ᠶᠠᠳᠠᠭᠤ ᠡᠴᠡ ᠠᠩᠭᠢᠵᠢᠷᠠᠭᠤᠯᠤᠭᠰᠠᠨ ᠦᠷ᠎ᠠ ᠪᠦᠳᠦᠭᠡᠯ᠎ᠢ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠯᠤᠭ᠎ᠠ ᠪᠦᠳᠦᠮᠵᠢᠳᠡᠢ ᠵᠤᠯᠭᠠᠭᠤᠯᠤᠯ᠎ᠠ
2022-01-07 10:22:27
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

2021 ᠤᠨ ᠪᠤᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ᠂ ᠮᠦᠨ ᠴᠤ᠌ ᠶᠠᠳᠠᠭᠤ ᠡᠴᠡ ᠠᠩᠭᠢᠵᠢᠷᠠᠭᠤᠯᠤᠭᠰᠠᠨ ᠦᠷ᠎ᠡ ᠪᠦᠲᠦᠭᠡᠯ ᠢ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠠᠩᠬᠠᠨ ᠤ᠋ ᠵᠢᠯ ᠪᠤᠯᠬᠤ ᠶᠤᠮ᠃ ᠡᠨᠡ ᠨᠢᠬᠡ ᠵᠢᠯ ᠳ᠋ᠤ᠂ ᠮᠠᠨ ᠤ᠋ ᠣᠷᠣᠨ ᠬᠥᠳᠡᠭᠡ ᠲᠣᠰᠭᠣᠨ ᠤ᠋ ᠪᠦᠳᠦᠭᠡᠨ ᠪᠠᠢᠭᠤᠯᠤᠯᠲᠠ ᠵᠢᠨ ᠲᠦᠷᠦᠯ ᠵᠦᠢᠯ᠎ᠤᠳ᠎ᠢ ᠵᠠᠯᠭᠠᠭ᠎ᠠ ᠪᠡᠷ ᠨᠠᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳ᠋ᠤ ᠲᠣᠬᠢᠷᠠᠮᠵᠢᠲᠠᠢ᠂ ᠨᠤᠲᠤᠭ ᠤ᠋ᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠴᠢᠨᠡᠭᠡᠯᠢᠭᠵᠢᠭᠰᠡᠨ ᠬᠥᠳᠡᠭᠡ ᠲᠣᠰᠬᠣᠨ ᠤ᠋ ᠪᠤᠷᠤ ᠵᠢᠷᠤᠭ ᠪᠦᠬᠦ ᠲᠠᠯ᠎ᠠ ᠪᠠᠷ ᠲᠡᠯᠭᠡᠭᠳᠡᠯ᠎ᠡ ᠁

ᠪᠠᠭᠠᠷᠢᠨ ᠵᠡᠭᠦᠨ ᠬᠣᠱᠢᠭᠤᠨ ᠤ᠋ ᠴᠠᠭᠠᠨᠬᠠᠳᠠ ᠰᠤᠮᠤ ᠵᠢᠨ ᠤᠨᠭᠭᠤᠴᠡ ᠭᠠᠴᠠᠭᠠᠨ ᠤ᠋ ᠮᠠᠯᠴᠢᠨ ᠰᠡᠷᠭᠦᠯᠡᠩ ᠠᠵᠠ ᠪᠤᠰᠤ ᠪᠠᠷ ᠬᠣᠳᠣᠭᠣᠳᠣᠨ ᠥᠮᠡᠨ ᠳ᠋ᠤ ᠨᠡᠷᠪᠡᠭ᠌ᠳᠡᠭᠰᠡᠨ ᠳ᠋ᠤ ᠲᠤᠬᠠᠢ ᠵᠢᠨ ᠭᠠᠵᠠᠷ ᠤ᠋ᠨ ᠬᠢᠨ ᠲᠡᠬᠦᠨ ᠢ᠋ ᠶᠠᠳᠠᠭᠤᠷᠠᠬᠤ ᠪᠤᠯᠤᠮᠵᠢ ᠲᠠᠢ ᠡᠷᠦᠬᠡ ᠪᠡᠷ ᠲᠤᠭᠳᠠᠭᠠᠵᠤ᠂《ᠠᠵᠤ ᠦᠶ᠋ᠯᠡᠰ + ᠮᠥᠩᠭᠥᠨ ᠭᠦᠶ᠋ᠯᠭᠡᠭᠡᠨ + ᠡᠷᠡᠭᠦᠯ ᠮᠡᠨᠳᠦ》ᠵᠢᠨ ᠠᠷᠭ᠎ᠠ ᠬᠡᠯᠪᠡᠷᠢ ᠪᠡᠷ ᠬᠠᠪᠰᠤᠷᠤᠨ ᠲᠡᠳᠬᠦᠵᠤ᠂ ᠵᠢᠯ ᠳ᠋ᠤ 3460 ᠲᠥᠭᠥᠷᠢᠭ᠎ᠦᠨ ᠨᠠᠭᠠᠳᠤ ᠵᠠᠬ᠎ᠠ ᠵᠢᠨ ᠪᠠᠲᠤᠯᠠᠭ᠎ᠠ ᠵᠢᠨ ᠮᠥᠩᠭᠥ᠌ ᠤᠯᠭᠤᠭᠰᠠᠨ ᠵᠢᠡᠷ ᠪᠠᠷᠠᠬᠤ ᠦᠬᠡᠢ ᠡᠮᠨᠡᠯᠭᠡ ᠳ᠋ᠤ ᠰᠠᠭᠤᠭᠰᠠᠨ ᠰᠤᠢᠳᠬᠡᠯ ᠢ᠋ ᠲᠠᠨᠭᠰᠡ ᠡᠴᠡ ᠲᠠᠢᠯᠬᠤ᠂ ᠡᠮᠴᠢᠯᠡᠬᠡᠨ ᠤ᠋ ᠦᠶ᠋ᠯᠡᠴᠢᠯᠡᠭᠡ ᠵᠡᠷᠭᠡ ᠶ᠋ᠢ ᠪᠠᠭ᠍ᠲᠠᠭᠠᠭ᠍ᠰᠠᠨ ᠡᠷᠡᠭᠦᠯ ᠮᠡᠨᠳᠦ᠍ ᠪᠡᠷ ᠶᠠᠳᠠᠭᠤ ᠶ᠋ᠢ ᠲᠡᠳᠬᠦᠬᠦ᠌ ᠠᠯᠢ ᠣᠯᠠᠨ ᠲᠥᠷᠥ ᠵᠢᠨ ᠪᠣᠳᠣᠯᠭ᠎ᠠ ᠶ᠋ᠢᠨ ᠠᠰᠢᠬ᠎ᠢ ᠬᠦᠷᠳᠡᠭᠡᠵᠡᠢ ᠃ ᠤᠳᠤ ᠲᠡᠳᠡᠨ ᠤ᠋ ᠬᠢᠨ ᠤ᠋ ᠬᠥᠮᠦᠨ ᠳᠤᠮᠳᠠᠴᠢ ᠵᠢᠨ ᠵᠢᠯ ᠤ᠋ᠨ ᠡᠵᠡᠮᠳᠡᠵᠦ᠍ ᠪᠣᠯᠬᠤ ᠣᠷᠣᠯᠭ᠎ᠠ 11802 ᠲᠥᠭᠥᠷᠢᠭ ᠢ᠋ ᠲᠠᠪᠠᠵᠤ᠂ ᠶᠠᠳᠠᠭᠤᠷᠠᠬᠤ ᠲᠦᠭ᠌ᠰᠢᠭᠦᠷᠢ ᠡᠴᠡ ᠠᠩᠬᠢᠵᠢᠷᠠᠭᠰᠠᠨ ᠪᠢᠯᠡ᠃ ᠪᠠᠭᠠᠷᠢᠨ ᠵᠡᠭᠦᠨ ᠬᠣᠱᠢᠭᠤ ᠥᠩᠭᠡᠷᠡᠭ᠌ᠰᠡᠨ ᠳ᠋ᠤ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠪᠠᠢᠵᠤ ᠂ 2020 ᠣᠨ ᠤ᠋ 3 ᠰᠠᠷ᠎ᠠ ᠳ᠋ᠤ ᠶᠠᠳᠠᠭᠤ ᠡᠴᠡ ᠠᠩᠭᠢᠵᠢᠷᠠᠵᠤ ᠂ 2021 ᠤᠨ ᠳ᠋ᠤ ᠪᠠᠰᠠ ᠤᠯᠤᠰ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ᠌ ᠱᠢᠶᠠᠨ ᠪᠤᠯᠪᠠ ᠃

2021 ᠤᠨ ᠳ᠋ᠤ ᠮᠠᠨ ᠤ᠋ ᠤᠷᠤᠨ 10 ᠤᠯᠤᠰ ᠤ᠋ᠨ ᠲᠠᠰ ᠤ᠋ᠨ ᠪᠠ 5 ᠦᠪᠡᠷᠳᠡᠭᠡᠨ ᠵᠠᠰᠠᠬᠤ ᠣᠷᠣᠨ ᠤ᠋ ᠲᠠᠰ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ᠌ ᠬᠣᠱᠢᠭᠤ ᠱᠢᠶᠠᠨ ᠢ᠋ ᠲᠣᠭ᠍ᠲᠠᠭᠠᠵᠤ᠂ ᠨᠡᠢᠳᠡ 23.37 ᠳ᠋ᠦᠩᠱᠢᠭᠤᠷ ᠲᠥᠭᠥᠷᠢᠭ᠎ᠦᠨ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠶᠠᠳᠠᠭᠤ ᠡᠴᠡ ᠠᠩᠬᠢᠵᠢᠷᠠᠭᠤᠯᠤᠭᠰᠠᠨ ᠦᠷ᠎ᠡ ᠪᠦᠳᠦᠬᠡᠯ ᠢ᠋ ᠬᠦᠳᠡᠬᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ᠎ᠯᠤᠭ᠎ᠠ ᠵᠣᠯᠭᠠᠭᠤᠯᠬᠤ ᠪᠠᠯᠠ ᠮᠥᠩᠭᠥ᠌ ᠪᠠᠭᠤᠯᠭᠠᠨ᠂ ᠶᠠᠳᠠᠭᠤ ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠭᠰᠡᠨ ᠶᠤᠮ᠃ ᠡᠬᠦᠨ ᠤ᠋ ᠬᠠᠮᠳᠤ ᠳᠠᠬᠢᠨ ᠶᠠᠳᠠᠭᠤᠷᠠᠬᠤ ᠵᠢ ᠰᠡᠷᠭᠡᠢᠯᠡᠬᠦ᠌ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠠᠵᠢᠯ ᠢ᠋ ᠯᠠᠪᠳᠠᠭᠤᠨ ᠪᠠᠲᠤᠲᠠᠶ ᠦᠷᠨᠢᠬᠦᠯᠤᠨ᠂ 《ᠳᠠᠬᠢᠨ ᠶᠠᠳᠠᠭᠤᠷᠠᠬᠤ ᠵᠢ ᠰᠡᠷᠭᠡᠢᠯᠡᠬᠦ᠌ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠲᠣᠭ᠍ᠲᠠᠴᠠ ᠵᠢ ᠪᠦᠷᠢᠨᠱᠢᠬᠦᠯᠬᠦ᠌ ᠲᠤᠬᠠᠶ ᠠᠵᠢᠯ ᠤ᠋ᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ ᠶᠠᠳᠠᠭᠤ ᠡᠴᠡ ᠠᠩᠭᠢᠵᠢᠷᠠᠭ᠍ᠰᠠᠨ ᠪᠤᠯᠪᠠᠴᠦ ᠲᠤᠭᠳᠠᠪᠤᠷᠢ ᠦᠬᠡᠢ ᠡᠷᠦᠬᠡ᠂ ᠠᠮᠠᠷᠬᠠᠨ ᠶᠠᠳᠠᠭᠤᠷᠠᠬᠤ ᠪᠤᠯᠤᠮᠵᠢ ᠲᠠᠢ ᠡᠷᠤᠬᠡ ᠪᠤᠯᠤᠨ ᠬᠡᠨᠡᠳᠳᠡ ᠡᠬᠦᠰᠬᠦ ᠬᠦᠨᠳᠦ ᠨᠣᠴᠢᠲᠠᠶ ᠶᠠᠳᠠᠭᠤ ᠬᠦᠴᠢᠷᠳᠡᠯᠳᠡᠢ ᠡᠷᠦᠬᠡ ᠳ᠋ᠤ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ᠌ ᠠᠵᠢᠯ ᠢ᠋ ᠭᠤᠤᠯᠳᠠᠯᠭ᠎ᠠ ᠲᠠᠢ ᠥᠷᠨᠢᠭᠦᠯᠵᠠᠢ᠃ 2021 ᠤᠨ᠎ᠤ  11 ᠰᠠᠷ᠎ᠠ ᠵᠢᠨ ᠰᠡᠭᠦᠯᠴᠢ ᠪᠣᠯᠲᠠᠯ᠎ᠠ᠂ ᠪᠦᠬᠦ ᠣᠷᠣᠨ ᠤ᠋ 7.11 ᠲᠦᠮᠡᠨ ᠬᠥᠮᠦᠨ ᠢ᠋ ᠬᠢᠨᠠᠨ ᠬᠡᠮᠵᠢᠬᠦ ᠬᠡᠪᠴᠢᠶᠡᠨ ᠳ᠋ᠤ ᠣᠷᠣᠭᠤᠯᠵᠤ᠂ ᠬᠡᠪᠴᠢᠶᠡᠵᠢᠯ ᠤ᠋ᠨ ᠴᠢᠨᠠᠷᠲᠠᠶ ᠳᠠᠬᠢᠨ ᠶᠠᠳᠠᠭᠤᠷᠠᠯ ᠡᠬᠦᠰᠬᠦ ᠦᠬᠡᠢ ᠪᠠᠢᠬᠤ ᠵᠢ ᠪᠠᠲᠤᠯᠠᠪᠠ᠃

ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠳ᠋ᠤ ᠠᠵᠤ ᠤᠢᠯᠡᠰ ᠢ᠋ ᠬᠦᠭᠵᠢᠬᠦᠯᠦᠨ ᠮᠠᠨᠳᠤᠭᠤᠯᠬᠤ ᠪᠤᠯ ᠰᠠᠭᠤᠷᠢ ᠪᠤᠯᠬᠤ ᠰᠠᠨ᠃ ᠲᠦᠮᠡᠳ ᠵᠡᠬᠦᠨ ᠬᠤᠰᠢᠭᠤᠨ ᠤ᠋ ᠱᠠᠨᠭᠳᠡ ᠮᠦᠬᠦ ᠲᠠᠷᠢᠬᠤ ᠰᠠᠭᠤᠷᠢᠨ ᠳ᠋ᠤ ᠰᠢᠨ᠎ᠠ ᠰᠤᠷᠭᠤᠭ ᠮᠦᠬᠦ ᠪᠠᠭᠰᠢᠷᠠᠨ ᠤᠷᠭᠤᠨ᠎ᠠ᠂ ᠡᠨᠡ ᠬᠦ᠌ ᠰᠠᠭᠤᠷᠢᠨ 2018 ᠤᠨ ᠳ᠋ᠤ ᠪᠠᠢᠭᠤᠯᠤᠭᠳᠠᠭᠰᠠᠨ ᠡᠴᠡ ᠨᠠᠭᠠᠰᠢ᠂ ᠮᠦᠬᠦ ᠵᠢᠨ ᠭᠠᠷᠤᠯᠳᠡ ᠨᠢ ᠮᠠᠰᠢ ᠰᠠᠢᠨ ᠪᠠᠢᠵᠤ᠂ ᠨᠢᠳᠤᠨᠤᠨ 130 ᠲᠦᠮᠡᠨ ᠪᠠᠭᠠᠨᠠᠨᠴᠢᠷ ᠮᠦᠬᠦ ᠲᠠᠷᠢᠵᠤ᠂ 200 ᠲᠦᠮᠡᠨ ᠵᠢᠨᠭ ᠮᠦᠬᠦ ᠬᠤᠷᠢᠶᠡᠨ᠂ ᠵᠢᠱ᠌ᠢᠯᠳᠡ ᠪᠡᠷ ᠤᠢᠯᠡᠳᠬᠦᠨ ᠤ᠋ ᠦᠷᠳᠡᠭ ᠨᠢ 1000 ᠲᠦᠮᠡᠨ ᠲᠦᠬᠦᠷᠢᠭ ᠲᠦ᠍ ᠬᠦᠷᠴᠦ᠂ ᠡᠷᠬᠢᠨ ᠲᠤᠭᠤᠷᠢᠨ ᠤ᠋ ᠲᠠᠷᠢᠶᠠᠴᠢᠤᠨ ᠤ᠋ᠨ ᠤᠷᠤᠯᠭ᠎ᠠ ᠵᠢᠨ ᠨᠡᠮᠡᠭᠳᠡᠯ ᠢ᠋ ᠪᠠᠳᠤᠯᠠᠬᠤ ᠪᠤᠯᠤᠨ᠎ᠠ᠃ ᠮᠠᠨ ᠤ᠋ ᠤᠷᠤᠨ ᠶᠠᠳᠠᠭᠤ ᠡᠴᠡ ᠠᠩᠭᠢᠵᠢᠷᠠᠭᠤᠯᠤᠭ᠍ᠰᠠᠨ ᠭᠠᠵᠠᠷ ᠤᠷᠤᠨ ᠢ᠋ ᠠᠵᠤ ᠤᠢᠯᠡᠰ ᠵᠢᠡᠷ ᠬᠠᠪᠰᠤᠷᠤᠨ ᠲᠡᠳᠬᠦᠬᠦ ᠡᠷᠴᠢᠮ ᠵᠢᠡᠨ ᠦᠷᠬᠦᠯᠵᠢᠯᠡᠨ ᠴᠢᠨᠭᠭᠠᠷᠠᠭᠤᠯᠵᠤ᠂ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠡᠳ᠋᠎ᠦᠨ ᠵᠠᠰᠠᠭ ᠤ᠋ᠨ ᠶᠠᠳᠠᠭᠤ ᠡᠴᠡ ᠠᠩᠬᠢᠵᠢᠷᠠᠭᠤᠯᠤᠭᠰᠠᠨ ᠦᠷ᠎ᠡ ᠪᠦᠳᠦᠬᠡᠯ ᠢ᠋ ᠬᠦᠳᠡᠬᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ᠎ᠯᠤᠭ᠎ᠠ ᠵᠣᠯᠭᠠᠭᠤᠯᠬᠤ ᠪᠡᠯᠡ ᠮᠥᠩᠭᠥ ᠵᠢᠨ 50% ᠡᠴᠡ ᠳᠡᠭᠡᠭ᠌ᠰᠢᠬᠢ ᠵᠢ ᠶᠠᠳᠠᠭᠤ ᠡᠴᠡ ᠠᠩᠭᠢᠵᠢᠷᠠᠭᠤᠯᠤᠭᠰᠠᠨ ᠭᠠᠵᠠᠷ ᠣᠷᠣᠨ ᠤ᠋ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠦᠨ ᠬᠥᠭ᠌ᠵᠢᠯᠲᠡ ᠵᠢ ᠳᠡᠮᠵᠢᠬᠦ ᠳ᠋ᠤ ᠬᠡᠷᠡᠭᠯᠡᠪᠡ᠃ ᠶᠠᠳᠠᠭᠤ ᠵᠢ ᠲᠡᠳᠬᠦᠬᠦ᠌ 648 ᠳᠠᠭᠠᠭᠤᠯᠤᠭ᠍ᠴᠢ ᠠᠵᠤ ᠠᠬᠤᠢᠯᠠᠯ ᠪᠤᠯᠤᠨ ᠶᠠᠳᠠᠭᠤ ᠵᠢ ᠲᠡᠳᠬᠦᠬᠦ᠌ 294 ᠦᠶ᠋ᠯᠡᠳᠪᠦᠷᠢ ᠵᠢᠨ ᠲᠠᠰᠤᠭ ᠨᠢ ᠬᠥᠳᠡᠯᠮᠦᠷᠢᠯᠡᠬᠦ᠌ ᠴᠢᠳᠠᠪᠤᠷᠢ ᠲᠠᠢ ᠶᠠᠳᠠᠭᠤ ᠡᠴᠡ ᠠᠩᠭᠢᠵᠢᠷᠠᠭ᠍ᠰᠠᠨ ᠡᠷᠦᠬᠡ ᠵᠢ ᠦᠷᠭᠦᠯᠵᠢᠯᠡᠨ ᠲᠡᠳᠬᠦᠵᠦ᠍ ᠂ ᠠᠵᠤ ᠦᠢᠯᠡᠰ᠎ᠦᠨ ᠲᠥᠷᠥᠯ ᠵᠦᠢᠯ ᠢ᠋ ᠪᠦᠷᠢᠨ ᠬᠠᠮᠤᠷᠪᠡ ᠃ ᠬᠡᠷᠡᠭ᠌ᠯᠡᠭᠡ ᠪᠡᠷ ᠬᠠᠪᠰᠤᠷᠤᠨ ᠲᠡᠳᠬᠦᠬᠦ᠌ ᠵᠢ ᠭᠦᠨᠵᠡᠭᠡᠶ ᠥᠷᠨᠢᠭᠦᠯᠵᠦ᠍᠂ ᠪᠥᠬᠥ᠌ ᠣᠷᠣᠨ ᠳ᠋ᠤ 3290 ᠵᠦᠶ᠋ᠯ᠎ᠦᠨ ᠬᠠᠪᠰᠤᠷᠤᠨ ᠲᠡᠳᠬᠦᠬᠦ ᠪᠦᠲᠦᠭᠡᠭ᠌ᠳᠡᠬᠦᠨ ᠢ᠋ ᠮᠠᠭᠠᠳᠯᠠᠨ ᠲᠣᠭ᠍ᠲᠠᠭᠠᠵᠤ᠂ ᠪᠣᠷᠣᠯᠠᠭᠤᠯᠤᠯᠲᠠ ᠵᠢᠨ ᠣᠷᠣᠯᠭ᠎ᠠ ᠠᠩᠬ᠎ᠠ ᠤᠳᠠᠭ᠎ᠠ 100 ᠳ᠋ᠦᠩᠱᠢᠭᠤᠷ ᠲᠥᠭᠥᠷᠢᠭ ᠢ᠋ ᠳᠠᠪᠠᠭᠠᠳ 2020 ᠤᠨ ᠤ᠋᠎ᠬᠢ ᠡᠴᠡ 38% ᠪᠡᠷ ᠨᠡᠮᠡᠭ᠌ᠳᠡᠭᠰᠡᠨ ᠠᠵᠢ᠃  

2021 ᠤᠨ ᠳ᠋ᠤ᠂ ᠪᠦᠬᠦ ᠤᠷᠤᠨ ᠤ᠋ ᠡᠯ᠎ᠠ ᠭᠠᠵᠠᠷ ᠤ᠋ᠨ ᠬᠢᠨ ᠣᠯᠠᠨ ᠵᠦᠶ᠋ᠯ᠎ᠦᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠨ ᠬᠥᠮᠦᠨ ᠬᠡᠷᠡᠭ᠌ᠯᠡᠬᠦ᠌ ᠨᠢᠭᠡᠴᠢ ᠵᠢᠨ ᠠᠵᠢᠯ ᠤ᠋ᠨ ᠪᠠᠢᠷᠢ ᠵᠢ ᠲᠣᠭ᠍ᠲᠠᠪᠤᠷᠢᠵᠢᠭᠤᠯᠤᠨ ᠠᠵᠢᠯ ᠣᠯᠭᠣᠬᠤ ᠲᠥᠷᠥ ᠵᠢᠨ ᠪᠣᠳᠣᠯᠭ᠎ᠠ ᠵᠢ ᠨᠠᠢᠳᠠᠪᠤᠷᠢᠵᠢᠭᠤᠯᠵᠤ ᠂ ᠪᠡᠭᠡᠵᠢᠩ ᠥᠪᠥᠷ ᠮᠣᠩᠭᠣᠯ ᠤ᠋ᠨ ᠬᠥᠳᠡᠯᠮᠦᠷᠢ ᠬᠦᠴᠦᠨ᠎ᠦ ᠬᠠᠮᠵᠢᠯᠴᠠᠭ᠎ᠠ ᠵᠢ ᠴᠢᠩᠭᠠᠳᠭᠠᠨ᠂ ᠨᠡᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ ᠤ᠋ᠨ ᠪᠠᠢᠷᠢ ᠵᠢ ᠨᠡᠭᠡᠭᠡᠨ ᠬᠥᠭ᠌ᠵᠢᠭᠦᠯᠵᠦ᠍᠂ ᠪᠥᠬᠥ᠌ ᠣᠷᠣᠨ ᠤ᠋ 20.62 ᠲᠦᠮᠡᠨ ᠶᠠᠳᠠᠭᠤ ᠬᠦᠴᠢᠷᠳᠡᠯᠳᠡᠢ ᠬᠥᠮᠦᠨ ᠠᠮᠠ ᠳ᠋ᠤ ᠠᠵᠢᠯ ᠣᠯᠭᠣᠬᠰᠡᠨ ᠨᠢ 2020 ᠤᠨ ᠤ᠋ ᠶᠡᠷᠦᠩᠬᠡᠶ ᠬᠡᠮᠵᠢᠶ᠎ᠠ ᠵᠢᠨ 1.04 ᠳᠠᠬᠢᠨ ᠲᠠᠢ ᠲᠠᠩᠴᠡᠵᠠᠢ; ᠪᠠᠰᠠ 6.64 ᠳ᠋ᠦᠩᠱᠢᠭᠤᠷ ᠲᠥᠭᠥᠷᠢᠭ ᠤ᠋ᠨ ᠪᠡᠯᠡ ᠤᠷᠤᠭᠤᠯᠵᠤ᠂ ᠤᠨᠳᠤᠤ ᠭᠠᠵᠠᠷ ᠲᠦ᠍ ᠨᠡᠬᠦᠯᠭᠡᠭᠰᠡᠨ ᠤ᠋ ᠲᠠᠷᠠᠭᠠᠬᠢ ᠢᠵᠢ ᠪᠦᠷᠢᠳᠦᠭᠦᠯᠬᠦ᠌ ᠪᠥᠲᠥᠭᠡᠨ ᠪᠠᠢᠭᠤᠯᠤᠯᠲᠠ ᠵᠢ ᠳᠡᠮᠵᠢᠵᠦ᠍᠂ ᠨᠡᠬᠦᠯᠭᠡᠭᠰᠡᠨ ᠣᠯᠠᠨ ᠲᠦᠮᠡᠨ ᠳ᠋ᠤ ᠲᠣᠭ᠍ᠲᠠᠪᠤᠷᠢᠲᠠᠶ ᠠᠵᠤ ᠦᠶ᠋ᠯᠡᠰ᠎ᠦᠨ ᠲᠥᠷᠥᠯ ᠵᠦᠶ᠋ᠯ ᠪᠠ ᠠᠵᠢᠯ ᠬᠢᠬᠦ ᠠᠵᠢᠯ ᠤ᠋ᠨ ᠪᠠᠢᠷᠢ ᠲᠠᠢ ᠪᠠᠢᠬᠤ ᠵᠢ ᠦᠨᠡᠨ ᠬᠦ᠌ ᠪᠠᠳᠤᠯᠠᠪᠠ᠃

《ᠲᠠᠪᠤᠨ ᠱᠠᠲᠤᠨ ᠤ᠋ ᠱᠦᠵᠢ》 ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠠᠳᠭᠤᠬᠤ ᠬᠠᠷᠢᠭᠤᠴᠠᠯᠭ᠎ᠠ ᠵᠢᠨ ᠲᠦᠷᠢᠮ ᠢ᠋ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠤ᠋ᠨ ᠤᠳᠤᠷᠢᠳᠭᠤ ᠳᠤᠭᠤᠢᠯᠠᠩ ᠢ᠋ ᠪᠠᠢᠭᠤᠯᠵᠤ ᠂ ᠤᠳᠤᠷᠢᠳᠭᠤ ᠪᠠᠢᠭᠤᠯᠤᠮᠵᠢ ᠪᠠ ᠠᠵᠢᠯ ᠤ᠋ᠨ ᠱᠢᠰᠲ᠋ᠧᠮ ᠢ᠋ ᠪᠦᠷᠢᠨᠱᠢᠬᠦᠯᠤᠨ᠂ ᠬᠠᠷᠢᠭᠤᠴᠠᠯᠭ᠎ᠠ ᠵᠢ ᠱᠠᠲᠤ ᠱᠠᠲᠤ ᠪᠡᠷ ᠪᠣᠳᠠᠲᠠᠢᠵᠢᠭᠤᠯᠵᠤ᠂ ᠶᠠᠳᠠᠭᠤ ᠡᠴᠡ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ᠋ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠤ᠋ᠨ ᠨᠠᠢᠳᠠᠪᠤᠷᠢᠵᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠵᠢ ᠪᠠᠢᠭᠤᠯᠵᠤ᠂ ᠪᠦᠬᠦ᠌ ᠣᠷᠣᠨ ᠳ᠋ᠤ ᠨᠡᠢ᠌ᠳᠡ 1.6 ᠲᠦᠮᠡᠨ ᠺᠠᠳ᠋ᠷ ᠭᠠᠴᠠᠭ᠎ᠠ ᠲᠣᠰᠭᠣᠨ ᠳ᠋ᠤ ᠰᠠᠭᠤᠵᠤ ᠬᠠᠪᠰᠤᠷᠤᠨ ᠲᠡᠳᠬᠦᠬᠦ᠌ ᠠᠵᠢᠯ ᠢ᠋ ᠦᠷᠭᠦᠯᠵᠢᠯᠡᠨ ᠥᠷᠨᠢᠭᠦᠯᠵᠤ ᠪᠠᠢᠨ᠎ᠠ᠃

ᠶᠠᠳᠠᠭᠤ ᠡᠴᠡ ᠠᠩᠭᠢᠵᠢᠷᠠᠭᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠤᠷᠳᠤ ᠬᠤᠭᠤᠴᠠᠭᠠᠨ ᠤ᠋ ᠪᠦᠲᠦᠮᠵᠢᠲᠤ ᠲᠣᠭ᠍ᠲᠠᠴᠠ ᠵᠢ ᠪᠠᠢᠭᠤᠯᠤᠨ ᠪᠦᠷᠢᠨᠰᠢᠬᠦᠯᠵᠤ᠂《〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠵᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠲᠥᠯᠥᠪᠵᠢᠭᠦᠯᠭᠡ》 ᠵᠡᠷᠭᠡ ᠠᠯᠢ ᠤᠯᠠᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠢ᠋ ᠨᠡᠢᠲᠡᠯᠡᠪᠡ᠃ 《ᠭᠤᠷᠪᠠ ᠵᠢ ᠪᠠᠲᠤᠯᠠᠬᠤ》 ᠪᠠ ᠤᠰᠤ ᠤᠮᠳᠠ ᠵᠢᠨ ᠠᠮᠤᠷ ᠲᠦᠪᠱᠢᠨ ᠵᠡᠷᠭᠡ ᠲᠦᠭᠡᠮᠡᠯ ᠬᠠᠷᠠᠭᠠᠯᠵᠠᠯ ᠤ᠋ᠨ ᠴᠢᠨᠠᠷᠲᠠᠶ ᠲᠥᠷᠥ ᠵᠢᠨ ᠪᠣᠳᠣᠯᠭ᠎ᠠ ᠵᠢ ᠶᠠᠳᠠᠭᠤ ᠬᠦᠴᠢᠷᠳᠡᠯᠳᠡᠢ ᠬᠥᠮᠦᠨ ᠠᠮᠠ ᠲᠡᠢᠰᠢ ᠬᠡᠯᠪᠡᠢᠯᠭᠡᠬᠦ᠌ ᠵᠢᠨ ᠬᠠᠮᠲᠤ ᠦᠷᠭᠦᠯᠵᠢᠯᠡᠨ ᠲᠡᠬᠦᠯᠳᠡᠷᠵᠢᠬᠦᠯᠪᠠ᠃ 2021 ᠤᠨ ᠤ᠋ 11 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ᠌ ᠣᠷᠣᠨ ᠤ᠋ ᠶᠠᠳᠠᠭᠤ ᠡᠴᠡ ᠠᠩᠭᠢᠵᠢᠷᠠᠭ᠍ᠰᠠᠨ 39.8 ᠲᠦᠮᠡᠨ ᠬᠥᠮᠦᠨ ᠢ᠋ ᠮᠠᠯᠵᠢᠬᠤ ᠲᠠᠷᠢᠶᠠᠯᠠᠬᠤ ᠣᠷᠣᠨ ᠤ᠋ ᠨᠠᠭᠠᠳᠤ ᠵᠠᠬ᠎ᠠ ᠵᠢᠨ ᠠᠮᠢᠳᠤᠷᠠᠯ ᠤ᠋ᠨ ᠪᠠᠳᠤᠯᠠᠭ᠎ᠠ ᠳ᠋ᠤ ᠣᠷᠣᠭᠤᠯᠵᠤ᠂ 1.6 ᠲᠦᠮᠡᠨ ᠬᠥᠮᠦᠨ ᠢ᠋ ᠣᠨᠴᠠ ᠬᠦᠴᠢᠷᠳᠡᠯᠲᠡᠶ ᠵᠢ ᠠᠪᠤᠷᠠᠨ ᠲᠤᠰᠠᠯᠠᠬᠤ ᠬᠡᠪᠴᠢᠶᠡᠨ ᠳ᠋ᠤ ᠤᠷᠤᠭᠤᠯᠪᠠ᠃ 85 ᠬᠣᠱᠢᠭᠤ ᠱᠢᠶᠠᠨ ᠳ᠋ᠤ ᠶᠠᠳᠠᠭᠤ ᠵᠢ ᠰᠡᠷᠭᠡᠢᠯᠡᠬᠦ᠌ ᠳᠠᠭᠠᠳᠭᠠᠯ ᠢ᠋ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ ᠤ᠋ 101.9 ᠲᠦᠮᠡᠨ ᠬᠥᠮᠦᠨ ᠠᠮᠠ ᠵᠢ ᠬᠠᠮᠤᠷᠴᠠᠢ᠃ ᠪᠠᠰᠠ ᠲᠥᠷᠥ ᠵᠢᠨ ᠪᠣᠳᠣᠯᠭ᠎ᠠ ᠵᠢᠨ ᠨᠥᠬᠥᠴᠡᠯ ᠳ᠋ᠤ ᠨᠡᠢᠴᠡᠬᠦ᠌ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠵᠢ ᠦᠨᠳᠦᠰᠦᠨ ᠡᠮᠴᠢᠯᠡᠭᠡᠨ᠎ᠦ ᠳᠠᠭᠠᠳᠭᠠᠯ᠂ ᠬᠦᠨᠳᠦ ᠡᠪᠡᠳᠴᠢᠨ᠎ᠦ ᠳᠠᠭᠠᠳᠭᠠᠯ ᠪᠠ ᠡᠮᠴᠢᠯᠡᠭᠡᠨ᠎ᠦ ᠠᠪᠤᠷᠠᠨ ᠲᠤᠰᠠᠯᠠᠬᠤ ᠬᠡᠪᠴᠢᠶ᠎ᠡ ᠳ᠋ᠤ ᠣᠷᠣᠭᠤᠯᠵᠤ ᠂ ᠲᠥᠷᠥ ᠵᠢᠨ ᠪᠣᠳᠣᠯᠭ᠎ᠠ ᠳ᠋ᠤ ᠨᠡᠢᠴᠡᠬᠦ᠌ ᠶᠠᠳᠠᠭᠤ ᠡᠴᠡ ᠠᠩᠭᠢᠵᠢᠷᠠᠭ᠍ᠰᠠᠨ 571 ᠡᠷᠦᠬᠡ ᠪᠠ ᠳᠠᠬᠢᠨ ᠶᠠᠳᠠᠭᠤᠷᠠᠬᠤ ᠪᠤᠯᠤᠮᠵᠢ ᠲᠠᠢ ᠡᠷᠦᠬᠡ ᠵᠢᠨ ᠨᠤᠷᠠᠬᠤ ᠠᠶᠤᠯᠳᠡᠢ ᠬᠡᠷ ᠪᠠᠢᠰᠢᠨᠭ᠌ ᠢ᠋ ᠦᠭᠡᠷᠡᠴᠢᠯᠡᠨ ᠰᠠᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠵᠣᠷᠯᠣᠩ ᠤ᠋ᠨ ᠬᠤᠪᠢᠰᠭᠠᠯ ᠢ᠋ ᠭᠤᠤᠯᠳᠠᠯᠭ᠎ᠠ ᠲᠠᠢ ᠠᠬᠢᠭᠤᠯᠤᠨ ᠮᠠᠯᠵᠢᠬᠤ ᠲᠠᠷᠢᠶᠠᠯᠠᠬᠤ ᠡᠷᠦᠬᠡ ᠵᠢᠨ ᠠᠰᠠᠭᠤᠳᠠᠯ ᠲᠠᠢ 14.33 ᠲᠦᠮᠡᠨ ᠵᠣᠷᠯᠣᠩ ᠢ᠋ ᠴᠡᠭ᠌ᠴᠡᠯᠡᠨ ᠰᠠᠢᠵᠢᠷᠠᠭᠤᠯᠤᠭᠰᠠᠨ ᠪᠠᠢᠨ᠎ᠠ᠃

ᠦᠪᠡᠷᠳᠡᠬᠡᠨ ᠵᠠᠰᠠᠬᠤ ᠤᠷᠤᠨ ᠡᠴᠡ ᠮᠠᠯᠵᠢᠬᠤ ᠲᠠᠷᠢᠶᠠᠯᠠᠬᠤ ᠣᠷᠣᠨ ᠤ᠋ ᠠᠵᠢᠯ ᠢ᠋ ᠤᠳᠤᠷᠢᠳᠭᠤ ᠵᠣᠬᠢᠶᠠᠨ ᠪᠠᠢᠭᠤᠯᠤᠯᠲᠠ ᠵᠢᠨ ᠱᠢᠰᠲ᠋ᠧᠮ ᠂ ᠲᠦᠷᠢᠮ ᠤ᠋ᠨ ᠱᠢᠰᠲ᠋ᠧᠮ᠂ ᠠᠵᠢᠯ ᠤ᠋ᠨ ᠱᠢᠰᠲ᠋ᠧᠮ ᠢ᠋ ᠤᠯᠠᠮ ᠴᠢᠨᠠᠬᠰᠢᠳᠠ ᠪᠦᠷᠢᠨᠱᠢᠭᠦᠯᠵᠦ᠍᠂ ᠲᠠᠪᠤᠨ ᠱᠠᠲᠤᠨ ᠤ᠋ ᠱᠦᠵᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠵᠢ ᠠᠳᠭᠤᠬᠤ ᠵᠢ ᠴᠢᠩᠭᠠᠳᠭᠠᠨ᠂ ᠬᠥᠳᠡᠭᠡ ᠲᠣᠰᠭᠣᠨ ᠤ᠋ ᠬᠥᠭ᠌ᠵᠢᠯᠲᠡ᠂ ᠬᠥᠳᠡᠭᠡ ᠲᠣᠰᠭᠣᠨ ᠤ᠋ ᠪᠥᠲᠥᠭᠡᠨ ᠪᠠᠢᠭᠤᠯᠤᠯᠲᠠ᠂ ᠬᠥᠳᠡᠭᠡ ᠲᠣᠰᠭᠣᠨ ᠤ᠋ ᠵᠠᠰᠠᠯᠲᠠ ᠵᠢᠨ ᠭᠤᠤᠯᠳᠠᠯᠭ᠎ᠠ ᠲᠠᠶ ᠠᠵᠢᠯ ᠢ᠋ ᠯᠠᠪᠳᠠᠭᠤᠨ ᠪᠠᠲᠤᠲᠠᠶ ᠡᠮᠬᠢ ᠵᠢᠷᠤᠮ ᠲᠠᠶ ᠠᠬᠢᠭᠤᠯᠤᠭᠰᠠᠭᠠᠷ ᠁ ᠬᠦᠳᠡᠭᠡ ᠲᠤᠰᠬᠤᠨ ᠢ᠋ ᠬᠦᠭᠵᠢᠬᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠢᠨ ᠬᠦᠨᠵᠡᠬᠡᠢᠷᠡᠬᠦ ᠵᠢ ᠲᠠᠭᠠᠯᠳᠤᠨ ᠮᠠᠨ ᠤ᠋ ᠤᠷᠤᠨ ᠤ᠋ ᠮᠠᠯ ᠠᠵᠤ ᠠᠬᠤᠢ ᠲᠠᠷᠢᠶᠠᠯᠠᠨᠭ᠌ ᠪᠤᠯᠤᠨ ᠮᠠᠯᠵᠢᠬᠤ ᠲᠠᠷᠢᠶᠠᠯᠠᠬᠤ ᠤᠷᠤᠨ ᠬᠡᠬᠡᠨ ᠰᠠᠷᠠᠭᠤᠯ ᠬᠦᠭᠵᠢᠯᠳᠡ ᠵᠢᠨ ᠰᠢᠨ᠎ᠡ ᠵᠠᠮ ᠳ᠋ᠠᠭᠠᠨ ᠤᠷᠤᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠤᠶᠤᠯᠲᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号