ᠲᠠᠯ᠎ᠠ ᠨᠤᠳᠤᠭ᠎ᠤᠨ ᠡᠩᠭᠡ ᠵᠢᠨ ᠤᠶᠠᠩᠭ᠎ᠠ ᠵᠢᠷᠭᠠᠯ᠎ᠤᠨ ᠨᠤᠲ
2022-01-07 09:41:27
ᠵᠣᠬᠢᠶᠠᠭ᠍ᠴᠢ᠄
​ ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠬᠡᠪᠯᠡᠯ ᠡᠬᠢᠯᠡᠬᠦ ᠦᠬᠡ᠄

《ᠦᠪᠦᠷ ᠮᠤᠩᠭᠤᠯ ᠶᠡᠭᠡ ᠲᠠᠯ᠎ᠠ ᠵᠢ ᠡᠷᠬᠢᠮᠯᠡᠵᠦ᠂ ᠲᠡᠦᠭᠡᠳᠦ ᠡᠬᠦᠷᠭᠡ ᠵᠢ ᠡᠬᠦᠷᠭᠡᠯᠡᠬᠦ ᠳ᠋ᠤ ᠡᠷᠬᠡᠪᠰᠢ ᠤᠯᠤᠰ᠎ᠤᠨ ᠨᠢᠭᠡᠳᠦᠯ᠂ ᠦᠨᠳᠦᠰᠦᠳᠡᠨ᠎ᠤ ᠪᠦᠯᠬᠦᠮᠳᠡᠯ᠎ᠢ  ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠬᠦᠷᠭᠡᠯᠡᠵᠦ ᠰᠠᠢᠳᠤᠷ ᠬᠦᠢᠴᠡᠳᠭᠡᠬᠦ ᠬᠡᠷᠡᠭᠳᠡᠢ》᠃  ᠮᠠᠨ᠎ᠤ ᠤᠷᠤᠨ ᠳᠤᠮᠳᠠᠳᠤ᠎ᠶ᠋ᠢᠨ ᠦᠨᠳᠦᠰᠦᠲᠡᠨ᠎ᠦ  ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠤᠯᠭᠠᠵᠤ᠂ ᠦᠨᠲᠤᠰᠤᠲᠠᠨ ᠨᠤᠬᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠬᠦᠨᠵᠡᠭᠡᠢᠷᠡᠬᠦᠯᠵᠦ᠂ ᠲᠤᠮᠲᠠᠲᠤ ᠵᠢᠨ ᠦᠨᠲᠤᠰᠤᠲᠠᠨ᠎ᠤ ᠬᠠᠮᠲᠤ ᠵᠢᠨ ᠤᠶᠤᠨ ᠰᠠᠨᠠᠭᠠᠨ᠎ᠤ ᠬᠡᠷ ᠤᠷᠤᠨ᠎ᠤ ᠪᠠᠢᠭᠤᠯᠤᠯᠳᠠ ᠵᠢ ᠠᠬᠢᠭᠤᠯᠵᠤ᠂ ᠦᠨᠲᠤᠰᠤᠲᠠᠨ᠎ᠤ ᠭᠠᠵᠠᠷ ᠤᠷᠤᠨ᠎ᠤ ᠤᠲᠤᠬᠢᠴᠢᠯᠠᠬᠤ ᠪᠦᠲᠦᠬᠡᠨ ᠪᠠᠢᠭᠤᠯᠤᠯᠲᠠ ᠵᠢᠨ ᠠᠯᠬᠤᠴᠠ ᠪᠠᠨ ᠲᠦᠷᠬᠡᠳᠬᠡᠨ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠤᠭᠳᠠᠭᠤᠨ᠎ᠤ ᠬᠠᠯᠬᠠᠪᠴᠢ᠎ᠶᠢ  ᠪᠡᠬᠢᠵᠢᠬᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢᠶᠡᠨ ᠦᠷᠬᠦᠯᠵᠢᠯᠡᠨ ᠬᠠᠮᠠᠭᠠᠯᠠᠭᠰᠠᠭᠠᠷ ᠢᠷᠡᠵᠡᠢ᠃

ᠦᠨᠲᠤᠰᠤᠲᠠᠨ᠎ᠤ ᠪᠦᠯᠬᠦᠮᠲᠠᠯ ᠪᠤᠯ ᠬᠦᠭᠵᠢᠯᠲᠠ ᠲᠠᠪᠰᠢᠯᠲᠠ ᠵᠢᠨ ᠰᠠᠭᠤᠷᠢ᠂ ᠦᠨᠲᠤᠰᠤᠲᠠᠨ ᠨᠤᠬᠦᠳ ᠤ᠋ᠨ ᠠᠷᠠᠳ ᠲᠦᠮᠠᠨ᠎ᠤ ᠠᠮᠢ ᠨᠠᠰᠤᠨ᠎ᠤ ᠱᠤᠭᠤᠮ ᠮᠦᠨ᠃  ᠰᠢᠨ᠎ᠠ ᠴᠠᠭ ᠦᠶ᠎ᠠ ᠵᠢᠨ ᠨᠠᠮ᠎ᠤᠨ ᠦᠨᠲᠤᠰᠤᠲᠠᠨ᠎ᠤ ᠠᠵᠢᠯ ᠤ᠋ᠨ ᠴᠢᠨᠠᠷ ᠰᠠᠢᠲᠠᠢ ᠬᠦᠭᠵᠢᠯᠲᠠ᠎ᠶᠢ ᠠᠬᠢᠭᠤᠯᠵᠤ᠂ ᠦᠨᠲᠤᠰᠤᠲᠠᠨ ᠨᠤᠬᠦᠳ᠎ᠤᠨ ᠤᠯᠠᠨ ᠲᠦᠮᠠᠨ᠎ᠢ ᠠᠨᠠᠷ᠎ᠤᠨ ᠦᠷ᠎ᠠ ᠰᠢᠭ ᠪᠦᠯᠬᠦᠮᠲᠠᠭᠦᠯᠦᠨ ᠨᠢᠭᠲᠠᠷᠠᠭᠤᠯᠵᠤ᠂ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ  ᠬᠠᠮᠳᠤ ᠪᠡᠷ ᠲᠡᠮᠡᠴᠡᠵᠦ ᠬᠠᠮᠳᠤ ᠪᠡᠷ ᠴᠡᠴᠡᠭᠯᠡᠨ ᠬᠦᠭᠵᠢᠬᠦ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠤ  ᠠᠭᠤᠷ ᠠᠮᠢᠰᠬᠤᠯ᠎ᠢ ᠪᠤᠢ ᠪᠤᠯᠭᠠᠬᠤ ᠵᠢᠨ ᠲᠦᠯᠦᠭᠡ᠂ ᠮᠠᠨ ᠤ᠋ ᠰᠤᠨᠢᠨ ᠦᠨᠤᠲᠤᠷ ᠡᠴᠠ ᠡᠬᠢᠯᠠᠨ᠂ 《ᠬᠡᠷ ᠤᠷᠤᠨ》 ᠬᠡᠬᠦ ᠲᠤᠰᠬᠠᠢ ᠨᠢᠭᠤᠷ᠎ᠲᠡᠭᠡᠨ ᠦᠬᠡᠷᠠᠴᠢᠯᠠᠯᠳᠡ ᠬᠢᠵᠦ᠂ ᠰᠢᠨ᠎ᠠ ᠬᠡᠪ ᠲᠦᠷᠬᠦ ᠪᠠᠷ ᠤᠡᠭᠰᠢᠡᠡᠴᠢᠳ ᠲᠠᠢ ᠵᠤᠯᠭᠠᠬᠤ ᠪᠤᠯᠤᠯ᠎ᠠ᠃ ᠮᠠᠨ᠎ᠤ ᠤᠷᠤᠨ᠎ᠤ ᠦᠨᠳᠦᠰᠦᠳᠡᠨ ᠨᠤᠬᠦᠳ᠎ᠤᠨ ᠦᠷᠭᠡᠨ ᠬᠦᠨᠵᠡᠭᠡᠢ ᠰᠤᠯᠢᠯᠴᠠᠭ᠎ᠠ ᠶᠠᠪᠤᠯᠴᠠᠭ᠎ᠠ ᠵᠢ ᠬᠠᠷᠠᠭᠤᠯᠤᠭᠰᠠᠨ《ᠠᠭᠤᠰᠤᠯᠴᠠᠯ》᠂  ᠦᠨᠳᠦᠰᠦᠳᠡᠨ᠎ᠤ  ᠪᠦᠯᠬᠦᠮᠳᠡᠯ  ᠲᠠᠪᠰᠢᠯᠳᠠ ᠵᠢᠨ ᠦᠯᠢᠭᠡᠷ ᠵᠢᠱ᠌ᠢᠶ᠎ᠡ ᠵᠢ ᠦᠬᠦᠯᠡᠭᠰᠡᠨ《ᠢᠷᠠᠭᠤ ᠠᠯᠲᠠᠷ》᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ  ᠪᠠᠳᠤ ᠴᠤᠭᠴᠠᠯᠠᠬᠤ ᠵᠢ ᠰᠤᠷᠳᠠᠯᠴᠢᠯᠠᠭᠰᠠᠨ《ᠠᠨᠠᠷ ᠦᠬᠦᠯᠠᠬᠦᠢ》᠂ ᠦᠪᠡᠷᠳᠡᠭᠡᠨ ᠵᠠᠰᠠᠬᠤ ᠤᠷᠤᠨ᠎ᠤ  ᠦᠨᠳᠦᠰᠦᠳᠡᠨ᠎ᠤ  ᠪᠦᠯᠬᠦᠮᠳᠡᠯ ᠲᠠᠪᠰᠢᠯᠳᠠ ᠵᠢᠨ ᠡᠬᠦᠳᠦᠨ ᠪᠠᠢᠭᠤᠯᠬᠤ ᠠᠵᠢᠯᠯᠠᠭ᠎ᠠ ᠵᠢ ᠲᠡᠯᠭᠡᠭᠰᠡᠨ《ᠡᠬᠦᠷᠬᠡᠯᠡᠯ》᠂ ᠴᠡᠷᠢᠭ ᠠᠷᠠᠳ ᠪᠦᠯᠬᠦᠮᠳᠡᠨ ᠬᠢᠯᠢ ᠬᠢᠵᠠᠭᠠᠷ ᠵᠢᠡᠨ ᠪᠡᠬᠢᠵᠢᠬᠦᠯᠵᠦ ᠬᠢᠯᠢ ᠬᠢᠵᠠᠭᠠᠷ᠎ᠵᠢᠡᠨ ᠬᠦᠴᠦᠷᠭᠡᠭᠵᠢᠬᠦᠯᠬᠦ ᠦᠯᠢᠭᠡᠷ ᠲᠤᠤᠯᠢ ᠵᠢᠨ ᠬᠦᠤᠷᠨᠢᠯ《ᠠᠮᠤᠭᠤᠯᠠᠩᠳᠤ ᠬᠢᠯᠢ》 ᠵᠡᠷᠬᠡ ᠪᠤᠯᠤᠡᠭ ᠵᠢᠡᠷ 《ᠰᠢᠨ᠎ᠡ ᠴᠠᠭ ᠦᠶ᠎ᠡ ᠵᠢᠨ ᠵᠢᠱ᠌ᠢᠶᠡᠴᠢ ᠦᠪᠡᠷᠳᠡᠭᠡᠨ ᠵᠠᠰᠬᠠᠤ ᠤᠷᠤᠨ》 ᠎ᠤ᠋ ᠦᠯᠢᠭᠡᠷ ᠎ᠢ᠋ ᠲᠠ ᠪᠦᠬᠦᠨ ᠳ᠋ᠤ ᠬᠦᠷᠭᠡᠬᠦ ᠪᠤᠯᠤᠨ᠎ᠠ᠃  ᠲᠠᠭᠠᠯᠠᠨ ᠪᠤᠯᠭᠤᠭᠠᠨ᠎ᠠ ᠤᠤ!




ᠰᠠᠷᠠᠭᠤᠯ ᠲᠠᠷᠲᠠᠡᠭ ᠱᠦᠢᠨᠢ ᠵᠢᠨ ᠵᠠᠮ ᠭᠠᠴᠠᠭ᠎ᠠ ᠲᠤᠰᠬᠤᠨ ᠡᠴᠠ ᠰᠤᠨᠤᠯᠵᠠᠵᠤ᠂ ᠨᠤᠲᠤᠭ ᠤ᠋ᠨ ᠤᠨᠴᠠ ᠭᠠᠷᠤᠯᠲᠠ ᠪᠦᠬᠦ ᠤᠯᠤᠰ ᠵᠢᠴᠢ ᠲᠠᠯᠠᠬᠡᠢ ᠵᠢᠨ ᠡᠯ᠎ᠠ ᠭᠠᠵᠠᠷ ᠲᠸ᠋ ᠬᠦᠷᠬᠡᠭᠲᠠᠨ᠎ᠠ; ᠬᠢᠯᠪᠠᠭᠠᠨ ᠮᠠᠲᠤ ᠲᠦᠷᠬᠡᠨ ᠢᠨᠲᠸᠷ ᠰᠦᠯᠵᠢᠶ᠎ᠡ ᠲᠠᠯ᠎ᠠ ᠨᠤᠲᠤᠭ᠎ᠢ᠋ ᠲᠡᠯᠡᠭᠡᠢ ᠳ᠋ᠠᠬᠢᠨ ᠲᠠᠢ ᠬᠤᠯᠪᠤᠵᠤ᠂ ᠤᠯᠠᠨ ᠵᠤᠢᠯ ᠤ᠋ᠨ ᠮᠠᠲᠠᠬᠡ ᠵᠠᠡᠭᠬᠢ ᠮᠠᠯᠴᠢᠨ ᠲᠠᠷᠢᠶᠠᠴᠢᠨ ᠤ᠋ ᠦᠢᠯᠡᠳᠪᠤᠷᠢᠯᠠᠯ ᠠᠮᠢᠲᠤᠷᠠᠯ ᠢ᠋ ᠰᠤᠶᠤᠷᠬᠠᠨ᠎ᠠ; ᠬᠡᠬᠡᠨ ᠰᠠᠷᠠᠭᠤᠯ ᠬᠢᠴᠢᠶᠠᠯ ᠎ᠤᠨ ᠬᠡᠷ ᠡᠴᠠ ᠨᠤᠮ ᠤᠡᠭᠰᠢᠬᠤ ᠲᠠᠭᠤᠨ ᠬᠠᠡᠭᠬᠢᠨᠠᠵᠤ᠂ ᠦᠨᠲᠤᠰᠤᠲᠠᠨ ᠨᠤᠬᠦᠳ ᠤ᠋ᠨ ᠰᠤᠷᠤᠭᠴᠢᠳ  ᠪᠠᠶᠠᠷ  ᠬᠦᠷ  ᠲᠠᠢ  ᠰᠤᠷᠤᠯᠴᠠᠨ ᠰᠠᠭᠠᠳ ᠦᠬᠡᠢ ᠨᠠᠪᠲᠠᠷᠠᠯᠴᠠᠨ᠎ᠠ ᠁

《ᠵᠢᠱ᠌ᠢᠶᠠᠴᠢ ᠦᠪᠠᠷᠲᠠᠬᠡᠨ ᠵᠠᠰᠠᠬᠤ ᠤᠷᠤᠨ》 ᠤ᠋ ᠲᠦᠪ ᠪᠤᠯᠤᠭᠰᠠᠨ  ᠬᠦᠬᠡᠬᠤᠳᠠᠨ᠎ᠠ᠂ 62 ᠨᠠᠰᠤᠲᠠᠢ ᠠᠵᠢᠯ ᠡᠴᠠ ᠪᠠᠨ ᠠᠮᠠᠷᠠᠭᠰᠠᠨ ᠠᠬᠠᠮᠠᠳ ᠮᠤᠩᠭᠤᠯ  ᠪᠠᠭᠰᠢ ᠰᠠᠷᠠᠨᠲᠤᠶᠠᠭ᠎ᠠ᠂ ᠵᠠᠷᠬᠡᠯᠡᠲᠠᠬᠡ ᠠᠢᠯ ᠤ᠋ᠨ ᠡᠪᠠᠳᠴᠢᠨ ᠡᠮᠬᠡᠭ ᠲᠠᠢ ᠪᠦᠭᠡᠳ ᠭᠤᠨᠢ ᠭᠠᠭᠴᠠᠭᠠᠷ ᠠᠮᠢᠲᠤᠷᠠᠵᠤ ᠪᠠᠢᠭ᠎ᠠ ᠬᠢᠲᠠᠳ ᠦᠨᠲᠤᠰᠤᠲᠠᠨ᠎ᠤ ᠵᠠᠡᠭ ᠶᠢᠡᠭ ᠹᠸᠠ ᠨᠠᠰᠤᠲᠠᠨ᠎ᠢ ᠤᠲᠠᠭᠠᠨ ᠵᠢᠯ᠎ᠢᠶᠡᠷ ᠬᠠᠷᠠᠭᠠᠯᠵᠠᠨ ᠲᠡᠮᠵᠢᠵᠦ ᠬᠠᠢᠷ᠎ᠠ ᠬᠠᠯᠠᠮᠵᠢ ᠪᠠᠨ ᠦᠵᠡᠬᠦᠯᠦᠭᠰᠡᠭᠡᠷ ᠢᠷᠡᠵᠡᠢ᠃ ᠦᠨᠤᠲᠤᠷ᠂ ᠵᠠᠡᠭ ᠶᠢᠡᠭ ᠹᠸᠠ ᠨᠠᠰᠤᠲᠠᠨ ᠤ᠋ ᠡᠪᠠᠳᠴᠢᠨ ᠡᠮᠬᠡᠭ ᠨᠢ ᠢᠯᠠᠷᠢᠰᠢᠵᠤ᠂ ᠪᠠᠶᠠᠷ ᠪᠠᠶᠠᠰᠤᠯᠲᠠᠢ ᠠᠮᠢᠲᠤᠷᠠᠨ᠎ᠠ᠃ ᠲᠠᠷᠨ᠄《ᠮᠠᠨ᠎ᠤ ᠬᠦᠷᠰᠢ ᠵᠡᠷᠬᠡᠯᠡᠲᠠᠬᠡ ᠵᠢᠨ ᠬᠤᠭᠤᠷᠤᠨᠳᠤᠬᠢ ᠴᠢᠡᠭ ᠦᠨᠠᠨᠴᠢ ᠬᠠᠪᠰᠤᠷᠤᠯᠭ᠎ᠠ ᠲᠡᠮᠵᠢᠯᠭᠡ ᠪᠤᠯ ᠲᠠᠷᠤᠢ 〈ᠲᠤᠮᠳᠠᠳᠤ ᠵᠢᠨ ᠦᠨᠳᠦᠰᠦᠳᠡᠨ ᠨᠢᠭᠡ ᠬᠡᠷ ᠪᠦᠯᠢ ᠵᠢᠨ ᠮᠡᠳᠦ ᠲᠤᠳᠤᠨᠤ〉 ᠪᠠᠢᠬᠤ ᠵᠢᠨ ᠪᠤᠳᠠᠳᠠᠢ ᠵᠢᠷᠤᠭᠯᠠᠯ ᠪᠤᠯᠤᠨ᠎ᠠ》 ᠬᠡᠵᠦ ᠲᠤᠭᠳᠤᠯᠤᠩᠭᠤᠢ ᠶᠠᠷᠢᠵᠤ ᠪᠠᠢᠯ᠎ᠠ᠃

ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠲᠤᠶᠠᠭᠠᠯᠠᠯ ᠳᠣᠣᠷ᠎ᠠ᠂ ᠥᠪᠡᠷᠲᠡᠭᠡᠨ ᠵᠠᠰᠠᠬᠤ ᠣᠷᠣᠨ ᠤ᠋ ᠦᠨᠳᠦᠰᠦᠲᠡᠨ᠎ᠨᠦᠭᠦᠳ ᠡᠶ᠎ᠡ ᠨᠠᠢᠷᠲᠠᠢ᠎ᠪᠠᠷ ᠬᠠᠮᠲᠤ ᠣᠷᠣᠱᠢᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠶ᠎ᠡ ᠵᠣᠬᠢᠴᠠᠩᠭᠤᠢ ᠬᠦᠭᠵᠢᠯᠳᠡ ᠵᠢᠨ ᠰᠠᠢ᠌ᠨ ᠰᠠᠢᠬᠠᠨ ᠪᠠᠢᠳᠠᠯ᠎ᠢ ᠢᠮᠠᠭ᠍ᠲᠠ ᠪᠠᠲᠤᠯᠠᠵᠤ᠂ ᠡᠷᠬᠡ ᠲᠡᠭ᠌ᠰᠢ᠂ ᠪᠦᠯᠬᠦᠮᠳᠡᠯ᠎ᠲᠡᠶ᠂ ᠬᠠᠷᠢᠯᠴᠠᠨ ᠬᠠᠪᠰᠤᠷᠤᠯᠴᠠᠭ᠍ᠰᠠᠨ᠂ ᠡᠶ᠎ᠡ ᠵᠣᠬᠢᠴᠠᠩᠭᠤᠢ ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ ᠡᠳᠦᠷ ᠢᠷᠡᠬᠦᠶ᠎ᠡ ᠪᠡᠬᠢᠵᠢᠵᠦ᠍᠂ ᠳᠤᠮᠳᠠᠳᠤ᠎ᠶ᠋ᠢᠨ ᠦᠨᠳᠦᠰᠦᠲᠡᠨ᠎ᠦ  ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠬᠥᠮᠦᠰ᠎ᠦᠨ ᠰᠡᠳᠭᠢᠯ᠎ᠳᠦ ᠭᠦᠨ ᠬᠠᠳᠠᠩᠱᠢᠵᠠᠢ᠃

ᠰᠣᠶᠣᠯ᠎ᠤᠨ ᠠᠭᠤᠰᠤᠯᠴᠠᠯ ᠨᠢ ᠦᠨᠳᠦᠰᠦᠲᠡᠨ᠎ᠦ ᠪᠦᠯᠬᠦᠮᠳᠡᠯ᠎ᠦᠨ ᠪᠠᠲᠤ ᠪᠡᠬᠢ ᠰᠠᠭᠤᠷᠢ᠎ᠶ᠋ᠢ ᠴᠤᠭᠴᠠᠯᠠᠨ᠎ᠠ᠃ ᠲᠠᠯ᠎ᠠ ᠨᠤᠲᠤᠭ᠎ᠤᠨ ᠬᠤᠲᠠ ᠱᠢᠯᠢᠩᠬᠣᠲᠠ᠎ᠳᠤ᠂ ᠠᠯᠢ ᠴᠸ᠋ ᠦᠨᠳᠦᠰᠦᠲᠡᠨ ᠭᠡᠰᠡᠨ ᠦᠭᠡᠢ᠂ ᠪᠠᠷᠤᠭ ᠬᠥᠮᠦᠨ ᠪᠦᠬᠦᠨ ᠰᠦ ᠲᠠᠢ ᠴᠠᠢ ᠵᠢᠨ ᠠᠡᠭᠬᠢᠯᠤᠮ᠎ᠠ ᠦᠨᠤᠷ ᠲᠸ᠋ ᠠᠮᠲᠠᠲᠤ ᠨᠤᠢᠷ ᠡᠴᠠ ᠪᠠᠨ ᠰᠡᠷᠢᠳᠡᠭ᠃ ᠬᠤᠪᠧᠶ᠎ᠳ᠋ᠤ ᠦᠢᠯᠡᠳᠪᠤᠷᠢᠯᠡᠭᠰᠠᠨ ᠬᠡᠪ᠎ᠦᠨ ᠴᠠᠢ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠦᠨᠢᠶᠡᠨ ᠰᠦ ᠲᠠᠢ ᠠᠭᠤᠰᠤᠯᠴᠠᠠ ᠠᠡᠭᠬᠢᠯᠤᠮ᠎ᠠ ᠰᠠᠢᠬᠠᠨ ᠰᠦ ᠲᠠᠢ ᠴᠠᠢ ᠪᠤᠯᠤᠨ᠎ᠠ᠃ ᠮᠣᠩᠭᠣᠯ ᠦᠨᠳᠦᠰᠦᠲᠡᠨ᠎ᠦ ᠴᠠᠭᠠᠨ ᠢᠳᠡᠭᠡᠨ᠂ ᠤᠯᠠᠭᠠᠨ ᠢᠲᠠᠬᠡᠨ ᠪᠠ ᠬᠢᠲᠠᠳ ᠦᠨᠲᠤᠰᠤᠲᠠᠨ᠂ ᠬᠣᠲᠣᠩ ᠦᠨᠳᠦᠰᠦᠲᠡᠨ᠎ᠦ ᠤᠯᠠᠮᠵᠢᠯᠠᠯᠲᠤ ᠭᠤᠯᠢᠷ ᠢᠳᠡᠭᠡᠨ ᠁ ᠡᠨᠡ ᠪᠣᠯ ᠣᠯᠠᠨ ᠦᠨᠳᠦᠰᠦᠲᠡᠨ ᠬᠣᠯᠢᠯᠳᠤᠨ ᠰᠠᠭᠤᠷᠢᠱᠢᠭ᠍ᠰᠠᠨ ᠡᠨᠡ ᠬᠣᠲᠠ᠎ᠶ᠋ᠢᠨ ᠮᠠᠰᠢ ᠣᠯᠠᠨ ᠭᠡᠷ ᠪᠦᠯᠢ᠎ᠶ᠋ᠢᠨ ᠥᠷᠯᠥᠭᠡ᠎ᠶ᠋ᠢᠨ ᠬᠣᠭᠣᠯᠠ ᠮᠦᠨ᠃ ᠬᠡᠳᠦᠨ ᠵᠠᠭᠤᠨ ᠵᠢᠯ᠎ᠦᠨ ᠡᠮᠦᠨ᠎ᠡ ᠬᠢᠲᠠᠳ ᠦᠨᠳᠦᠰᠦᠲᠡᠨ᠎ᠤ ᠴᠠᠶ᠎ᠶ᠋ᠢᠨ ᠰᠣᠶᠣᠯ ᠪᠣᠯᠤᠨ ᠮᠣᠩᠭᠣᠯ ᠦᠨᠳᠦᠰᠦᠲᠡᠨ᠎ᠦ ᠨᠡᠭᠦᠳᠡᠯ ᠮᠠᠯᠵᠢᠯ᠎ᠤᠨ ᠰᠣᠶᠣᠯ᠎ᠤᠨ ᠠᠭᠤᠰᠤᠯᠴᠠᠯ ᠡᠴᠠ ᠪᠣᠶ ᠪᠣᠯᠤᠭ᠍ᠰᠠᠨ ᠰᠦ ᠲᠠᠢ ᠴᠠᠶ ᠨᠢ ᠣᠲᠣ ᠨᠢᠭᠡᠨᠲᠡ ᠥᠪᠥᠷ ᠮᠣᠩᠭᠣᠯ᠎ᠤᠨ ᠮᠠᠰᠢ ᠣᠯᠠᠨ ᠭᠠᠵᠠᠷ᠎ᠤᠨ ᠬᠥᠮᠦᠰ᠎ᠦᠨ ᠠᠮᠢᠳᠤᠷᠠᠯ ᠳ᠋ᠤ ᠲᠤᠲᠠᠭᠲᠠᠵᠤ ᠪᠤᠯᠤᠰᠢ ᠦᠬᠡᠢ ᠵᠤᠢᠯ ᠪᠤᠯᠵᠠᠢ᠃

《ᠮᠠᠨ᠎ᠤ  ᠬᠡᠷ  ᠪᠦᠯᠢ  ᠪᠤᠯ ᠤᠯᠠᠨ ᠦᠨᠲᠤᠰᠤᠲᠠᠠ᠎ᠤ  ᠠᠭᠤᠰᠤᠯᠴᠠᠯ ᠬᠦᠭᠵᠢᠯ᠎ᠤᠨ ᠠᠮᠢᠳᠤᠯᠢᠭ ᠵᠢᠱ᠌ᠢᠶ᠎ᠡ ᠮᠦᠨ᠂ ᠪᠢᠳᠡ ᠬᠡᠷ ᠪᠦᠯᠢ ᠵᠢᠨ ᠬᠤᠭᠤᠷᠤᠨᠲᠤ  ᠪᠠᠨ ᠮᠠᠰᠢ ᠡᠶ᠎ᠠ ᠨᠠᠢᠷ ᠲᠠᠢ》 ᠬᠡᠵᠤ ᠬᠦᠬᠡᠬᠤᠲᠠ ᠳ᠋ᠤ ᠰᠤᠷᠤᠯᠴᠠᠵᠤ ᠪᠠᠢᠭ᠎ᠠ ᠬᠦᠯᠤᠨ ᠪᠤᠢᠷ ᠨᠤᠲᠤᠭ ᠲᠠᠢ ᠤᠶᠤᠲᠠᠨ ᠶᠠᠨ ᠰᠢᠤᠸᠡᠢ ᠮᠸᠢ ᠶᠠᠷᠢᠨ᠋᠎ᠠ᠃ ᠲᠠᠬᠦᠨ᠎ᠤ ᠬᠡᠷ ᠪᠦᠯᠢ ᠨᠢ ᠬᠢᠲᠠᠳ᠂ ᠲᠠᠭᠤᠷ᠂ ᠡᠸᠡᠡᠭᠬᠢ᠂ ᠮᠤᠡᠭᠭᠤᠯ᠂ ᠮᠠᠨᠵᠤ ᠵᠡᠷᠬᠡ ᠤᠯᠠᠨ ᠦᠨᠲᠤᠰᠤᠲᠠᠨ᠎ᠢᠶᠡᠷ ᠪᠦᠷᠢᠯᠲᠦᠭᠰᠡᠨ ᠪᠠᠢᠵᠠᠢ᠃

ᠤᠯᠠᠨ ᠦᠨᠲᠤᠰᠤᠲᠠᠨ ᠲᠦᠪᠯᠡᠷᠠᠨ ᠰᠠᠭᠤᠷᠢᠰᠢᠭᠰᠠᠨ ᠭᠠᠵᠠᠷ ᠤᠷᠤᠨ ᠳ᠋ᠤ ᠠᠪᠴᠤ ᠬᠡᠯᠡᠪᠡᠯ᠂ ᠦᠨᠳᠦᠰᠦᠳᠡᠨ᠎ᠤ ᠪᠦᠯᠬᠦᠮᠳᠡᠯ ᠪᠤᠯ ᠨᠡᠷᠡᠨ᠎ᠦ ᠭᠡᠷᠡᠯ ᠪᠠ ᠠᠭᠠᠷ ᠤᠰᠤ ᠰᠢᠭ᠋ ᠴᠢᠬᠤᠯᠠ ᠪᠠᠢᠵᠤ᠂ ᠬᠦᠮᠤᠰ᠎ᠤᠨ ᠪᠡᠶ᠎ᠡ ᠰᠡᠳᠬᠢᠯ ᠠᠵᠤ ᠠᠮᠢᠳᠤᠷᠠᠯ᠎ᠢ ᠢᠪᠡᠭᠡᠳᠡᠭ᠃ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠳ᠋ᠤ ᠦᠨᠳᠦᠰᠦᠲᠡᠨ᠎ᠨᠦᠭᠦᠳ᠎ᠦᠨ ᠰᠣᠶᠣᠯ ᠎ᠤᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ ᠡᠳᠦᠷ ᠢᠷᠡᠬᠦᠶ᠎ᠡ ᠴᠢᠩᠭᠠᠷᠠᠵᠤ᠂ ᠦᠨᠳᠦᠰᠦᠲᠡᠨ᠎ᠨᠦᠭᠦᠳ ᠬᠣᠭᠣᠷᠣᠨᠳᠣ᠎ᠪᠠᠨ ᠢᠯᠭᠠᠭ᠎ᠠ ᠵᠥᠷᠢᠶ᠎ᠡ᠎ᠪᠡᠨ ᠬᠦᠨᠳᠦᠳᠭᠡᠵᠦ᠍᠂ ᠤᠯᠠᠨ ᠶᠠᠩᠵᠤ᠎ᠶ᠋ᠢ ᠪᠠᠭ᠍ᠲᠠᠭᠠᠵᠤ᠂ ᠬᠠᠷᠢᠯᠴᠠᠨ ᠪᠠᠬᠠᠷᠬᠠᠵᠤ ᠬᠠᠷᠢᠯᠴᠠᠨ ᠰᠤᠷᠤᠯᠴᠠᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ ᠎ᠵᠤᠯᠭᠠᠷᠠᠰᠢ ᠦᠭᠡᠢ ᠳᠡᠯᠭᠡᠷᠡᠭᠦ ᠳ᠋ᠦ  ᠪᠠᠲᠤ  ᠪᠡᠬᠢ ᠰᠠᠭᠤᠷᠢ᠎ᠶ᠋ᠢ ᠲᠠᠯᠪᠢᠪᠠ᠃

ᠦᠨᠳᠦᠰᠦᠳᠡᠨ ᠨᠤᠬᠦᠳ᠎ᠤᠨ ᠬᠠᠮᠳᠤ ᠵᠢᠨ ᠴᠡᠴᠡᠭᠯᠡᠯ ᠬᠦᠭᠵᠢᠯ ᠨᠢ ᠦᠨᠲᠤᠰᠤᠲᠠᠨ᠎ᠤ ᠪᠦᠯᠬᠦᠮᠲᠠᠯ ᠤ᠋ᠨ ᠴᠡᠴᠡᠬᠡᠰ᠎ᠢ ᠡᠬᠦᠷᠢᠲᠠ ᠲᠡᠯᠭᠡᠷᠡᠬᠦᠯᠦᠨ᠎ᠡ᠃ ᠣᠯᠠᠨ ᠵᠢᠯ᠎ᠦᠨ ᠲᠤᠷᠰᠢ᠂ ᠥᠪᠥᠷ ᠮᠣᠩᠭᠣᠯ ᠤᠯᠤᠰ᠎ᠤᠨ ᠦᠭᠡᠷᠡᠴᠢᠯᠡᠯᠳᠡ ᠬᠥᠭ᠌ᠵᠢᠬᠦᠯᠦᠯᠲᠡ᠎ᠶ᠋ᠢᠨ ᠦᠷ᠎ᠡ ᠠᠱᠢᠭ᠎ᠢ ᠦᠨᠳᠦᠰᠦᠳᠡᠨ ᠨᠤᠬᠦᠳ᠎ᠤᠨ ᠤᠯᠠᠨ ᠲᠦᠮᠡᠨ ᠳ᠋ᠤ ᠡᠷᠭᠡ ᠲᠡᠭᠰᠢ ᠪᠡᠷ ᠡᠳ᠋ᠯᠡᠬᠦᠯᠵᠦ᠍᠂ ᠬᠥᠭ᠌ᠵᠢᠭ᠌ᠰᠡᠨ ᠭᠠᠵᠠᠷ ᠣᠷᠣᠨ᠎ᠯᠤᠭ᠎ᠠ᠎ᠶ᠋ᠢᠨ ᠵᠥᠷᠢᠶ᠎ᠡ᠎ᠪᠡᠨ ᠲᠠᠰᠤᠷᠠᠯᠲᠠ ᠥᠬᠡᠶ ᠪᠠᠭᠠᠰᠭᠠᠭ᠍ᠰᠠᠭᠠᠷ᠎ᠢᠷᠡᠵᠡᠶ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ᠂ ᠪᠦᠬᠦ᠌ ᠤᠯᠤᠰ᠎ᠢᠶᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ  ᠦᠢᠯᠡᠳᠪᠦᠷᠢ( ᠪᠦᠯᠦᠭᠯᠡᠯ) ᠵᠢ ᠪᠠᠢᠭᠤᠯᠵᠤ᠂ ᠥᠪᠥᠷ ᠮᠣᠩᠭᠣᠯ᠎ᠤᠨ ᠠᠵᠤ ᠦᠢᠯᠡᠳᠪᠦᠷᠢ ᠦᠭᠡᠢ ᠪᠠᠢᠭ᠍ᠰᠠᠨ ᠲᠡᠦᠬᠡ᠎ᠶ᠋ᠢ ᠡᠴᠦᠰᠯᠡᠭᠦᠯᠵᠡᠢ; ᠬᠥᠭ᠌ᠵᠢᠯᠲᠡ᠎ᠶ᠋ᠢᠨ ᠳᠤᠮᠳᠠ᠂ ᠥᠪᠥᠷ ᠮᠣᠩᠭᠣᠯ  ᠤᠯᠤᠰ᠎ᠤᠨ ᠪᠠᠷᠠᠭᠤᠨ ᠣᠷᠣᠨ᠎ᠢ  ᠶᠡᠬᠡ ᠪᠠᠷ ᠨᠡᠭᠡᠭᠡᠨ ᠬᠥᠭ᠌ᠵᠢᠭᠦᠯᠬᠦ᠌ ᠪᠠ ᠵᠡᠭᠦᠨ ᠬᠣᠢᠲᠤ ᠣᠷᠣᠨ ᠵᠡᠷᠭᠡ ᠬᠠᠭᠤᠴᠢᠨ ᠠᠵᠤ ᠦᠶ᠋ᠯᠡᠳᠪᠦᠷᠢ᠎ᠶ᠋ᠢᠨ ᠰᠠᠭᠤᠷᠢᠨ ᠎ᠢ᠋  ᠬᠥᠭ᠌ᠵᠢᠭᠦᠯᠦᠨ ᠮᠠᠨᠳᠤᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠵᠡᠷᠭᠡᠳᠡ ᠭᠥᠷᠳᠡᠪᠡ; ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ᠎ᠢᠶᠡᠷ᠎ᠢᠶᠡᠨ ᠲᠡᠮᠵᠢᠬᠦ ᠬᠠᠪᠰᠤᠷᠤᠯᠴᠠᠭ᠎ᠠ ᠪᠠᠢᠭᠤᠯᠤᠭᠰᠠᠨ 25 ᠵᠢᠯ᠎ᠳᠦ᠂ ᠥᠪᠥᠷ ᠮᠣᠩᠭᠣᠯ ᠬᠦᠴᠦᠲᠡᠢ ᠳᠡᠮᠵᠢᠯᠭᠡ ᠵᠢ  ᠬᠦᠷᠲᠠᠵᠡᠢ᠃

ᠦᠪᠦᠷ ᠮᠤᠩᠭᠤᠯ ᠬᠥᠭ᠌ᠵᠢᠯᠲᠡ᠎ᠶ᠋ᠢᠨ ᠦᠷ᠎ᠡ ᠪᠦᠳᠦᠭᠡᠯ᠎ᠢ᠋ ᠬᠠᠮᠤᠭ᠎ᠤᠨ ᠶᠡᠭᠡ ᠬᠡᠮᠵᠢᠶ᠎ᠡ ᠪᠡᠷ ᠦᠨᠳᠦᠰᠦᠲᠡᠨ᠎ᠨᠦᠭᠦᠳ᠎ᠦᠨ ᠤᠯᠠᠨ ᠲᠦᠮᠡᠨ ᠳ᠋ᠤ ᠡᠳ᠋ᠯᠡᠬᠦᠯᠵᠦ᠂ ᠦᠨᠳᠦᠰᠦᠳᠡᠨ ᠨᠤᠬᠦᠳ᠎ᠤᠨ ᠤᠯᠠᠨ ᠲᠦᠮᠡᠨ᠎ᠤ  ᠬᠦᠷᠲᠡᠮᠵᠢ᠎ᠶ᠋ᠢᠨ ᠲᠦᠷᠦᠭ᠌ᠳᠡᠯ᠂ ᠵᠤᠯ ᠵᠢᠷᠭᠠᠯᠳᠤ ᠲᠦᠷᠦᠭᠳᠡᠯ ᠎ᠢ᠋ ᠲᠠᠰᠤᠷᠠᠯᠳᠠ ᠦᠭᠡᠢ ᠨᠡᠮᠡᠭᠳᠡᠬᠦᠯᠵᠦ᠂ ᠦᠨᠳᠦᠰᠦᠳᠡᠨ ᠨᠤᠬᠦᠳ᠎ᠤᠨ ᠤᠯᠠᠨ ᠲᠦᠮᠡᠨ ᠠᠮᠤᠷ ᠲᠤᠭᠲᠠᠭᠤᠨ ᠪᠦᠯᠬᠦᠮᠲᠠᠯ᠎ᠢ᠋  ᠬᠤᠪᠢ ᠲᠠᠬᠢᠨ ᠵᠢᠡᠷ  ᠨᠠᠨᠳᠢᠡᠭᠨᠠᠬᠤ ᠪᠤᠯᠪᠠ᠃ ᠦᠪᠤᠷ ᠮᠤᠡᠭᠭᠤᠯ᠎ᠤᠨ ᠪᠠᠭᠰᠢ ᠵᠢᠨ ᠶᠠᠬᠡ ᠰᠤᠷᠭᠠᠭᠤᠯᠢ ᠵᠢᠨ ᠨᠠᠮ᠎ᠤᠨ ᠬᠤᠷᠢᠶᠠᠨ᠎ᠤ ᠱᠦᠵᠢ ᠠᠯᠳᠠᠨᠰᠠᠡᠭ᠄《 〈ᠬᠦᠬᠡ ᠲᠡᠭᠷᠢ ᠴᠠᠯᠠᠢᠵᠤ ᠬᠦᠲᠠᠬᠡ ᠲᠠᠯ᠎ᠠ ᠨᠠᠯᠦᠢᠨ᠂ ᠠᠶᠠᠰ᠎ᠤᠨ ᠰᠠᠯᠬᠢᠨ ᠦᠯᠢᠶᠠᠬᠦᠶ᠎ᠠ ᠠᠲᠤᠭᠤ ᠮᠠᠯ ᠢᠷᠠᠯᠵᠠᠨᠠᠮ᠃〉 ᠦᠪᠤᠷ ᠮᠤᠡᠭᠭᠤᠯ ᠦᠡᠭᠬᠡᠷᠡᠭᠰᠠᠨ ᠤ᠋ ᠡᠨᠡ ᠬᠦ᠌  ᠦᠵᠠᠮᠵᠢ ᠵᠢᠨ ᠪᠠᠢᠲᠠᠯ ᠡᠴᠠ ᠤᠯᠠᠷᠢᠨ ᠬᠦᠭᠵᠢᠬᠡᠳ ᠦᠨᠤᠲᠤᠷ ᠪᠤᠯᠬᠤ ᠳ᠋ᠤ ᠦᠷᠬᠡᠨ ᠠᠭᠤᠲᠠᠮ ᠲᠠᠯ᠎ᠠ ᠨᠤᠲᠤᠭ ᠪᠠᠢᠬᠤ ᠪᠠᠷ ᠪᠠᠷᠠᠬᠤ ᠦᠬᠡᠢ᠂ ᠬᠦᠭᠵᠢᠶᠠᠨ ᠨᠠᠷᠬᠢᠶᠠᠨ ᠲᠠᠢ ᠬᠤᠲᠠ ᠪᠠᠯᠭᠠᠰᠤ ᠲᠠᠢ ᠪᠤᠯᠵᠤ᠂ ᠲᠦᠷᠬᠡᠨ ᠬᠦᠭᠵᠢᠯᠳᠡ ᠲᠠᠢ ᠠᠵᠤ ᠠᠬᠤᠢ ᠪᠠᠢᠬᠤ ᠪᠠᠷ ᠪᠠᠷᠠᠬᠤ ᠦᠬᠡᠢ ᠪᠠᠰᠠ ᠲᠦᠷᠬᠡᠨ ᠲᠠᠪᠬᠢᠬᠤ ᠲᠦᠷᠬᠡᠨ᠎ᠤ  ᠵᠠᠮ ᠲᠠᠢ ᠪᠤᠯᠵᠠᠢ᠃ ᠬᠦᠭᠵᠢᠯᠲᠠ ᠵᠢᠨ ᠶᠠᠪᠤᠴᠠ ᠳ᠋ᠤ᠂ ᠦᠨᠲᠤᠰᠤᠲᠠᠨ᠎ᠤ  ᠪᠦᠯᠬᠦᠮᠲᠠᠯ ᠤ᠋ᠨ ᠦᠢᠯᠠᠭᠠᠬᠲᠠᠬᠤᠨ ᠦᠪᠤᠷ ᠮᠤᠡᠭᠭᠤᠯ᠎ᠤᠨ ᠬᠦᠮᠤᠨ ᠨᠢᠬᠡ ᠪᠤᠷᠢ ᠵᠢᠨ ᠰᠡᠳᠬᠢᠯ ᠳ᠋ᠤ ᠬᠦᠨ ᠬᠠᠲᠠᠡᠭᠰᠢᠵᠠᠢ》ᠬᠡᠵᠤ ᠰᠤᠷᠪᠤᠯᠵᠢᠯᠠᠭ᠎ᠠ ᠬᠦᠯᠢᠶᠠᠬᠦ ᠳ᠋ᠡᠬᠡᠨ ᠶᠠᠷᠢᠵᠤ ᠪᠠᠢᠯ᠎ᠠ᠃

ᠲᠤᠮᠲᠠᠲᠤ ᠵᠢᠨ ᠦᠨᠲᠤᠰᠤᠲᠠᠨ᠎ᠤ ᠬᠠᠮᠲᠤ ᠵᠢᠨ ᠤᠶᠤᠨ ᠰᠠᠨᠠᠭᠠᠨ᠎ᠤ ᠬᠡᠷ ᠤᠷᠤᠨ᠎ᠤ  ᠪᠠᠢᠭᠤᠯᠤᠯᠲᠠ᠎ᠶᠢ ᠠᠬᠢᠭᠤᠯᠵᠤ᠂ ᠲᠤᠮᠲᠠᠲᠤ ᠵᠢᠨ ᠦᠨᠲᠤᠰᠤᠲᠠᠨ᠎ᠤ ᠬᠠᠮᠲᠤ ᠵᠢᠨ ᠴᠤᠭᠴᠠ ᠵᠢᠨ ᠤᠬᠠᠮᠰᠠᠷ ᠎ᠢ ᠪᠠᠲᠤ ᠴᠤᠭᠴᠠᠯᠠᠬᠤ ᠳ᠋ᠤ ᠲᠦᠷᠦ ᠵᠢᠨ ᠪᠤᠲᠤᠯᠭ᠎ᠠ ᠪᠠ ᠬᠠᠤᠯᠢ ᠴᠠᠭᠠᠵᠠ ᠵᠢᠨ ᠪᠠᠲᠤᠯᠠᠭ᠎ᠠ ᠡᠴᠠ ᠰᠠᠯᠵᠤ ᠴᠢᠲᠠᠬᠤ ᠦᠬᠡᠢ ᠶᠤᠮ᠃ ᠤᠢᠷ᠎ᠠ ᠵᠢᠨ ᠵᠢᠯ ᠤ᠋ᠤᠨ ᠲᠸ᠋᠂ ᠦᠪᠠᠷᠲᠠᠬᠡᠨ ᠵᠠᠰᠠᠬᠤ ᠤᠷᠤᠨ ᠤᠷᠢᠳ ᠬᠤᠵᠢᠳ《ᠦᠨᠲᠤᠰᠤᠲᠠᠨ᠎ᠤ ᠪᠦᠯᠬᠦᠮᠲᠠᠯ ᠲᠠᠪᠰᠢᠯᠲᠠ᠎ᠶᠢᠨ ᠡᠬᠦᠲᠤᠨ ᠪᠠᠢᠭᠤᠯᠬᠤ ᠠᠵᠢᠯᠯᠠᠭ᠎ᠠ ᠵᠢ ᠪᠦᠬᠦ ᠲᠠᠯ᠎ᠠ ᠪᠠᠷ ᠬᠦᠨᠵᠡᠬᠡᠢ ᠤᠲᠠᠭᠠᠨ ᠲᠠᠭᠠᠭᠠᠮᠠᠭᠠᠢ ᠦᠷᠨᠢᠬᠦᠯᠵᠤ᠂ ᠲᠤᠮᠲᠠᠲᠤ ᠵᠢᠨ ᠦᠨᠲᠤᠰᠤᠲᠠᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠬᠤ ᠲᠤᠬᠠᠢ ᠬᠡᠷᠡᠭᠵᠢᠬᠦᠯᠬᠦ ᠰᠠᠨᠠᠯ》 ᠵᠡᠷᠬᠡ ᠲᠦᠷᠦ ᠵᠢᠨ ᠪᠤᠲᠤᠯᠭ᠎ᠠ ᠬᠠᠤᠯᠢ ᠲᠤᠭᠲᠠᠭᠠᠯ᠎ᠢ ᠲᠤᠭᠲᠠᠭᠠᠵᠤ᠂ 《ᠦᠪᠤᠷ ᠮᠤᠡᠭᠭᠤᠯ ᠤ᠋ᠨ ᠦᠪᠠᠷᠲᠠᠬᠡᠨ ᠵᠠᠰᠠᠬᠤ ᠤᠷᠤᠨ ᠤ᠋ ᠦᠨᠲᠤᠰᠤᠲᠠᠨ᠎ᠤ ᠪᠦᠯᠬᠦᠮᠲᠠᠯ ᠲᠠᠪᠰᠢᠯᠲᠠ᠎ᠶᠢ ᠠᠬᠢᠭᠤᠯᠬᠤ ᠲᠦᠷᠢᠮ》᠎ᠢ᠋  ᠵᠢᠡᠭᠬᠢᠨᠢ ᠪᠠᠷ ᠬᠡᠷᠡᠭᠵᠢᠬᠦᠯᠵᠤ᠂ ᠪᠦᠬᠦ ᠤᠷᠤᠨ᠎ᠤ ᠡᠯ᠎ᠠ ᠱᠠᠲᠤᠨ ᠤ᠋ ᠬᠤᠯᠪᠤᠭᠲᠠᠯ ᠪᠦᠬᠦᠢ ᠰᠠᠯᠠᠭ᠎ᠠ ᠮᠦᠴᠢᠷ ᠤ᠋ᠨ ᠬᠢᠨ ᠬᠠᠤᠯᠢᠵᠢᠯ᠎ᠤᠨ ᠰᠡᠳᠬᠢᠬᠦᠢ ᠪᠠ ᠬᠠᠤᠯᠢᠵᠢᠯ᠎ᠤᠨ ᠠᠷᠭ᠎ᠠ ᠬᠡᠯᠪᠠᠷᠢ ᠪᠠᠷ ᠦᠨᠲᠤᠰᠤᠲᠠᠨ᠎ᠤ ᠠᠵᠢᠯ᠎ᠢ ᠲᠦᠯᠦᠪᠵᠢᠬᠦᠯᠤᠨ ᠠᠬᠢᠭᠤᠯᠬᠤ ᠎ᠶᠢ ᠪᠠᠷᠢᠮᠲᠠᠯᠠᠵᠤ᠂ ᠲᠤᠭᠲᠠᠮᠠᠯ ᠬᠤᠭᠤᠴᠠᠭ᠎ᠠ ᠲᠠᠢ ᠪᠠᠷ ᠦᠨᠲᠤᠰᠤᠲᠠᠨ ᠤ᠋ ᠲᠦᠷᠦ ᠵᠢᠨ ᠪᠤᠲᠤᠯᠭ᠎ᠠ᠎ᠶᠢ ᠨᠠᠢᠲᠠᠪᠤᠷᠢᠵᠢᠭᠤᠯᠤᠭᠰᠠᠨ ᠪᠠᠢᠲᠠᠯ ᠳ᠋ᠤ ᠪᠠᠢᠴᠠᠭᠠᠯᠲᠠ ᠬᠢᠵᠤ᠂ ᠦᠨᠲᠤᠰᠤᠲᠠᠨ᠎ᠤ  ᠬᠡᠷᠡᠭ ᠶᠠᠪᠤᠲᠠᠯ᠎ᠢ ᠬᠠᠤᠯᠢ ᠪᠠᠷ ᠵᠠᠰᠠᠬᠤ ᠬᠢᠷᠢ ᠲᠦᠪᠰᠢᠨ ᠪᠠ ᠴᠢᠲᠠᠪᠤᠷᠢ ᠲᠠᠰᠤᠷᠠᠯᠲᠠ ᠦᠬᠡᠢ ᠲᠠᠬᠡᠭᠰᠢᠯᠡᠵᠠᠢ᠃  ᠱᠠᠨ ᠰᠢ ᠮᠤᠵᠢ᠎ᠶ᠋ᠢᠨ ᠵᠢᠨ ᠴᠧᠩ ᠬᠣᠲᠠ᠎ᠶ᠋ᠢᠨ ᠠᠵᠢᠯᠴᠢᠨ ᠰᠥᠩ ᠴᠢᠦ ᠹᠸᠩ ᠰᠥᠨᠢᠳ ᠵᠡᠭᠦᠨ ᠬᠣᠱᠢᠭᠤᠨ᠎ᠤ ᠮᠣᠩᠭᠣᠯ ᠮᠠᠯᠴᠢᠨ ᠥᠯᠵᠡᠶ᠎ᠲᠡᠶ ᠠᠵᠤ ᠠᠬᠤᠶ᠎ᠶ᠋ᠢᠨ ᠵᠢᠭᠤᠷᠠᠯᠳᠤᠭᠠᠨ ᠡᠭᠦᠰᠦᠭᠰᠠᠨ ᠳ᠋ᠤ ᠱᠢᠭᠦᠬᠦ᠌ ᠬᠣᠷᠢᠶᠠᠨ ᠡᠴᠠ ᠲᠤᠰ ᠬᠡᠷᠡᠭ ᠎ᠢ ᠠᠮᠵᠢᠯᠲᠠ᠎ᠲᠠᠶ ᠡᠶᠡᠳᠡᠭᠦᠯᠦᠨ ᠰᠢᠢᠳᠪᠦᠷᠢᠯᠡᠭᠰᠡᠨ ᠪᠠᠢᠨ᠎ᠠ᠃ ᠱᠢᠭᠦᠭ᠌ᠴᠢ ᠨᠠᠢᠷᠠᠮᠳᠡᠯ᠄ 《ᠱᠢᠭᠦᠬᠦ᠌ ᠬᠣᠷᠢᠶ᠎ᠠ ᠵᠢᠨ ᠬᠢᠨ ᠶᠡᠷᠦᠨᠢ ᠵᠤᠷᠢᠭᠤᠳᠠ ᠨᠢᠭᠡ ᠲᠠᠯ᠎ᠠ᠎ᠶ᠋ᠢ ᠥᠮᠥᠭᠡᠷᠠᠵᠤ ᠨᠦᠬᠦᠬᠡ ᠲᠠᠯ᠎ᠠ ᠎ᠶᠢ ᠭᠠᠳᠠᠭᠤᠷᠴᠢᠯᠠᠬᠤ ᠦᠭᠡᠢ ᠶᠤᠮ᠂ ᠮᠠᠨ᠎ᠤ ᠬᠡᠷᠡᠭ ᠱᠢᠢᠳᠪᠦᠷᠢᠯᠡᠬᠦ᠌ ᠰᠡᠳᠭᠢᠬᠦᠢ᠎ᠳᠦ 〈ᠬᠡᠷᠡᠭ ᠲᠸ᠋ ᠬᠤᠯᠪᠤᠭᠲᠠᠭᠰᠠᠨ ᠦᠨᠲᠤᠰᠤᠲᠠᠨ〉 ᠬᠡᠬᠦ ᠤᠬᠠᠭᠲᠠᠬᠤᠨ  ᠤᠬ᠍ᠳᠤ ᠪᠠᠢᠬᠤ ᠦᠭᠡᠢ 》 ᠬᠡᠵᠠᠢ᠃

ᠥᠪᠥᠷ ᠮᠣᠩᠭᠣᠯ ᠤᠷᠳᠤ ᠬᠤᠭᠤᠴᠠᠭ᠎ᠠ᠎ᠪᠠᠷ ᠴᠡᠴᠡᠭ᠌ᠯᠡᠨ ᠬᠥᠭ᠌ᠵᠢᠵᠦ᠍ ᠲᠣᠭ᠍ᠲᠠᠭᠤᠨ ᠪᠠᠢᠬᠤ᠎ᠶ᠋ᠢ ᠪᠠᠲᠤᠯᠠᠵᠤ ᠴᠢᠳᠠᠭ᠍ᠰᠠᠨ᠎ᠤ ᠦᠨᠳᠦᠰᠦᠨ ᠱᠢᠯᠲᠠᠭᠠᠨ ᠨᠢ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠪᠠᠢᠭᠤᠯᠤᠯ᠎ᠢ ᠪᠠᠷᠢᠮᠲᠠᠯᠠᠵᠤ᠂ ᠢᠯᠠᠩᠭᠤᠶ᠎ᠠ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠤᠨ ᠳᠣᠣᠷ᠎ᠠ ᠦᠨᠳᠦᠰᠦᠲᠡᠨ᠎ᠨᠦᠭᠦᠳ᠎ᠦᠨ ᠡᠷᠬᠡ ᠲᠡᠭ᠌ᠰᠢ ᠪᠠᠢᠬᠤ᠎ᠶ᠋ᠢ ᠪᠠᠲᠤᠯᠠᠭ᠍ᠰᠠᠨ᠎ᠳᠤ ᠪᠠᠢᠨ᠎ᠠ᠃ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ  ᠬᠦᠷᠢᠶᠡᠯᠡᠩ᠎ᠦᠨ ᠰᠤᠳᠤᠯᠤᠭ᠍ᠴᠢ ᠵᠧᠦ ᠵᠢᠩ ᠬᠣᠩ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠨᠢ ᠨᠢᠭᠡᠳᠦᠯ ᠪᠠ ᠥᠪᠡᠷᠲᠡᠭᠡᠨ ᠵᠠᠰᠠᠬᠤ᠂ ᠦᠨᠳᠦᠰᠦᠲᠡᠨ ᠪᠠ ᠣᠷᠣᠨ ᠪᠦᠰᠡ᠎ᠶ᠋ᠢ ᠤᠶᠠᠯᠳᠤᠭᠤᠯᠵᠤ᠂ ᠦᠨᠳᠦᠰᠦᠲᠡᠨ᠎ᠨᠦᠭᠦᠳ᠎ᠦᠨ ᠡᠷᠬᠡ ᠲᠡᠭ᠌ᠰᠢ᠂ ᠪᠦᠯᠬᠦᠮᠳᠡᠯ᠎ᠲᠡᠶ᠂ ᠬᠠᠮᠲᠤ᠎ᠪᠠᠷ ᠬᠥᠭ᠌ᠵᠢᠬᠦ᠌᠎ᠳᠦ ᠪᠦᠲᠦᠮᠵᠢᠲᠡᠢ ᠪᠠᠢᠭᠤᠯᠤᠯ᠎ᠤᠨ ᠲᠠᠪᠴᠠᠩ᠎ᠢ ᠪᠠᠢᠭᠤᠯᠵᠤ ᠥᠭ᠌ᠴᠡᠢ ᠬᠡᠪᠠ᠃

ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯᠯᠠᠭ᠎ᠠ ᠪᠠ ᠳᠤᠮᠳᠠᠳᠤ᠎ᠶ᠋ᠢᠨ ᠦᠨᠳᠦᠰᠦᠲᠡᠨ᠎ᠦ  ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠭᠢᠯ᠎ᠳᠦ ᠭᠦᠨ ᠦᠨᠲᠤᠰᠤᠯᠡᠬᠦᠯᠪᠠ᠃ ᠥᠪᠥᠷ ᠮᠣᠩᠭᠣᠯ᠎ᠤᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠢᠨ᠎ᠡ ᠰᠤᠷᠤᠯᠭ᠎ᠠ ᠵᠢᠨ ᠬᠤᠭᠤᠴᠠᠭᠠᠨ᠎ᠤ ᠰᠤᠷᠭᠠᠭᠤᠯᠢ ᠡᠬᠢᠯᠡᠬᠦ᠌ ᠠᠡᠭᠬᠠᠨ ᠤ᠋ ᠬᠢᠴᠢᠶᠡᠯ ᠨᠢ ᠴᠥᠮ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠭᠤᠯᠭ᠎ᠠ᠎ᠲᠠᠶ ᠪᠠᠢᠵᠤ᠂ ᠵᠢᠯ ᠪᠦᠷᠢ᠎ᠶ᠋ᠢᠨ ᠶᠢᠰᠦᠨ ᠰᠠᠷ᠎ᠠ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ᠎ᠨᠢ 38 ᠵᠢᠯ ᠲᠠᠷᠠᠭᠠᠯᠠᠨ ᠶᠠᠪᠤᠭ᠍ᠳᠠᠵᠤ ᠪᠠᠢᠨ᠎ᠠ᠃ ᠲᠤᠰᠭᠠᠶ ᠮᠡᠷᠭᠡᠵᠢᠯᠲᠡᠨ ᠡᠴᠠ᠂ ᠥᠪᠥᠷ ᠮᠣᠩᠭᠣᠯ᠎ᠤᠨ ᠣᠯᠠᠨ ᠵᠢᠯ᠎ᠦᠨ ᠲᠤᠷᠰᠢᠬᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭ᠍ᠰᠠᠨ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠨᠢ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠬᠠᠷᠢᠯᠴᠠᠨ ᠬᠦᠨᠳᠦᠳᠭᠡᠬᠦ᠌᠂ ᠡᠷᠬᠡ ᠲᠡᠭ᠌ᠰᠢ᠎ᠪᠡᠷ ᠬᠠᠨᠳᠤᠬᠤ ᠣᠢᠯᠠᠭᠠᠭ᠍ᠳᠠᠬᠤᠨ᠎ᠢ ᠪᠣᠶ ᠪᠣᠯᠭᠠᠬᠤ᠎ᠳᠤ ᠴᠢᠬᠤᠯᠠ ᠪᠥᠭᠡᠳ ᠣᠷᠳᠣ ᠬᠤᠭᠤᠴᠠᠭᠠᠨ᠎ᠤ ᠪᠦᠲᠦᠮᠵᠢᠲᠡᠶ ᠦᠢᠯᠡᠳᠦᠯ ᠦᠵᠡᠭᠦᠯᠵᠠᠢ ᠬᠡᠵᠤ ᠰᠠᠨᠠᠯ ᠨᠢᠭᠡᠳᠡᠢ ᠦᠵᠡᠵᠡᠭᠡᠨ᠎ᠡ᠃

ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ 《ᠠᠨᠠᠷ᠎ᠤᠨ ᠦᠷ᠎ᠡ》ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠦᠨ ᠵᠢᠱ᠌ᠢᠶ᠎ᠠ ᠦᠵᠡᠭᠦᠯᠬᠦ᠌ ᠠᠩᠭᠢ ᠬᠢᠴᠢᠶᠡᠯ ᠡᠬᠢᠯᠡᠯ᠎ᠠ᠃  


QQ截图20220107094918.jpg


 ᠰᠤᠷᠪᠤᠯᠵᠢᠯᠠᠭᠴᠢ  ᠨᠠᠪᠴᠢ   ᠰᠠᠬᠦᠲᠠᠷᠯᠠᠪᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号