1 ᠰᠠᠷ᠎ᠠ᠎ᠶ᠋ᠢᠨ 6᠎ᠤ ᠡᠳᠦᠷ᠂《ᠬᠢᠵᠢᠭ᠎ᠲᠡᠶ ᠲᠡᠮᠡᠴᠡᠭ᠌ᠰᠡᠨ ᠵᠠᠯᠠᠭᠤ ᠨᠠᠰᠤᠨ᠎ᠳᠤ ᠬᠦᠨᠳᠦᠳᠭᠡᠯ ᠳᠡᠪᠱᠢᠭᠦᠯᠦᠶ᠎ᠡ》— ᠠᠩᠬᠠᠳᠤᠭᠠᠷ ᠬᠤᠭᠤᠴᠠᠭᠠᠨ᠎ᠤ ᠵᠥᠩ ᠨᠠᠨ ᠱᠠᠨ᠎ᠤ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠱᠠᠩᠨᠠᠯ᠎ᠤᠨ ᠭᠤᠤᠯ ᠰᠡᠳᠦᠪᠲᠦ ᠬᠤᠷᠠᠯ ᠭᠤᠸᠠᠩᠵᠧᠦ᠍᠎ᠳᠦ ᠶᠠᠪᠤᠭ᠍ᠳᠠᠪᠠ᠃ ᠬᠤᠷᠠᠯ ᠳᠡᠭᠡᠷ᠎ᠡ ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠵᠥᠩ ᠨᠠᠨ ᠱᠠᠨ ᠣᠳᠣᠬᠠᠨ᠎ᠤ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠢᠵᠢᠭ᠎ᠦᠨ ᠪᠠᠢᠳᠠᠯ᠎ᠤᠨ ᠬᠣᠯᠪᠣᠭ᠍ᠳᠠᠯ ᠪᠥᠬᠥᠶ ᠪᠠᠢᠳᠠᠯ᠎ᠤᠨ ᠲᠤᠬᠠᠶ ᠵᠠᠳᠠᠯᠤᠯᠲᠠ ᠬᠢᠵᠠᠢ᠃

ᠰᠢ ᠠᠨ᠎ᠤ ᠬᠢᠵᠢᠭ᠎ᠦᠨ ᠪᠠᠢᠳᠠᠯ ᠳ᠋ᠦ ᠨᠢᠭᠡᠨᠲᠡ ᠡᠷᠭᠢᠯᠲᠡ ᠭᠠᠷᠪᠠ
ᠵᠥᠩ ᠨᠠᠨ ᠱᠠᠨ ᠰᠤᠷᠪᠤᠯᠵᠢᠯᠠᠭ᠎ᠠ ᠬᠦᠯᠢᠶᠡᠬᠦ᠌᠎ᠳᠡᠭᠡᠨ᠂ ᠰᠢ ᠠᠨ᠎ᠤ ᠲᠣᠰ ᠡᠭᠡᠯᠵᠢ᠎ᠶ᠋ᠢᠨ ᠬᠢᠵᠢᠭ᠎ᠦᠨ ᠪᠠᠢᠳᠠᠯ ᠳ᠋ᠦ ᠨᠢᠬᠡᠨᠳᠡ ᠡᠷᠭᠢᠯᠲᠡ ᠭᠠᠷᠴᠦ᠂ ᠬᠠᠮᠤᠭ᠎ᠤᠨ ᠤᠯᠠᠨ ᠳ᠋ᠠᠭᠠᠨ ᠨᠢᠬᠡ ᠡᠳᠦᠷ᠎ᠲᠦ 172 ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠢᠯᠡᠷᠡᠵᠦ ᠪᠠᠢᠭᠰᠠᠨ ᠪᠤᠯ᠂ 5᠎ᠤ ᠡᠳᠦᠷ 63 ᠡᠪᠡᠳᠴᠢᠨ᠎ᠤ ᠵᠢᠱ᠌ᠢᠶ᠎ᠡ ᠢᠯᠡᠷᠡᠵᠦ᠂ ᠲᠤᠳᠤᠯᠠᠬᠰᠠᠨ ᠡᠪᠡᠳᠴᠢᠨ᠎ᠤ ᠵᠢᠱ᠌ᠢᠶ᠎ᠡ ᠪᠠᠭᠤᠷᠠᠵᠦ ᠪᠠᠢᠨ᠎ᠠ᠃ ᠤᠴᠢᠷ ᠨᠢ ᠰᠢ ᠠᠨ ᠲᠤᠢᠯ᠎ᠤᠨ ᠴᠢᠩᠭ᠎ᠠ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠭ᠍ᠰᠠᠨ ᠶᠤᠮ ᠭᠡᠵᠦ ᠪᠠᠢᠯ᠎ᠠ᠃
ᠣᠳᠣᠬᠠᠨ᠎ᠳᠤ ᠤᠨᠳᠤᠤᠱᠢᠭ᠍ᠰᠠᠨ ᠸᠢᠷᠦ᠋ᠰ IHU᠎ᠤᠨ ᠲᠤᠬᠠᠢ ᠬᠡᠲᠦ ᠤᠯᠠᠨ ᠲᠠᠢᠯᠪᠤᠷᠢᠯᠠᠬᠤ ᠴᠢᠬᠤᠯᠠ ᠥᠬᠡᠶ
ᠱᠢᠨ᠎ᠡ ᠲᠢᠲᠢᠮᠯᠢᠭ ᠸᠢᠷᠦ᠋ᠰ᠎ᠦᠨ ᠤᠨᠳᠤᠤᠱᠢᠬᠰᠠᠨ ᠸᠢᠷᠦ᠋ᠰ IHU ᠳ᠋ᠤ ᠬᠡᠷᠬᠢᠨ ᠬᠠᠨᠳᠤᠬᠤ ᠲᠤᠬᠠᠶ ᠵᠥᠩ ᠨᠠᠨ ᠱᠠᠨ ᠠᠺᠠᠳᠧᠮᠢᠴᠢ ᠢᠯᠡᠷᠬᠡᠢᠯᠡᠬᠦ᠌᠎ᠳᠡᠭᠡᠨ᠂ ᠣᠳᠣᠬᠠᠨ᠎ᠳᠤ ᠲᠡᠭᠦᠨ᠎ᠢ ᠬᠡᠲᠦ ᠤᠯᠠᠨ ᠲᠠᠢᠯᠪᠤᠷᠢᠯᠠᠬᠤ ᠴᠢᠬᠤᠯᠠ ᠥᠬᠡᠶ᠂ ᠲᠡᠭᠦᠨ᠎ᠦ ᠤᠨᠳᠤᠤᠱᠢᠯᠤᠨ ᠴᠡᠭ ᠨᠢ ᠤᠮᠢᠺᠷᠤᠨ᠎ᠠᠴᠠ ᠠᠷᠪᠢᠨ᠂ ᠲᠡᠭᠦᠨ᠎ᠦ ᠤᠨᠳᠤᠤᠱᠢᠯᠤᠨ ᠴᠡᠭ 46᠂ ᠤᠮᠢᠺᠷᠤᠨᠤ ᠤᠨᠳᠤᠤᠱᠢᠯᠤᠨ ᠴᠡᠭ 35᠂ ᠣᠨᠣᠯ᠎ᠤᠨ ᠲᠠᠯ᠎ᠠ᠎ᠪᠠᠷ ᠲᠡᠬᠦᠨ᠎ᠤ ᠡᠭᠡᠯᠢᠯᠡᠭᠡ᠎ᠶ᠋ᠢ ᠡᠰᠡᠷᠭᠦᠴᠡᠬᠦ᠌ ᠴᠢᠳᠠᠪᠤᠷᠢ ᠨᠢ ᠴᠢᠩᠭ᠎ᠠ ᠪᠠᠢᠵᠦ ᠮᠠᠭᠠᠳ ᠭᠡᠵᠡᠢ᠃
ᠲᠥᠪ ᠲᠧᠯᠸᠢᠰ᠎ᠦᠨ ᠰᠣᠨᠢᠨ ᠮᠡᠳᠡᠭᠡᠨ᠎ᠦ ᠮᠡᠳᠡᠭᠡ᠎ᠶ᠋ᠢ ᠦᠨᠳᠦᠰᠦᠯᠡᠪᠡᠯ᠂ ᠲᠤᠬᠠᠶ᠎ᠶ᠋ᠢᠨ ᠭᠠᠵᠠᠷ᠎ᠤᠨ ᠴᠠᠭ᠎ᠢᠶᠠᠷ 1 ᠰᠠᠷ᠎ᠠ᠎ᠶ᠋ᠢᠨ 5᠎ᠤ ᠡᠳᠦᠷ ᠹᠷᠠᠨᠼᠢ᠎ᠶ᠋ᠢᠨ ᠣᠯᠠᠨ ᠵᠠᠭᠤᠴᠢᠯᠠᠭᠤᠷ᠎ᠤᠨ ᠮᠡᠳᠡᠭᠡᠯᠡᠭ᠌ᠰᠡᠨᠢᠶᠡᠷ᠂ 2021 ᠣᠨ᠎ᠤ 12 ᠰᠠᠷ᠎ᠠ᠎ᠶ᠋ᠢᠨ 9 ᠦ ᠡᠳᠦᠷ ᠹᠷᠠᠨᠼᠢ᠎ᠶ᠋ᠢᠨ ᠮᠠᠷᠰᠸᠢ ᠶ᠋ᠢᠨ ᠭᠠᠵᠠᠷ᠎ᠤᠨ ᠳᠤᠮᠳᠠᠳᠤ ᠲᠠᠩᠭᠢᠰ᠎ᠤᠨ ᠬᠠᠯᠳᠠᠪᠤᠷᠢᠲᠤ ᠡᠪᠡᠳᠴᠢᠨ᠎ᠦ ᠡᠮᠴᠢᠯᠡᠭᠡ ᠪᠠ ᠵᠢᠭᠠᠨ ᠰᠤᠷᠭᠠᠯᠲᠠ ᠰᠤᠳᠤᠯᠬᠤ ᠭᠠᠵᠠᠷ᠎ᠤᠨ᠎ᠬᠢᠨ ᠭᠠᠳᠠᠭ᠍ᠰᠢ᠎ᠪᠠᠨ ᠢᠯᠡᠷᠬᠡᠢᠯᠡᠬᠦ᠌᠎ᠳᠡᠭᠡᠨ᠂ ᠨᠢᠭᠡ ᠵᠦᠶ᠋ᠯ᠎ᠦᠨ ᠱᠢᠨ᠎ᠡ ᠲᠢᠲᠢᠮᠯᠢᠭ ᠸᠢᠷᠦ᠋ᠰ᠎ᠦᠨ ᠱᠢᠨ᠎ᠡ ᠤᠨᠳᠤᠤᠱᠢᠭ᠍ᠰᠠᠨ ᠸᠢᠷᠦ᠋ᠰ ᠪᠠᠢᠬᠤ᠎ᠶ᠋ᠢ ᠣᠯᠵᠤ ᠮᠡᠳᠡᠵᠡᠶ᠂ ᠲᠣᠰ ᠸᠢᠷᠦ᠋ᠰ᠎ᠤᠨ ᠳ᠋ᠤᠭᠠᠷ᠎ᠨᠢ B.1.640.2 ᠪᠠᠢᠵᠤ᠂ ᠪᠠᠰᠠ《IHU》ᠸᠢᠷᠦ᠋ᠰ ᠭᠡᠳᠡᠭ᠃ ᠲᠣᠰ ᠸᠢᠷᠦ᠋ᠰ ᠲᠤ᠌ 46 ᠭᠡᠨᠡᠳᠲᠡ᠎ᠶ᠋ᠢᠨ ᠬᠤᠪᠢᠷᠠᠯᠲᠠ᠎ᠶ᠋ᠢᠨ ᠴᠡᠭ ᠪᠠ 37 ᠳᠤᠲᠠᠭ᠍ᠳᠠᠯ ᠪᠠᠭ᠍ᠲᠠᠨ᠎ᠠ ᠭᠡᠵᠡᠢ᠃
ᠳᠡᠯᠡᠬᠡᠶ᠎ᠶ᠋ᠢᠨ ᠡᠷᠡᠭᠦᠯ ᠬᠠᠮᠠᠭᠠᠯᠠᠯ᠎ᠤᠨ ᠵᠣᠬᠢᠶᠠᠨ ᠪᠠᠢᠭᠤᠯᠤᠯᠲᠠ᠎ᠠᠴᠠ ᠲᠣᠰ ᠸᠢᠷᠦ᠋ᠰ᠎ᠢ ᠨᠢᠭᠡᠨᠲᠡ ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠸᠢᠷᠦ᠋ᠰ᠎ᠤᠨ ᠬᠤᠪᠢᠯᠪᠤᠷᠢ ᠳᠦᠷᠰᠦ ᠵᠢᠨ ᠠᠵᠢᠬᠯᠠᠯᠳᠠ ᠳ᠋ᠦ ᠣᠷᠣᠭᠤᠯᠤᠬᠰᠠᠨ ᠪᠠᠢᠨ᠎ᠠ᠃
ᠢᠷᠡᠯᠳᠡ᠄ ᠲᠦᠪ ᠲᠧᠯᠸᠢᠰ᠎ᠤᠨ ᠰᠤᠨᠢᠨ ᠮᠡᠳᠡᠬᠡ᠂ ᠠᠷᠠᠳ᠎ᠤᠨ ᠡᠳᠦᠷ᠎ᠤᠨ ᠰᠤᠨᠢᠨ᠎ᠤ ᠰᠢᠯᠵᠢᠶ᠎ᠡ