠢ ᠠᠭᠤᠳᠠᠯᠬᠤ ᠪᠤᠯᠤᠨ᠎ᠠ᠃ ᠡᠢᠮᠦ᠍᠎ᠡᠴᠡ ᠡᠷᠬᠡᠪᠰᠢ ᠡᠭᠦᠯᠡᠨ ᠪᠤᠳᠤᠯᠲᠠ᠎ᠶ᠋ᠢᠨ ᠲᠠᠷᠬᠠᠯᠲᠠ᠎ᠶ᠋ᠢᠨ ᠬᠡᠯᠪᠡᠷᠢ᠎ᠶ᠋ᠢᠨ ᠱᠢᠶ᠋ᠳᠪᠦᠷᠢᠯᠡᠯᠲᠡ᠂ ᠲᠠᠷᠬᠠᠯᠲᠠ᠎ᠶ᠋ᠢᠨ ᠬᠡᠯᠪᠡᠷᠢ᠎ᠶ᠋ᠢᠨ ᠳ᠋ᠠᠢᠲ᠋ᠠ ᠬᠥᠮᠥᠷᠭᠡ ᠪᠠ ᠡᠭᠦᠯᠡᠨ ᠬᠠᠳᠠᠭᠠᠯᠠᠯᠲᠠ᠂ ᠬᠡᠢᠰᠪᠦᠷᠢᠵᠢᠭᠦᠯᠬᠦ᠌ ᠮᠡᠷᠭᠡᠵᠢᠯ᠎ᠳᠦ ᠲᠦᠱᠢᠭ᠌ᠯᠡᠬᠦ᠌ ᠬᠡᠷᠡᠭ᠌ᠲᠡᠶ᠃


3.jpg


ᠪᠦᠷᠢᠯᠳᠦᠯ ᠪᠠ ᠬᠦᠭᠵᠢᠯᠳᠡ᠄

2012 ᠣᠨ᠎ᠳᠤ ᠂ 《ᠲᠤᠮᠤ ᠳ᠋ᠠᠢᠲ᠋ᠠ᠎ᠶ᠋ᠢᠨ ᠴᠠᠭ ᠦᠶ᠎ᠡ》 ᠬᠡᠪᠯᠡᠭ᠌ᠳᠡᠵᠦ᠍᠂ ᠵᠣᠬᠢᠶᠠᠭ᠍ᠴᠢ V . ᠮᠠᠢ᠌ᠷ ᠱᠸᠨ᠋ᠪᠸᠷᠡᠭ 《ᠲᠤᠮᠤ ᠳ᠋ᠠᠢᠲ᠋ᠠ᠎ᠶ᠋ᠢᠨ ᠬᠤᠳᠠᠯᠳᠤᠭᠠᠨ᠎ᠤ ᠬᠡᠷᠡᠭ᠌ᠯᠡᠭᠡᠨ᠎ᠦ ᠠᠩᠬᠠᠳᠠᠭ᠍ᠴᠢ ᠬᠥᠮᠦᠨ》ᠬᠡᠮᠡᠭ᠌ᠳᠡᠪᠡ᠃

2013ᠣᠨ᠎ᠳᠤ᠂ IBM ᠺᠣᠮᠫᠠᠨᠢ ᠨᠢ ᠲᠣᠮᠣ ᠳ᠋ᠠᠢᠲ᠋ᠠ᠎ᠶ᠋ᠢᠨ 5 ᠣᠨᠴᠠᠯᠢᠭ᠂ ᠲᠤᠬᠠᠢᠯᠠᠪᠠᠯ᠂  ᠲᠣᠭ᠎ᠠ ᠪᠠᠷᠢᠮᠲᠠ᠎ᠶ᠋ᠢᠨ ᠬᠡᠮᠵᠢᠶ᠎ᠡ ᠯᠤᠲᠤ ᠶᠡᠬᠡ᠂ ᠳᠡᠭᠡᠳᠦ ᠬᠤᠷᠳᠤᠴᠠᠲᠤ ᠴᠠᠭ ᠲᠤᠬᠠᠶ᠎ᠳᠤᠨᠢ ᠪᠦᠲᠦᠮᠵᠢᠲᠡᠶ ᠵᠠᠳᠠᠯᠤᠯᠲᠠ ᠬᠢᠬᠦ᠂ ᠲᠥᠷᠥᠯ ᠵᠦᠶ᠋ᠯ ᠪᠠ ᠢᠷᠡᠯᠲᠡ ᠨᠢ ᠣᠯᠠᠨ ᠶᠠᠩᠵᠤ᠎ᠶ᠋ᠢᠨ ᠪᠠᠢᠬᠤ᠂ ᠥᠷᠲᠡᠭ᠎ᠦᠨ ᠨᠢᠭ᠍ᠲᠠᠴᠠ ᠨᠢ ᠳᠤᠤᠷ᠎ᠠ᠂ ᠬᠤᠳᠠᠯᠳᠤᠭᠠᠨ᠎ᠤ ᠥᠷᠲᠡᠭ ᠨᠢ ᠥᠨᠳᠥᠷ᠂ ᠲᠣᠭ᠎ᠠ ᠪᠠᠷᠢᠮᠲᠠ᠎ᠶ᠋ᠢᠨ ᠦᠨᠡᠨ ᠪᠣᠳᠠᠲᠠᠶ ᠴᠢᠨᠠᠷ  ᠵᠡᠷᠭᠡ 5 ᠣᠨᠴᠠᠯᠢᠭ᠎ᠢ ᠳᠤᠷᠠᠳᠤᠨ ᠭᠠᠷᠭᠠᠵᠠᠶ᠃

2015 ᠣᠨ᠎ᠤ 8 ᠰᠠᠷ᠎ᠠ᠎ᠳᠤ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ 《ᠲᠣᠮᠣ ᠳ᠋ᠠᠢᠲ᠋ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠠᠵᠢᠯᠯᠠᠭᠠᠨ᠎ᠤ ᠬᠥᠲᠥᠯᠪᠦᠷᠢ》ᠵᠢ ᠳᠠᠷᠤᠮᠠᠯᠯᠠᠨ ᠲᠠᠷᠬᠠᠭᠠᠵᠤ᠂ ᠵᠠᠰᠠᠭ᠎ᠤᠨ ᠣᠷᠳᠣᠨ᠎ᠤ ᠳ᠋ᠠᠢᠲ᠋ᠠ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠨ ᠨᠡᠭᠡᠭᠡᠯᠲᠡ᠎ᠲᠡᠶ ᠪᠠᠢᠯᠭᠠᠬᠤ᠂ ᠤᠯᠤᠰ᠎ᠤᠨ ᠲᠣᠮᠣ ᠳ᠋ᠠᠢᠲ᠋ᠠ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠬᠥᠭ᠌ᠵᠢᠭᠦᠯᠬᠦ᠌᠂ ᠲᠣᠮᠣ ᠳ᠋ᠠᠢᠲ᠋ᠠ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ ᠵᠢᠴᠢ ᠦᠶ᠋ᠯᠡᠳᠬᠦᠨ᠎ᠢ ᠰᠤᠳᠤᠯᠤᠨ ᠨᠡᠭᠡᠭᠡᠬᠦ᠌ ᠪᠠ ᠠᠵᠤ ᠦᠢᠯᠡᠰᠵᠢᠭᠦᠯᠬᠦ᠌ ᠂ ᠲᠣᠮᠣ ᠳ᠋ᠠᠢᠲ᠋ᠠ᠎ᠶ᠋ᠢᠨ ᠠᠵᠤ ᠦᠶ᠋ᠯᠡᠰ᠎ᠦᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠰᠦᠯᠵᠢᠶ᠎ᠡ ᠪᠠ ᠲᠣᠮᠣ ᠳ᠋ᠠᠢᠲ᠋ᠠ᠎ᠶ᠋ᠢᠨ ᠠᠮᠤᠷ ᠲᠦᠪᠱᠢᠨ᠎ᠦ ᠪᠠᠲᠤᠯᠠᠭ᠎ᠠ᠂ ᠵᠠᠰᠠᠭ᠎ᠤᠨ ᠣᠷᠳᠣᠨ᠎ᠤ ᠵᠠᠰᠠᠯᠲᠠ᠂ ᠣᠯᠠᠨ ᠨᠡᠢᠲᠡ᠎ᠶ᠋ᠢᠨ ᠦᠶ᠋ᠯᠡᠴᠢᠯᠡᠭᠡ᠂ ᠠᠵᠤ ᠦᠶ᠋ᠯᠡᠳᠪᠦᠷᠢ ᠪᠠ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ᠂ ᠣᠲᠣ ᠦᠶ᠎ᠡ᠎ᠶ᠋ᠢᠨ ᠲᠠᠷᠢᠶᠠᠯᠠᠩ᠂ ᠲᠦᠮᠡᠨ ᠣᠯᠠᠨ᠎ᠢᠶᠠᠷ᠎ᠢᠶᠠᠨ ᠱᠢᠨ᠎ᠡ᠎ᠶ᠋ᠢ ᠡᠭᠦᠳᠬᠦ᠌ ᠵᠡᠷᠭᠡ 10 ᠲᠣᠮᠣ ᠳ᠋ᠠᠢᠲ᠋ᠠ᠎ᠶ᠋ᠢᠨ ᠢᠨᠵᠧᠨᠧᠷᠢᠩ᠎ᠢ ᠪᠠᠢᠭᠤᠯᠵᠤ᠂ ᠳ᠋ᠠᠢᠲ᠋ᠠ᠎ᠶ᠋ᠢᠨ ᠬᠦᠴᠦᠷᠬᠡᠭ ᠤᠯᠤᠰ᠎ᠢ ᠲᠦᠷᠭᠡᠪᠴᠢᠯᠡᠨ ᠪᠥᠲᠥᠭᠡᠨ ᠪᠠᠢᠭᠤᠯᠤᠨ᠎ᠠ ᠭᠡᠵᠦ᠍ ᠳᠤᠷᠠᠳᠤᠨ ᠭᠠᠷᠭᠠᠪᠠ᠃

2016 ᠣᠨ᠎ᠤ 3 ᠰᠠᠷ᠎ᠠ᠎ᠳᠤ᠂ 《ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠭᠤᠷᠪᠠᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ》ᠳ᠋ᠤ ᠂ ᠤᠯᠤᠰ᠎ᠤᠨ ᠳᠤᠮᠤ ᠳ᠋ᠠᠢᠲ᠋ᠠ᠎ᠶ᠋ᠢᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠵᠦ᠍᠂ ᠳᠤᠮᠤ ᠳ᠋ᠠᠢᠲ᠋ᠠ᠎ᠪᠠᠷ ᠰᠠᠭᠤᠷᠢ ᠴᠢᠨᠠᠷᠲᠠᠢ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ ᠪᠣᠯᠭᠠᠵᠤ᠂ ᠳᠤᠮᠤ ᠳ᠋ᠠᠢᠲ᠋ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠳ᠋ᠠᠢᠲ᠋ᠠ᠎ᠶ᠋ᠢᠨ ᠡᠬᠢ ᠪᠠᠶᠠᠯᠢᠭ᠎ᠢ ᠬᠠᠮᠲᠤᠪᠠᠷ ᠡᠳ᠋ᠯᠡᠵᠦ᠍ ᠨᠡᠬᠡᠬᠡᠯᠳᠡ ᠬᠢᠬᠦ᠌ ᠪᠠ ᠨᠡᠭᠡᠭᠡᠨ ᠬᠥᠭ᠌ᠵᠢᠭᠦᠯᠵᠦ᠍ ᠬᠡᠷᠡᠭ᠌ᠯᠡᠬᠦ᠌᠎ᠶ᠋ᠢ ᠲᠦᠷᠭᠡᠳᠭᠡᠨ ᠠᠬᠢᠭᠤᠯᠵᠤ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌ ᠪᠠ ᠨᠡᠢᠭᠡᠮ᠎ᠦᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠳᠦ ᠬᠦᠴᠦᠨ ᠨᠡᠮᠡᠷᠢᠯᠡᠨ᠎ᠡ ᠭᠡᠵᠦ᠍ ᠳᠤᠷᠠᠳᠴᠠᠢ᠃


2.jpg


ᠠᠴᠢ ᠬᠤᠯᠪᠤᠭᠳᠠᠯ᠄

ᠲᠣᠮᠣ ᠳ᠋ᠠᠢᠲ᠋ᠠ᠎ᠶ᠋ᠢᠨ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠪᠤᠯ ᠮᠤᠨᠳᠠᠭ ᠶᠡᠬᠡ᠂ ᠤᠳᠭ᠎ᠠ ᠠᠭᠤᠯᠭ᠎ᠠ ᠪᠦᠬᠦᠢ ᠲᠣᠭ᠎ᠠ ᠪᠠᠷᠢᠮᠲᠠ᠎ᠶ᠋ᠢ ᠲᠤᠰᠭᠠᠢᠵᠢᠭᠤᠯᠤᠨ ᠱᠢᠶ᠋ᠳᠪᠦᠷᠢᠯᠡᠬᠦ᠌᠎ᠳᠦ ᠪᠠᠢᠨ᠎ᠠ᠃ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠢᠳ ᠯᠢ ᠺᠧ ᠴᠢᠶᠠᠩ 2016 ᠣᠨ᠎ᠤ 5 ᠰᠠᠷ᠎ᠠ᠎ᠶ᠋ᠢᠨ 25᠎ᠤ ᠡᠳᠦᠷ ᠳᠤᠮᠳᠠᠳᠤ ᠤᠯᠤᠰ᠎ᠤᠨ ᠲᠣᠮᠣ ᠳ᠋ᠠᠢᠲ᠋ᠠ᠎ᠶ᠋ᠢᠨ ᠠᠵᠤ ᠦᠶ᠋ᠯᠡᠰ᠎ᠦᠨ ᠲᠦᠷᠦᠭᠦᠴᠦᠳ᠎ᠦᠨ ᠬᠤᠷᠠᠯ ᠵᠢᠴᠢ ᠳᠤᠮᠳᠠᠳᠤ ᠤᠯᠤᠰ᠎ᠤᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠦᠷᠦᠭᠦᠴᠦᠳ᠎ᠦᠨ ᠬᠤᠷᠠᠯ᠎ᠳᠤ ᠣᠷᠣᠯᠴᠠᠬᠤ᠎ᠳᠠᠭᠠᠨ᠄ 《ᠪᠢᠳᠡ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠪᠠᠷᠢᠮᠲᠠᠯᠠᠵᠤ᠂ ᠰᠦᠯᠵᠢᠶᠡᠨ᠎ᠦ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠂ ᠤᠯᠤᠰ᠎ᠤᠨ ᠲᠣᠮᠣ ᠳ᠋ᠠᠢᠲ᠋ᠠ᠎ᠶ᠋ᠢᠨ ᠪᠠᠢᠯᠳᠤᠬᠤ ᠪᠣᠳᠣᠯᠭ᠎ᠠ ᠂ 〈ᠢᠨᠲ᠋ᠸᠷ ᠰᠦᠯᠵᠢᠶ᠎ᠡ +〉ᠠᠵᠢᠯᠯᠠᠭᠠᠨ᠎ᠤ ᠲᠥᠯᠥᠪᠯᠡᠭᠡ᠂ 〈ᠳᠤᠮᠳᠠᠳᠤ ᠤᠯᠤᠰ᠎ᠤᠨ ᠦᠶ᠋ᠯᠡᠳᠬᠦ᠌ ᠦᠶ᠋ᠯᠡᠰ 2025〉 ᠵᠡᠷᠭᠡ᠎ᠶ᠋ᠢ ᠲᠣᠭ᠍ᠲᠠᠭᠠᠨ ᠬᠡᠷᠡᠭ᠌ᠵᠢᠭᠦᠯᠵᠦ᠍᠂ ᠠᠯᠢ ᠣᠯᠠᠨ ᠴᠢᠬᠤᠯᠠ ᠶᠡᠬᠡ ᠠᠷᠭ᠎ᠠ ᠬᠡᠮᠵᠢᠶ᠎ᠡ ᠨᠡᠢᠲᠡᠯᠡᠭᠰᠡᠨ ᠡᠴᠡ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠪᠠ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠳᠠᠪᠠᠭᠤᠯᠢᠭ᠎ᠢ ᠨᠠᠩ ᠰᠠᠢᠲᠤᠷ ᠪᠠᠳᠠᠷᠠᠭᠤᠯᠬᠤ ᠲᠠᠯ᠎ᠠ᠎ᠶᠢᠨ ᠦᠢᠯᠡᠳᠦᠯ ᠶᠠᠭ ᠢᠯᠡᠳᠳᠡ ᠪᠤᠯᠵᠦ ᠪᠤᠢ᠃ ᠲᠤᠮᠤ ᠳ᠋ᠠᠢᠲ᠋ᠠ᠎ᠪᠠᠷ ᠲᠥᠯᠥᠭᠡᠯᠡᠭᠦᠯᠦᠭ᠌ᠰᠡᠨ ᠱᠢᠨ᠎ᠡ᠎ᠶ᠋ᠢ ᠡᠭᠦᠳᠬᠦ᠌ ᠤᠬᠠᠮᠰᠠᠷ ᠪᠣᠯᠤᠨ ᠤᠯᠠᠮᠵᠢᠯᠠᠯᠲᠤ ᠠᠵᠤ ᠦᠢᠯᠡᠰ᠎ᠦᠨ ᠤᠷᠳᠤ ᠬᠤᠭᠤᠴᠠᠭ᠎ᠠ᠎ᠪᠠᠷ ᠪᠤᠢ ᠪᠣᠯᠭᠠᠭ᠍ᠰᠠᠨ ᠤᠷᠠᠨ ᠲᠠᠷᠬᠠᠨ᠎ᠤ ᠵᠣᠷᠢᠭ ᠰᠠᠨᠠᠭ᠎ᠠ᠎ᠶ᠋ᠢ ᠤᠶᠠᠯᠳᠤᠭᠤᠯᠵᠤ᠂ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢᠨ ᠬᠠᠮᠲᠤ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠲᠡᠰ ᠳᠡᠪᠱᠢᠭᠦᠯᠬᠦ᠌᠎ᠶ᠋ᠢ ᠲᠠᠢ᠌ᠴᠢᠯᠠᠵᠤ᠂ ᠬᠡᠢᠰᠪᠦᠷᠢ ᠶᠢᠷᠲᠢᠨᠴᠦ᠍ ᠪᠣᠯᠤᠨ ᠪᠣᠳᠠᠲᠤ ᠳᠡᠯᠡᠬᠡᠢ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠬᠦᠴᠦᠲᠡᠢ ᠠᠬᠢᠭᠤᠯᠵᠤ᠂ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ 〈 ᠬᠣᠣᠰ ᠬᠥᠳᠡᠯᠭᠡᠭᠦᠷ 〉 ᠎ᠢ ᠴᠣᠭ᠍ᠴᠠᠯᠠᠨ᠎ᠠ》 ᠬᠡᠵᠦ ᠵᠢᠭᠠᠵᠦ ᠭᠠᠷᠭᠠᠪᠠ᠃

ᠶᠡᠷᠦᠩᠬᠡᠢ ᠱᠦᠵᠢ ᠰᠢ᠎ᠶ᠋ᠢᠨ ᠫᠢᠩ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠭᠡᠯ᠎ᠳᠦ᠂ 《ᠢᠨᠲ᠋ᠸᠷ ᠰᠦᠯᠵᠢ᠎ᠡ᠂ ᠲᠤᠮᠤ ᠳ᠋ᠠᠢᠲ᠋ᠠ ᠂ ᠵᠣᠬᠢᠶᠠᠮᠠᠯ ᠤᠶᠤᠨ ᠴᠢᠳᠠᠪᠤᠷᠢ ᠪᠣᠯᠤᠨ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠳᠤᠮᠳᠠ ᠳᠡᠭᠡᠳᠦ ᠲᠡᠰ᠎ᠤᠨ ᠬᠡᠷᠡᠭ᠌ᠯᠡᠭᠡ᠂ ᠱᠢᠨ᠎ᠡ᠎ᠶ᠋ᠢ ᠡᠭᠦᠳᠬᠦ᠌᠎ᠪᠡᠷ ᠬᠦᠳᠦᠯᠥᠨ ᠳᠠᠭᠠᠭᠤᠯᠬᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ᠂ ᠬᠠᠮᠲᠤ᠎ᠪᠠᠷ ᠡᠳ᠋ᠯᠡᠬᠦ᠌ ᠠᠵᠤ ᠠᠬᠤᠢ᠂ ᠤᠳᠤ ᠦᠶ᠎ᠡ᠎ᠶ᠋ᠢᠨ ᠬᠠᠩᠭᠠᠯᠭ᠎ᠠ᠎ᠶ᠋ᠢᠨ ᠬᠡᠯᠬᠢᠶ᠎ᠠ᠂ ᠬᠥᠮᠦᠨ᠎ᠦ ᠬᠦᠴᠦᠨ᠎ᠦ ᠬᠦᠷᠦᠩᠭᠡ᠎ᠶ᠋ᠢᠨ ᠦᠢᠯᠡᠴᠢᠯᠡᠭᠡ ᠵᠡᠷᠭᠡ ᠬᠦᠷᠢᠶᠡᠨ᠎ᠳᠦ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠵᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠦᠷᠢᠯᠳᠦᠭᠦᠯᠬᠦ᠌ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠃

                 ᠡᠮᠬᠢᠯᠡᠭᠴᠢ᠄ ᠯᠢᠤ ᠯᠠᠨ ᠯᠠᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠣᠣ ᠮᠧᠢ ᠷᠥᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号