ᠶᠢᠰᠦ ᠤᠷᠤᠵᠤ ᠬᠦᠢᠳᠡᠨ᠎ᠤ ᠡᠷᠴᠢ ᠴᠢᠩᠭᠠᠷᠠᠭᠰᠠᠨ ᠴᠸ᠋ ᠥᠷᠯᠥᠭᠡ ᠪᠦᠷᠢ ᠬᠥᠬᠡᠬᠣᠲᠠ᠎ᠶ᠋ᠢᠨ
ᠰᠠᠢᠬᠠᠨ ᠲᠣᠭᠣᠷᠢᠭ᠎ᠤᠨ ᠪᠢᠨ ᠾᠧ ᠪᠡᠶ᠎ᠡ᠎ᠶ᠋ᠢᠨ ᠲᠠᠮᠢᠷ᠎ᠤᠨ ᠴᠡᠴᠡᠷᠯᠢᠭ᠎ᠲᠦ ᠡᠷᠡᠭ᠌ᠲᠡᠶ ᠡᠮᠡᠭ᠌ᠲᠡᠶ ᠬᠥᠭ᠌ᠰᠢᠨ
ᠵᠠᠯᠠᠭᠤ ᠪᠡᠶ᠎ᠡ ᠪᠣᠯᠪᠠᠰᠤᠷᠠᠬᠴᠢᠳ ᠲᠠᠰᠤᠷᠠᠯᠳᠠ ᠦᠭᠡᠢ ᠴᠤᠪᠤᠵᠤ ᠨᠢᠭᠡ ᠡᠳᠦᠷ᠎ᠤᠨ ᠠᠵᠢᠯ ᠠᠮᠢᠳᠤᠷᠠᠯ ᠵᠢᠡᠨ
ᠴᠤᠭ ᠵᠢᠪᠬᠤᠭᠠᠯᠢᠭ ᠡᠬᠢᠯᠡᠬᠦᠯᠦᠨ᠎ᠡ᠃ ᠡᠪᠦᠯ ᠡᠤᠷᠤᠭᠰᠠᠨ ᠡᠴᠡ ᠨᠠᠭᠠᠰᠢ ᠬᠦᠬᠡᠬᠤᠳᠠ ᠵᠢᠨ ᠶᠡᠭᠡ ᠪᠠᠭ᠎ᠠ ᠮᠦᠰᠦ
ᠲᠡᠰᠢᠬᠦ ᠲᠠᠯᠠᠪᠠᠢ᠂ ᠴᠠᠰᠤ ᠴᠡᠨᠡᠯᠠᠬᠤ ᠲᠠᠯᠠᠪᠠᠢ ᠨᠢ ᠤᠯᠠᠨ ᠲᠦᠮᠡᠨ᠎ᠤ ᠬᠤᠷᠳᠤᠴᠠ ᠵᠢ ᠰᠤᠢᠵᠤ᠂ ᠤᠷᠮᠠᠰ ᠵᠤᠷᠢᠭ᠎ᠢ ᠭᠦᠭᠵᠢᠭᠡᠳᠡᠭ ᠭᠠᠵᠠᠷ ᠪᠤᠯᠤᠭᠰᠠᠨ ᠪᠤᠯ ᠭᠠᠷᠠᠭ᠎ᠤᠨ
ᠰᠡᠬᠦᠯᠴᠢ ᠪᠤᠯᠭᠠᠨ ᠵᠠᠯᠠᠭᠤᠴᠤᠳ ᠪᠠᠭᠠᠴᠤᠳ ᠬᠦᠯ ᠪᠦᠮᠪᠦᠭᠡᠨ ᠲᠠᠯᠠᠪᠠᠢ ᠳ᠋ᠤ ᠰᠢᠨᠳᠠᠰᠤ ᠰᠢᠯᠭᠠᠨ ᠴᠤᠭ ᠵᠢᠪᠬᠤᠭ᠎ᠠ
ᠪᠠᠨ ᠭᠠᠢᠬᠠᠭᠤᠯᠤᠨ᠎ᠠ᠃
《ᠠᠷᠪᠠᠨ ᠳᠥᠷᠪᠡᠳᠦᠭᠡᠷ ᠲᠠᠪᠤᠨ
ᠵᠢᠯ》᠎ᠤ᠋ᠨ ᠬᠤᠭᠤᠴᠠᠭ᠎ᠠ ᠪᠣᠯ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ
ᠤᠯᠤᠰ᠎ᠤᠨ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ
ᠬᠡᠷᠡᠭ᠌ᠵᠢᠭᠦᠯᠵᠦ᠍᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ
ᠠᠬᠢᠭᠤᠯᠬᠤ ᠴᠢᠬᠤᠯᠠ ᠴᠠᠭ ᠬᠤᠭᠤᠴᠠᠭ᠎ᠠ ᠪᠣᠯᠤᠨ᠎ᠠ᠃ ᠡᠬᠢᠯᠡᠯᠲᠡ᠎ᠶ᠋ᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠷᠠᠳ ᠲᠦᠮᠡᠨ᠎ᠦ ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ
ᠬᠠᠩᠭᠠᠬᠤ᠂ ᠬᠥᠮᠦᠨ᠎ᠦ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ
ᠠᠬᠢᠭᠤᠯᠬᠤ᠎ᠶ᠋ᠢ ᠪᠡᠶ᠎ᠡ᠎ᠶ᠋ᠢᠨ ᠲᠠᠮᠢᠷ᠎ᠤᠨ ᠠᠵᠢᠯ᠎ᠤᠨ
ᠵᠣᠷᠢᠯᠲᠠ ᠪᠠ ᠲᠤᠰᠤᠯᠲᠠ ᠪᠣᠯᠭᠠᠵᠤ᠂ ᠨᠠᠩ ᠥᠨᠳᠥᠷ ᠬᠢᠷᠢ ᠲᠦᠪᠱᠢᠨ ᠪᠥᠬᠥᠶ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ
ᠱᠢᠰᠲ᠋ᠧᠮ᠎ᠢ ᠴᠢᠷᠮᠠᠢᠨ ᠪᠠᠢᠭᠤᠯᠪᠡ᠃ ᠣᠯᠠᠨ ᠲᠦᠮᠡᠨᠴᠢ
ᠪᠡᠶ᠎ᠡ᠎ᠶ᠋ᠢᠨ ᠲᠠᠮᠢᠷᠥᠷᠨᠢᠨᠬᠥᠭ᠌ᠵᠢᠵᠦ᠍᠂ᠵᠠᠯᠠᠭᠤᠴᠤᠳᠪᠠᠭᠠᠴᠤᠳᠤᠨᠪᠡᠶᠡᠶ᠋ᠢᠨᠲᠠᠮᠢᠷᠭᠡᠷᠡᠯᠬᠢᠯᠪᠠᠭᠠᠪᠠᠨᠰᠠᠴᠤᠷᠠᠭᠤᠯᠵᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠬᠢᠯᠠᠯᠵᠠᠮ᠎ᠠ ᠠᠮᠵᠢᠯᠳᠠ ᠤᠯᠵᠠᠢ !
ᠭᠣᠣᠯᠳᠠᠯᠭᠠᠲᠠᠶᠲᠠᠯᠠ ᠵᠢᠨ ᠱᠢᠪᠲᠤᠯᠤᠯᠲᠠ ᠵᠢ ᠪᠡᠶᠡᠯᠡᠬᠦᠯᠪᠡ᠃ ᠡᠨᠡ ᠨᠢᠭᠡ ᠵᠢᠯ᠎ᠳᠦ᠂ ᠮᠠᠨ᠎ᠤ ᠣᠷᠣᠨ《〈ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠲᠠᠯᠠᠪᠤᠷ ᠲᠠᠯᠠᠪᠠᠶ᠎ᠶ᠋ᠢᠨ
ᠲᠤᠨᠤᠭ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ ᠣᠯᠠᠨ ᠲᠦᠮᠡᠨᠴᠢ ᠪᠡᠶ᠎ᠡ᠎ᠶ᠋ᠢᠨ
ᠲᠠᠮᠢᠷ᠎ᠢ ᠬᠥᠭ᠌ᠵᠢᠭᠦᠯᠬᠦ᠌ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ〉 ᠢ᠋ ᠨᠠᠢᠳᠠᠪᠤᠷᠢᠵᠢᠭᠤᠯᠬᠤ ᠠᠵᠢᠯ᠎ᠤᠨ ᠬᠤᠪᠢᠶᠠᠷᠢᠯᠠᠯ᠎ᠤᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂
ᠲᠥᠷᠥ᠎ᠶ᠋ᠢᠨ ᠪᠣᠳᠣᠯᠭ᠎ᠠ᠎ᠶ᠋ᠢ ᠦᠨᠡᠨ ᠪᠣᠳᠠᠲᠠᠶ ᠨᠠᠢᠳᠠᠪᠤᠷᠢᠵᠢᠭᠤᠯᠪᠠ; ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠬᠢᠭᠡᠳ ᠥᠪᠡᠷᠲᠡᠭᠡᠨ
ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠬᠠᠮᠲᠤᠷᠠᠨ
《ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠭᠦᠨᠵᠡᠭᠡᠢᠷᠡᠭᠦᠯᠵᠦ᠍ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ
ᠬᠥᠭ᠌ᠵᠢᠬᠦ᠌᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》
ᠢ᠋ ᠳᠠᠷᠤᠮᠠᠯᠯᠠᠨ ᠲᠠᠷᠬᠠᠭᠠᠵᠤ᠂ ᠰᠤᠷᠭᠠᠭᠤᠯᠢ᠎ᠶ᠋ᠢᠨ ᠪᠡᠶ᠎ᠡ᠎ᠶ᠋ᠢᠨ ᠲᠠᠮᠢᠷ᠎ᠤᠨ ᠠᠵᠢᠯ᠎ᠢ ᠴᠢᠩᠭᠠᠳᠭᠠᠬᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠱᠢᠰᠲ᠋ᠧᠮ᠎ᠢ ᠲᠡᠭᠦᠯᠳᠡᠷᠵᠢᠭᠦᠯᠬᠦ᠌᠂ ᠪᠡᠶ᠎ᠡ᠎ᠶ᠋ᠢᠨ ᠲᠠᠮᠢᠷ᠎ᠤᠨ ᠴᠢᠳᠠᠪᠤᠷᠢᠲᠠᠨ᠎ᠢ
ᠬᠥᠮᠦᠵᠢᠭᠦᠯᠬᠦ᠌ ᠱᠢᠰᠲ᠋ᠧᠮ ᠢ᠋ ᠪᠦᠷᠢᠨᠱᠢᠭᠦᠯᠬᠦ᠌ ᠵᠡᠷᠭᠡ ᠲᠠᠯ᠎ᠠ᠎ᠪᠠᠷ ᠵᠠᠯᠠᠭᠤᠴᠤᠳ ᠪᠠᠭᠠᠴᠤᠳ᠎ᠤᠨ ᠰᠣᠶᠣᠯ᠎ᠤᠨ ᠰᠤᠷᠤᠯᠴᠠᠯᠭ᠎ᠠ ᠪᠠ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠤᠨ ᠵᠣᠬᠢᠴᠠᠩᠭᠤᠶᠬᠦᠭᠵᠢᠯᠳᠡ ᠶ᠋ᠢ ᠬᠦᠴᠦᠯᠡᠨ
ᠠᠬᠢᠭᠤᠯᠪᠠ; ᠮᠠᠨ᠎ᠤ ᠣᠷᠣᠨ《ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ〈ᠠᠷᠪᠠᠨ ᠳᠥᠷᠪᠡᠳᠦᠭᠡᠷ
ᠲᠠᠪᠤᠨ ᠵᠢᠯ〉᠎ᠤ᠋ᠨ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠬᠥᠭ᠌ᠵᠢᠯᠲᠡ᠎ᠶ᠋ᠢᠨ
ᠲᠥᠯᠥᠪᠵᠢᠭᠦᠯᠭᠡ》᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠰᠦᠪᠯᠡᠨ
ᠨᠠᠢᠷᠠᠭᠤᠯᠤᠨ ᠵᠣᠬᠢᠶᠠᠵᠤ᠂ ᠵᠢᠷᠭᠤᠭᠠᠨ ᠶᠡᠬᠡ ᠬᠥᠭ᠌ᠵᠢᠯᠲᠡ᠎ᠶ᠋ᠢᠨ ᠬᠠᠷᠠᠯᠲᠠ ᠪᠣᠯᠤᠨ ᠲᠤᠯᠤᠭᠠᠨ ᠭᠤᠤᠯᠳᠠᠯᠭ᠎ᠠ᠎ᠲᠠᠶ
ᠢᠨᠵᠧᠨᠧᠷᠢᠩ᠎ᠢ ᠲᠣᠳᠣᠷᠬᠠᠢᠯᠠᠵᠤ ᠂ ᠪᠣᠳᠠᠲᠠᠶ ᠠᠷᠭ᠎ᠠ ᠬᠡᠮᠵᠢᠶ᠎ᠡ᠎ᠠᠪᠴᠤ᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ
ᠬᠦᠴᠦᠲᠡᠶ ᠠᠬᠢᠭᠤᠯᠪᠠ᠃
ᠬᠥᠬᠡᠬᠣᠲᠠ᠎ᠶ᠋ᠢᠨ ᠠᠷᠠᠳ᠎ᠤᠨ ᠴᠡᠴᠡᠷᠯᠢᠭ ᠲᠦ᠍ 2021 ᠣᠨ᠎ᠤ ᠵᠤᠨ 8 ᠴᠣ ᠱᠢᠨ᠎ᠡ
ᠫᠢᠩᠫᠠᠩ ᠪᠥᠮᠪᠥᠭᠡ᠎ᠶ᠋ᠢᠨ ᠰᠢᠷᠡᠭᠡ ᠤᠭᠰᠠᠷᠠᠵᠦ᠂ ᠫᠢᠩᠫᠠᠩ ᠪᠥᠮᠪᠥᠭᠡ ᠨᠠᠭᠠᠳᠭᠤ᠎ᠳᠤ ᠮᠥᠷᠯᠡᠨ ᠬᠦᠯᠢᠶᠡᠬᠦ ᠠᠰᠠᠭᠤᠳᠠᠯ᠎ᠢ ᠱᠢᠶ᠋ᠳᠪᠦᠷᠢᠯᠡᠪᠡ;
ᠪᠡᠶ᠎ᠡ ᠴᠢᠭᠢᠷᠠᠭ᠍ᠵᠢᠭᠤᠯᠬᠤ ᠲᠥᠬᠥᠭᠡᠷᠦᠮᠵᠢ᠎ᠶ᠋ᠢ ᠱᠢᠨᠡᠳᠭᠡᠬᠦ᠌ ᠪᠠ ᠵᠠᠰᠠᠨ ᠰᠡᠯᠪᠢᠵᠦ᠂ ᠠᠮᠤᠷ ᠲᠦᠪᠱᠢᠨ᠎ᠤ᠋ ᠬᠡᠮ ᠰᠤᠭᠤᠭ᠎ᠢ ᠠᠷᠢᠯᠭᠠᠵᠤ᠂ ᠬᠣᠲᠠ᠎ᠶ᠋ᠢᠨ ᠠᠷᠠᠳ᠎ᠲᠤ ᠣᠯᠠᠨ ᠶᠠᠩᠵᠤ᠎ᠶ᠋ᠢᠨ ᠪᠡᠶ᠎ᠡ ᠴᠢᠭᠢᠷᠠᠭ᠍ᠵᠢᠭᠤᠯᠬᠤ
ᠰᠣᠩᠭᠣᠯᠲᠠᠬᠠᠩᠭᠠᠵᠠᠢ; ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ᠎ᠢ ᠵᠠᠰᠠᠵᠤ᠂ ᠴᠡᠴᠡᠷᠯᠢᠭ᠎ᠤᠨ ᠲᠦᠷᠢ ᠲᠦᠷᠬᠦ ᠵᠢ ᠭᠤᠶᠤᠵᠢᠭᠤᠯᠵᠤ᠂ ᠪᠡᠶ᠎ᠡ ᠪᠤᠯᠪᠠᠰᠤᠷᠠᠭᠴᠢᠳ ᠲᠸ᠋ ᠰᠠᠢᠨ ᠰᠠᠢᠬᠠᠨ
ᠤᠷᠴᠢᠨ ᠨᠦᠬᠦᠴᠡᠯ ᠡᠬᠦᠳᠦᠨ ᠦᠭᠴᠡᠢ᠃
ᠡᠨᠡ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ
ᠲᠣᠪᠴᠢᠶ᠎ᠠ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ
ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠭᠤᠤᠯᠳᠠᠯᠭ᠎ᠠ᠎ᠲᠠᠶ ᠠᠬᠢᠭᠤᠯᠵᠤ᠂ ᠣᠯᠠᠨ ᠲᠦᠮᠡᠨ᠎ᠦ 《ᠬᠠᠮᠢᠭ᠎ᠠ ᠣᠴᠢᠵᠤ ᠪᠡᠶ᠎ᠡ ᠴᠢᠭᠢᠷᠠᠭ᠍ᠵᠢᠭᠤᠯᠬᠤ》ᠪᠣᠳᠠᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠲᠦᠮᠡᠨ᠎ᠦ ᠪᠡᠶ᠎ᠡ
ᠴᠢᠭᠢᠷᠠᠭ᠍ᠵᠢᠭᠤᠯᠬᠤ ᠲᠦᠭᠦᠭᠡᠷᠦᠮᠵᠢ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌ ᠢᠨᠵᠧᠨᠧᠷᠢᠩ᠎ᠢ ᠬᠡᠷᠡᠭ᠌ᠵᠢᠭᠦᠯᠪᠡ᠃ ᠣᠯᠠᠨ ᠲᠦᠮᠡᠨᠴᠢ ᠮᠥᠰᠥ᠍ ᠲᠡᠱᠢᠬᠦ᠌ ᠲᠠᠯᠠᠪᠠᠶ᠂ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ ᠣᠯᠠᠨ ᠴᠢᠳᠠᠪᠬᠢᠳᠤ ᠪᠡᠶ᠎ᠡ᠎ᠶ᠋ᠢᠨ ᠲᠠᠮᠢᠷ᠎ᠤᠨ ᠲᠠᠯᠠᠪᠤᠷ᠂ ᠨᠠᠰᠤᠲᠠᠢᠴᠤᠳ᠎ᠤᠨ ᠪᠡᠶ᠎ᠡ
ᠴᠢᠭᠢᠷᠠᠭ᠍ᠵᠢᠭᠤᠯᠬᠤ ᠥᠷᠲᠡᠭᠡ ᠵᠡᠷᠭᠡ ᠡᠯ᠎ᠡ ᠱᠠᠲᠤᠨ᠎ᠤ ᠡᠯ᠎ᠡ ᠲᠥᠷᠥᠯ᠎ᠦᠨ ᠪᠡᠶ᠎ᠡ᠎ᠶ᠋ᠢᠨ ᠲᠠᠮᠢᠷ᠎ᠤᠨ ᠲᠠᠯᠠᠪᠤᠷ ᠲᠠᠯᠠᠪᠠᠢ ᠵᠢ 114 ᠪᠠᠢᠭᠤᠯᠵᠦ᠂ 8 ᠪᠡᠶ᠎ᠡ᠎ᠶ᠋ᠢᠨ
ᠲᠠᠮᠢᠷ᠎ᠤᠨ ᠴᠡᠴᠡᠷᠯᠢᠭ ᠪᠠ ᠬᠡᠰᠡᠭ ᠪᠡᠶ᠎ᠡ᠎ᠶ᠋ᠢᠨ ᠲᠠᠮᠢᠷ᠎ᠤᠨ ᠲᠠᠯᠠᠪᠤᠷ ᠣᠷᠳᠣᠨ᠎ᠳᠤ ᠪᠡᠶ᠎ᠡ ᠴᠢᠭᠢᠷᠠᠭ᠍ᠵᠢᠭᠤᠯᠬᠤ
ᠪᠠᠭᠠᠵᠢ ᠬᠡᠷᠡᠭ᠌ᠰᠡᠯ ᠲᠣᠬᠢᠷᠠᠭᠤᠯᠤᠨ ᠦᠭᠪᠡ᠋; ᠬᠥᠬᠡᠬᠣᠲᠠ᠎ᠶ᠋ᠢᠨ 《ᠨᠤᠭᠤᠭᠠᠨ ᠵᠠᠮ》 ᠤ᠋ᠨ ᠪᠥᠲᠥᠭᠡᠨ ᠪᠠᠢᠭᠤᠯᠤᠯᠲᠠ᠎ᠶ᠋ᠢᠨ
ᠢᠨᠵᠧᠨᠧᠷᠢᠩ᠂ ᠪᠤᠭᠤᠲᠤ ᠬᠣᠲᠠ᠎ᠶ᠋ᠢᠨ ᠰᠠᠢᠬᠠᠨᠲᠠᠯ᠎ᠠ ᠴᠡᠴᠡᠷᠯᠢᠭ᠎ᠦᠨ ᠪᠡᠶ᠎ᠡ ᠴᠢᠭᠢᠷᠠᠭ᠍ᠵᠢᠭᠤᠯᠬᠤ ᠶᠠᠪᠠᠭᠠᠨ
ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ ᠢᠨᠵᠧᠨᠧᠷᠢᠩ᠂ ᠬᠢᠩᠭᠠᠨ ᠠᠢᠮᠠᠭ᠎ᠤᠨ ᠤᠯᠠᠭᠠᠨᠬᠣᠲᠠ᠎ᠶ᠋ᠢᠨ ᠬᠠᠨ ᠠᠭᠤᠯᠠ᠎ᠶ᠋ᠢᠨ
ᠣᠶᠤᠨᠴᠢ ᠪᠡᠶ᠎ᠡ᠎ᠶ᠋ᠢᠨ ᠲᠠᠮᠢᠷ᠎ᠤᠨ ᠴᠡᠴᠡᠷᠯᠢᠭ᠎ᠦᠨ ᠲᠥᠷᠥᠯ ᠵᠦᠶ᠋ᠯ ᠵᠡᠷᠭᠡ ᠢᠨᠵᠧᠨᠧᠷᠢᠩ᠎ᠢ ᠦᠷᠭᠦᠯᠵᠢᠯᠡᠨ
ᠠᠬᠢᠭᠤᠯᠪᠠ; 9250 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ ᠪᠥᠬᠥ᠌
ᠣᠷᠣᠨ᠎ᠤ ᠨᠥᠬᠥᠴᠡᠯ᠎ᠳᠦ ᠨᠡᠢᠴᠡᠬᠦ᠌ 68 ᠲᠠᠯᠠᠪᠤᠷ ᠣᠷᠳᠣᠨ᠎ᠢ ᠰᠦᠶ᠋ᠳᠭᠡᠯ ᠬᠤᠷᠢᠶᠠᠬᠤ ᠥᠬᠡᠶᠪᠤᠶᠤ ᠰᠦᠶ᠋ᠳᠭᠡᠯ
ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ᠌᠎ᠶ᠋ᠢ ᠳᠡᠮᠵᠢᠪᠡ᠃ ᠪᠥᠬᠥ᠌ ᠠᠷᠠᠳ᠎ᠵᠢᠡᠷ ᠵᠢᠡᠨ ᠪᠡᠶ᠎ᠡ ᠴᠢᠭᠢᠷᠠᠭ᠍ᠵᠢᠭᠤᠯᠬᠤ ᠲᠦᠭᠦᠭᠡᠷᠦᠮᠵᠢ᠎ᠶ᠋ᠢᠨ ᠪᠥᠲᠥᠭᠡᠨ
ᠪᠠᠢᠭᠤᠯᠤᠯᠲᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠤᠯᠳᠠ
ᠪᠠ ᠪᠥᠬᠥ᠌ ᠠᠷᠠᠳ᠎ᠤᠨ ᠡᠷᠡᠭᠦᠯ ᠴᠢᠭᠢᠷᠠᠭ᠎ᠤᠨ ᠭᠦᠨᠵᠡᠭᠡᠶ ᠠᠭᠤᠰᠤᠯᠴᠠᠯ᠎ᠳᠤ ᠪᠠᠳᠤ ᠪᠡᠬᠢ ᠲᠤᠯᠭᠠᠭᠤᠷᠢᠯᠠᠯ ᠬᠠᠩᠭᠠᠵᠠᠢ᠃
ᠦᠷᠢᠰᠦᠯᠳᠦᠭᠡᠨᠳᠦ ᠤᠷᠤᠯᠳᠤᠭᠠᠨ᠎ᠤ ᠲᠠᠯ᠎ᠠ ᠪᠡᠷ᠂ 2021 ᠣᠨ᠎ᠳᠤ ᠮᠠᠨ᠎ᠤ ᠣᠷᠣᠨ ᠲᠣᠣᠺᠢᠣ᠋᠎ᠶ᠋ᠢᠨ
ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠠᠷᠪᠡᠨ ᠲᠦᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠳᠤ ᠪᠡᠯᠡᠳᠭᠡᠬᠦ᠌᠎ᠪᠡᠷ
ᠭᠤᠤᠯᠳᠠᠯᠭ᠎ᠠ ᠪᠣᠯᠭᠠᠵᠤ᠂ ᠵᠢᠦᠳᠣᠣ ᠪᠥᠬᠡ᠂ ᠡᠮᠡᠭ᠌ᠲᠡᠶ᠎ᠶ᠋ᠢᠨ
ᠠᠯᠬᠤᠭ᠎ᠠ ᠤᠷᠤᠯᠳᠤᠭᠠᠨ᠂ ᠡᠮᠡᠭ᠌ᠲᠡᠶ᠎ᠶ᠋ᠢᠨ ᠪᠤᠤᠺᠰ᠎ᠤᠨ ᠲᠡᠮᠡᠴᠡᠭᠡᠨ᠂ ᠪᠤᠢᠺᠤ ᠪᠥᠮᠪᠥᠭᠡ᠂ ᠮᠣᠷᠢᠨ ᠮᠡᠷᠭᠡᠵᠢᠯ
ᠵᠡᠷᠭᠡ ᠳᠠᠪᠠᠭᠤᠯᠢᠭ ᠲᠥᠷᠥᠯ ᠵᠦᠶ᠋ᠯ᠎ᠢ ᠬᠦᠴᠦᠯᠡᠨ ᠬᠦᠴᠦᠷᠬᠡᠭ᠌ᠵᠢᠭᠦᠯᠵᠦ᠍᠂ ᠬᠦᠴᠦ᠍ ᠲᠠᠯᠪᠢᠨ ᠳᠤᠲᠠᠭᠤᠳᠠᠯ᠎ᠢᠶᠠᠨ ᠨᠥᠬᠥᠪᠥᠷᠢᠯᠡᠪᠡ᠃ ᠶᠡᠷᠦᠩᠬᠡᠢᠯᠡᠭ᠌ᠰᠡᠨ ᠤᠷᠤᠯᠳᠤᠭᠠᠨ᠎ᠤ ᠬᠢᠷᠢ ᠲᠦᠪᠱᠢᠨ
ᠶᠡᠬᠡᠪᠡᠷ ᠳᠡᠭᠡᠭ᠌ᠰᠢᠯᠡᠵᠦ᠍᠂ ᠡᠯ᠎ᠡ ᠵᠦᠶ᠋ᠯ᠎ᠦᠨ ᠤᠷᠤᠯᠳᠤᠭᠠᠨ᠎ᠳᠤ ᠣᠷᠣᠯᠴᠠᠬᠤ ᠡᠭᠦᠷᠭᠡ᠎ᠪᠡᠨ ᠭᠠᠷᠮᠠᠭᠠᠶ
ᠪᠡᠶᠡᠯᠡᠭᠦᠯᠪᠡ᠃ ᠲᠣᠣᠺᠢᠣ᠋᠎ᠶ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠮᠠᠨ᠎ᠤ ᠣᠷᠣᠨ᠎ᠤ ᠲᠠᠮᠢᠷᠴᠢᠨ
ᠯᠢ ᠴᠢᠶᠠᠨ ᠡᠮᠡᠭᠲᠠᠢ᠎ᠶᠢᠨ ᠪᠤᠤᠺᠰ᠎ᠤᠨ ᠲᠡᠮᠡᠴᠡᠭᠡᠨ᠎ᠳᠦ ᠮᠦᠨᠭᠭᠦᠨ ᠮᠸᠳ᠋ᠠᠯ ᠭᠠᠷᠳᠠᠵᠦ᠂ ᠮᠠᠨ᠎ᠤ ᠤᠷᠤᠨ᠎ᠤ
ᠲᠠᠮᠢᠷᠴᠢᠨ᠎ᠤ ᠴᠤᠭ ᠵᠢᠪᠬᠤᠭ᠎ᠠ᠎ᠶ᠋ᠢ ᠢᠯᠡᠷᠡᠭᠦᠯᠵᠡᠢ᠃
ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ
2021 ᠣᠨ᠎ᠤ 9 ᠰᠠᠷ᠎ᠠ᠎ᠳᠤ ᠱᠠᠨᠰᠢ ᠮᠤᠵᠢ᠎ᠶ᠋ᠢᠨ ᠰᠢ ᠠᠨ᠎ᠳᠤ
ᠶᠠᠪᠤᠭ᠍ᠳᠠᠪᠠ᠃ ᠥᠪᠥᠷ ᠮᠣᠩᠭᠣᠯ᠎ᠤᠨ ᠵᠢᠦᠳᠣᠣ᠎ᠶ᠋ᠢᠨ ᠠᠩᠭᠢ ᠨᠢᠭᠡ ᠡᠳᠦᠷ᠎ᠲᠤ 3 ᠠᠯᠲᠠᠨ ᠮᠧᠳᠠᠯ᠂ 1 ᠬᠦᠷᠡᠯ
ᠮᠧᠳᠠᠯ ᠰᠢᠭᠦᠷᠴᠦ᠂ ᠤᠷᠤᠯᠳᠤᠭᠠᠨ᠎ᠤ ᠲᠠᠯᠠᠪᠤᠷ᠎ᠲᠤ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠭᠡᠷᠡᠯ ᠰᠠᠴᠤᠷᠠᠩᠭᠤᠶ
ᠴᠠᠭ ᠮᠥᠴᠡ᠎ᠶ᠋ᠢ ᠳᠡᠮᠳᠡᠭᠯᠡᠪᠡ;17 ᠨᠠᠰᠤᠲᠠᠶ ᠪᠢᠴᠢᠬᠠᠨ ᠲᠠᠮᠢᠷᠴᠢᠨ
ᠨᠢᠦ ᠭᠤᠸᠠᠩ ᠱᠧᠩ ᠬᠦᠷᠡᠯ ᠮᠧᠳᠠᠯᠲᠤᠰᠴᠦ᠂ ᠥᠪᠥᠷ ᠮᠣᠩᠭᠣᠯ᠎ᠤᠨ ᠦᠷᠢᠰᠦᠯᠳᠦᠭᠡᠨᠳᠦ ᠤᠷᠤᠯᠳᠤᠭᠠᠨ᠎ᠤ ᠤᠮᠪᠠᠯᠲᠠ᠎ᠶ᠋ᠢᠨ
ᠲᠥᠷᠥᠯ ᠵᠦᠶ᠋ᠯ᠎ᠦᠨ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠡᠭᠦᠳᠪᠡ᠋; ᠶᠠᠩ ᠵᠢᠶᠠ ᠢᠦᠶ ᠬᠠᠷᠢᠴᠠᠯᠠᠰᠢ ᠦᠭᠡᠢ ᠳᠠᠪᠠᠭᠤᠯᠢᠭ᠎ᠢᠶᠠᠷ ᠠᠯᠬᠤᠭ᠎ᠠ ᠤᠷᠤᠯᠳᠤᠭᠠᠨ᠎ᠤ ᠠᠯᠲᠠᠨ ᠮᠧᠳᠠᠯ᠎ᠢ ᠭᠠᠷᠳᠠᠯ᠎ᠠ᠃ ᠥᠪᠥᠷ
ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ 198 ᠲᠠᠮᠢᠷᠴᠢᠨ ᠤᠷᠤᠯᠳᠤᠭᠠᠨ᠎ᠳᠤ ᠦᠷᠭᠦᠯᠵᠢᠯᠡᠨ ᠢᠷᠠᠭᠤ
ᠠᠯᠳᠠᠷ ᠣᠯᠵᠤ᠂ ᠦᠷᠢᠰᠦᠯᠳᠦᠭᠡᠨᠳᠦ ᠤᠷᠤᠯᠳᠤᠭᠠᠨ᠎ᠤ ᠲᠥᠷᠥᠯ ᠵᠦᠢᠯ᠎ᠦᠨ 8 ᠠᠯᠲᠠᠨ ᠮᠧᠳᠠᠯ᠂ 5 ᠮᠥᠩᠭᠥᠨ ᠮᠧᠳᠠᠯ᠂ 10 ᠬᠦᠷᠡᠯ ᠮᠧᠳᠠᠯ᠎ᠤᠨ ᠰᠠᠢᠨ ᠬᠢᠷᠢ ᠪᠦᠲᠦᠮᠵᠢ᠎ᠪᠡᠷ
ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠢᠷᠠᠭᠤ ᠠᠯᠳᠠᠷ᠎ᠢ ᠪᠢᠴᠢᠭᠯᠡᠪᠡ᠃
ᠡᠨᠡ ᠨᠢᠭᠡ ᠵᠢᠯ ᠳ᠋ᠤ᠂ ᠠᠷᠪᠠᠨ ᠲᠦᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ
ᠲᠥᠷᠥᠯ ᠵᠦᠶ᠋ᠯ᠎ᠢ ᠥᠷᠭᠡᠨ᠎ᠢᠶᠡᠷ ᠥᠷᠨᠢᠭᠦᠯᠦᠭ᠌ᠰᠡᠨᠶ᠋ᠢᠡᠷ᠂ ᠮᠠᠨ᠎ᠤ ᠣᠷᠣᠨ᠎ᠤ ᠣᠯᠠᠨ ᠲᠦᠮᠡᠨᠴᠢ ᠪᠡᠶ᠎ᠡ᠎ᠶ᠋ᠢᠨ ᠲᠠᠮᠢᠷ ᠨᠠᠩ ᠴᠢᠩᠭ᠎ᠠ ᠠᠮᠢᠵᠢᠷᠠᠯ᠎ᠤᠨ ᠬᠦᠴᠦᠨ᠎ᠲᠡᠶ
ᠪᠣᠯᠪᠠ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠭ᠍ᠰᠠᠨ ᠪᠠᠢᠳᠠᠯ ᠳᠤᠤᠷ᠎ᠠ᠂ ᠮᠠᠨ᠎ᠤ ᠣᠷᠣᠨ 《ᠢᠨᠲ᠋ᠧᠷ ᠰᠦᠯᠵᠢᠶ᠎ᠡ + ᠪᠡᠶ᠎ᠡ᠎ᠶ᠋ᠢᠨ ᠲᠠᠮᠢᠷ》᠎ᠤ᠋ᠨ ᠵᠠᠭ᠍ᠪᠤᠷ᠎ᠢ ᠭᠡᠷᠡᠭᠯᠡᠨ᠂
ᠣᠯᠠᠨ ᠶᠠᠩᠵᠤ ᠬᠡᠯᠪᠡᠷᠢ᠎ᠶ᠋ᠢᠨ᠂ ᠪᠠᠶᠠᠯᠢᠭ ᠠᠭᠤᠯᠭ᠎ᠠ᠎ᠲᠠᠶ
ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠪᠥᠬᠥ᠌
ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠢ ᠥᠷᠨᠢᠭᠦᠯᠪᠡ᠃
ᠠᠷᠪᠠᠨ ᠲᠦᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ
ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠤᠷᠤᠯᠳᠤᠭᠠᠨ᠎ᠤ ᠲᠥᠷᠥᠯ ᠵᠦᠶ᠋ᠯ᠎ᠳᠦ᠂ ᠮᠠᠨ᠎ᠤ ᠣᠷᠣᠨ᠎ᠤ 638 ᠪᠡᠶ᠎ᠡ᠎ᠶ᠋ᠢᠨ
ᠲᠠᠮᠢᠷ᠎ᠤᠨ ᠪᠠᠬᠠᠲᠠᠳ ᠤᠷᠤᠯᠴᠠᠵᠤ᠂ ᠪᠥᠬᠥ᠌ ᠤᠯᠤᠰ᠎ᠤᠨ ᠬᠠᠮᠤᠭ᠎ᠤᠨ ᠥᠨᠳᠥᠷ ᠪᠡᠶ᠎ᠡ᠎ᠶ᠋ᠢᠨ ᠲᠠᠮᠢᠷ᠎ᠤᠨ ᠲᠠᠪᠴᠠᠩ᠎ᠳᠤ ᠤᠷ᠎ᠠ ᠠᠪᠢᠶᠠᠰ ᠵᠢᠡᠨ
ᠭᠠᠢᠬᠠᠭᠤᠯᠤᠭᠰᠠᠨ ᠪᠠᠢᠨ᠎ᠠ᠃ ᠣᠯᠠᠨ ᠲᠦᠮᠡᠨᠴᠢ ᠳᠤᠭᠤᠢᠯᠠᠩ᠎ᠤᠨ ᠬᠥᠳᠡᠭᠡ ᠲᠣᠰᠭᠣᠨ᠎ᠤ ᠱᠢᠶᠠᠩ ᠪᠠᠯᠭᠠᠰᠤᠨ᠎ᠤ
ᠳᠤᠭᠤᠢᠯᠠᠩ᠎ᠤᠨ ᠬᠥᠯ ᠪᠥᠮᠪᠥᠭᠡ᠎ᠶ᠋ᠢᠨ ᠤᠷᠤᠯᠳᠤᠭᠠᠨ᠎ᠳᠤ ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠠᠩᠭᠢ
1 ᠠᠯᠲᠠᠨ ᠮᠧᠳᠠᠯ᠂ 1 ᠮᠥᠩᠭᠥᠨ ᠮᠧᠳᠠᠯ ᠣᠯᠤᠭ᠍ᠰᠠᠨ᠎ᠨᠢ ᠱᠢᠶᠠᠨ᠎ᠤ ᠬᠡᠪᠴᠢᠶᠡᠨ᠎ᠦ ᠬᠥᠯ ᠪᠥᠮᠪᠥᠭᠡ᠎ᠶ᠋ᠢᠨ ᠬᠥᠭ᠌ᠵᠢᠯᠲᠡ᠎ᠶ᠋ᠢᠨ ᠰᠠᠢᠨ ᠰᠠᠢᠬᠠᠨ ᠰᠠᠭᠤᠷᠢ᠎ᠶ᠋ᠢ ᠢᠯᠡᠷᠡᠭᠦᠯᠪᠡ; ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠲᠥᠷᠥᠯ ᠵᠦᠶ᠋ᠯ᠎ᠦᠨ ᠱᠢᠯᠭᠠᠷᠠᠭᠤᠯᠤᠯᠲᠠ᠎ᠳᠡᠬᠢ 262 ᠬᠥᠮᠦᠨ᠎ᠦ ᠠᠭᠤᠳᠠᠮ ᠲᠠᠯᠠᠪᠠᠶ᠎ᠶ᠋ᠢᠨ ᠪᠥᠵᠢᠭ᠂ ᠪᠡᠶ᠎ᠡ ᠴᠢᠭᠢᠷᠠᠭ᠍ᠵᠢᠭᠤᠯᠬᠤ ᠠᠮᠢᠰᠭᠤᠯ᠎ᠤᠨ ᠲᠠᠮᠢᠷ᠂ ᠨᠡᠷᠡᠬᠦᠢ
ᠨᠢᠳᠤᠷᠭ᠎ᠠ ᠨᠢ ᠦᠭᠡᠳᠡᠷᠭᠡᠭ ᠲᠠᠪᠰᠢᠩᠭᠤᠢ᠂ ᠪᠠᠶᠠᠷ ᠪᠠᠶᠠᠰᠤᠯ ᠲᠠᠢ᠂ ᠡᠷᠡᠬᠦᠯ ᠰᠠᠷᠠᠭᠤᠯ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠬᠤᠷᠢᠶᠠᠩᠭᠤᠢ ᠵᠢᠷᠤᠭᠯᠠᠯ ᠪᠤᠯᠵᠠᠢ᠃ 2021 ᠤᠨ ᠳ᠋ᠤ᠂ ᠪᠥᠬᠥ᠌ ᠣᠷᠣᠨ᠎ᠵᠢᠡᠷ ᠵᠢᠡᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠢ 700
ᠭᠠᠷᠤᠶ ᠤᠳᠠᠭ᠎ᠠ ᠥᠷᠨᠢᠭᠦᠯᠵᠦ᠍᠂ ᠣᠷᠣᠯᠴᠠᠭ᠍ᠰᠠᠨ ᠬᠥᠮᠦᠨ᠎ᠦ ᠲᠣᠭ᠎ᠠ ᠨᠢ 90 ᠲᠦᠮᠡ
ᠭᠠᠷᠤᠶ ᠬᠥᠮᠦᠨ ᠤᠳᠠᠭ᠎ᠠ᠎ᠳᠤ ᠬᠦᠷᠴᠡᠢ᠃ ᠪᠡᠶ᠎ᠡ᠎ᠶ᠋ᠢᠨ
ᠲᠠᠮᠢᠷ᠎ᠤᠨ ᠪᠣᠯᠪᠠᠰᠤᠷᠠᠯ᠎ᠳᠤ ᠦᠷᠭᠦᠯᠵᠢ ᠣᠷᠣᠯᠴᠠᠬᠤ ᠬᠥᠮᠦᠨ᠎ᠦ ᠲᠣᠭ᠎ᠠ ᠢᠯᠡᠳᠲᠡ ᠨᠡᠮᠡᠭ᠌ᠳᠡᠵᠦ᠍᠂ ᠪᠡᠶ᠎ᠡ᠎ᠶ᠋ᠢᠨ
ᠲᠠᠮᠢᠷ ᠨᠢ ᠤᠯᠠᠮ᠎ᠠᠴᠠ ᠤᠯᠠᠮ ᠨᠢᠭᠡ ᠵᠦᠶ᠋ᠯ᠎ᠦᠨ ᠠᠮᠢᠳᠤᠷᠠᠯ᠎ᠤᠨ ᠠᠷᠭ᠎ᠠ ᠮᠠᠶᠢᠭ ᠪᠤᠯᠤᠭᠰᠠᠨ ᠪᠠᠢᠨ᠎ᠠ᠃
ᠡᠨᠡ ᠨᠢᠭᠡ ᠵᠢᠯ᠎ᠳᠦ᠂ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ
ᠶᠡᠬᠡ ᠠᠬᠤᠶ ᠪᠠᠢᠳᠠᠯ ᠳᠤᠤᠷ᠎ᠠ᠂ ᠮᠠᠨ᠎ᠤ ᠣᠷᠣᠨ᠎ᠤ ᠵᠠᠯᠠᠭᠤᠴᠤᠳ
ᠪᠠᠭᠠᠴᠤᠳ᠎ᠤᠨ ᠪᠡᠶ᠎ᠡ᠎ᠶ᠋ᠢᠨ ᠲᠠᠮᠢᠷ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠤᠭ᠍ᠲᠤᠨ ᠠᠪᠴᠢᠷᠠᠪᠠ᠃
ᠪᠡᠶ᠎ᠡ᠎ᠶ᠋ᠢᠨ ᠲᠠᠮᠢᠷ ᠵᠠᠯᠠᠭᠤᠴᠤᠳ ᠪᠠᠭᠠᠴᠤᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ᠂ ᠵᠣᠷᠢᠭ
ᠰᠠᠨᠠᠭ᠎ᠠ᠎ᠪᠠᠨ ᠳᠠᠪᠲᠠᠨ ᠪᠣᠯᠪᠠᠰᠤᠷᠠᠭᠤᠯᠬᠤ᠂ ᠪᠦᠬᠦ᠌ ᠲᠠᠯ᠎ᠠ᠎ᠪᠠᠷ ᠬᠥᠭ᠌ᠵᠢᠬᠦ᠎ᠳᠦ ᠲᠤᠨᠭ᠌ ᠴᠢᠬᠤᠯᠠ ᠠᠴᠢ
ᠬᠤᠯᠪᠤᠭᠳᠠᠯ ᠲᠠᠢ ᠶᠤᠮ᠃ ᠵᠠᠯᠠᠭᠤᠴᠤᠳ ᠪᠠᠭᠠᠴᠤᠳ᠎ᠤᠨ ᠪᠡᠶ᠎ᠡ
ᠮᠠᠬᠠᠪᠣᠳ᠎ᠤᠨ ᠡᠷᠡᠭᠦᠯ ᠴᠢᠭᠢᠷᠠᠭ᠎ᠤᠨ ᠬᠡᠮᠵᠢᠶ᠎ᠡ ᠵᠢ ᠳᠡᠭᠡᠭ᠌ᠰᠢᠯᠡᠭᠦᠯᠬᠦ᠌ ᠨᠢ ᠪᠠᠰᠠ ᠪᠡᠶ᠎ᠡ᠎ᠶ᠋ᠢᠨ ᠲᠠᠮᠢᠷ᠎ᠤᠨ
ᠬᠦᠴᠦᠷᠬᠡᠭ ᠣᠷᠣᠨ᠎ᠤ ᠪᠠᠢᠭᠤᠯᠤᠯᠲᠠ ᠪᠣᠯᠤᠨ ᠪᠦᠬᠦ᠌ ᠠᠷᠠᠳ᠎ᠵᠢᠡᠷ
ᠵᠢᠡᠨ ᠪᠡᠶ᠎ᠡ ᠴᠢᠭᠢᠷᠠᠭ᠍ᠵᠢᠭᠤᠯᠬᠤ ᠲᠥᠯᠥᠪᠯᠡᠭᠡ᠎ᠶ᠋ᠢ ᠬᠡᠷᠡᠭ᠌ᠵᠢᠭᠦᠯᠬᠦ᠎ᠶ᠋ᠢ ᠬᠦᠴᠦᠲᠡᠶ ᠠᠬᠢᠭᠤᠯᠬᠤ ᠪᠣᠯᠤᠨ᠎ᠠ᠃
ᠱᠢᠯᠢ᠎ᠶ᠋ᠢᠨ ᠭᠤᠤᠯ ᠡᠮᠦᠨ᠎ᠡ ᠵᠠᠮ ᠳ᠋ᠡᠬᠢ ᠪᠠᠭ᠎ᠠ ᠰᠤᠷᠭᠠᠭᠤᠯᠢ᠎ᠳᠤ᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠺᠯᠦᠪ᠎ᠦᠨ ᠲᠤᠰᠭᠠᠶ ᠮᠡᠷᠭᠡᠵᠢᠯ᠎ᠦᠨ ᠳᠠᠰᠭᠠᠯᠵᠢᠭᠤᠯᠤᠭ᠍ᠴᠢ
ᠰᠤᠷᠤᠭ᠍ᠴᠢᠳ᠎ᠲᠤ ᠭᠠᠷᠠᠭ ᠪᠦᠷᠢ ᠨᠢᠭᠡ ᠤᠳᠠᠭᠠᠨ᠎ᠤ ᠰᠤᠷ ᠬᠠᠷᠪᠤᠯᠳᠠ ᠵᠢᠨ ᠬᠢᠴᠢᠶᠡᠯ ᠤᠷᠤᠳᠠᠭ᠃ ᠣᠳᠣᠬᠠᠨ᠎ᠳᠤ᠂
ᠰᠤᠷ ᠬᠠᠷᠪᠤᠬᠤ᠂ ᠵᠥᠭᠡᠯᠡᠨ ᠮᠠᠶᠢᠭ᠎ᠤᠨ ᠪᠤᠢᠺᠤ ᠪᠥᠮᠪᠥᠭᠡ᠂ ᠮᠥᠰᠥᠨ ᠳᠡᠪᠦᠷ᠎ᠡ᠂ ᠵᠡᠪᠰᠡᠭ᠎ᠦᠨ ᠡᠷᠳᠡᠮ᠂ ᠮᠥᠰᠥᠨ᠎ᠳᠦ
ᠲᠡᠱᠢᠬᠦ᠌ ᠵᠡᠷᠭᠡ 19 ᠪᠡᠶ᠎ᠡ᠎ᠶ᠋ᠢᠨ ᠲᠠᠮᠢᠷ᠎ᠤᠨ ᠲᠥᠷᠥᠯ
ᠵᠦᠶ᠋ᠯ ᠮᠠᠨ᠎ᠤ ᠣᠷᠣᠨ᠎ᠤ 300 ᠭᠠᠷᠤᠶ ᠰᠤᠷᠭᠠᠭᠤᠯᠢ᠎ᠶ᠋ᠢᠨ
ᠬᠦᠷᠢᠶᠡᠨ᠎ᠳᠦ ᠣᠷᠣᠵᠤ᠂ 20 ᠭᠠᠷᠤᠶ ᠲᠦᠮᠡᠨ ᠵᠠᠯᠠᠭᠤᠴᠤᠳ ᠪᠠᠭᠠᠴᠤᠳ᠎ᠲᠤ ᠠᠰᠢᠭ ᠭᠦᠷᠲᠡᠭᠡᠪᠡ᠃
2021 ᠣᠨ᠎ᠳᠤ᠂ ᠥᠪᠡᠷᠲᠡᠭᠡᠨ
ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ
ᠪᠡᠶ᠎ᠡ᠎ᠶ᠋ᠢᠨ ᠲᠠᠮᠢᠷ᠎ᠤᠨ ᠰᠤᠷᠭᠠᠭᠤᠯᠢ ᠪᠠ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠺᠯᠦᠪ᠎ᠦᠨ
ᠰᠤᠷᠭᠠᠭ᠍ᠴᠢ᠎ᠶᠢᠨ ᠪᠣᠯᠪᠠᠰᠤᠷᠠᠯ᠎ᠤᠨ ᠠᠩᠭᠢ᠎ᠶ᠋ᠢ 8 ᠬᠤᠭᠤᠴᠠᠭ᠎ᠠ
ᠵᠣᠬᠢᠶᠠᠨ ᠪᠠᠢᠭᠤᠯᠵᠤ᠂ ᠡᠯ᠎ᠡ ᠲᠥᠷᠥᠯ᠎ᠦᠨ ᠪᠠᠭ᠍ᠰᠢ ᠠᠵᠢᠯᠲᠠᠨ᠎ᠤ ᠵᠠᠯᠠᠭᠤᠴᠤᠳ ᠪᠠᠭᠠᠴᠤᠳ᠎ᠤᠨ ᠱᠢᠨᠵᠢᠯᠡᠬᠦ᠌ ᠤᠬᠠᠭᠠᠨᠴᠢ᠎ᠪᠠᠷ ᠪᠡᠶ᠎ᠡ
ᠴᠢᠭᠢᠷᠠᠭ᠍ᠵᠢᠭᠤᠯᠬᠤ᠎ᠶ᠋ᠢ ᠵᠢᠯᠣᠭᠣᠳᠭᠤ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃ ᠪᠥᠬᠥ᠌ ᠣᠷᠣᠨ᠎ᠤ
12 ᠠᠢᠮᠠᠭ ᠬᠣᠲᠠ᠎ᠳᠤ ᠵᠣᠬᠢᠶᠠᠨ ᠪᠠᠢᠭᠤᠯᠵᠤ ᠥᠷᠨᠢᠭᠦᠯᠦᠭ᠌ᠰᠡᠨ ᠵᠠᠯᠠᠭᠤᠴᠤᠳ ᠪᠠᠭᠠᠴᠤᠳ᠎ᠤᠨ ᠪᠡᠶ᠎ᠡ ᠴᠢᠭᠢᠷᠠᠭ᠍ᠵᠢᠭᠤᠯᠬᠤ ᠭᠤᠤᠯ ᠰᠡᠳᠦᠪᠲᠦ ᠠᠵᠢᠯᠯᠠᠭ᠎ᠠ᠎ᠨᠢ ᠳᠤᠷ᠎ᠠ ᠰᠣᠨᠢᠷᠬᠠᠯ᠎ᠤᠨ ᠲᠥᠷᠥᠯ᠂
ᠤᠷ᠎ᠠ ᠴᠢᠳᠠᠪᠤᠷᠢ᠎ᠶ᠋ᠢᠨ ᠦᠵᠡᠭᠦᠯᠭᠡ᠎ᠶ᠋ᠢᠨ ᠲᠥᠷᠥᠯ᠂ ᠪᠡᠶ᠎ᠡ᠎ᠶ᠋ᠢᠨ ᠲᠠᠮᠢᠷ᠎ᠤᠨ ᠵᠤᠰᠠᠯᠠᠩ ᠵᠡᠷᠭᠡ ᠠᠵᠢᠯᠯᠠᠭ᠎ᠠ᠎ᠶ᠋ᠢ
ᠬᠠᠮᠤᠷᠴᠤ᠌᠂ ᠬᠡᠷ᠎ᠦᠨ ᠠᠬᠠᠮᠠᠳ ᠪᠣᠯᠤᠨ ᠬᠡᠦᠬᠡᠳ᠎ᠦᠳ᠎ᠦᠨ ᠬᠠᠯᠠᠭᠤᠨ ᠬᠦᠷᠢᠶᠡᠯᠡᠯ᠎ᠢ ᠣᠯᠵᠤ᠂ ᠣᠷᠣᠯᠴᠠᠭ᠍ᠰᠠᠨ
ᠪᠥᠬᠥ᠌ ᠬᠥᠮᠦᠨ᠎ᠦ ᠲᠣᠭ᠎ᠠ᠎ᠨᠢ 20 ᠭᠠᠷᠤᠶ ᠲᠦᠮᠡᠨ ᠬᠥᠮᠦᠨ ᠤᠳᠠᠭ᠎ᠠ᠎ᠳᠤ ᠬᠦᠷᠴᠡᠶ᠃ 2021 ᠪᠥᠬᠥ᠌ ᠣᠷᠣᠨ᠎ᠤ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ
ᠬᠣᠯᠪᠣᠭᠠᠲᠤ ᠤᠷᠤᠯᠳᠤᠭᠠᠨ ᠵᠢᠴᠢ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ
ᠤᠷᠤᠯᠳᠤᠭᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ᠎ᠤ
ᠱᠢᠷᠢᠰ ᠠᠵᠢᠯᠯᠠᠭ᠎ᠠ ᠵᠡᠷᠭᠡ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠨᠢ ᠵᠠᠯᠠᠭᠤᠴᠤᠳ
ᠪᠠᠭᠠᠴᠤᠳ᠎ᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠳᠤ ᠣᠷᠣᠯᠴᠠᠬᠤ ᠲᠦᠷᠢᠮ ᠲᠤᠭᠳᠠᠭᠠᠯ᠂ ᠮᠡᠳᠡᠯᠭᠡ ᠮᠡᠳᠡᠴᠡ᠎ᠶ᠋ᠢ ᠨᠡᠮᠡᠭ᠌ᠳᠡᠭᠦᠯᠦᠭᠰᠡᠨ
ᠲᠡᠳᠦᠢ ᠦᠭᠡᠢ᠂ ᠡᠷᠡᠮᠡᠭᠡᠢᠯᠡᠨ ᠲᠡᠮᠡᠴᠡᠬᠦ᠌᠂ ᠢᠳᠡᠪᠬᠢᠲᠡᠶ ᠥᠷᠢᠰᠥᠯᠳᠦᠬᠦ᠌ ᠵᠣᠷᠢᠭ ᠰᠠᠨᠠᠭ᠎ᠠ ᠵᠠᠩ ᠴᠢᠨᠠᠷ᠎ᠢ ᠬᠥᠮᠦᠵᠢᠭᠦᠯᠪᠡ᠃
ᠪᠡᠶ᠎ᠡ᠎ᠶ᠋ᠢᠨ ᠲᠠᠮᠢᠷ ᠬᠦᠴᠦᠷᠬᠡᠭᠵᠢᠪᠡᠰᠦ ᠳᠤᠮᠳᠠᠳᠤ ᠤᠯᠤᠰ ᠬᠦᠴᠦᠷᠬᠡᠭ᠌ᠵᠢᠵᠦ᠍᠂
ᠤᠯᠤᠰ ᠣᠷᠣᠨ ᠮᠠᠨᠳᠤᠪᠠᠰᠤ ᠪᠡᠶ᠎ᠡ᠎ᠶ᠋ᠢᠨ ᠲᠠᠮᠢᠷ ᠮᠠᠨᠳᠤᠮᠤᠢ᠃ ᠣᠳᠣᠬᠠᠨ᠎ᠤ ᠪᠡᠶ᠎ᠡ᠎ᠶ᠋ᠢᠨ ᠲᠠᠮᠢᠷ᠎ᠤᠨ ᠦᠢᠯᠡᠰ ᠨᠢ ᠵᠦᠪᠬᠡᠨ ᠤᠷᠤᠯᠳᠤᠭᠠᠨ᠎ᠤ
ᠲᠠᠯᠠᠪᠠᠢ ᠳᠡᠭᠡᠷᠡᠬᠢ ᠠᠯᠲᠠ ᠮᠥᠩᠭᠦᠨ ᠮᠸᠳᠡᠯ ᠪᠤᠯᠢᠶᠠᠯᠳᠤᠬᠤ
ᠶᠠᠪᠤᠳᠠᠯ ᠲᠡᠳᠦᠶ ᠪᠢᠰᠢ᠂ ᠨᠠᠩ ᠴᠤ᠌ ᠪᠡᠶ᠎ᠡ᠎ᠶ᠋ᠢᠨ ᠲᠠᠮᠢᠷ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠪᠦᠬᠦ᠌ ᠠᠷᠠᠳ᠎ᠤᠨ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ ᠵᠡᠷᠭᠡ ᠲᠠᠯ᠎ᠠ᠎ᠪᠠᠷ ᠪᠦᠬᠦ᠌ ᠲᠠᠯ᠎ᠠ᠎ᠶ᠋ᠢᠨ
ᠬᠥᠭ᠌ᠵᠢᠯᠲᠡ᠎ᠶ᠋ᠢ ᠠᠬᠢᠭᠤᠯᠬᠤ ᠡᠯᠪᠡᠭ ᠪᠠᠶᠠᠯᠢᠭ ᠨᠠᠷᠢᠨ ᠵᠦᠢᠯᠡᠰ᠎ᠢ ᠠᠬᠤᠭᠤᠯᠬᠤ ᠪᠤᠯᠪᠠ᠃ ᠨᠡᠢᠭᠡᠮ ᠵᠢᠷᠤᠮᠳᠦ
ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ
ᠪᠠᠢᠭᠤᠯᠬᠤ ᠱᠢᠨ᠎ᠡ ᠠᠶᠠᠨ᠎ᠳᠤ᠂ ᠮᠠᠨ᠎ᠤ ᠤᠷᠤᠨ ᠴᠠᠭ ᠦᠶ᠎ᠡ᠎ᠡᠴᠡ
ᠣᠯᠭᠣᠭ᠍ᠰᠠᠨ ᠱᠢᠨ᠎ᠡ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠱᠢᠨ᠎ᠡ ᠥᠷᠢᠰᠥᠯᠳᠦᠭᠡᠨ᠎ᠳᠦ ᠵᠤᠷᠢᠬᠳᠠᠢ ᠬᠠᠨᠳᠤᠵᠤ᠂ ᠪᠡᠶ᠎ᠡ᠎ᠶ᠋ᠢᠨ ᠲᠠᠮᠢᠷ᠎ᠤᠨ ᠦᠢᠯᠡᠰ᠎ᠦᠨ
ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠮ ᠳᠡᠭᠡᠷ᠎ᠡ ᠢᠳᠡᠷᠡᠭᠦᠨ ᠠᠯᠬᠤᠭ᠎ᠠ ᠪᠡᠷ ᠡᠷᠡᠮᠡᠬᠡᠢᠯᠡᠨ
ᠤᠷᠤᠭᠰᠢᠯᠠᠨ᠎ᠠ᠃