ᠪᠤᠤ ᠶᠠ ᠯᠢ᠄ ᠲᠤᠮᠳᠠᠳᠤ ᠵᠢᠨ ᠦᠨᠲᠤᠰᠤᠲᠠᠨ᠎ᠤ ᠪᠦᠯᠬᠦᠮᠲᠠᠯ᠎ᠤᠨ ᠦᠯᠢᠬᠡᠷ᠎ᠢ ᠲᠠᠯᠠᠬᠡᠢ ᠳ᠋ᠠᠬᠢᠨ ᠳ᠋ᠤ ᠶᠠᠷᠢᠯ᠎ᠠ
2022-01-07 09:52:20
ᠵᠣᠬᠢᠶᠠᠭ᠍ᠴᠢ᠄
​ ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ ᠶᠠᠪᠤᠭᠲᠠᠭᠰᠠᠨ ᠲᠥᠪ ᠎ᠤ᠋ᠨ ᠤᠬᠠᠭᠤᠯᠬᠤ ᠬᠡᠯᠲᠡᠰ ᠡᠴᠡ ᠵᠤᠬᠢᠶᠠᠨ ᠪᠠᠢᠭᠤᠯᠤᠭᠰᠠᠨ《ᠳᠤᠮᠳᠠᠳᠤ ᠎ᠶ᠋ᠢᠨ ᠦᠨᠳᠦᠰᠦᠲᠡᠨ ᠨᠢᠭᠡ ᠬᠡᠷ᠎ᠦᠨ ᠬᠥᠮᠦᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠠᠨ ᠬᠠᠮᠲᠤ ᠪᠠᠷ ᠲᠡᠷᠭᠡᠯᠱᠢᠭᠦᠯᠦᠶ᠎ᠡ》 ᠭᠡᠬᠦ᠌ ᠭᠤᠤᠯ ᠰᠡᠳᠦᠪᠳᠦ ᠳᠤᠮᠳᠠᠳᠤ ᠭᠠᠳᠠᠭᠠᠳᠤ᠎ᠶ᠋ᠢᠨ ᠰᠣᠷᠪᠣᠯᠵᠢᠯᠠᠭ᠍ᠴᠢᠳ ᠲᠠᠶ ᠠᠭᠤᠯᠵᠠᠬᠤ ᠬᠤᠷᠠᠯ ᠳ᠋ᠤ ᠤᠯᠠᠭᠠᠨᠬᠠᠲᠠ ᠬᠤᠲᠠ ᠵᠢᠨ ᠠᠤᠬᠠᠨ ᠬᠣᠱᠢᠭᠤᠨ᠎ᠤ ᠤᠯᠠᠨᠰᠦ᠋ᠮ᠎ᠡ ᠰᠤᠮᠤ᠎ᠶ᠋ᠢᠨ ᠨᠠᠮ᠎ᠤᠨ ᠬᠣᠷᠢᠶᠠᠨ᠎ᠤ ᠱᠦᠵᠢ ᠪᠦᠦ ᠶᠠ ᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠤᠷ᠎ᠤᠨ ᠭᠠᠭ᠍ᠴᠠ ᠲᠥᠯᠥᠭᠡᠯᠡᠭ᠌ᠴᠢ᠎ᠶ᠋ᠢᠨ ᠬᠤᠪᠢ᠎ᠪᠠᠷ ᠪᠤᠰᠤᠳ 5 ᠦᠨᠳᠦᠰᠦᠲᠡᠨ᠎ᠦ ᠱᠢᠯᠢᠳᠡᠭ ᠡᠪ ᠬᠠᠮᠲᠤ ᠨᠠᠮ᠎ᠤᠨ ᠭᠡᠱᠢᠭᠦᠨ᠎ᠦ ᠲᠥᠯᠥᠭᠡᠯᠡᠭ᠌ᠴᠢ᠎ᠲᠡᠶ ᠬᠠᠮᠲᠤ ᠤᠷᠤᠯᠴᠠᠪᠠ᠃

《ᠪᠢ ᠵᠣᠯ᠎ᠢᠶᠠᠷ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ ᠪᠣᠯᠤᠭ᠍ᠰᠠᠨ᠎ᠤ ᠬᠤᠪᠢ᠎ᠳᠤ᠂ ᠡᠨᠡ ᠵᠢᠯ᠎ᠤᠨ 〈7.1〉 ᠎ᠤ᠋ ᠦᠶ᠎ᠡ ᠪᠡᠷ  ᠪᠥᠬᠥ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠲᠣᠭᠣᠷᠢᠨ ᠦᠵᠡᠬᠦ᠌ ᠪᠦᠯᠬᠦᠮ ᠤ᠋ᠨ ᠨᠢᠬᠡ ᠬᠡᠰᠢᠬᠦᠨ᠎ᠢᠶᠡᠷ ᠪᠡᠭᠡᠵᠢᠩ᠎ᠳᠦ ᠬᠦᠷᠴᠦ᠍᠂ ᠨᠠᠮ᠎ᠤᠨ ᠵᠠᠭᠤᠨ ᠵᠢᠯ᠎ᠦᠨ ᠣᠶ᠎ᠶ᠋ᠢ ᠪᠡᠯᠭᠡᠯᠡᠬᠦ᠌ ᠱᠢᠷᠢᠰ ᠠᠵᠢᠯᠯᠠᠭ᠎ᠠ᠎ᠳᠤ ᠣᠷᠣᠯᠴᠠᠨ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠲᠤᠬᠠᠶ᠎ᠶ᠋ᠢᠨ ᠲᠠᠯᠠᠪᠠᠶ᠎ᠳᠤ ᠰᠣᠨᠣᠰᠤᠭᠰᠠᠨ ᠪᠠᠢᠨ᠎ᠠ᠂ ᠡᠨᠡ ᠪᠣᠯ ᠮᠢᠨᠦ᠍ ᠨᠢᠭᠡ ᠨᠠᠰᠤᠨ᠎ᠤ ᠤᠮᠤᠭᠰᠢᠯ ᠪᠠ ᠢᠷᠠᠭᠤ ᠠᠯᠳᠠᠷ ᠮᠥᠨ》 ᠬᠡᠵᠤ ᠪᠤᠤ ᠶᠠ ᠯᠢ ᠤᠮᠤᠭ ᠲᠠᠬᠦᠯᠲᠠᠷ ᠶᠠᠷᠢᠨ᠎ᠠ᠃

ᠤᠯᠠᠭᠠᠨᠬᠠᠲᠠ ᠬᠤᠲᠠ ᠵᠢᠨ ᠠᠤᠬᠠᠨ ᠬᠣᠱᠢᠭᠤᠨ᠎ᠤ ᠤᠯᠠᠨᠰᠦ᠋ᠮ᠎ᠡ ᠰᠤᠮᠤ ᠪᠣᠯ ᠬᠤᠷᠴᠢᠨ᠎ᠤ ᠡᠯᠡᠰᠦᠷᠬᠡᠭ ᠭᠠᠵᠠᠷ᠎ᠤᠨ ᠡᠮᠤᠨ᠎ᠠ ᠵᠠᠬ᠎ᠠ ᠳ᠋ᠤ ᠪᠠᠢᠷᠢᠯᠠᠵᠤ᠂ ᠮᠤᠡᠭᠭᠤᠯ᠂ ᠬᠢᠲᠠᠳ᠂ ᠮᠠᠨᠵᠤ᠂ ᠲᠠᠭᠤᠷ ᠵᠡᠷᠬᠡ ᠤᠯᠠᠠ ᠦᠨᠲᠤᠰᠤᠲᠠᠨ ᠬᠤᠯᠢᠯᠳᠤᠨ ᠰᠠᠭᠤᠷᠢᠰᠢᠭᠰᠠᠨ ᠭᠠᠵᠠᠷ ᠤᠷᠤᠨ ᠪᠤᠯᠤᠨ᠎ᠠ᠃  ᠡᠯᠡᠰᠦᠷᠭᠡᠭᠵᠢᠭᠰᠡᠨ᠂ ᠴᠦᠯᠯᠡᠷᠭᠡᠭᠵᠢᠭᠰᠡᠨ᠂ ᠲᠠᠴᠢᠷᠳᠠᠭᠰᠠᠨ ᠪᠠᠢᠭᠠᠯᠢ ᠵᠢᠨ ᠣᠷᠴᠢᠨ ᠲᠣᠭᠣᠷᠢᠨ᠎ᠨᠢ ᠣᠷᠣᠨ ᠨᠤᠲᠤᠭ᠎ᠤᠨ ᠬᠥᠭ᠌ᠵᠢᠯᠲᠡ᠎ᠵᠢ ᠬᠠᠷᠰᠢᠯᠠᠵᠤ᠂ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠢ ᠬᠦᠨᠳᠦ ᠨᠣᠴᠢᠲᠠᠶ ᠨᠦᠯᠦᠭᠡᠯᠡᠪᠡ᠃ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ ᠵᠢ ᠴᠢᠩᠭᠠᠳᠬᠠᠵᠤ᠂ ᠪᠣᠬᠢᠷᠲᠤᠯ ᠥᠬᠡᠶ ᠠᠮᠢ ᠠᠬᠤᠶ᠎ᠶ᠋ᠢᠨ ᠬᠠᠯᠬᠠᠪᠴᠢ᠎ᠶ᠋ᠢ ᠰᠠᠢᠲᠤᠷ ᠪᠦᠳᠦᠭᠡᠨ ᠪᠠᠢᠭᠤᠯᠬᠤ ᠨᠢ ᠠᠰᠠᠭᠤᠳᠠᠯ᠎ᠢ ᠱᠢᠶ᠋ᠳᠪᠦᠷᠢᠯᠡᠬᠦ᠌ ᠵᠢᠨ ᠴᠤᠷ ᠤ᠋ᠨ ᠭᠠᠭᠴᠠ ᠰᠣᠩᠭᠣᠯᠲᠠ ᠪᠣᠯᠵᠠᠢ᠃

ᠪᠤᠤ ᠶᠠ ᠯᠢ ᠦᠨᠳᠦᠰᠦᠲᠡᠨ᠎ᠦ ᠭᠠᠵᠠᠷ ᠣᠷᠣᠨ᠎ᠤ  ᠺᠠᠳ᠋ᠷ ᠪᠣᠯᠤᠭ᠍ᠰᠠᠨ᠎ᠤ ᠬᠤᠪᠢ ᠳ᠋ᠤ᠂ 28 ᠵᠢᠯ᠎ᠦᠨ ᠲᠤᠷᠰᠢ᠂ 57.6 ᠲᠦᠮᠡᠨ ᠮᠦ᠍᠎ᠶ᠋ᠢᠨ ᠮᠠᠯᠵᠢᠯ᠎ᠤᠨ ᠲᠠᠯᠠᠪᠠᠢ ᠪᠠ ᠡᠯᠡᠰᠦᠷᠬᠡᠭ ᠭᠠᠵᠠᠷ᠎ᠢ ᠬᠦᠯ ᠤ᠋ᠨ ᠤᠯᠠ ᠪᠠᠷ ᠬᠡᠮᠵᠢᠵᠦ᠍᠂ ᠰᠤᠮᠤᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠲᠠᠢᠴᠢᠯᠠᠵᠤ ᠠᠮᠢ ᠠᠬᠤᠢ᠎ᠶ᠋ᠢᠨ ᠬᠠᠮᠲᠤᠷᠠᠭ᠍ᠰᠠᠨ ᠳᠠᠢᠯᠠᠯᠳᠤᠭᠠᠨ᠂ ᠤᠯᠠᠷᠢᠯ᠎ᠤᠨ ᠴᠢᠨᠠᠷᠲᠠᠢ ᠳᠠᠢᠯᠠᠯᠳᠤᠭᠠᠨ᠎ᠢ᠋  ᠥᠷᠨᠢᠭᠦᠯᠵᠦ᠍᠂ ᠲᠠᠷᠢᠶᠠᠯᠠᠬᠤ᠎ᠶ᠋ᠢ  ᠵᠣᠭ᠍ᠰᠣᠭᠠᠵᠤ ᠤᠢ ᠮᠣᠳᠣ ᠨᠤᠳᠤᠭ ᠪᠡᠯᠴᠢᠭᠡᠷ᠎ᠢ ᠰᠡᠷᠭᠦᠭᠡᠬᠦ᠌᠂ ᠡᠯᠡᠰᠦ᠎ᠶ᠋ᠢ ᠪᠢᠲᠡᠭᠦᠮᠵᠢᠯᠡᠨ ᠤᠢ ᠮᠣᠳᠣ ᠲᠠᠷᠢᠬᠤ᠂ ᠬᠤᠪᠠᠬᠠᠢ ᠠᠭᠤᠯᠠ᠎ᠶ᠋ᠢ ᠤᠢᠵᠢᠭᠤᠯᠬᠤ ᠵᠡᠷᠭᠡ ᠨᠣᠭᠣᠭᠠᠷᠠᠭᠤᠯᠤᠯᠲᠠ᠎ᠶ᠋ᠢᠨ ᠢᠨᠵᠧᠨᠧᠷᠢᠩ᠎ᠢ ᠶᠡᠬᠡ᠎ᠪᠡᠷ ᠠᠳᠬᠤᠪᠠ᠃ ᠤᠳᠤᠬᠠᠨ᠂ ᠡᠯ᠎ᠡ ᠲᠦᠷᠦᠯ᠎ᠦᠨ ᠣᠢᠵᠢᠭᠤᠯᠤᠯᠳᠠ ᠵᠢᠨ ᠲᠠᠯᠠᠪᠠᠢ ᠨᠡᠢ᠌ᠳᠡ 23.6 ᠲᠦᠮᠡᠨ ᠮᠦ᠍᠎ᠳᠦ ᠬᠦᠷᠴᠦ᠍᠂ ᠤᠷᠭᠤᠮᠠᠯ᠎ᠤᠨ ᠪᠦᠷᠬᠦᠴᠡ᠎ᠶ᠋ᠢᠨ ᠨᠤᠷᠮ᠎ᠠ ᠤᠤᠯ᠎ᠤᠨ 10% ᠬᠦᠷᠬᠦ᠌ ᠦᠭᠡᠢ ᠪᠠᠢᠭ᠍ᠰᠠᠨ᠎ᠠᠴᠠ 47% ᠳ᠋ᠤ ᠬᠦᠷᠴᠦ᠂ ᠴᠦᠯᠯᠡᠷᠭᠡᠭ ᠭᠠᠵᠠᠷ ᠨᠣᠭᠣᠭᠠᠨ ᠪᠦᠷᠢᠳᠦ ᠪᠣᠯᠵᠤ ᠬᠤᠪᠢᠷᠠᠨ᠂ ᠡᠯᠠᠰᠤᠨ ᠬᠤᠡᠭᠬᠢᠯ ᠮᠤᠲᠤ ᠤᠷᠭᠤᠮᠠᠯ᠎ᠢᠶᠡᠷ ᠬᠤᠴᠢᠭᠲᠠᠵᠤ᠂ ᠪᠠᠢᠭᠠᠯᠢ᠎ᠶ᠋ᠢᠨ ᠣᠷᠴᠢᠨ ᠲᠣᠭᠣᠷᠢᠨ ᠰᠠᠢᠵᠢᠷᠠᠵᠤ᠂ ᠤᠯᠠᠨ ᠲᠦᠮᠡᠨ᠎ᠤ ᠠᠵᠤ ᠠᠬᠤᠢ᠎ᠶ᠋ᠢᠨ ᠠᠱᠢᠭ ᠤᠷᠤᠯᠭ᠎ᠠ ᠵᠢ ᠨᠡᠮᠡᠭᠳᠡᠭᠦᠯᠦᠭᠰᠡᠨ ᠵᠢᠡᠷ ᠪᠠᠷᠠᠬᠤ ᠦᠭᠡᠢ᠂ ᠲᠤᠬᠠᠢ᠎ᠶ᠋ᠢᠨ ᠭᠠᠵᠠᠷ᠎ᠤᠨ ᠮᠠᠯ ᠠᠵᠤ ᠠᠬᠤᠢ ᠲᠠᠷᠢᠶᠠᠯᠠᠩ ᠵᠢᠴᠢ ᠦᠨᠳᠦᠰᠦᠲᠡᠨ᠎ᠦ ᠤᠨᠴᠠᠯᠢᠬ᠍ᠳᠤ ᠵᠢᠭᠤᠯᠴᠢᠯᠠᠯ᠎ᠤᠨ ᠦᠢᠯᠡᠰ᠎ᠤᠨ ᠬᠦᠭᠵᠢᠯᠳᠡ ᠳ᠋ᠤ  ᠨᠡᠩ ᠤᠯᠠᠨ ᠠᠵᠠ ᠵᠠᠪᠰᠢᠶᠠᠨ ᠬᠠᠩᠭᠠᠭ᠍ᠰᠠᠨ ᠪᠠᠢᠨ᠎ᠠ᠃

ᠠᠵᠢᠯ ᠳ᠋ᠤ ᠭᠠᠷᠤᠭᠰᠠᠨ᠎ᠡᠴᠡ ᠪᠠᠨ ᠨᠠᠭᠠᠰᠢ᠂ ᠪᠦᠦ ᠶᠠ ᠯᠢ ᠦᠨᠳᠦᠰᠦᠲᠡᠨ᠎ᠦ ᠪᠦᠯᠬᠦᠮᠳᠡᠯ᠎ᠢ ᠢᠮᠠᠭ᠍ᠲᠠ ᠡᠷᠡᠰ ᠬᠠᠮᠠᠭᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠤᠯᠭᠠᠵᠤ᠂ ᠰᠤᠮᠤᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ 《ᠭᠤᠷᠪᠠᠨ ᠰᠠᠯᠵᠤ ᠪᠣᠯᠤᠰᠢ ᠦᠭᠡᠢ》᠂《ᠲᠠᠪᠤᠨ ᠬᠠᠮᠲᠤ᠎ᠶ᠋ᠢᠨ ᠲᠠᠨᠢᠯᠲᠠ》 ᠵᠢᠨ ᠦᠵᠡᠯ ᠰᠠᠨᠠᠭ᠎ᠠ ᠦᠵᠡᠯ ᠤᠬᠠᠮᠰᠠᠷ᠎ᠢ ᠲᠠᠰᠤᠷᠠᠯᠳᠠ ᠦᠭᠡᠢ ᠪᠠᠲᠤ ᠱᠤᠭᠤᠵᠠᠢ᠃ ᠲᠡᠷᠡ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠢᠳᠡᠪᠬᠢᠲᠡᠶ ᠳᠠᠭᠠᠭᠤᠯᠤᠨ ᠰᠤᠮᠤᠨ ᠤ᠋ ᠪᠥᠲᠥᠭᠡᠨ ᠪᠠᠢᠭᠤᠯᠤᠯᠲᠠ᠎ᠳᠤ ᠣᠷᠣᠯᠴᠠᠵᠤ᠂ ᠨᠤᠲᠤᠭ᠎ᠲᠠᠭᠠᠨ ᠪᠤᠴᠠᠭ᠍ᠰᠠᠨ ᠤᠶᠤᠲᠠᠳ᠎ᠤᠨ ᠦᠨᠳᠦᠰᠦᠲᠡᠨ᠎ᠦ ᠴᠠᠭᠠᠨ ᠢᠳᠡᠭᠡᠨ᠎ᠦ ᠦᠶ᠋ᠯᠡᠳᠪᠦᠷᠢ ᠡᠷᠭᠢᠯᠡᠬᠦ᠌᠎ᠶ᠋ᠢ ᠳᠡᠮᠵᠢᠵᠦ᠍᠂ ᠶᠠᠳᠠᠭᠤ ᠬᠦᠴᠢᠷᠳᠡᠯᠲᠡᠶ ᠡᠷᠦᠬᠡ᠎ᠶ᠋ᠢᠨ ᠲᠣᠭ᠍ᠲᠠᠭᠤᠨ᠎ᠢᠶᠠᠷ ᠶᠠᠳᠠᠭᠤ᠎ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ᠎ᠶ᠋ᠢ ᠠᠬᠢᠭᠤᠯᠪᠠ᠃ 《ᠲᠡᠵᠢᠭᠡᠬᠦ᠌ ᠎ᠶ᠋ᠢᠨ ᠲᠥᠯᠥᠭᠡ ᠲᠠᠷᠢᠬᠤ᠂ ᠮᠠᠯᠵᠢᠬᠤ᠎ᠶ᠋ᠢᠨ ᠲᠥᠯᠥᠭᠡ ᠲᠠᠷᠢᠶᠠᠯᠠᠬᠤ᠂ ᠪᠡᠯᠴᠢᠭᠡᠷ᠎ᠢᠶᠡᠷ ᠮᠠᠯ᠎ᠢ ᠲᠣᠭ᠍ᠲᠠᠭᠠᠬᠤ》 ᠬᠥᠭ᠌ᠵᠢᠯᠲᠡ᠎ᠶ᠋ᠢᠨ ᠱᠢᠨ᠎ᠡ ᠰᠡᠳᠭᠢᠮᠵᠢ᠎ᠶ᠋ᠢ ᠪᠦᠳᠦᠭᠡᠯᠴᠢ  ᠎ᠪᠠᠷ ᠳᠤᠷᠠᠳᠴᠤ᠌᠂ ᠮᠢᠬᠠᠨ᠎ᠤ ᠦᠬᠡᠷ᠂ ᠰᠠᠭᠠᠯᠢ᠎ᠶ᠋ᠢᠨ ᠦᠨᠢᠶ᠎ᠡ᠂ ᠮᠢᠬᠠᠨ᠎ᠤ ᠬᠣᠨᠢᠨ᠎ᠤ ᠣᠨᠴᠠᠯᠢᠭ᠍ᠲᠤ ᠮᠠᠯ ᠠᠵᠤ ᠠᠬᠤᠶ᠎ᠪᠠᠷ ᠲᠤᠯᠭᠠᠭᠤᠷᠢ ᠪᠣᠯᠭᠠᠭ᠍ᠰᠠᠨ ᠠᠵᠤ ᠦᠢᠯᠡᠰ᠎ᠦᠨ ᠪᠠᠢᠷᠢᠱᠢᠯ᠎ᠢ ᠪᠦᠷᠢᠯᠳᠦᠬᠦᠯᠪᠡ᠃

ᠲᠠᠷᠨ᠂《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ》᠂《ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ》 ᠎ᠢ᠋ᠢᠡᠷ ᠤᠷᠢᠳ ᠬᠤᠵᠢᠳ ᠦᠨᠡᠯᠡᠭ᠌ᠳᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶ᠋ᠢᠨ ᠡᠯᠪᠡᠭ ᠬᠤᠷᠢᠶᠠᠯᠲᠠ᠎ᠶ᠋ᠢᠨ ᠭᠤᠷᠪᠠᠳᠤᠭᠠᠷ ᠳᠡᠰ᠎ᠤᠨ ᠱᠠᠩᠨᠠᠯ᠎ᠢ ᠭᠥᠷᠳᠡᠭ᠌ᠰᠡᠨ ᠪᠥᠭᠡᠳ ᠠᠸ᠋ᠬᠠᠨ ᠬᠣᠱᠢᠭᠤᠨ᠎ᠤ ᠵᠠᠰᠠᠭ᠎ᠤᠨ ᠣᠷᠳᠣᠨ᠎ᠤ ᠱᠠᠩᠨᠠᠯ᠎ᠢ ᠣᠯᠠᠨᠲᠠ ᠭᠥᠷᠳᠠᠵᠦ ᠦᠩᠭᠡᠷᠡᠵᠡᠢ᠃

ᠦᠨᠡᠨᠴᠢ ᠱᠢᠳᠤᠷᠭᠤ᠂ ᠬᠠᠷᠢᠭᠤᠴᠠᠯᠭ᠎ᠠ ᠡᠭᠦᠷᠭᠡᠯᠡᠯ ᠲᠠᠢ᠂ ᠬᠠᠳᠠᠭᠤᠵᠢᠯᠳᠠᠢ ᠴᠢᠷᠮᠠᠢᠬᠤ ᠪᠣᠯ ᠪᠤᠤ ᠶᠠ ᠯᠢ ᠵᠢᠨ ᠴᠥᠬᠥᠷᠡᠰᠢ ᠦᠭᠡᠢ ᠬᠥᠭᠡᠭᠡᠴᠡᠯᠳᠦᠯ ᠪᠢᠯᠠ᠃ ᠠᠷᠠᠳ᠎ᠤᠨ ᠲᠥᠯᠥᠭᠡ ᠪᠣᠳᠠᠲᠠᠢ᠎ᠶ᠋ᠢ ᠡᠷᠬᠢᠮᠯᠡᠨ ᠵᠣᠷᠢᠭ᠍ᠲᠠᠢ ᠠᠵᠢᠯᠯᠠᠬᠤ ᠠᠵᠢᠯ᠎ᠤᠨ ᠰᠤᠷᠲᠠᠯ᠎ᠢᠶᠠᠷ 《ᠬᠢᠪᠡᠯ ᠵᠠᠪᠠᠯ ᠰᠠᠢᠲᠤᠷ ᠬᠢᠬᠦ᠌》ᠠᠤᠬᠠᠨ᠎ᠤ ᠵᠣᠷᠢᠭ ᠰᠠᠨᠠᠭ᠎ᠠ᠎ᠶ᠋ᠢ ᠦᠷᠭᠦᠯᠵᠢᠯᠡᠨ ᠪᠠᠳᠠᠷᠠᠭᠤᠯᠵᠤ᠂《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠪᠠᠨ ᠬᠠᠮᠲᠤ᠎ᠪᠠᠷ ᠲᠡᠷᠭᠡᠯᠱᠢᠭᠦᠯᠬᠦ᠌》 ᠰᠦᠷ ᠬᠦᠴᠦᠨ᠎ᠢ  ᠨᠢᠭ᠍ᠲᠠᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠴᠢᠨᠠᠭ᠍ᠰᠢᠳᠠ ᠪᠠᠳᠤᠳᠬᠠᠨ᠎ᠠ᠃

ᠪᠤᠤ ᠶᠠ ᠯᠢ᠂ ᠨᠤᠲᠤᠭ᠎ᠤᠨ᠎ᠢᠶᠠᠨ ᠵᠦᠯᠭᠡᠨ ᠳᠤᠮᠳᠠᠬᠢ ᠴᠠᠬᠢᠷᠮ᠎ᠠ ᠴᠡᠴᠡᠭ ᠱᠢᠭ ᠵᠢᠡᠷ ᠬᠥᠷᠥᠰᠥᠨ᠎ᠳᠦ ᠭᠦᠨ ᠦᠨᠳᠦᠰᠦᠯᠡᠵᠦ᠍᠂ ᠠᠩᠬᠢᠯᠤᠮ᠎ᠠ ᠦᠨᠦᠷ ᠬᠠᠩᠬᠤᠯᠤᠭᠤᠯᠤᠨ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠳ᠋ᠤ ᠦᠪᠡᠷᠮᠢᠴᠡ ᠬᠦᠴᠦᠨ ᠴᠢᠳᠠᠯ ᠵᠢᠡᠨ ᠡᠷᠬᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号