ᠡᠷᠳᠡᠮ᠎ᠦᠨ ᠴᠣᠯᠠ
2022-01-06 09:53:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠬᠢᠳᠠᠳ ᠨᠡᠷ᠎ᠡ᠄ 学位

ᠠᠡᠭᠭᠯᠢ ᠨᠡᠷ᠎ᠡ᠄ Degrees, Academic Degrees

ᠡᠷᠳᠡᠮ᠎ᠦᠨ ᠴᠣᠯᠠ ᠪᠣᠯ ᠬᠦᠷᠳᠡᠭ᠌ᠰᠡᠳ᠎ᠦᠨ ᠰᠤᠷᠭᠠᠨ ᠬᠥᠮᠦᠵᠢᠯ ᠬᠦᠷᠳᠡᠭ᠌ᠰᠡᠠ ᠬᠢᠷᠢ ᠬᠡᠮᠵᠢᠶ᠎ᠠ ᠪᠠ ᠡᠷᠳᠡᠮ ᠱᠢᠨᠵᠢᠯᠡᠭᠡᠨ᠎ᠦ ᠬᠢᠷᠢ ᠬᠡᠮᠵᠢᠶ᠎ᠠ ᠨᠢ ᠲᠣᠭ᠍ᠲᠠᠭ᠍ᠰᠠᠨ ᠪᠠᠷᠢᠮᠵᠢᠶ᠎ᠠ᠎ᠳᠤ ᠬᠦᠷᠦᠭ᠌ᠰᠡᠠ᠎ᠦ ᠪᠡᠯᠭᠡ ᠲᠡᠮᠳᠡᠭ ᠮᠥᠨ᠃ ᠮᠠᠨ᠎ᠤ ᠤᠯᠤᠰ᠎ᠤᠨ ᠡᠷᠳᠡᠮ᠎ᠦᠨ ᠴᠣᠯᠠ᠎ᠶ᠋ᠢ ᠤᠶᠤᠳᠠᠨ(学士)᠂ ᠮᠠᠰᠲ᠋ᠧᠷ (硕士) ᠂ ᠳ᠋ᠣᠺᠲ᠋ᠣᠷ (博士) ᠭᠡᠵᠦ᠍ ᠭᠤᠷᠪᠠᠨ ᠳᠡᠰ ᠬᠤᠪᠢᠶᠠᠨ᠎ᠠ᠃ 《 ᠫᠤᠰᠲ ᠳ᠋ᠣᠺᠲ᠋ᠣᠷ》ᠨᠢ ᠡᠷᠳᠡᠮ᠎ᠦᠨ ᠴᠣᠯᠠ ᠪᠢᠰᠢ᠂ ᠬᠠᠷᠢᠨ ᠫᠤᠰᠲ ᠳ᠋ᠣᠺᠲ᠋ᠣᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠯᠵᠢᠮᠡᠯ ᠥᠷᠲᠡᠭᠡ᠎ᠳᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ ᠬᠢᠬᠦ᠌᠎ᠪᠡᠷ ᠵᠥᠪᠱᠢᠶᠡᠷᠡᠭ᠌ᠳᠡᠭ᠌ᠰᠡᠨ ᠳ᠋ᠣᠺᠲ᠋ᠣᠷ ᠴᠣᠯᠠ ᠬᠦᠷᠲᠡᠭ᠌ᠴᠢ᠎ᠶ᠋ᠢ ᠵᠢᠭᠠᠵᠤ ᠪᠠᠢᠨ᠎ᠠ᠃

ᠤᠶᠤᠳᠠᠨ ᠴᠣᠯᠠ᠎ᠶ᠋ᠢ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠠᠴᠠ ᠡᠷᠬᠡ ᠣᠯᠭᠣᠭ᠍ᠰᠠᠨ ᠳᠡᠭᠡᠳᠦ ᠵᠡᠷᠭᠡ᠎ᠶ᠋ᠢᠨ ᠰᠤᠷᠭᠠᠭᠤᠯᠢ ᠡᠴᠡ ᠣᠯᠭᠣᠨ᠎ᠠ᠂ ᠮᠠᠰᠲ᠋ᠧᠷ ᠴᠣᠯᠠ᠎ᠶ᠋ᠢ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠠᠴᠠ ᠡᠷᠭᠡ ᠣᠯᠭᠣᠭ᠍ᠰᠠᠨ ᠳᠡᠭᠡᠳᠦ ᠵᠡᠷᠭᠡ᠎ᠶ᠋ᠢᠨ ᠰᠤᠷᠭᠠᠭᠤᠯᠢ ᠪᠠ ᠡᠷᠳᠡᠮ ᠱᠢᠨᠵᠢᠯᠡᠭᠡᠨ᠎ᠦ ᠪᠠᠢᠭᠤᠯᠤᠮᠵᠢ᠎ᠠᠴᠠ ᠣᠯᠭᠣᠨ᠎ᠠ᠃ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠵᠢᠩᠬᠢᠨᠢ ᠠᠡᠭ᠌ᠬᠢ᠎ᠠᠴᠠ ᠲᠡᠭᠦᠰᠦᠭ᠌ᠰᠡᠨ ᠰᠤᠷᠦᠬ᠍ᠴᠢ᠎ᠶ᠋ᠢᠨ ᠬᠢᠷᠢ ᠪᠦᠲᠦᠮᠵᠢ ᠨᠢ ᠰᠡᠢ᠌ᠠ᠂ ᠲᠣᠭ᠍ᠲᠠᠭ᠍ᠰᠠᠨ ᠡᠷᠳᠡᠮ ᠱᠢᠨᠵᠢᠯᠡᠭᠡᠨ᠎ᠦ ᠬᠢᠷᠢ ᠬᠡᠮᠵᠢᠶᠡᠨ᠎ᠳᠦ ᠬᠦᠷᠦᠭ᠌ᠰᠡᠳ᠎ᠲᠦ ᠤᠶᠤᠳᠠᠨ ᠴᠣᠯᠠ ᠣᠯᠭᠣᠳᠠᠬ᠃ ᠳᠡᠭᠡᠳᠦ ᠵᠡᠷᠭᠡ᠎ᠶ᠋ᠢᠨ ᠰᠤᠷᠭᠠᠭᠤᠯᠢ ᠪᠠ ᠡᠷᠳᠡᠮ ᠱᠢᠨᠵᠢᠯᠡᠭᠡᠨ᠎ᠦ ᠪᠠᠢᠭᠤᠯᠤᠮᠵᠢ᠎ᠶ᠋ᠢᠨ ᠰᠤᠳᠤᠯᠬᠤ ᠰᠤᠷᠤᠬᠴᠢ᠂ ᠡᠰᠡᠭᠦᠯ᠎ᠠ ᠰᠤᠳᠤᠯᠬᠤ ᠰᠤᠷᠤᠬᠴᠢ ᠲᠠᠢ ᠠᠳᠠᠯᠢᠬᠠᠨ ᠰᠤᠷᠤᠯᠭ᠎ᠠ ᠵᠢᠨ ᠨᠠᠮᠳᠠᠷ ᠲᠠᠢ ᠬᠥᠮᠦᠰ᠂ ᠮᠠᠰᠲ᠋ᠧᠷ ( ᠳ᠋ᠣᠺᠲ᠋ᠣᠷ) ᠴᠣᠯᠠ ᠬᠠᠮᠠᠭᠠᠯᠠᠬᠤ ᠬᠢᠴᠢᠶᠡᠯ᠎ᠦᠨ ᠱᠢᠯᠭᠠᠯᠲᠠ ᠪᠠ ᠥᠭᠦᠯᠡᠯ᠎ᠦᠨ ᠨᠣᠮ ᠬᠠᠶᠠᠯᠴᠠᠭ᠎ᠠ᠎ᠳᠤ ᠬᠢᠷᠢ ᠲᠡᠩᠴᠡᠭ᠌ᠰᠡᠨ ᠪᠥᠭᠡᠳ ᠲᠣᠭ᠍ᠲᠠᠭ᠍ᠰᠠᠨ ᠡᠷᠳᠡᠮ ᠱᠢᠨᠵᠢᠯᠡᠭᠡᠨ᠎ᠦ ᠬᠢᠷᠢ ᠬᠡᠮᠵᠢᠶᠡᠨ᠎ᠳᠦ ᠬᠦᠷᠦᠭ᠌ᠰᠡᠨ ᠪᠤᠯ ᠮᠠᠰᠲ᠋ᠧᠷ ( ᠳ᠋ᠣᠺᠲ᠋ᠣᠷ ) ᠴᠣᠯᠠ ᠣᠯᠭᠣᠨ᠎ᠠ᠃ ᠡᠷᠳᠡᠮ᠎ᠦᠨ ᠴᠣᠯᠠ ᠣᠯᠭᠣᠬᠤ ᠳᠡᠭᠡᠳᠦ ᠵᠡᠷᠭᠡ᠎ᠶ᠋ᠢᠨ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠡᠷᠳᠡᠮ᠎ᠦᠨ ᠴᠣᠯᠠ ᠱᠢᠯᠭᠠᠨ ᠲᠣᠭ᠍ᠲᠠᠭᠠᠬᠤ ᠺᠣᠮᠢᠰ᠎ᠠᠴᠠ ᠡᠷᠳᠡᠮ᠎ᠦᠨ ᠴᠣᠯᠠ ᠣᠯᠭᠣᠬᠤ ᠱᠢᠢᠳᠪᠦᠷᠢ ᠭᠠᠷᠭᠠᠭ᠍ᠰᠠᠨ᠎ᠤ ᠳᠠᠷᠠᠭ᠎ᠠ ᠡᠷᠳᠡᠮ᠎ᠦᠨ ᠴᠣᠯᠠ ᠣᠯᠤᠭ᠍ᠰᠠᠳ᠎ᠲᠤ ᠬᠠᠷᠠᠭᠠᠯᠵᠠᠬᠰᠠᠨ ᠡᠷᠳᠡᠮ᠎ᠦᠨ ᠴᠣᠯᠠ᠎ᠶ᠋ᠢᠨ ᠦᠨᠡᠮᠯᠡᠯ᠎ᠢ ᠣᠯᠭᠣᠨ᠎ᠠ᠃ ᠡᠬᠦᠨ ᠳ᠋ᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠭᠠᠷᠮᠠᠭᠠᠢ ᠡᠷᠳᠡᠮᠲᠡᠨ ᠪᠤᠶᠤ ᠨᠡᠢᠭᠡᠮ᠎ᠦᠨ ᠠᠯᠳᠠᠷᠲᠤ ᠵᠢᠳᠬᠦᠯᠲᠡᠨ᠎ᠲᠤ ᠡᠷᠳᠡᠮ᠎ᠦᠨ ᠴᠣᠯᠠ ᠣᠯᠭᠣᠬᠤ ᠨᠢᠭᠡᠴᠢ᠎ᠡᠴᠡ ᠨᠡᠷ᠎ᠡ ᠳᠤᠷᠠᠳᠴᠤ᠌᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠡᠷᠳᠡᠮ᠎ᠦᠨ ᠴᠣᠯᠠ᠎ᠶ᠋ᠢᠨ ᠵᠥᠪᠯᠡᠯ᠎ᠢᠶᠡᠷ ᠵᠥᠪᠱᠢᠶᠡᠷᠡᠭᠦᠯᠦᠭᠡᠳ᠂ ᠨᠡᠷ᠎ᠡ ᠬᠦᠨᠳᠦᠲᠦ ᠳ᠋ᠣᠺᠲ᠋ᠣᠷ᠎ᠤᠨ ᠴᠣᠯᠠ ᠣᠯᠭᠣᠵᠤ ᠪᠣᠯᠳᠠᠭ᠃

ᠡᠷᠳᠡᠮ᠎ᠦᠨ ᠴᠣᠯᠠ᠎ᠶ᠋ᠢᠨ ᠲᠦᠷᠦᠯ ᠢᠯᠭᠠᠯ

ᠡᠷᠳᠡᠮ᠎ᠦᠨ ᠴᠣᠯᠠ᠎ᠶ᠋ᠢ ᠤᠶᠤᠳᠠᠨ᠂ ᠮᠠᠰᠲ᠋ᠧᠷ᠂ ᠳ᠋ᠣᠺᠲ᠋ᠣᠷ ᠭᠡᠵᠦ᠍ ᠭᠤᠷᠪᠠᠨ ᠳᠡᠰ ᠬᠤᠪᠢᠶᠠᠨ᠎ᠠ᠃

ᠡᠷᠳᠡᠮ᠎ᠦᠨ ᠴᠣᠯᠠ ᠪᠠ ᠰᠤᠷᠤᠯᠭ᠎ᠠ᠎ᠶ᠋ᠢᠨ ᠨᠠᠮᠲᠠᠷ᠎ᠤᠨ ᠢᠯᠭᠠᠭ᠎ᠠ

ᠡᠷᠳᠡᠮ᠎ᠦᠨ ᠴᠣᠯᠠ ᠨᠢ ᠰᠤᠷᠤᠯᠭ᠎ᠠ᠎ᠶ᠋ᠢᠨ ᠨᠠᠮᠲᠠᠷ᠎ᠲᠠᠶ ᠠᠳᠠᠯᠢ ᠦᠭᠡᠢ᠂ ᠡᠷᠳᠡᠮ᠎ᠦᠨ ᠴᠣᠯᠠ᠎ᠶ᠋ᠢᠨ ᠦᠨᠡᠮᠯᠡᠯ ᠣᠯᠤᠭ᠍ᠰᠠᠨ ᠪᠣᠯᠪᠠᠴᠤ᠌ ᠰᠤᠷᠤᠯᠭ᠎ᠠ᠎ᠶ᠋ᠢᠨ ᠨᠠᠮᠲᠠᠷ᠎ᠤᠨ ᠦᠨᠡᠮᠯᠡᠯ ᠣᠯᠤᠭ᠍ᠰᠠᠨ ᠦᠭᠡᠢ ᠬᠥᠮᠦᠨ ᠮᠥᠨ ᠯᠡ ᠤᠤᠯ᠎ᠤᠨ ᠰᠤᠷᠤᠯᠭ᠎ᠠ᠎ᠶ᠋ᠢᠨ ᠨᠠᠮᠲᠠᠷ᠎ᠲᠠᠶ᠃ ᠣᠳᠣᠬᠠᠨ᠎ᠳᠤ ᠡᠷᠳᠡᠮ᠎ᠦᠨ ᠴᠣᠯᠠ ᠪᠠ ᠰᠤᠷᠤᠯᠭ᠎ᠠ᠎ᠶ᠋ᠢᠨ ᠨᠠᠮᠲᠠᠷ᠎ᠢ ᠬᠤᠳᠭᠤᠯᠳᠤᠭᠤᠯᠬᠤ ᠦᠵᠡᠭ᠌ᠳᠡᠯ ᠦᠷᠭᠦᠯᠵᠢ ᠭᠠᠷᠴᠤ᠌ ᠪᠠᠢᠨ᠎ᠠ᠂ ᠵᠢᠱ᠌ᠢᠶᠡᠯᠡᠪᠡᠯ ᠵᠠᠷᠢᠮ ᠬᠥᠮᠦᠨ᠎ᠵᠢᠩᠬᠢᠨᠢ ᠠᠩᠭᠢ᠎ᠠᠴᠠ ᠲᠡᠭᠦᠰᠴᠦ᠂ ᠬᠣᠵᠢᠮ ᠨᠢ ᠠᠵᠢᠯ᠎ᠤᠨ ᠪᠠᠢᠷᠢ᠎ᠳᠤ ᠪᠠᠢᠭ᠎ᠠ ᠬᠥᠮᠦᠨ᠎ᠦ ᠡᠷᠳᠡᠮ᠎ᠦᠨ ᠴᠣᠯᠠ ᠭᠤᠶᠤᠴᠢᠯᠠᠬᠤ᠎ᠪᠠᠷ ᠳᠡᠮᠵᠢᠨ ᠳ᠋ᠣᠺᠲ᠋ᠣᠷ ᠴᠣᠯᠠ ᠬᠠᠮᠠᠭᠠᠯᠠᠵᠠᠶ᠂ ᠡᠨᠡ ᠦᠶ᠎ᠡ᠎ᠳᠦ ᠰᠤᠷᠤᠯᠭ᠎ᠠ᠎ᠶ᠋ᠢᠨ ᠨᠠᠮᠲᠠᠷ ᠨᠢ ᠮᠥᠨ ᠯᠡ ᠵᠢᠩᠬᠢᠨᠢ ᠠᠩᠭᠢ ᠪᠠᠢᠵᠤ᠂ ᠬᠠᠷᠢᠨ 《ᠳ᠋ᠣᠺᠲ᠋ᠣᠷ᠎ᠤᠨ ᠰᠤᠷᠤᠯᠭ᠎ᠠ᠎ᠶ᠋ᠢᠨ ᠨᠠᠮᠲᠠᠷ》 ᠣᠯᠤᠭ᠍ᠰᠠᠨ ᠭᠡᠵᠦ᠍ ᠬᠡᠯᠡᠵᠦ᠍ ᠪᠣᠯᠬᠤ ᠥᠬᠡᠶ ᠃

ᠡᠷᠳᠡᠮ᠎ᠦᠨ ᠴᠣᠯᠠ ᠬᠠᠮᠠᠭᠠᠯᠠᠬᠤ ᠲᠦᠷᠢᠮ

ᠣᠲᠣ ᠦᠶ᠎ᠡ᠎ᠶ᠋ᠢᠨ ᠳᠡᠯᠡᠬᠡᠶ᠎ᠶ᠋ᠢᠨ ᠡᠯ᠎ᠡ ᠤᠯᠤᠰ ᠪᠠ ᠭᠠᠵᠠᠷ ᠣᠷᠣᠨ᠎ᠤ ᠡᠷᠳᠡᠮ᠎ᠦᠨ ᠴᠣᠯᠠ ᠬᠠᠮᠠᠭᠠᠯᠠᠬᠤ ᠲᠦᠷᠢᠮ ᠨᠢ ᠠᠳᠠᠯᠢ ᠪᠤᠰᠤ ᠪᠠᠢᠳᠠᠭ᠂ ᠲᠡᠷᠤᠢ 3 — 4᠂ ᠴᠠᠭᠠᠰᠢᠯᠠᠪᠠᠯ 5 ᠳᠡᠰ᠎ᠤᠨ ᠡᠷᠳᠡᠮ᠎ᠤᠨ ᠴᠤᠯᠡ ᠴᠸ᠋ ᠪᠠᠢᠳᠠᠬ᠂ ᠭᠡᠪᠡᠴᠦ᠍ ᠳᠡᠰ ᠨᠢᠭᠡᠪᠦᠷᠢ᠎ᠶ᠋ᠢᠨ ᠬᠤᠪᠢᠶᠠᠷᠢᠯᠠᠯ᠎ᠳᠤ ᠯᠠᠪ ᠤᠶᠤᠳᠠᠨ᠂ ᠮᠠᠰᠲ᠋ᠧᠷ᠂ ᠳ᠋ᠣᠺᠲ᠋ᠣᠷ ᠭᠡᠬᠦ᠌ ᠭᠤᠷᠪᠠᠨ ᠳᠡᠰ ᠪᠠᠢᠵᠤ᠂ ᠵᠠᠷᠢᠮ ᠤᠯᠤᠰ ᠪᠤᠶᠤ ᠭᠠᠵᠠᠷ ᠣᠷᠣᠨ᠎ᠳᠤ ᠪᠠᠰᠠ ᠳᠡᠳ᠋ ᠣᠶᠤᠲᠠᠨ᠂ ᠳᠡᠳ᠋ ᠳ᠋ᠣᠺᠲ᠋ᠣᠷ ᠭᠡᠬᠦ᠌ ᠵᠡᠷᠭᠡ ᠳᠡᠰ ᠪᠠᠢᠳᠠᠭ᠃ ᠵᠠᠷᠢᠮ ᠤᠯᠤᠰ ᠪᠠ ᠭᠠᠵᠠᠷ ᠣᠷᠣᠨ᠎ᠤ ᠡᠷᠳᠡᠮ᠎ᠦᠨ ᠴᠣᠯᠠ᠎ᠶ᠋ᠢᠨ ᠲᠣᠬᠢᠷᠠᠭᠤᠯᠤᠯᠲᠠ ᠨᠢ ᠲᠣᠰ ᠭᠠᠵᠠᠷ᠎ᠤᠨ ᠥᠪᠡᠷᠮᠢᠴᠡ ᠣᠨᠴᠠᠯᠢᠭ᠎ᠲᠠᠶ᠃

ᠡᠷᠳᠡᠮ᠎ᠦᠨ ᠴᠣᠯᠠ᠎ᠶ᠋ᠢᠨ ᠢᠷᠡᠯ ᠲᠡᠤᠬᠡ

ᠳᠤᠮᠳᠠᠳᠤ ᠤᠯᠤᠰ᠎ᠤᠨ ᠡᠷᠳᠡᠮ᠎ᠦᠨ ᠴᠣᠯᠠ ᠬᠠᠮᠠᠭᠠᠯᠠᠬᠤ ᠲᠦᠷᠢᠮ ᠨᠢ ᠣᠷᠴᠢᠨ ᠦᠶ᠎ᠡ᠎ᠡᠴᠡ ᠰᠠᠶᠢ ᠵᠢᠨᠭᠬᠢᠨᠢ ᠪᠡᠷ ᠡᠬᠢᠯᠡᠵᠦ᠍ ᠪᠠᠢᠭᠤᠯᠤᠭ᠍ᠳᠠᠭ᠍ᠰᠠᠨ ᠶᠤᠮ᠂ ᠭᠡᠪᠡᠴᠦ᠍ ᠳᠤᠮᠳᠠᠳᠤ ᠤᠯᠤᠰ᠎ᠤᠨ ᠡᠷᠲᠡᠨ᠎ᠦ ᠱᠢᠯᠭᠠᠯᠳᠠ ᠵᠢᠨ ᠲᠦᠷᠢᠮ ᠨᠢ ᠨᠢᠭᠡᠨᠲᠡ ᠤᠳᠤ ᠦᠶ᠎ᠡ᠎ᠶ᠋ᠢᠨ ᠡᠷᠳᠡᠮ᠎ᠦᠨ ᠴᠣᠯᠠ ᠬᠠᠮᠠᠭᠠᠯᠠᠬᠤ ᠲᠦᠷᠢᠮ᠎ᠲᠡᠶ ᠠᠳᠠᠯᠢᠪᠲᠤᠷ ᠠᠭᠤᠯᠭ᠎ᠠ᠎ᠲᠠᠶ ᠪᠣᠯᠵᠠᠢ᠃

ᠰᠦᠶ ᠶᠠᠩ ᠳ᠋ᠢ ᠬᠠᠭᠠᠨ᠎ᠤ ᠭᠤᠷᠪᠠᠳᠤᠭᠠᠷ ᠤᠨ ( 607 ᠤᠨ)᠎ᠳᠤ ᠣᠷᠣᠭ᠍ᠰᠠᠳ᠎ᠤᠨ ᠱᠢᠯᠭᠠᠯᠲᠠ ᠬᠢᠵᠦ᠍᠂ ᠡᠷᠳᠡᠮᠲᠡᠨ ᠮᠡᠷᠭᠡᠳ᠎ᠢ ᠰᠣᠩᠭᠣᠨ ᠠᠪᠬᠤ ᠠᠷᠭ᠎ᠠ᠎ᠶ᠋ᠢ ᠬᠡᠷᠡᠭ᠌ᠵᠢᠭᠦᠯᠵᠡᠶ᠃

ᠲᠠᠩ ᠤᠯᠤᠰ᠎ᠤᠨ ᠱᠢᠯᠭᠠᠭᠤᠯᠢ᠎ᠶ᠋ᠢᠨ ᠳᠦᠷᠢᠮ ᠨᠢᠭᠡᠨᠲᠡ ᠨᠡᠯᠢᠶᠡᠳ ᠪᠦᠷᠢᠨ ᠲᠡᠭᠦᠯᠳᠡᠷ ᠪᠣᠯᠤᠭ᠍ᠰᠠᠨ ᠪᠥᠭᠡᠳ ᠲᠥᠷᠥᠯ ᠵᠦᠢᠯ ᠴᠦ᠍ ᠣᠯᠠᠨ ᠪᠣᠯᠵᠤ᠂ ᠡᠦ ᠽᠸ ᠲᠢᠶᠠᠨ᠎ᠤ ᠨᠣᠶᠠᠷᠬᠠᠯ᠎ᠤᠨ ᠦᠶ᠎ᠡ᠎ᠳᠦ ᠨᠢᠭᠡᠨᠲᠡ ᠬᠠᠷᠰᠢ᠎ᠶ᠋ᠢᠨ ᠱᠢᠯᠭᠠᠯᠲᠠ᠎ᠲᠠᠶ ᠪᠣᠯᠵᠠᠶ᠃

ᠰᠦᠩ ᠤᠯᠤᠰ᠎ᠤᠨ ᠦᠶ᠎ᠡ᠎ᠳᠦ ᠲᠠᠩ ᠤᠯᠤᠰ᠎ᠤᠨ ᠳᠦᠷᠢᠮ᠎ᠢ ᠶᠡᠷᠦᠡᠭᠭᠡᠢ᠎ᠳᠤᠨᠢ ᠲᠠᠭᠤᠷᠢᠶᠠᠨ ᠬᠡᠷᠡᠭ᠌ᠯᠡᠵᠦ᠍᠂ ᠬᠠᠮᠤᠭ᠎ᠤᠨ ᠣᠯᠠᠨ ᠱᠢᠯᠭᠠᠭ᠍ᠰᠠᠳ ᠨᠢ ᠣᠷᠣᠭ᠍ᠰᠠᠳ᠎ᠤᠨ ᠱᠢᠯᠭᠠᠯᠲᠠ ᠪᠣᠯᠤᠨ᠎ᠠ᠃ ᠱᠢᠯᠭᠠᠯᠲᠠ᠎ᠳᠤ ᠬᠢᠷᠢ ᠲᠡᠩᠴᠡᠭ᠌ᠰᠡᠳ᠎ᠢ 《ᠡᠷᠭᠦᠭ᠌ᠰᠡᠳ》 ᠭᠡᠵᠦ᠍᠂ ᠲᠥᠪ᠎ᠦᠨ ᠶᠣᠰᠣᠯᠠᠯ᠎ᠤᠨ ᠶᠠᠮᠤᠨ᠎ᠤ ᠱᠢᠯᠭᠠᠯᠲᠠ᠎ᠳᠤ ᠬᠢᠷᠢ ᠲᠡᠩᠴᠡᠭ᠌ᠰᠡᠳ᠎ᠢ 《ᠣᠷᠣᠭ᠍ᠰᠠᠳ》 ᠭᠡᠨ᠎ᠡ᠃

ᠮᠢᠩ ᠤᠯᠤᠰ᠎ᠤᠨ ᠱᠢᠯᠭᠠᠭᠤᠯᠢ᠎ᠶ᠋ᠢᠨ ᠳᠦᠷᠢᠮ ᠨᠢ ᠨᠡᠩ ᠴᠤ᠌ ᠪᠦᠷᠢᠨ᠎ᠲᠡᠭᠦᠯᠳᠡᠷ᠎ᠪᠠᠢᠵᠤ᠂᠎ᠮᠤᠵᠢ᠎ᠶ᠋ᠢᠨ᠎ᠱᠢᠯᠭᠠᠯᠲᠠ᠎ᠳᠤ ᠣᠷᠣᠯᠴᠠᠭ᠍ᠰᠠᠳ᠎ᠢ 《ᠡᠷᠭᠦᠭ᠌ᠰᠡᠳ》 ᠭᠡᠵᠦ᠂ ᠬᠠᠷᠰᠢ᠎ᠶ᠋ᠢᠨ ᠱᠢᠯᠭᠠᠯᠲᠠ᠎ᠳᠤ ᠣᠷᠣᠭ᠍ᠰᠠᠳ᠎ᠢ 《ᠣᠷᠣᠭ᠍ᠰᠠᠳ》 ᠭᠡᠵᠦ᠍᠂ ᠰᠢᠯᠭᠠᠯᠳᠠ ᠵᠢᠨ ᠡᠮᠤᠨ᠎ᠠ ᠭᠤᠷᠪᠠᠨ ᠨᠡᠷ᠎ᠡ ᠵᠢ ᠪᠠᠰᠠ ᠲᠤᠰᠬᠠᠢ ᠨᠡᠷᠡᠯᠡᠳᠡᠭ ᠪᠠᠢᠵᠠᠢ᠃

ᠴᠢᠩ ᠤᠯᠤᠰ᠎ᠤᠨ ᠱᠢᠯᠭᠠᠭᠤᠯᠢ᠎ᠶ᠋ᠢᠨ ᠳᠦᠷᠢᠮ ᠨᠢ ᠡᠭᠦᠨ᠎ᠲᠡᠶ ᠶᠡᠬᠡ ᠲᠥᠯᠥᠪ ᠠᠳᠠᠯᠢ ᠪᠠᠢᠳᠠᠭ᠃

ᠳᠤᠮᠳᠠᠳᠤ ᠤᠯᠤᠰ ᠥᠷᠥᠨᠡᠳᠠᠬᠢᠨ᠎ᠤ ᠡᠷᠳᠡᠮ᠎ᠦᠨ ᠴᠣᠯᠠ᠎ᠶ᠋ᠢᠨ ᠳᠦᠷᠢᠮ᠎ᠢ ᠣᠷᠣᠭᠤᠯᠤᠭ᠍ᠰᠠᠨ ᠨᠢ 20 ᠳ᠋ᠤᠭᠠᠷ ᠵᠠᠭᠤᠨ᠎ᠤ ᠭᠤᠴᠢᠭᠠᠳ ᠣᠨ᠎ᠠᠴᠠ ᠡᠬᠢᠯᠡᠵᠡᠶ᠃ 1935 ᠣᠨ᠎ᠤ 4 ᠰᠠᠷ᠎ᠠ᠎ᠳᠤ᠂ ᠲᠤᠬᠠᠶ᠎ᠶ᠋ᠢᠨ ᠦᠶ᠎ᠡ᠎ᠶ᠋ᠢᠨ ᠨᠠᠨᠵᠢᠩ᠎ᠤᠨ ᠢᠷᠭᠡᠨ᠎ᠦ ᠵᠠᠰᠠᠭ᠎ᠤᠨ ᠣᠷᠳᠣᠨ ᠠᠨᠭ᠌ᠭ᠌ᠯᠢ ᠠᠮᠧᠷᠢᠺᠠ ᠵᠡᠷᠭᠡ ᠤᠯᠤᠰ᠎ᠤᠨ ᠡᠷᠳᠡᠮ᠎ᠦᠨ ᠴᠣᠯᠠ᠎ᠶ᠋ᠢᠨ ᠳᠦᠷᠢᠮ᠎ᠢ ᠳᠠᠭᠤᠷᠢᠶᠠᠵᠤ᠂ 《ᠡᠷᠳᠡᠮ᠎ᠦᠨ ᠴᠣᠯᠠ ᠣᠯᠭᠣᠬᠤ ᠬᠠᠤᠯᠢ》ᠵᠢ ᠲᠣᠭ᠍ᠲᠠᠭᠠᠨ ᠨᠡᠢᠲᠡᠯᠡᠭ᠌ᠰᠡᠨ ᠪᠣᠯᠪᠠᠴᠤ᠌ ᠪᠦᠬᠦᠨ᠎ᠢ ᠬᠡᠷᠡᠭ᠌ᠵᠢᠭᠦᠯᠵᠦ᠍ ᠴᠢᠳᠠᠭ᠍ᠰᠠᠨ ᠦᠭᠡᠶ᠃

1949 ᠣᠨ᠎ᠳᠤ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ᠎ᠤ ᠲᠡᠷᠡᠭ᠎ᠠ᠂ ᠡᠷᠳᠡᠮ᠎ᠦᠨ ᠴᠣᠯᠠ᠎ᠶ᠋ᠢᠨ ᠲᠦᠷᠢᠮ᠎ᠢ ᠤᠷᠢᠳ ᠬᠣᠵᠢᠳ ᠭᠤᠷᠪᠠ ᠤᠳᠠᠭ᠎ᠠ ᠬᠡᠷᠡᠭ᠌ᠵᠢᠭᠦᠯᠬᠦ᠌᠎ᠪᠡᠷ ᠲᠥᠯᠥᠪᠯᠡᠵᠦ᠍ ᠪᠠᠢᠭ᠍ᠰᠠᠨ ᠪᠣᠯᠪᠠᠴᠤ᠌ ᠵᠦᠢᠯ ᠵᠦᠢᠯ᠎ᠦᠨ ᠱᠢᠯᠲᠠᠭᠠᠨ᠎ᠠᠴᠠ ᠪᠤᠯᠵᠦ᠍ ᠵᠢᠩᠬᠢᠨᠢ ᠬᠡᠷᠡᠭ᠌ᠵᠢᠭᠦᠯᠵᠦ᠍ ᠴᠢᠳᠠᠭ᠍ᠰᠠᠨ ᠤᠢ᠍ᠭᠡᠢ ᠶᠤᠮ᠃ 1980 ᠣᠨ᠎ᠤ 2 ᠰᠠᠷ᠎ᠠ᠎ᠳᠤ᠂ ᠲᠠᠪᠤᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠠᠷᠪᠠᠨ ᠭᠤᠷᠪᠠᠳᠤᠭᠠᠷ ᠬᠤᠷᠠᠯᠳᠤᠭᠠᠨ᠎ᠠᠴᠠ《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠳᠡᠮ᠎ᠦᠨ ᠴᠣᠯᠠ᠎ᠶ᠋ᠢᠨ ᠳᠦᠷᠢᠮ》᠎ᠢ ᠵᠢᠩᠬᠢᠨᠢ᠎ᠪᠡᠷ ᠪᠠᠲᠤᠯᠠᠵᠤ᠂ ᠮᠠᠨ᠎ᠤ ᠤᠯᠤᠰ ᠳᠡᠯᠡᠬᠡᠢ ᠳᠡᠭᠡᠷᠡᠬᠢ ᠣᠯᠠᠩᠬᠢ ᠤᠯᠤᠰ᠎ᠲᠤ ᠬᠡᠷᠡᠭ᠌ᠵᠢᠭᠦᠯᠵᠦ᠍ ᠪᠠᠢᠭ᠎ᠠ ᠭᠤᠷᠪᠠᠨ ᠳᠡᠰ᠎ᠤᠨ ᠡᠷᠳᠡᠮ᠎ᠦᠨ ᠴᠣᠯᠠ᠎ᠶ᠋ᠢᠨ ᠳᠦᠷᠢᠮ᠎ᠢ ᠬᠡᠷᠡᠭ᠌ᠵᠢᠭᠦᠯᠬᠦ ᠪᠥᠭᠡᠳ 1981 ᠣᠨ᠎ᠤ 1 ᠰᠠᠷ᠎ᠠ᠎ᠶ᠋ᠢᠨ1 ᠎ᠦ ᠡᠳᠦᠷ᠎ᠡᠴᠡ ᠡᠬᠢᠯᠡᠵᠦ᠍ ᠬᠡᠷᠡᠭ᠌ᠵᠢᠭᠦᠯᠦᠨ᠎ᠡ ᠭᠡᠵᠦ᠍ ᠲᠣᠳᠣᠷᠬᠠᠢ ᠲᠣᠭ᠍ᠲᠠᠭᠠᠵᠠᠢ᠃ 1982 ᠣᠨ᠎ᠤ 6 ᠰᠠᠷ᠎ᠠ᠎ᠳᠤ ᠮᠠᠨ᠎ᠤ ᠤᠯᠤᠰ᠎ᠤᠨ ᠠᠩᠬᠠᠨ᠎ᠤ ᠪᠦᠯᠦᠭ ᠳ᠋ᠣᠺᠲ᠋ᠣᠷ ᠴᠣᠯᠠᠳᠠᠨ ᠪᠤᠢ ᠪᠤᠯᠪᠠ᠃ ᠡᠨᠳᠡ ᠬᠦᠷᠦᠬᠡᠳ ᠮᠠᠨ᠎ᠤ ᠤᠯᠤᠰ᠎ᠤᠨ ᠡᠷᠳᠡᠮ᠎ᠦᠨ ᠴᠣᠯᠠ ᠬᠠᠮᠠᠭᠠᠯᠠᠬᠤ ᠳᠦᠷᠢᠮ ᠰᠠᠶᠢ ᠪᠦᠬᠦ᠌ ᠲᠠᠯ᠎ᠠ᠎ᠪᠠᠷ ᠲᠡᠭᠦᠯᠳᠡᠷᠵᠢᠨ ᠪᠣᠯᠪᠠᠰᠤᠷᠠᠬᠰᠠᠨ ᠪᠠᠢᠨ᠎ᠠ᠃

ᠡᠮᠬᠢᠯᠡᠭᠴᠢ᠄ ᠰᠢᠶᠠᠡᠭ ᠴᠦᠨ

ᠢᠷᠡᠯᠳᠡ᠄ ᠪᠠᠢ ᠳᠦ ᠪᠠᠢ ᠺᠸ ᠰᠦᠯᠵᠢᠶ᠎ᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2023 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄tn@mgyxw.net   蒙ICP备10000005号