ᠠᠨᠭ᠌ᠭ᠌ᠯᠢ
ᠨᠡᠷ᠎ᠡ᠄ College᠂
Institute
ᠪᠤᠶᠤ
Academy
ᠤᠬᠠᠬᠳᠠᠬᠤᠨ
ᠲᠡᠬᠡᠳᠦ
ᠰᠤᠷᠭᠠᠭᠤᠯᠢ ᠨᠢ ᠭᠣᠣᠯᠳᠠᠭᠤ ᠲᠦᠷᠦᠯ ᠵᠦᠢᠯ ᠴᠥᠭᠡᠨ᠂ ᠲᠤᠰᠭᠠᠢ ᠮᠡᠷᠭᠡᠵᠢᠯ᠎ᠦᠨ ᠴᠢᠨᠠᠷ᠎ᠢᠶᠠᠷ ᠴᠢᠩᠭ᠎ᠠ
ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠪᠠᠢᠭᠤᠯᠤᠮᠵᠢ᠎ᠶ᠋ᠢ ᠵᠢᠭᠠᠨ᠎ᠠ᠃
ᠳᠡᠭᠡᠳᠦ
ᠰᠤᠷᠭᠠᠭᠤᠯᠢ ᠨᠢ ᠪᠡᠶ᠎ᠡ᠎ᠪᠡᠨ ᠳᠠᠭᠠᠭᠠᠭ᠍ᠰᠠᠨ ᠰᠤᠷᠭᠠᠭᠤᠯᠢ ᠪᠠᠢᠵᠤ ᠪᠤᠯᠤᠨ᠎ᠠ᠃ ᠮᠠᠰᠢ ᠣᠯᠠᠨ ᠶᠡᠬᠡ
ᠰᠤᠷᠭᠠᠭᠤᠯᠢ ᠨᠢ ᠥᠪᠡᠷ᠎ᠦᠨ ᠬᠠᠷᠢᠶᠠᠨ᠎ᠳᠠᠬᠢ ᠬᠣᠶᠠᠳᠤᠭᠠᠷ ᠳᠡᠰ᠎ᠤᠨ ᠳᠡᠭᠡᠳᠦ ᠰᠤᠷᠭᠠᠭᠤᠯᠢ (
ᠰᠠᠯᠪᠤᠷᠢᠲᠠᠶᠪᠠᠨ ᠠᠳᠠᠯᠢ ) ᠪᠤᠶᠤ ᠡᠩ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ ᠨᠢ ᠤᠯᠤᠰ᠎ᠤᠨ
ᠪᠠᠢᠭᠤᠯᠤᠮᠵᠢ᠎ᠠᠴᠠ ᠭᠠᠳᠠᠨᠠᠬᠢ ᠨᠡᠢᠭᠡᠮ᠎ᠦᠨ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠦᠨ᠎ᠲᠡᠶ
ᠬᠠᠮᠲᠤᠷᠠᠨ ᠪᠠᠢᠭᠤᠯᠤᠭ᠍ᠰᠠᠨ ᠪᠡᠶ᠎ᠡ᠎ᠪᠡᠨ ᠳᠠᠭᠠᠭᠠᠭ᠍ᠰᠠᠨ ᠳᠡᠭᠡᠳᠦ ᠰᠤᠷᠭᠠᠭᠤᠯᠢ᠎ᠲᠠᠶ ᠪᠠᠢᠳᠠᠭ᠃ 2020
ᠣᠨ᠎ᠤ 6
ᠰᠠᠷ᠎ᠠ᠎ᠶ᠋ᠢᠨ 30 ᠤ
ᠡᠳᠦᠷ ᠪᠣᠯᠲᠠᠯ᠎ᠠ᠂ ᠪᠥᠬᠥ᠌ ᠤᠯᠤᠰ᠎ᠤᠨ ᠳᠡᠭᠡᠳᠦ ᠰᠤᠷᠭᠠᠭᠤᠯᠢ ᠨᠡᠢᠲᠡ 3005
ᠪᠣᠶ᠂ ᠡᠭᠦᠨ᠎ᠳᠦ᠄ ᠡᠩ᠎ᠦᠨ ᠳᠡᠭᠡᠳᠦ ᠰᠤᠷᠭᠠᠭᠤᠯᠢ 2740 ᠪᠠᠢᠵᠤ᠂ ᠵᠢᠩᠬᠢᠨᠢ
ᠠᠩᠭᠢ᠎ᠶ᠋ᠢᠨ ᠳᠡᠭᠡᠳᠦ ᠰᠤᠷᠭᠠᠭᠤᠯᠢ 1258᠂ ᠳᠡᠭᠡᠳᠦ ᠵᠡᠷᠭᠡ᠎ᠶ᠋ᠢᠨ
ᠠᠵᠢᠯ ᠮᠡᠷᠭᠡᠵᠢᠯ᠎ᠦᠨ ( ᠲᠤᠰᠭᠠᠶ ᠮᠡᠷᠭᠡᠵᠢᠯ᠎ᠦᠨ) ᠳᠡᠭᠡᠳᠦ ᠰᠤᠷᠭᠠᠭᠤᠯᠢ 1482᠂
ᠨᠠᠰᠤᠨ᠎ᠳᠤ ᠬᠦᠷᠦᠭ᠌ᠰᠡᠳ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ 265
ᠪᠠᠢᠨ᠎ᠠ᠃ (ᠡᠨᠳᠡ ᠱᠢᠶᠠᠩᠭᠠᠩ ᠣᠣᠮᠧᠨ ᠲᠠᠢᠸᠠᠨ ᠣᠷᠣᠨ᠎ᠤ ᠳᠡᠭᠡᠳᠦ ᠵᠡᠷᠭᠡ᠎ᠶ᠋ᠢᠨ
ᠰᠤᠷᠭᠠᠭᠤᠯᠢ᠎ᠶ᠋ᠢ ᠪᠠᠭ᠍ᠲᠠᠭᠠᠭ᠍ᠰᠠᠨ ᠦᠭᠡᠢ) ᠃
ᠤᠯᠠᠷᠢᠯ
ᠬᠦᠭᠵᠢᠯ
ᠳᠡᠭᠡᠳᠦ
ᠰᠤᠷᠭᠠᠭᠤᠯᠢ ᠭᠡᠳᠡᠭ ᠦᠭᠡ ᠬᠠᠮᠤᠭ᠎ᠤᠨ ᠡᠷᠲᠡ ᠧᠦ᠋ᠷᠣᠫᠠ ᠲᠢᠪ᠎ᠦᠨ ᠳᠤᠮᠳᠠᠳᠤ ᠵᠠᠭᠤᠨ᠎ᠤ ᠶᠡᠬᠡ
ᠰᠤᠷᠭᠠᠭᠤᠯᠢ᠎ᠳᠤ ᠢᠯᠡᠷᠡᠪᠡ᠃ ᠶᠡᠬᠡ ᠰᠤᠷᠭᠠᠭᠤᠯᠢ ᠪᠤᠢ ᠪᠣᠯᠬᠤ᠎ᠶ᠋ᠢᠨ ᠡᠬᠢᠨ᠎ᠦ ᠦᠶ᠎ᠡ᠎ᠳᠦ᠂ ᠳᠡᠭᠡᠳᠦ
ᠰᠤᠷᠭᠠᠭᠤᠯᠢ ᠨᠢ ᠤᠤᠯ ᠳ᠋ᠠᠭᠠᠨ ᠶᠡᠬᠡ ᠰᠤᠷᠭᠠᠭᠤᠯᠢ᠎ᠶ᠋ᠢᠨ ᠪᠤᠰᠤᠳ ᠤᠯᠤᠰ ᠪᠠ ᠭᠠᠵᠠᠷ ᠣᠷᠣᠨ᠎ᠠᠴᠠ
ᠢᠷᠡᠭ᠌ᠰᠡᠨ ᠶᠠᠳᠠᠭᠤ ᠬᠦᠴᠢᠷᠳᠡᠯᠲᠡᠢ ᠰᠤᠷᠤᠭ᠍ᠴᠢᠳ᠎ᠢ ᠬᠦᠯᠢᠶᠡᠨ ᠠᠪᠬᠤ ᠪᠤᠶᠤ ᠬᠠᠪᠰᠤᠷᠬᠤ᠎ᠶ᠋ᠢᠨ ᠲᠥᠯᠥᠭᠡ
ᠬᠠᠩᠭᠠᠭ᠍ᠰᠠᠨ ᠪᠠᠢᠷᠢ ᠪᠠᠢᠵᠠᠢ᠃ ᠬᠠᠮᠤᠭ᠎ᠤᠨ ᠡᠷᠲᠡ 1180 ᠣᠨ᠎ᠳᠤ
ᠪᠠᠢᠭᠤᠯᠤᠭ᠍ᠳᠠᠭ᠍ᠰᠠᠨ ᠫᠠᠷᠢᠰ ᠶᠡᠬᠡ ᠰᠤᠷᠭᠠᠭᠤᠯᠢ᠎ᠶ᠋ᠢ 18
ᠬᠥᠮᠦᠨ᠎ᠦ ᠳᠡᠭᠡᠳᠦ ᠰᠤᠷᠭᠠᠭᠤᠯᠢ ᠭᠡᠳᠡᠭ᠃ ᠲᠣᠰ ᠳᠡᠭᠡᠳᠦ ᠰᠤᠷᠭᠠᠭᠤᠯᠢ ᠨᠢ ᠲᠤᠬᠠᠶ᠎ᠶ᠋ᠢᠨ ᠦᠶ᠎ᠡ᠎ᠳᠦ
ᠹᠷᠠᠨᠼᠢ᠎ᠠᠴᠠ ᠪᠤᠰᠤᠳ ᠤᠯᠤᠰ᠎ᠤᠨ18 ᠶᠠᠳᠠᠭᠤ ᠬᠦᠴᠢᠷᠳᠡᠯᠲᠡᠶ
ᠰᠣᠷᠣᠭ᠍ᠴᠢ᠎ᠳᠤ ᠰᠦᠶ᠋ᠳᠭᠡᠯ ᠬᠤᠷᠢᠶᠠᠬᠤ ᠥᠬᠡᠶ᠎ᠪᠡᠷ ᠢᠳᠡᠵᠦ᠍ ᠬᠣᠨᠣᠬᠤ ᠭᠠᠵᠠᠷ ᠬᠠᠨᠭᠭᠠᠳᠠᠬ ᠪᠠᠢᠬᠰᠠᠨ
ᠵᠢᠡᠷ ᠢᠨᠭᠬᠢᠵᠦ ᠨᠡᠷᠡᠯᠡᠭᠰᠡᠨ ᠪᠠᠢᠨ᠎ᠠ᠃ ᠬᠣᠵᠢᠮ ᠨᠢ ᠭᠠᠳᠠᠭᠠᠳᠤ᠎ᠠᠴᠠ ᠢᠷᠡᠭ᠌ᠰᠡᠨ ᠰᠤᠷᠤᠭ᠍ᠴᠢᠳ
ᠲᠠᠰᠤᠷᠠᠯᠲᠠ ᠦᠭᠡᠢ ᠨᠡᠮᠡᠭ᠌ᠳᠡᠭ᠌ᠰᠡᠨ᠎ᠡᠴᠡ ᠫᠠᠷᠢᠰ᠎ᠤᠨ ᠶᠡᠬᠡ ᠰᠤᠷᠭᠠᠭᠤᠯᠢ᠎ᠶ᠋ᠢᠨ ᠲᠣᠭ᠎ᠠ ᠴᠤ᠌
ᠳᠠᠭᠠᠯᠳᠤᠨ ᠨᠡᠮᠡᠭ᠌ᠳᠡᠪᠡ᠃ 13 ᠳ᠋ᠤᠭᠠᠷ ᠵᠠᠭᠤᠨ᠎ᠠᠴᠠ
ᠰᠡᠭᠦᠯᠡᠷ᠂ ᠶᠡᠬᠡ ᠰᠤᠷᠭᠠᠭᠤᠯᠢ᠎ᠶ᠋ᠢᠨ ᠬᠣᠭᠣᠷᠣᠨᠳᠣᠬᠢ ᠣᠯᠠᠨ ᠤᠯᠤᠰ᠎ᠤᠨ ᠰᠣᠯᠢᠯᠴᠠᠭ᠎ᠠ᠎ᠶ᠋ᠢᠨ
ᠣᠯᠠᠱᠢᠷᠠᠬᠤᠶ᠋ᠢ ᠳᠠᠭᠠᠯᠳᠤᠨ᠂ ᠫᠠᠷᠢᠰ ᠶᠡᠬᠡ ᠰᠤᠷᠭᠠᠭᠤᠯᠢ ᠡᠴᠡ ᠭᠠᠳᠠᠨ᠎ᠠ᠂ ᠧᠦ᠋ᠷᠣᠫᠠ᠎ᠶ᠋ᠢᠨ ᠪᠤᠰᠤᠳ
ᠵᠠᠷᠢᠮ ᠠᠯᠳᠠᠷᠲᠤ ᠶᠡᠬᠡ ᠰᠤᠷᠭᠠᠭᠤᠯᠢ᠎ᠳᠤ ᠴᠤ᠌ ᠵᠠᠯᠭᠠᠭ᠎ᠠ᠎ᠪᠠᠷ ᠳᠡᠭᠡᠳᠦ ᠰᠤᠷᠭᠠᠭᠤᠯᠢ
ᠪᠠᠢᠭᠤᠯᠤᠭ᠍ᠳᠠᠭ᠍ᠰᠠᠨ᠎ᠢᠶᠠᠷ ᠪᠠᠷᠠᠬᠤ ᠥᠬᠡᠶ᠂ ᠶᠡᠬᠡ ᠰᠤᠷᠭᠠᠭᠤᠯᠢ᠎ᠶ᠋ᠢᠨ ᠬᠡᠪᠴᠢᠶ᠎ᠡ᠎ᠶ᠋ᠢᠨ
ᠥᠷᠭᠡᠳᠬᠦ᠌᠎ᠶ᠋ᠢ ᠳᠠᠭᠠᠯᠳᠤᠨ᠂ ᠠᠳᠠᠯᠢ ᠨᠢᠭᠡᠨ ᠶᠡᠬᠡ ᠰᠤᠷᠭᠠᠭᠤᠯᠢ᠎ᠳᠤ ᠠᠳᠠᠯᠢ ᠨᠢᠭᠡᠨ ᠭᠠᠵᠠᠷ ᠣᠷᠣᠨ
ᠪᠤᠶᠤ ᠠᠳᠠᠯᠢ ᠨᠢᠭᠡᠨ ᠬᠢᠴᠢᠶᠡᠯ ᠲᠥᠷᠥᠯ᠎ᠢ ᠰᠤᠷᠴᠤ᠌ ᠪᠠᠢᠭ᠎ᠠ ᠰᠣᠷᠣᠭ᠍ᠴᠢ ᠪᠤᠶᠤ ᠡᠷᠳᠡᠮᠲᠡᠳ ᠬᠤᠷᠠᠨ
ᠴᠤᠭ᠍ᠯᠠᠷᠠᠵᠤ᠂ ᠠᠳᠠᠯᠢ ᠪᠤᠰᠤ ᠳᠡᠭᠡᠳᠦ ᠰᠤᠷᠭᠠᠭᠤᠯᠢ ᠪᠠᠢᠭᠤᠯᠬᠤ ᠪᠤᠯᠵᠠᠢ᠃ ᠳᠤᠮᠳᠠᠳᠤ ᠵᠠᠭᠤᠨ᠎ᠤ
ᠰᠡᠭᠦᠯᠴᠢ᠎ᠪᠡᠷ᠂ ᠳᠡᠭᠡᠳᠦ ᠰᠤᠷᠭᠠᠭᠤᠯᠢ ᠨᠢ ᠵᠥᠪᠬᠡᠨ ᠶᠠᠳᠠᠭᠤ ᠰᠤᠷᠤᠭ᠍ᠴᠢᠳ᠎ᠲᠤ ᠢᠳᠡᠵᠦ᠍ ᠤᠤᠭᠤᠬᠤ
ᠬᠣᠨᠣᠵᠤ ᠬᠡᠪᠲᠡᠬᠦ᠌᠎ᠶ᠋ᠢ ᠬᠠᠩᠭᠠᠬᠤ᠎ᠪᠠᠨ ᠪᠤᠯᠢᠵᠤ᠂ ᠠᠭᠠᠵᠢᠮ᠎ᠢᠶᠠᠷ ᠠᠳᠠᠯᠢ ᠨᠢᠭᠡᠨ ᠬᠢᠴᠢᠶᠡᠯ
ᠲᠦᠷᠦᠯ᠎ᠦᠨ ᠪᠠᠭ᠍ᠰᠢ ᠰᠤᠷᠤᠭ᠍ᠴᠢᠳ᠎ᠤᠨ ᠬᠠᠮᠲᠤ ᠠᠮᠢᠳᠤᠷᠠᠵᠤ ᠰᠤᠷᠤᠯᠴᠠᠬᠤ ᠲᠠᠯᠠᠪᠤᠷ ᠪᠤᠯᠵᠤ᠂ ᠳᠡᠭᠡᠳᠦ
ᠰᠤᠷᠭᠠᠭᠤᠯᠢ ᠨᠢ ᠠᠭᠠᠵᠢᠮ᠎ᠢᠶᠠᠷ ᠥᠪᠡᠷᠲᠡᠭᠡᠨ ᠡᠵᠡᠨᠭᠨᠡᠬᠦ
ᠪᠤᠶᠤ ᠬᠠᠭᠠᠰ ᠥᠪᠡᠷᠲᠡᠭᠡᠨ ᠡᠵᠡᠨᠭᠨᠡᠬᠦ ᠡᠷᠳᠡᠮ ᠱᠢᠨᠵᠢᠯᠡᠭᠡᠨ᠎ᠦ ᠪᠦᠯᠬᠦᠮ ᠪᠣᠯᠤᠨ
ᠬᠥᠭ᠌ᠵᠢᠵᠦ᠍᠂ ᠵᠠᠷᠢᠮ ᠤᠯᠤᠰ᠎ᠲᠤ᠂ ᠵᠢᠱ᠌ᠢᠶᠡᠯᠡᠪᠡᠯ ᠠᠨᠭ᠌ᠭ᠌ᠯᠢ ᠪᠠ ᠭᠧᠷᠮᠠᠨ ᠵᠡᠷᠭᠡ ᠤᠯᠤᠰ᠎ᠲᠤ᠂ ᠳᠡᠭᠡᠳᠦ
ᠰᠤᠷᠭᠠᠭᠤᠯᠢ ᠨᠢ ᠴᠢᠨᠠᠭ᠍ᠰᠢᠯᠠᠭᠠᠳ ᠶᠡᠬᠡ ᠰᠤᠷᠭᠠᠭᠤᠯᠢ ᠪᠤᠶᠤ ᠰᠠᠯᠪᠤᠷᠢ᠎ᠶ᠋ᠢᠨ ᠬᠠᠮᠤᠭ᠎ᠤᠨ ᠦᠨᠳᠦᠰᠦᠨ ᠵᠢᠭᠠᠨ ᠰᠤᠷᠭᠠᠯᠲᠠ ᠪᠠ ᠵᠠᠰᠠᠭ ᠵᠠᠬᠢᠷᠭᠠᠨ᠎ᠤ
ᠨᠢᠭᠡᠴᠢ ᠪᠤᠯᠵᠤ ᠪᠦᠷᠢᠯᠳᠦᠵᠡᠢ᠃
ᠮᠠᠨ᠎ᠤ
ᠤᠯᠤᠰ᠎ᠤᠨ ᠳᠡᠭᠡᠳᠦ ᠰᠤᠷᠭᠠᠭᠤᠯᠢ ᠵᠢᠨ ᠬᠡᠳᠦᠨ ᠤᠨᠴᠠᠯᠢᠭ᠄
ᠨᠢᠭᠡ᠂ ᠤᠯᠤᠰ᠎ᠤᠨ ᠵᠥᠪᠱᠢᠶᠡᠷᠡᠯ᠎ᠢ ᠣᠯᠤᠭ᠍ᠰᠠᠨ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ᠎ᠦᠨ ᠬᠢᠷᠢ
ᠬᠡᠮ ᠪᠦᠬᠦᠢ ᠳᠡᠭᠡᠳᠦ ᠰᠤᠷᠭᠠᠭᠤᠯᠢ ᠄
1. ᠡᠩ᠎ᠦᠨ
ᠵᠢᠩᠬᠢᠨᠢ ᠠᠩᠭᠢ᠄ ᠳᠡᠭᠡᠳᠦ ᠰᠤᠷᠭᠠᠭᠤᠯᠢ ᠭᠡᠳᠡᠭ ᠨᠢ ᠶᠡᠷᠦ᠎ᠳᠡᠭᠡᠨ ᠶᠡᠬᠡ ᠰᠤᠷᠭᠠᠭᠤᠯᠢ᠎ᠶ᠋ᠢᠨ
ᠬᠡᠪᠴᠢᠶ᠎ᠡ᠎ᠡᠴᠡ ᠪᠠᠭ᠎ᠠ ᠳᠡᠭᠡᠳᠦ ᠰᠤᠷᠭᠠᠭᠤᠯᠢ᠎ᠶ᠋ᠢ ᠵᠢᠭᠠᠨ᠎ᠠ᠂ ᠡᠩ᠎ᠦᠨ ᠪᠠᠢᠳᠠᠯ᠎ᠳᠤ ᠱᠢᠨᠵᠢᠯᠡᠭᠡᠨ᠎ᠦ
ᠰᠠᠯᠠᠭ᠎ᠠ᠎ᠶ᠋ᠢᠨ ᠲᠥᠷᠥᠯ ᠬᠠᠷᠢᠴᠠᠩᠭᠤᠶ ᠴᠥᠭᠡᠨ ᠳᠡᠭᠡᠳᠦ ᠰᠤᠷᠭᠠᠭᠤᠯᠢ ᠪᠣᠯᠤᠨ᠎ᠠ᠃ ᠭᠤᠤᠯ ᠰᠤᠷᠭᠠᠭᠤᠯᠢ
ᠡᠷᠭᠢᠯᠡᠬᠦ᠌ ᠲᠠᠰ ᠳᠠᠪᠬᠤᠷᠭ᠎ᠠ ᠨᠢ ᠵᠢᠩᠬᠢᠨᠢ ᠠᠩᠭᠢ᠂ ᠬᠡᠰᠡᠭ ᠳᠡᠭᠡᠳᠦ ᠰᠤᠷᠭᠠᠭᠤᠯᠢ᠎ᠳᠤ ᠠᠰᠫᠢᠷᠠᠨᠲ᠎ᠤᠨ
ᠴᠡᠭ᠂ ᠳ᠋ᠣᠺᠲ᠋ᠣᠷᠠᠨᠲ᠎ᠤᠨ ᠴᠡᠭ᠎ᠲᠡᠶ᠂ ᠵᠢᠱ᠌ᠢᠶᠡᠯᠡᠪᠡᠯ᠄ ᠣᠯᠠᠨ ᠤᠯᠤᠰ᠎ᠤᠨ ᠬᠠᠷᠢᠴᠠᠭᠠᠨ᠎ᠤ ᠳᠡᠭᠡᠳᠦ
ᠰᠤᠷᠭᠠᠭᠤᠯᠢ᠂ ᠳᠤᠮᠳᠠᠳᠤ ᠤᠯᠤᠰ᠎ᠤᠨ ᠤᠷᠠᠨ ᠵᠢᠷᠤᠭ᠎ᠤᠨ ᠳᠡᠭᠡᠳᠦ ᠰᠤᠷᠭᠠᠭᠤᠯᠢ᠂ ᠱᠠᠩᠬᠠᠶ᠎ᠶ᠋ᠢᠨ ᠳᠠᠭᠤᠤ
ᠬᠥᠭ᠌ᠵᠢᠮ᠎ᠦᠨ ᠳᠡᠭᠡᠳᠦ ᠰᠤᠷᠭᠠᠭᠤᠯᠢ ᠵᠡᠷᠭᠡ᠃
ᠰᠤᠷᠭᠠᠭᠤᠯᠢ
ᠡᠷᠬᠢᠯᠡᠬᠦ᠌ ᠬᠡᠪᠴᠢᠶ᠎ᠡ᠃ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠬᠠᠤᠯᠢ᠎ᠶ᠋ᠢᠨ ᠲᠣᠭ᠍ᠲᠠᠭᠠᠯ᠎ᠢ
ᠦᠨᠳᠦᠰᠦᠯᠡᠪᠡᠯ᠂ ᠶᠡᠬᠡ ᠰᠤᠷᠭᠠᠭᠤᠯᠢ ᠪᠠ ᠳᠡᠭᠡᠳᠦ ᠰᠤᠷᠭᠠᠭᠤᠯᠢ ᠨᠢ ᠴᠥᠮ ᠵᠢᠭᠠᠨ ᠰᠤᠷᠭᠠᠬᠤ᠂ ᠱᠢᠨᠵᠢᠯᠡᠬᠦ᠌ ᠤᠬᠠᠭᠠᠨ᠎ᠤ
ᠰᠤᠳᠤᠯᠭᠠᠨ ᠬᠢᠬᠦ᠌ ᠨᠡᠯᠢᠶᠡᠳ ᠴᠢᠩᠭ᠎ᠠ ᠬᠦᠴᠦᠨ᠎ᠲᠡᠶ ᠂ ᠵᠢᠭᠠᠨ ᠰᠤᠷᠭᠠᠬᠤ ᠂ ᠱᠢᠨᠵᠢᠯᠡᠬᠦ᠌ ᠤᠬᠠᠭᠠᠨ᠎ᠤ
ᠰᠤᠳᠤᠯᠭᠠᠨ ᠬᠢᠬᠦ᠌ ᠨᠡᠯᠢᠶᠡᠳ ᠥᠨᠳᠥᠷ ᠬᠢᠷᠢ ᠬᠡᠮᠵᠢᠢ᠎ᠡ ᠪᠠ ᠵᠣᠬᠢᠴᠠᠩᠭᠤᠢ ᠬᠡᠪᠴᠢᠶ᠎ᠠ᠎ᠲᠡᠶ ᠪᠠᠢᠵᠤ᠂
ᠵᠢᠩᠬᠢᠨᠢ ᠠᠡᠭ᠌ᠬᠢ ᠪᠠ ᠵᠢᠩᠬᠢᠨᠢ ᠠᠡᠭ᠌ᠬᠢ᠎ᠠᠴᠠ ᠳᠡᠭᠡᠭ᠌ᠰᠢᠬᠢ ᠰᠤᠷᠭᠠᠨ ᠬᠥᠮᠦᠵᠢᠯ᠎ᠢ ᠶᠠᠪᠤᠭᠳᠠᠭᠤᠯᠵᠦ
ᠴᠢᠳᠠᠬᠤ ᠬᠡᠷᠡᠭ᠌ᠲᠡᠢ᠃
ᠡᠨᠡ
ᠬᠣᠶᠠᠷ᠎ᠤᠨ ᠢᠯᠭᠠᠭ᠎ᠠ ᠨᠢ ᠭᠡᠪᠡᠯ ᠂ ᠶᠡᠬᠡ ᠰᠤᠷᠭᠠᠭᠤᠯᠢ ᠨᠢ ᠵᠠᠪᠠᠯ ᠤᠯᠤᠰ᠎ᠠᠴᠠ ᠲᠣᠭ᠍ᠲᠠᠭᠠᠭ᠍ᠰᠠᠨ 3
ᠡᠴᠡ ᠳᠡᠭᠡᠭ᠌ᠰᠢ ᠬᠢᠴᠢᠶᠡᠯ ᠲᠥᠷᠥᠯ᠎ᠢᠶᠡᠷ ᠭᠤᠤᠯ ᠬᠢᠴᠢᠶᠡᠯ ᠲᠥᠷᠥᠯ ᠪᠣᠯᠭᠠᠭ᠍ᠰᠠᠨ ᠪᠠᠢᠬᠤ ᠬᠡᠷᠡᠭ᠌ᠲᠡᠶ᠃
ᠪᠦᠬᠦᠯᠢ ᠡᠳᠦᠷ᠎ᠦᠨ ᠳᠦᠷᠢᠮᠲᠦ ᠰᠤᠷᠭᠠᠭᠤᠯᠢ᠎ᠳᠤ ᠪᠠᠢᠭ᠎ᠠ ᠰᠤᠷᠤᠭ᠍ᠴᠢ᠎ᠶ᠋ᠢᠨ ᠲᠥᠯᠥᠪᠯᠡᠭᠡ᠎ᠶ᠋ᠢᠨ
ᠬᠡᠪᠴᠢᠶ᠎ᠡ᠎ᠶ᠋ᠢ 5000
ᠬᠥᠮᠦᠨ᠎ᠡᠴᠡ ᠳᠡᠭᠡᠭ᠌ᠰᠢ ᠪᠠᠢᠯᠭᠠᠨ᠎ᠠ᠃ ᠳᠡᠭᠡᠳᠦ ᠰᠤᠷᠭᠠᠭᠤᠯᠢ᠎ᠳᠤ ᠶᠡᠷᠦ᠍᠎ᠳᠡᠭᠡᠨ ᠤᠯᠤᠰ᠎ᠠᠴᠠ
ᠲᠣᠭ᠍ᠲᠠᠭᠠᠭ᠍ᠰᠠᠨ ᠬᠢᠴᠢᠶᠡᠯ ᠲᠥᠷᠥᠯ᠎ᠦᠨ ᠭᠤᠤᠯ ᠪᠣᠯᠬᠤ ᠬᠢᠴᠢᠶᠡᠯ ᠲᠥᠷᠥᠯ᠎ᠲᠡᠶ ᠪᠠᠢᠵᠤ᠂ ᠪᠦᠬᠦᠯᠢ
ᠡᠳᠦᠷ᠎ᠦᠨ ᠳᠦᠷᠢᠮᠲᠦ ᠰᠤᠷᠭᠠᠭᠤᠯᠢ᠎ᠳᠤ ᠪᠠᠢᠭ᠎ᠠ ᠰᠣᠷᠣᠭ᠍ᠴᠢ᠎ᠶ᠋ᠢᠨ ᠲᠥᠯᠥᠪᠯᠡᠭᠡ᠎ᠶ᠋ᠢᠨ ᠬᠡᠪᠴᠢᠶ᠎ᠡ᠎ᠶ᠋ᠢ 3000
ᠠᠴᠠ ᠳᠡᠭᠡᠭ᠌ᠰᠢ ᠪᠠᠢᠯᠭᠠᠨ᠎ᠠ᠃ ᠤᠷᠠᠯᠢᠭ᠂ ᠪᠡᠶ᠎ᠡ᠎ᠶ᠋ᠢᠨ ᠲᠠᠮᠢᠷ ᠵᠢᠴᠢ ᠪᠤᠰᠤᠳ ᠣᠨᠴᠠᠭᠠᠶ
ᠱᠢᠨᠵᠢᠯᠡᠭᠡᠨ᠎ᠦ ᠲᠥᠷᠥᠯ ᠪᠤᠶᠤ ᠣᠨᠴᠠᠭᠠᠶ ᠬᠡᠷᠡᠭ᠌ᠴᠡᠭᠡ᠎ᠲᠡᠶ ᠳᠡᠭᠡᠳᠦ ᠰᠤᠷᠭᠠᠭᠤᠯᠢ ᠨᠢ ᠰᠤᠷᠭᠠᠨ
ᠬᠥᠮᠦᠵᠢᠯ᠎ᠦᠨ ᠶᠠᠮᠤᠨ᠎ᠤ ᠵᠥᠪᠱᠢᠶᠡᠷᠡᠯ᠎ᠢᠶᠡᠷ ᠰᠤᠷᠭᠠᠭᠤᠯᠢ ᠡᠷᠭᠢᠯᠡᠬᠦ᠌ ᠬᠡᠪᠴᠢᠶ᠎ᠡ᠎ᠳᠦ
ᠬᠢᠵᠠᠭᠠᠷᠯᠠᠭ᠍ᠳᠠᠬᠤ ᠥᠬᠡᠶ ᠪᠠᠢᠵᠤ ᠪᠣᠯᠤᠨ᠎ᠠ᠃
2. ᠲᠤᠰᠠᠭᠠᠷ
ᠳᠡᠭᠡᠳᠦ ᠰᠤᠷᠭᠠᠭᠤᠯᠢ᠄ ᠡᠨᠡ ᠪᠣᠯ ᠵᠢᠩᠬᠢᠨᠢ ᠠᠩᠭᠢ᠎ᠠᠴᠠ ᠳᠡᠭᠡᠭ᠌ᠰᠢᠬᠢ ᠰᠤᠷᠤᠯᠭ᠎ᠠ᠎ᠶ᠋ᠢᠨ ᠨᠠᠮᠲᠠᠷ᠎ᠤᠨ
ᠰᠤᠷᠭᠠᠨ ᠬᠥᠮᠦᠵᠢᠯ᠎ᠢ ᠬᠡᠷᠡᠭ᠌ᠵᠢᠭᠦᠯᠵᠦ᠍ ᠪᠠᠢᠭ᠎ᠠ ᠡᠩ᠎ᠦᠨ ᠳᠡᠭᠡᠳᠦ ᠵᠡᠷᠭᠡ᠎ᠶ᠋ᠢᠨ ᠰᠤᠷᠭᠠᠭᠤᠯᠢ ᠬᠢᠭᠡᠳ
ᠲᠥᠷᠥ᠎ᠶ᠋ᠢᠨ ᠪᠠᠢᠭᠤᠯᠤᠮᠵᠢ᠎ᠠᠴᠠ ᠭᠠᠳᠠᠨᠠᠬᠢ ᠨᠡᠢᠭᠡᠮ᠎ᠦᠨ ᠵᠣᠬᠢᠶᠠᠨ ᠪᠠᠢᠭᠤᠯᠤᠯᠲᠠ ᠪᠤᠶᠤ ᠬᠤᠪᠢ
ᠬᠥᠮᠦᠨ᠎ᠦ ᠬᠤᠷᠱᠢᠵᠤ᠂ ᠤᠯᠤᠰ᠎ᠤᠨ ᠡᠳ᠋᠎ᠦᠨ ᠵᠠᠰᠠᠭ᠎ᠤᠨ ᠴᠢᠨᠠᠷᠲᠠᠶ ᠪᠤᠰᠤ ᠵᠠᠷᠤᠳᠠᠯ᠎ᠢ ᠠᠱᠢᠭ᠍ᠯᠠᠵᠤ
ᠡᠷᠭᠢᠯᠡᠭ᠌ᠰᠡᠨ ᠵᠢᠩᠬᠢᠨᠢ ᠠᠩᠭᠢ᠎ᠶ᠋ᠢᠨ ᠰᠤᠷᠤᠯᠭ᠎ᠠ᠎ᠶ᠋ᠢᠨ ᠨᠠᠮᠲᠠᠷ᠎ᠤᠨ ᠰᠤᠷᠭᠠᠨ ᠬᠥᠮᠦᠵᠢᠯ᠎ᠢ
ᠬᠡᠷᠡᠭ᠌ᠵᠢᠭᠦᠯᠵᠦ᠍ ᠪᠠᠢᠭ᠎ᠠ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢ ᠵᠢᠭᠠᠵᠤ ᠪᠠᠢᠨ᠎ᠠ᠃ ᠶᠡᠬᠡ ᠰᠤᠷᠭᠠᠭᠤᠯᠢ᠎ᠲᠠᠶ ᠪᠡᠶ᠎ᠡ᠎ᠪᠡᠨ ᠳᠠᠭᠠᠭᠠᠭ᠍ᠰᠠᠨ
ᠳᠡᠭᠡᠳᠦ ᠰᠤᠷᠭᠠᠭᠤᠯᠢ ᠪᠠᠢᠵᠦ ᠪᠤᠯᠤᠨ᠎ᠠ᠂ ᠭᠡᠪᠡᠴᠦ᠍ ᠲᠡᠭᠦᠨ᠎ᠦ ᠬᠠᠮᠲᠤᠷᠠᠨ ᠡᠷᠭᠢᠯᠡᠭ᠌ᠰᠡᠨ ᠶᠡᠬᠡ
ᠰᠤᠷᠭᠠᠭᠤᠯᠢ᠎ᠶ᠋ᠢᠨ ᠨᠡᠷᠡᠢᠳᠦᠯ᠎ᠢ ᠦᠯᠡᠳᠡᠭᠡᠬᠦ ᠬᠡᠷᠡᠭᠳᠡᠢ᠂ ᠵᠢᠱ᠌ᠢᠶᠡᠯᠡᠪᠡᠯ ᠵᠢᠨᠠᠨ ᠶᠡᠬᠡ
ᠰᠤᠷᠭᠠᠭᠤᠯᠢ᠎ᠶ᠋ᠢᠨ ᠴᠢᠤᠸᠠᠨ ᠴᠧᠩ ᠳᠡᠭᠡᠳᠦ ᠰᠤᠷᠭᠠᠭᠤᠯᠢ᠂ ᠱᠠᠩᠬᠠᠶ᠎ᠶ᠋ᠢᠨ ᠪᠠᠭ᠍ᠰᠢ᠎ᠶ᠋ᠢᠨ ᠶᠡᠬᠡ
ᠰᠤᠷᠭᠠᠭᠤᠯᠢ᠎ᠶ᠋ᠢᠨ ᠲᠢᠶᠠᠨ ᠬᠤᠸᠠ ᠳᠡᠭᠡᠳᠦ ᠰᠤᠷᠭᠠᠭᠤᠯᠢ ᠵᠡᠷᠬᠡ ᠃
3.ᠡᠩ᠎ᠦᠨ
ᠲᠤᠰᠭᠠᠶ ᠮᠡᠷᠭᠡᠵᠢᠯ᠄ ᠶᠡᠷᠦ᠍᠎ᠳᠡᠭᠡᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ( ᠪᠤᠶᠤ ᠠᠵᠢᠯ
ᠮᠡᠷᠭᠡᠵᠢᠯ᠎ᠦᠨ ᠳᠡᠭᠡᠳᠦ ᠰᠤᠷᠭᠠᠭᠤᠯᠢ ) ᠭᠡᠳᠡᠭ᠃ ᠡᠨᠳᠡ ᠵᠢᠭᠠᠵᠦ ᠪᠠᠢᠭ᠎ᠠ 《ᠳᠡᠭᠡᠳᠦ ᠰᠤᠷᠭᠠᠭᠤᠯᠢ》᠎ᠨᠢ᠂ ᠬᠢᠴᠢᠶᠡᠯ
ᠲᠥᠷᠥᠯ ᠪᠠ ᠲᠥᠷᠥᠯ ᠵᠦᠶ᠋ᠯ᠎ᠦᠨ ᠲᠠᠯ᠎ᠠ᠎ᠪᠠᠷ ᠬᠢ ᠬᠢᠵᠠᠭᠠᠷᠯᠠᠯ ᠪᠠᠢᠬᠤ ᠥᠬᠡᠶ᠂ ᠵᠢᠱ᠌ᠢᠶᠡᠯᠡᠪᠡᠯ᠄
ᠭᠤᠸᠠᠩᠳᠦ᠋ᠩ᠎ᠦᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠵᠧᠵᠢᠶᠠᠩ᠎ᠤᠨ
ᠦᠶ᠋ᠯᠡᠳᠪᠦᠷᠢ ᠬᠤᠳᠠᠯᠳᠤᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠱᠠᠩᠬᠠᠶ᠎ᠶ᠋ᠢᠨ ᠱᠢᠩ
ᠵᠢᠶᠠᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠡᠷᠭᠡ᠃
4. ᠨᠠᠰᠤᠨ᠎ᠳᠤ
ᠬᠦᠷᠦᠭ᠌ᠰᠡᠳ᠎ᠦᠨ ᠳᠡᠭᠡᠳᠦ ᠰᠤᠷᠭᠠᠭᠤᠯᠢ᠂ ᠵᠢᠱ᠌ᠢᠶᠡᠯᠡᠪᠡᠯ ᠪᠡᠭᠡᠵᠢᠩ᠎ᠦᠨ ᠰᠤᠷᠭᠠᠨ ᠬᠥᠮᠦᠵᠢᠯ᠎ᠦᠨ ᠳᠡᠭᠡᠳᠦ
ᠰᠤᠷᠭᠠᠭᠤᠯᠢ᠂ ᠱᠠᠩᠬᠠᠶ᠎ᠶ᠋ᠢᠨ ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠦᠨ ᠬᠠᠮᠢᠶᠠᠷᠤᠯᠲᠠ᠎ᠶ᠋ᠢᠨ ᠺᠠᠳ᠋ᠷ᠎ᠤᠨ
ᠳᠡᠭᠡᠳᠦ ᠰᠤᠷᠭᠠᠭᠤᠯᠢ ᠵᠡᠷᠬᠡ ᠪᠤᠢ᠃
ᠡᠮᠬᠢᠳᠬᠡᠭᠴᠢ᠄
ᠰᠢᠶᠡᠡᠭ ᠴᠦᠨ
ᠢᠷᠡᠯᠳᠡ᠄
ᠪᠠᠢ ᠳᠦ ᠪᠠᠢ ᠺᠸ ᠰᠦᠯᠵᠢᠶ᠎ᠠ