ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠦᠭ᠌ᠵᠢᠯᠲᠡ ᠎ᠶ᠋ᠢ ᠠᠬᠢᠭᠤᠯᠤᠶ᠎ᠠ
2022-01-07 09:58:19
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠲᠦᠷᠦᠬᠦᠭᠡᠨ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠠᠴᠠ᠂ ᠨᠠᠮ ᠎ᠤᠨ ᠦᠨᠳᠦᠰᠦᠲᠡᠨ᠎ᠦ ᠠᠵᠢᠯ᠎ᠢ ᠲᠤᠪᠤᠢ᠌ᠮ᠎ᠠ ᠪᠠᠢᠷᠢᠨ᠎ᠳᠤ ᠲᠠᠯᠪᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ  ᠪᠠᠲᠤ ᠴᠣᠭ᠍ᠴᠠᠯᠠᠬᠤ ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ ᠶ᠋ᠢᠨ ᠨᠠᠮ᠎ᠤᠨ ᠦᠨᠳᠦᠰᠦᠲᠡᠨ ᠎ᠦ ᠠᠵᠢᠯ ᠎ᠤᠨ ᠴᠢᠨᠠᠷ ᠰᠠᠢᠲᠠᠢ ᠬᠥᠭ᠌ᠵᠢᠯᠲᠡ ᠶ᠋ᠢ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠦᠪᠡᠷᠳᠡᠭᠡᠨ ᠵᠠᠰᠠᠬᠤ ᠤᠷᠤᠨ ᠤ᠋  ᠨᠠᠮ  ᠤ᠋ᠨ ᠬᠤᠷᠢᠶ᠎ᠠ ᠵᠠᠰᠠᠭ ᠤ᠋ᠨ ᠤᠷᠳᠤᠨ ᠶᠡᠷᠦ ᠡᠴᠨ ᠦᠨᠳᠦᠰᠦᠲᠡᠨ᠎ᠦ ᠠᠵᠢᠯ᠎ᠢ ᠳᠡᠭᠡᠳᠦ ᠬᠡᠮᠵᠢᠶ᠎ᠡ ᠎ᠪᠡᠷ ᠴᠢᠬᠤᠯᠠᠴᠢᠯᠠᠨ᠂ ᠨᠠᠮ᠎ᠤᠨ ᠲᠥᠪ ᠬᠣᠷᠢᠶᠠᠨ᠎ᠤ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ᠎ᠦ  ᠭᠠᠵᠠᠷ ᠣᠷᠣᠨ᠎ᠤ ᠲᠤᠬᠠᠢ ᠲᠥᠷᠥ᠎ᠶ᠋ᠢᠨ ᠪᠣᠳᠣᠯᠭ᠎ᠠ᠎ᠶ᠋ᠢ ᠰᠠᠢᠳᠤᠷ ᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠦᠨ ᠬᠥᠭ᠌ᠵᠢᠯᠲᠡ᠎ᠳᠦ ᠰᠠᠢᠨ ᠰᠠᠢᠬᠠᠨ ᠰᠠᠭᠤᠷᠢ ᠵᠢ ᠲᠠᠯᠪᠢᠵᠤ ᠥᠭ᠌ᠴᠡᠢ᠃ ᠮᠠᠨ  ᠤ᠋ ᠤᠷᠤᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》ᠤ᠋ ᠡᠷᠬᠢᠮ ᠳᠡᠭᠡᠳᠦ ᠢᠷᠠᠭᠤ ᠠᠯᠳᠠᠷ᠎ᠢ ᠤᠷᠲᠤ ᠬᠤᠭᠤᠴᠠᠭ᠎ᠠ ᠪᠠᠷ ᠪᠠᠲᠤᠯᠠᠬᠰᠠᠭᠠᠷ ᠢᠷᠡᠵᠦ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠰᠢᠨ ᠲᠣᠭ᠍ᠲᠠᠭᠤᠨ ᠪᠠ ᠳᠤᠮᠳᠠᠳᠤ ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ ᠎ᠢ ᠬᠠᠮᠠᠭᠠᠯᠠᠬᠤ᠎ᠳᠤ ᠢᠳᠡᠪᠬᠢᠳᠡᠢ ᠬᠤᠪᠢ ᠨᠡᠮᠡᠷᠢ ᠦᠵᠡᠭᠦᠯᠵᠡᠶ᠃

ᠰᠢᠨ᠎ᠡ ᠤᠨ᠂ ᠱᠢᠨ᠎ᠡ ᠭᠠᠷᠤᠭ᠎ᠠ᠎ᠲᠡᠭᠡᠷ᠎ᠡ ᠵᠣᠭ᠍ᠰᠣᠵᠤ᠂ ᠱᠢᠨ᠎ᠡ ᠲᠡᠮᠡᠴᠡᠯ᠎ᠦᠨ ᠠᠶᠠᠨ᠎ᠢᠶᠠᠨ ᠡᠬᠢᠯᠡᠭᠦᠯᠤᠨ᠎ᠠ᠃ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠂《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠎ᠪᠡᠨ ᠬᠠᠮᠲᠤ ᠎ᠪᠠᠷ ᠲᠡᠷᠭᠡᠯᠱᠢᠭᠦᠯᠬᠦ᠌ 》 ᠳ᠋ᠤ ᠦᠨᠳᠦᠰᠦᠲᠡᠨ᠎ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ᠍᠂ ᠬᠠᠮᠲᠤ ᠎ᠪᠠᠷ ᠬᠥᠭ᠌ᠵᠢᠨ ᠴᠡᠴᠡᠭ᠌ᠯᠡᠵᠦ᠍᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ ᠵᠢ ᠠᠬᠢᠭᠤᠯᠬᠤ ᠲᠠᠯ᠎ᠠ ᠵᠢᠨ ᠠᠵᠢᠯ ᠢ᠋ ᠨᠠᠡᠭ ᠨᠠᠷᠢᠯᠢᠭ ᠪᠣᠳᠠᠲᠠᠢ ᠬᠢᠬᠦ᠌ ᠴᠢᠬᠤᠯᠠᠲᠠᠢ ᠶᠤᠮ᠃ ᠡᠩ ᠲᠡᠷᠢᠬᠦᠨ ᠳ᠋ᠤ᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠪᠠᠷ ᠦᠨᠳᠦᠰᠦᠲᠡᠨ᠎ᠦ ᠪᠦᠯᠬᠦᠮᠳᠡᠯ᠎ᠦᠨ ᠰᠠᠭᠤᠷᠢ ᠵᠢ ᠪᠡᠬᠢᠵᠢᠬᠦᠯᠵᠦ᠂ 《ᠭᠤᠷᠪᠠᠨ ᠰᠠᠯᠵᠤ ᠪᠣᠯᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠬᠠᠳᠠᠩᠱᠢᠭᠤᠯᠵᠤ᠂ ᠦᠨᠳᠦᠰᠦᠲᠡᠨ᠎ᠦ ᠡᠶ᠎ᠡ ᠨᠠᠢᠷᠠᠮᠳᠠᠭᠤ᠎ᠶ᠋ᠢᠨ ᠰᠦᠭ ᠰᠦᠨᠡᠰᠦ᠎ᠶ᠋ᠢ ᠨᠢᠭ᠍ᠲᠠᠷᠠᠭᠤᠯᠬᠤ ᠬᠡᠷᠡᠭ᠌ᠲᠡᠢ; ᠲᠠᠷᠠᠭ᠎ᠠ ᠳ᠋ᠤᠨᠢ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠳᠤ ᠴᠤᠬᠴᠠᠯᠠᠬᠤ ᠪᠡᠷ ᠭᠤᠤᠯ ᠪᠤᠯᠭᠠᠬᠰᠠᠨ ᠦᠨᠳᠦᠰᠦᠳᠡᠨ ᠤ᠋  ᠪᠦᠯᠬᠦᠮᠳᠡᠯ ᠲᠠᠪᠰᠢᠯᠳᠠ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠬᠥᠮᠦᠵᠢᠯ᠎ᠦᠨ ᠪᠠᠢ᠌ᠩᠭᠤᠵᠢᠭ᠍ᠰᠠᠨ ᠲᠣᠭ᠍ᠲᠠᠴᠠ᠎ᠶ᠋ᠢ ᠪᠦᠷᠢᠨᠱᠢᠬᠦᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠪᠠᠢᠭᠠᠳ ᠵᠦᠪ ᠤᠨᠤᠪᠴᠢᠳᠠᠢ ᠤᠯᠤᠰ ᠤ᠋ᠨ ᠦᠵᠡᠯᠳᠠ᠂ ᠲᠡᠤᠬᠡ ᠵᠢᠨ ᠦᠵᠡᠯᠳᠠ᠂ ᠦᠨᠳᠦᠰᠦᠳᠡᠨ ᠤ᠋ ᠦᠵᠡᠯᠳᠠ᠂ ᠰᠤᠶᠤᠯ ᠤ᠋ᠨ ᠦᠵᠡᠯᠳᠠ ᠲᠠᠢ ᠪᠤᠯᠭᠠᠨ᠎ᠠ ; ᠲᠠᠬᠢᠪᠠᠯ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠎ᠢ ᠪᠦᠬᠦ᠌ ᠲᠠᠯ᠎ᠠ ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠠᠵᠤ ᠠᠬᠤᠢ ᠰᠣᠶᠣᠯ ᠨᠡᠢᠭᠡᠮ᠎ᠦᠨ ᠰᠣᠯᠢᠯᠴᠠᠭ᠎ᠠ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠬᠠᠢᠷ᠎ᠠ ᠰᠡᠳᠭᠢᠯᠭᠡ᠎ᠶ᠋ᠢ ᠵᠤᠵᠠᠭᠠᠳᠬᠠᠵᠤ᠂ ᠦᠨᠳᠦᠰᠦᠲᠡᠨ᠎ᠨᠦᠭᠦᠳ᠎ᠦᠨ ᠬᠣᠭᠣᠷᠣᠨᠳᠣᠬᠢ ᠠᠭᠤᠰᠤᠯᠴᠠᠯ᠎ᠢ ᠠᠬᠢᠭᠤᠯᠤᠨ᠎ᠠ ; ᠲᠠᠬᠢᠪᠠᠯ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠡᠭᠦᠳᠦᠨ ᠪᠠᠢᠭᠤᠯᠬᠤ ᠠᠵᠢᠯ᠎ᠢ ᠪᠦᠬᠦ᠌ ᠲᠠᠯ᠎ᠠ᠎ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠍᠂ 《ᠦᠪᠦᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢ ᠠᠬᠢᠭᠤᠯᠬᠤ ᠲᠦᠷᠢᠮ》ᠵᠡᠷᠭᠡ ᠲᠦᠷᠢᠮ ᠲᠤᠬᠳᠠᠭᠠᠯ ᠢ᠋ ᠬᠢᠨᠠᠮᠠᠭᠠᠢ ᠤᠬᠠᠭᠤᠯᠤᠨ ᠲᠤᠭᠤᠰᠢᠯᠠᠭᠤᠯᠵᠤ᠂ ᠦᠨᠳᠦᠰᠦᠳᠡᠨ ᠨᠤᠭᠦᠳ ᠤ᠋ᠨ ᠤᠯᠠᠨ ᠲᠦᠮᠡᠨ ᠤ᠋ ᠬᠠᠤᠯᠢ ᠶᠤᠰᠤᠨ ᠤ᠋ ᠡᠷᠭᠡ ᠠᠰᠢᠭ ᠢ᠋ ᠪᠠᠳᠤᠯᠠᠨ ᠬᠠᠮᠠᠭᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠬᠦ᠌ ᠴᠢᠬᠤᠯᠠᠳᠠᠢ ᠶᠤᠮ᠃

ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠪᠠᠯ ᠰᠠᠶᠢ ᠲᠤᠮᠳᠠᠳᠤ ᠵᠢᠨ ᠦᠨᠳᠦᠰᠦᠳᠡᠨ᠎ᠤ ᠠᠭᠤᠤ ᠶᠡᠭᠡ ᠰᠡᠷᠬᠦᠨ ᠮᠠᠨᠳᠤᠯᠳᠠ ᠵᠢᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠵᠦ ᠴᠢᠳᠠᠨ᠎ᠠ᠃ ᠦᠨᠳᠦᠰᠦᠲᠡᠨ᠎ᠨᠦᠭᠦᠳ ᠭᠠᠭ᠍ᠴᠠ ᠬᠦ᠌ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠰᠢᠨ᠎ᠠ ᠴᠠᠭ ᠦᠶ᠎ᠠ ᠵᠢᠨ ᠦᠨᠳᠦᠰᠦᠲᠡᠨ᠎ᠦ ᠠᠵᠢᠯ᠎ᠢ ᠲᠠᠰᠤᠷᠠᠯᠳᠠ ᠦᠭᠡᠢ ᠴᠢᠩᠭᠠᠳᠭᠠᠨ ᠰᠠᠢᠵᠢᠷᠠᠭᠤᠯᠪᠠᠯ ᠯᠠᠪᠲᠠᠢ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠥᠪᠥᠷ ᠮᠣᠩᠭᠣᠯ ᠎ᠤᠨ ᠨᠡᠩ ᠭᠡᠷᠡᠯ ᠰᠠᠴᠤᠷᠠᠩᠭᠤᠢ ᠢᠷᠡᠭᠡᠳᠦᠢ᠎ᠶ᠋ᠢ ᠤᠬᠳᠤᠨ ᠠᠪᠴᠢᠷᠠᠵᠤ ᠴᠢᠳᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠤᠶᠤᠨᠲᠠᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号