ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠵᠢ ᠡᠯ᠎ᠡ ᠳᠠᠯ᠎ᠠ ᠵᠢᠨ ᠠᠵᠢᠯ ᠳ᠋ᠠᠭᠠᠨ ᠬᠦᠨᠵᠡᠬᠡᠢ ᠠᠭᠤᠰᠤᠯᠴᠠᠭᠤᠯᠪᠠ
2022-01-06 09:12:20
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

2021 ᠤᠨ ᠳ᠋ᠤ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ᠎ᠲᠥᠪ᠎ᠤ᠋ᠨ ᠦᠨᠳᠦᠰᠦᠲᠡᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠶ᠋ᠢ ᠤᠷᠠᠯᠢᠭ ᠤ᠋ᠨ ᠵᠣᠬᠢᠶᠠᠨ ᠪᠦᠲᠦᠭᠡᠯᠭᠡ ᠲᠣᠭ᠍ᠯᠠᠯᠲᠠ᠂ ᠣᠯᠠᠨ ᠨᠡᠢᠲᠡ ᠵᠢᠨ ᠰᠣᠶᠣᠯ ᠤ᠋ᠨ ᠦᠶ᠋ᠯᠡᠴᠢᠯᠡᠭᠡ᠂ ᠲᠡᠦᠬᠡ ᠵᠢᠨ ᠳᠤᠷᠠᠰᠭᠠᠯᠲᠤ ᠵᠦᠶ᠋ᠯᠡᠰ ᠢ᠋ ᠬᠠᠮᠠᠭᠠᠯᠠᠵᠤ ᠠᠱᠢᠭ᠍ᠯᠠᠬᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠰᠣᠶᠣᠯ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ᠂ ᠭᠠᠳᠠᠭᠠᠳᠤ᠎ᠯᠤᠭ᠎ᠠ ᠵᠢᠨ ᠰᠣᠶᠣᠯ ᠤ᠋ᠨ ᠰᠣᠯᠢᠯᠴᠠᠭ᠎ᠠ᠂ ᠵᠢᠭᠤᠯᠴᠢᠯᠠᠯ ᠤ᠋ᠨ ᠡᠬᠢ ᠪᠠᠶᠠᠯᠢᠭ ᠢ᠋ ᠨᠡᠭᠡᠭᠡᠨ ᠬᠥᠭ᠌ᠵᠢᠭᠦᠯᠬᠦ᠌ ᠵᠡᠷᠭᠡ ᠪᠥᠬᠥ᠌ ᠶᠠᠪᠤᠴᠠ ᠡᠯ᠎ᠡ ᠭᠣᠭ᠍ᠴᠣᠭ᠎ᠠ ᠳ᠋ᠤ ᠭᠦᠨᠵᠡᠭᠡᠶ ᠠᠭᠤᠰᠤᠯᠴᠠᠭᠤᠯᠤᠭᠰᠠᠨ ᠪᠠᠢᠨ᠎ᠠ ᠃

ᠰᠣᠶᠣᠯ ᠪᠠ ᠵᠢᠭᠤᠯᠴᠢᠯᠠᠯ ᠤ᠋ᠨ ᠬᠦᠷᠢᠶᠡᠨ᠎ᠳᠡᠬᠢ ᠦᠨᠳᠦᠰᠦᠲᠡᠨ ᠤ᠋ ᠵᠢᠷᠤᠮᠵᠢᠯ ᠤ᠋ᠨ ᠴᠢᠨᠠᠷᠲᠠᠶ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠪᠥᠬᠥ᠌ ᠲᠠᠯ᠎ᠠ ᠪᠡᠷ ᠡᠮᠬᠢᠯᠡᠵᠦ᠍᠂ 40 ᠭᠠᠷᠤᠶ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠬᠦᠴᠦᠨ ᠥᠬᠡᠶ ᠪᠣᠯᠭᠠᠬᠤ ᠪᠤᠶᠤ ᠵᠠᠰᠠᠪᠤᠷᠢ ᠣᠷᠣᠭᠤᠯᠬᠤ ᠪᠡᠷ ᠰᠠᠨᠠᠭᠠᠴᠢᠯᠠᠵᠠᠢ᠃ ᠪᠦᠬᠦ᠌ ᠣᠷᠣᠨ ᠤ᠋ A ᠲᠠᠰ ᠤ᠋ᠨ 400 ᠵᠢᠭᠤᠯᠴᠢᠯᠠᠯ ᠤ᠋ᠨ ᠦᠵᠡᠮᠵᠢ ᠵᠢᠨ ᠣᠷᠣᠨ ᠤ᠋ ᠲᠣᠪᠴᠢ ᠲᠠᠨᠢᠯᠴᠠᠭᠤᠯᠭ᠎ᠠ᠂ ᠲᠠᠢᠯᠪᠤᠷᠢ ᠦᠭᠡᠰ ᠲᠦ᠍ ᠬᠢᠨᠠᠨ ᠪᠠᠢᠴᠠᠭᠠᠯᠲᠠ ᠬᠢᠵᠦ᠍᠂ ᠵᠢᠭᠤᠯᠴᠢᠯᠠᠯ ᠤ᠋ᠨ ᠦᠵᠡᠮᠵᠢ ᠵᠢᠨ ᠣᠷᠣᠨ᠎ᠤ ᠳᠣᠲᠣᠷ᠎ᠠ ᠵᠢᠴᠢ ᠬᠡᠭᠡᠷ᠎ᠡ ᠭᠠᠳᠠᠨᠠᠬᠢ ᠲᠣᠮᠣ ᠬᠡᠯᠪᠡᠷᠢ ᠵᠢᠨ ᠱᠤᠭᠤᠮᠠᠯ ᠬᠦᠷᠦᠭ ᠲᠦ᠍ ᠵᠢᠭ᠍ᠰᠠᠭᠠᠨ ᠪᠠᠢᠴᠠᠭᠠᠯᠲᠠ ᠬᠢᠪᠡ᠃ ᠪᠦᠬᠦ᠌ ᠣᠷᠣᠨ ᠤ᠋ ᠮᠦᠽᠧᠢ ᠵᠢᠨ 227 ᠬᠤᠪᠢ ᠳᠡᠯᠭᠡᠨ ᠦᠵᠡᠭᠦᠯᠬᠦ᠌ ᠬᠥᠲᠥᠯᠪᠦᠷᠢ ᠪᠣᠯᠤᠨ ᠲᠠᠢᠯᠪᠤᠷᠢ ᠦᠭᠡᠰ ᠲᠦ᠍ ᠬᠢᠨᠠᠨ ᠪᠠᠢᠴᠠᠭᠠᠯᠲᠠ ᠬᠢᠵᠦ᠍᠂ ᠢᠯᠡᠷᠡᠭᠦᠯᠦᠭ᠌ᠰᠡᠨ 98 ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠵᠤ᠂ ᠥᠪᠥᠷ ᠮᠣᠩᠭᠣᠯ ᠤ᠋ᠨ ᠮᠦᠽᠧᠢ ᠵᠢᠨ ᠬᠦᠷᠢᠶᠡᠯᠡᠩ ᠢ᠋ ᠵᠢᠯᠣᠭᠣᠳᠤᠨ《ᠠᠭᠤᠰᠤᠯᠴᠠᠯ ᠤ᠋ᠨ ᠷᠢᠳᠢ ᠱᠢᠳᠢ》 ᠦᠵᠡᠭᠦᠯᠭᠡ ᠵᠢᠨ ᠬᠥᠲᠥᠯᠪᠦᠷᠢ ᠳ᠋ᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ ᠃

ᠪᠥᠬᠥ᠌ ᠣᠷᠣᠨ ᠤ᠋ ᠣᠯᠠᠨ ᠨᠡᠢᠲᠡ᠎ᠶ᠋ᠢᠨ ᠨᠣᠮ ᠤ᠋ᠨ ᠰᠠᠩ᠂ ᠰᠣᠶᠣᠯ ᠤ᠋ᠨ ᠣᠷᠳᠣᠨ ᠤ᠋ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠢ᠋ ᠰᠤᠭᠤᠴᠢᠨ ᠪᠠᠢᠴᠠᠭᠠᠵᠤ᠂ ᠪᠠᠢᠴᠠᠭᠠᠵᠤ ᠢᠯᠡᠷᠡᠭᠦᠯᠦᠭ᠌ᠰᠡᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠪᠠ ᠃ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠨᠠᠮ ᠤ᠋ᠨ ᠦᠨᠳᠦᠰᠦᠲᠡᠨ ᠤ᠋ ᠣᠨᠣᠯ ᠪᠠ ᠦᠨᠳᠦᠰᠦᠲᠡᠨ ᠤ᠋ ᠲᠥᠷᠥ ᠵᠢᠨ ᠪᠣᠳᠣᠯᠭ᠎ᠠ ᠵᠢᠨ ᠲᠠᠩᠰᠠ ᠡᠪᠬᠡᠮᠡᠯ ᠲᠤᠯᠭᠤᠷ ᠪᠢᠴᠢᠭ ᠤ᠋ᠨ ᠦᠵᠡᠰᠭᠦᠯᠡᠩ》᠂ 《ᠦᠨᠳᠦᠰᠦᠲᠡᠨ ᠨᠤᠭᠦᠳ ᠤ᠋ᠨ ᠬᠥᠪᠡᠭᠦᠳ ᠥᠬᠢᠳ ᠨᠠᠮ ᠵᠢᠡᠨ ᠳᠠᠭᠠᠨ᠎ᠠ — ᠤᠯᠤᠰ ᠤ᠋ᠨ ᠰᠣᠩᠭᠣᠳᠠᠭ ᠤᠷᠠᠨ ᠵᠢᠷᠤᠭ ᠤ᠋ᠨ ᠪᠦᠲᠦᠭᠡᠯ ᠤ᠋ᠨ ᠦᠵᠡᠰᠭᠦᠯᠡᠩ》 ᠪᠤᠯᠤᠨ《ᠣᠷᠳᠣ ᠴᠠᠭᠠᠨ ᠬᠡᠷᠡᠮ ᠤ᠋ᠨ ᠳᠣᠲᠣᠨ᠎ᠠ ᠭᠠᠳᠠᠨᠠᠬᠢ ᠡᠬᠡ ᠨᠤᠲᠤᠭ — ᠥᠪᠥᠷ ᠮᠣᠩᠭᠣᠯ ᠤ᠋ᠨ ᠲᠡᠦᠬᠡ ᠵᠢᠨ ᠳᠤᠷᠠᠰᠭᠠᠯᠲᠤ ᠵᠦᠶ᠋ᠯᠡᠰ ᠤ᠋ᠨ ᠣᠬᠢ ᠰᠣᠳᠣ ᠵᠢᠨ ᠦᠵᠡᠰᠭᠦᠯᠡᠩ》 ᠢ᠋ ᠡᠷᠭᠢᠯᠡᠵᠦ᠍᠂ ᠦᠨᠳᠦᠰᠦᠲᠡᠨ ᠤ᠋ ᠪᠦᠯᠬᠦᠮᠳᠡᠯ ᠤ᠋ᠨ ᠲᠠᠯ᠎ᠠ ᠪᠡᠷ᠎ᠬᠢ ᠠᠸ᠋ᠭ᠎ᠠ ᠰᠦᠷᠯᠢᠭ ᠲᠡᠥᠬᠡᠨ ᠶᠠᠪᠤᠴᠠ ᠪᠠ ᠡᠯᠪᠡᠭ ᠪᠠᠶᠠᠯᠢᠭ ᠦᠷ᠎ᠡ ᠪᠦᠲᠦᠭᠡᠯ ᠢ᠋ ᠪᠥᠬᠥ᠌ ᠲᠠᠯ᠎ᠠ ᠪᠡᠷ ᠳᠡᠯᠭᠡᠨ ᠦᠵᠡᠭᠦᠯᠪᠡ᠃ ᠪᠠᠰᠠ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠪᠠᠭᠤᠷᠢ᠂ ᠡᠷᠲᠡᠨ ᠤ᠋ ᠨᠣᠮ ᠰᠤᠳᠤᠷ ᠰᠤᠷᠪᠤᠯᠵᠢ ᠪᠢᠴᠢᠭ ᠲᠦ᠍ ᠬᠠᠳᠠᠭᠠᠯᠠᠭ᠍ᠳᠠᠵᠤ ᠪᠠᠢᠭ᠎ᠠ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠵᠢᠨ ᠦᠵᠡᠯ ᠰᠠᠨᠠᠭ᠎ᠠ ᠶ᠋ᠢ ᠭᠦᠨᠵᠡᠭᠡᠢ ᠠᠭᠤᠳᠠᠯᠵᠤ᠂ ᠥᠪᠥᠷ ᠮᠣᠩᠭᠣᠯ ᠤ᠋ᠨ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ ᠲᠠᠶ ᠬᠠᠮᠲᠤᠷᠠᠨ 《ᠲᠡᠦᠬᠡ᠎ᠲᠡᠶ ᠶᠠᠷᠢᠯᠴᠠᠶ᠎ᠠ》ᠪᠤᠯᠤᠩ ᠨᠡᠭᠡᠭᠡᠵᠦ᠍᠂ 《ᠲᠡᠦᠬᠡ ᠵᠢᠨ ᠳᠤᠷᠠᠰᠭᠠᠯᠲᠤ ᠵᠦᠢᠯᠡᠰ᠎ᠲᠡᠬᠢ᠎ᠥᠪᠥᠷ ᠮᠣᠩᠭᠣᠯ》 ᠂ 《ᠤᠯᠤᠰ ᠤ᠋ᠨ ᠡᠷᠳᠡᠨᠢ ᠤᠷᠳᠤ ᠴᠠᠭᠠᠨ ᠬᠡᠷᠡᠮ ᠢ᠋ ᠦᠬᠦᠯᠡᠬᠦ ᠨᠢ》 ᠵᠡᠷᠭᠡ ᠲᠡᠦᠬᠡ ᠵᠢᠨ ᠳᠤᠷᠠᠰᠭᠠᠯᠲᠤ ᠵᠦᠢᠯᠡᠰ ᠤ᠋ᠨ ᠦᠯᠢᠭᠡᠷ ᠢ᠋ 60 ᠬᠤᠭᠤᠴᠠᠭ᠎ᠠ ᠪᠡᠯᠡᠳᠬᠡᠨ ᠨᠡᠪᠳᠡᠷᠡᠬᠦᠯᠵᠦ ᠂《ᠤᠨ ᠴᠠᠭ ᠤ᠋ᠨ ᠳᠤᠷᠠᠰᠤᠮᠵᠢ ᠶ᠋ᠢ ᠰᠡᠷᠬᠦᠭᠡᠨ ᠰᠤᠳᠤᠷ ᠪᠢᠴᠢᠭ ᠤ᠋ᠨ ᠦᠯᠢᠭᠡᠷ ᠢ᠋ ᠰᠣᠨᠣᠰᠤᠶ᠎ᠠ — ᠡᠷᠲᠡᠨ ᠤ᠋ ᠨᠣᠮ ᠰᠤᠳᠤᠷ᠎ᠤᠨ ᠳᠡᠯᠭᠡᠨ ᠦᠵᠡᠭᠦᠯᠭᠡ》 ᠨᠡᠪᠳᠡᠷᠡᠬᠦᠯᠭᠡ ᠵᠢ 20 ᠬᠤᠭᠤᠴᠠᠭ᠎ᠠ ᠬᠢᠵᠦ᠂ 《ᠮᠣᠩᠭᠣᠯ ᠬᠡᠯᠡᠨ ᠤ᠋ ᠡᠷᠲᠡᠨ ᠤ᠋ ᠨᠣᠮ ᠰᠤᠳᠤᠷ ᠲᠦ᠍ ᠲᠡᠮᠳᠡᠭ᠌ᠯᠡᠭ᠌ᠳᠡᠭ᠌ᠰᠡᠨ ᠳᠤᠮᠳᠠᠳᠤ ᠵᠢᠨ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡ ᠵᠢᠨ ᠮᠠᠲᠧᠷᠢᠶᠠᠯ ᠤ᠋ᠨ ᠡᠮᠬᠢᠳᠭᠡᠯ》᠎ᠨᠢ ᠤᠯᠤᠰ ᠤ᠋ᠨ ᠦᠨᠳᠦᠰᠦᠲᠡᠨ ᠤ᠋ ᠬᠡᠷᠡᠭ ᠡᠷᠬᠢᠯᠡᠬᠦ ᠵᠦᠪᠯᠡᠯ ᠤ᠋ᠨ ᠲᠦᠰᠦᠯ ᠢ᠋ ᠡᠷᠡᠮᠡᠯᠵᠡᠯᠡᠵᠦ ᠤᠯᠵᠠᠢ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号