《ᠬᠤᠶᠠᠷ ᠎ᠢ ᠲᠤᠭᠳᠠᠭᠠᠬᠤ》 ᠵᠢᠨ ᠴᠢᠬᠤᠯᠠ ᠶᠡᠬᠡ ᠠᠴᠢ ᠬᠤᠯᠪᠤᠭᠳᠠᠯ ᠎ᠢ ᠬᠦᠨᠵᠡᠬᠡᠢ ᠤᠢᠯᠠᠭᠠᠬᠤ ᠬᠡᠷᠡᠭᠳᠡᠢ
2022-01-07 09:19:31
ᠵᠣᠬᠢᠶᠠᠭ᠍ᠴᠢ᠄
ᠹᠸᠩ ᠵᠢᠶᠦ᠋ᠨ ᠭᠠᠩ
ᠣᠩᠱᠢᠭ᠍ᠰᠠᠨ ᠣᠳᠠᠭ᠎ᠠ᠄
★★★☆☆

ᠨᠠᠢᠷᠠᠭᠣᠯᠣᠭᠴᠢ ᠵᠢᠨ ᠦᠬᠡ᠄

ᠨᠠᠮ᠎ᠦᠨ ᠰᠣᠨᠢᠨ ᠪᠣᠯ ᠨᠠᠮ ᠪᠣᠯᠣᠨ ᠠᠷᠠᠳ ᠲᠦᠮᠡᠨ᠎ᠦ ᠲᠠᠭᠣᠨ ᠬᠣᠭᠣᠯᠠᠢ ᠮᠦᠨ᠂ ᠨᠠᠮ᠎ᠦᠨ ᠣᠨᠣᠯ ᠱᠣᠭᠣᠮ ᠴᠢᠭᠯᠡᠯᠳᠡ ᠲᠦᠷᠦ ᠵᠢᠨ ᠪᠣᠳᠣᠯᠭ᠎ᠠ ᠵᠢ ᠣᠬᠠᠭᠣᠯᠬᠣ᠎ᠳᠤ ᠴᠢᠬᠣᠯᠡ ᠡᠬᠦᠷᠭᠡ ᠬᠦᠢᠴᠡᠳᠬᠡᠵᠦ ᠪᠠᠢᠳᠠᠭ᠃ 《ᠣᠨᠣᠯ ᠰᠢᠬᠦᠮᠵᠢ》 ᠲᠣᠰᠬᠠᠢ ᠨᠢᠭᠣᠷ ᠦᠩᠬᠡᠷᠡᠭᠰᠡᠨ ᠵᠢᠯ᠎ᠳᠦ ᠭᠤᠤᠯᠳᠠᠭᠤ ᠲᠣᠮᠳᠠᠳᠣ ᠵᠢᠨ ᠦᠨᠳᠣᠰᠣᠳᠠᠨ᠎ᠦ ᠬᠠᠮᠳᠣ ᠵᠢᠨ ᠴᠣᠭᠴᠠ ᠵᠢᠨ ᠣᠬᠠᠮᠰᠠᠷ᠎ᠢ ᠪᠠᠳᠣ ᠴᠣᠭᠴᠠᠯᠠᠬᠣ᠂ ᠨᠠᠮ᠎ᠦᠨ ᠲᠡᠣᠬᠡ ᠵᠢᠨ ᠰᠣᠷᠣᠯᠴᠠᠯᠭ᠎ᠠ ᠬᠦᠮᠦᠵᠢᠯ᠎ᠦᠨ ᠲᠠᠢᠴᠢᠯᠠᠯᠳᠠ ᠵᠢᠨ ᠬᠣᠷᠠᠯ᠎ᠦᠨ ᠵᠣᠷᠢᠬ ᠰᠠᠨᠠᠭ᠎ᠠ᠂ ᠲᠦᠪ᠎ᠦᠨ ᠦᠨᠳᠣᠰᠣᠳᠠᠨ᠎ᠦ ᠠᠵᠢᠯ᠎ᠦᠨ ᠬᠣᠷᠠᠯ᠎ᠦᠨ ᠵᠣᠷᠢᠬ ᠰᠠᠨᠠᠭ᠎ᠠ᠂ ᠨᠠᠮ᠎ᠦᠨ ᠠᠷᠪᠠ ᠶᠢᠰᠦᠳᠦᠭᠡᠷ ᠬᠣᠭᠣᠴᠠᠭᠠᠨ᠎ᠦ ᠲᠦᠪ ᠬᠣᠷᠢᠶᠠᠨ᠎ᠦ ᠵᠢᠷᠭᠣᠳᠣᠭᠠᠷ ᠪᠦᠬᠦᠳᠠ ᠬᠣᠷᠠᠯ ᠪᠡ ᠦᠪᠡᠷᠳᠡᠭᠡᠨ ᠵᠠᠰᠠᠬᠣ ᠣᠷᠣᠨ᠎ᠦ ᠠᠷᠪᠠᠨ ᠨᠢᠭᠡᠳᠦᠭᠡᠷ ᠣᠳᠠᠭ᠎ᠠ ᠵᠢᠨ ᠨᠠᠮ᠎ᠦᠨ ᠲᠦᠯᠦᠬᠡᠯᠡᠭᠴᠢᠳ᠎ᠦᠨ ᠶᠡᠬᠡ ᠬᠣᠷᠠᠯ᠎ᠦᠨ ᠵᠣᠷᠢᠭ ᠰᠠᠨᠠᠭ᠎ᠠ ᠵᠢᠴᠢ ᠴᠢᠬᠤᠯᠠ ᠰᠢᠢᠳᠪᠦᠷᠢ ᠪᠠᠢᠷᠢᠯᠠᠭᠣᠯᠣᠯᠳᠠ ᠵᠡᠷᠭᠡ ᠲᠠᠯ᠎ᠠ ᠪᠡᠷ ᠲᠣᠰᠬᠠᠢ ᠮᠡᠷᠭᠡᠵᠢᠯᠳᠡᠨ᠂ ᠰᠣᠳᠣᠯᠭᠠᠳᠠᠳ᠎ᠦᠨ ᠦᠬᠦᠯᠡᠯ ᠰᠢᠬᠦᠮᠵᠢ ᠵᠢ ᠨᠡᠢᠳᠡᠯᠡᠭᠰᠡᠨ ᠪᠢᠯᠠ᠃ ᠰᠢᠨ᠎ᠠ ᠵᠢᠯ᠎ᠳᠡᠭᠡᠨ《ᠣᠨᠣᠯ ᠰᠢᠬᠦᠮᠵᠢ》 ᠲᠣᠰᠬᠠᠢ ᠨᠢᠭᠣᠷ ᠦᠷᠬᠦᠯᠵᠢᠯᠡᠨ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠣᠯᠠ ᠶᠠᠷᠢᠶ᠎ᠡ ᠴᠢᠬᠣᠯᠠ ᠵᠢᠭᠠᠪᠣᠷᠢ ᠴᠣᠬᠣᠯᠠᠪᠣᠷᠢ ᠵᠢᠨ ᠵᠣᠷᠢᠬ ᠰᠠᠨᠠᠭ᠎ᠠ ᠵᠢ ᠣᠬᠠᠭᠣᠯᠣᠨ ᠲᠠᠢᠯᠪᠣᠷᠢᠯᠠᠬᠣ ᠪᠡᠷ ᠭᠣᠣᠯ ᠡᠬᠦᠷᠭᠡ ᠪᠠᠨ ᠪᠣᠯᠭᠠᠨ ᠴᠢᠨᠠᠷᠵᠢᠭᠣᠨ ᠣᠩᠰᠢᠪᠣᠷᠢᠳᠠᠢ ᠣᠨᠣᠯ ᠰᠢᠬᠦᠮᠵᠢ ᠵᠢ ᠣᠩᠰᠢᠭᠴᠢᠳ ᠲᠡᠭᠠᠨ ᠬᠦᠷᠭᠡᠬᠦ ᠪᠤᠯᠤᠨ᠎ᠠ᠃

ᠭᠤᠤᠯ ᠰᠠᠭᠠᠭᠤᠯᠤᠮᠵᠢ

ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠤᠨ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠶ᠋ᠢ ᠲᠣᠭ᠍ᠲᠠᠭᠠᠭ᠍ᠰᠠᠨ ᠨᠢ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠳᠣᠲᠣᠭᠠᠳᠤ ᠱᠢᠨᠵᠢ ᠴᠢᠨᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠤᠷᠱᠢᠯᠭ᠎ᠠ ᠮᠦᠨ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠵᠠᠢᠯᠠᠰᠢ ᠦᠭᠡᠢ ᠱᠠᠭᠠᠷᠳᠠᠯᠭ᠎ᠠ  ᠪᠣᠯᠤᠨ᠎ᠠ᠃

ᠪᠢᠳᠡ ᠲᠡᠦᠬᠡᠨ ᠲᠤᠷᠱᠢᠯᠭ᠎ᠠ᠂ ᠤᠨᠤᠯ᠎ᠤᠨ ᠬᠥᠭ᠌ᠵᠢᠯᠲᠡ᠂ ᠦᠢᠯᠡᠳᠦᠯᠭᠡ᠎ᠶ᠋ᠢᠨ ᠠᠮᠵᠢᠯᠲᠠ ᠭᠤᠷᠪᠠᠨ ᠲᠠᠯ᠎ᠠ᠎ᠠᠴᠠ 《ᠬᠣᠶᠠᠷ᠎ᠢ ᠲᠣᠭ᠍ᠲᠠᠭᠠᠬᠤ》 ᠵᠢᠨ ᠭᠦᠨ ᠵᠤᠵᠠᠭᠠᠨ ᠠᠤᠭ᠎ᠠ ᠬᠦᠴᠦᠨ᠎ᠢ ᠭᠦᠨᠵᠡᠭᠡᠢ ᠣᠢᠯᠠᠭᠠᠵᠤ᠂ 《ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ》 ᠵᠢᠨ ᠡᠷᠡᠰ ᠪᠠᠲᠤ ᠪᠠᠷᠢᠮᠲᠠᠯᠠᠯ ᠪᠣᠯᠤᠨ ᠤᠷᠤᠭ᠍ᠰᠢᠯᠠᠬᠤ ᠠᠵᠢᠯᠯᠠᠭᠠᠨ᠎ᠤ ᠬᠦᠴᠦᠨ ᠵᠢᠡᠨ ᠴᠢᠷᠮᠠᠢᠨ ᠴᠢᠩᠭᠠᠳᠭᠠᠬᠤ ᠬᠡᠷᠡᠭ᠌ᠲᠡᠢ᠃

ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠶᠠᠨ᠎ᠳᠤ ᠂ ᠡᠷᠬᠡᠪᠰᠢ ᠡᠷᠡᠰ ᠪᠠᠲᠤ ᠤᠯᠤᠰ ᠲᠦᠷᠦ᠍᠎ᠶ᠋ᠢᠨ ᠤᠬᠠᠮᠰᠠᠷ ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶ᠋ᠢᠨ ᠤᠬᠠᠮᠰᠠᠷ᠎ᠢᠶᠠᠷ 《 ᠬᠣᠶᠠᠷ᠎ᠢ ᠲᠣᠭ᠍ᠲᠠᠭᠠᠬᠤ 》 ᠵᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃

ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠤᠨ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠶ᠋ᠢ ᠲᠣᠭ᠍ᠲᠠᠭᠠᠬᠤ ᠪᠣᠯ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠳᠣᠲᠣᠭᠠᠳᠤ ᠱᠢᠨᠵᠢ ᠴᠢᠨᠠᠷ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠤᠷᠱᠢᠯᠭ᠎ᠠ᠎ᠮᠥᠨ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠠᠴᠠ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢ 》 ᠵᠢ ᠬᠢᠨᠠᠨ ᠵᠥᠪᠯᠡᠵᠦ᠍ ᠪᠠᠲᠤᠯᠠᠨ᠂ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠵᠤ᠂ ᠪᠦᠬᠦ᠌ ᠨᠠᠮ᠎ᠤᠨ ᠬᠠᠮᠲᠤ᠎ᠶ᠋ᠢᠨ ᠬᠦᠰᠡᠯ ᠵᠣᠷᠢᠯᠲᠠ᠎ᠶ᠋ᠢ ᠢᠯᠡᠷᠡᠭᠦᠯᠵᠦ᠍᠂ ᠠᠷᠠᠳ ᠲᠦᠮᠡᠨ᠎ᠦ ᠬᠠᠮᠲᠤ᠎ᠶ᠋ᠢᠨ ᠰᠡᠳᠭᠢᠯ᠎ᠦᠨ ᠲᠠᠭᠤᠨ᠎ᠢ ᠲᠤᠰᠭᠠᠵᠠᠢ᠂ ᠡᠨᠡ ᠪᠣᠯ ᠲᠡᠦᠬᠡ᠎ᠶ᠋ᠢᠨ ᠰᠣᠩᠭᠣᠯᠲᠠ᠂ ᠠᠷᠠᠳ ᠲᠦᠮᠡᠨ᠎ᠦ ᠰᠣᠩᠭᠣᠯᠲᠠ ᠮᠥᠨ ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃

《ᠬᠣᠶᠠᠷ᠎ᠢ ᠲᠣᠭ᠍ᠲᠠᠭᠠᠬᠤ》 ᠵᠢᠨ ᠲᠡᠦᠬᠡ᠎ᠶ᠋ᠢᠨ ᠡᠬᠢ ᠡᠭᠦᠰᠦᠯ᠎ᠢ ᠭᠦᠨᠵᠡᠭᠡᠢ ᠡᠵᠡᠮᠳᠡᠬᠦ᠌ ᠬᠡᠷᠡᠭ᠌ᠲᠡᠢ 

1840 ᠣᠨ᠎ᠤ ᠬᠠᠷ᠎ᠠ ᠲᠠᠮᠠᠬᠢ᠎ᠶ᠋ᠢᠨ ᠳᠠᠢᠨ᠎ᠦ ᠳᠠᠷᠠᠭ᠎ᠠ ᠂ ᠳᠤᠮᠳᠠᠳᠤ ᠤᠯᠤᠰ ᠬᠠᠭᠠᠰ ᠺᠣᠯᠣᠨᠢ ᠬᠠᠭᠠᠰ ᠹᠸᠤᠳᠠᠯ᠎ᠤᠨ ᠨᠡᠢᠭᠡᠮ᠎ᠦᠨ ᠭᠠᠰᠠᠯᠠᠩ ᠵᠣᠪᠠᠯᠠᠩ᠎ᠳᠤ ᠤᠨᠠᠪᠠ᠃ ᠡᠨᠡ ᠬᠦ᠌ ᠪᠠᠢᠳᠠᠯ᠎ᠢ ᠬᠤᠪᠢᠷᠠᠭᠤᠯᠬᠤ᠎ᠶ᠋ᠢᠨ ᠲᠥᠯᠥᠭᠡ᠂ ᠠᠳᠠᠯᠢ ᠪᠤᠰᠤ ᠳᠠᠪᠬᠤᠷᠭ᠎ᠠ᠎ᠶ᠋ᠢᠨ ᠴᠢᠩ ᠵᠢᠷᠤᠮᠳᠠᠨ ᠬᠠᠲᠠᠭᠤᠵᠢᠯᠲᠠᠢ ᠰᠦᠪᠡᠭ᠌ᠴᠢᠯᠡᠯᠳᠡ ᠬᠢᠭ᠌ᠰᠡᠨ ᠪᠣᠯᠪᠠᠴᠤ᠌ ᠴᠥᠮ ᠬᠠᠷᠠᠮᠰᠠᠯ ᠲᠠᠢ ᠪᠡᠷ ᠡᠴᠦᠰᠯᠡᠵᠡᠢ᠃ ᠡᠭᠦᠨ᠎ᠦ ᠱᠢᠯᠲᠠᠭᠠᠨ᠎ᠢ ᠡᠷᠢᠪᠡᠯ᠂ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠠ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠪᠠᠷ ᠳᠤᠲᠠᠮᠠᠭ ᠪᠠᠢᠬᠤ᠎ᠶ᠋ᠢᠨ ᠤᠯᠠᠮ᠎ᠠᠴᠠ ᠪᠠᠲᠤ ᠴᠢᠩᠭ᠎ᠠ ᠲᠦᠷᠦ᠍᠎ᠶ᠋ᠢᠨ ᠨᠠᠮ᠎ᠤᠨ ᠬᠦᠴᠦᠲᠡᠢ ᠤᠳᠤᠷᠢᠳᠤᠯᠭ᠎ᠠ᠎ᠶ᠋ᠢ ᠪᠦᠷᠢᠯᠳᠦᠬᠦᠯᠵᠦ ᠴᠢᠳᠠᠭ᠍ᠰᠠᠨ ᠦᠭᠡᠢ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠦᠨᠳᠦᠰᠦᠨ᠎ᠡᠴᠡ ᠨᠢ ᠪᠦᠲᠦᠮᠵᠢᠲᠡᠢ ᠵᠣᠬᠢᠶᠠᠨ ᠪᠠᠢᠭᠤᠯᠵᠤ ᠴᠢᠳᠠᠭ᠍ᠰᠠᠨ ᠦᠭᠡᠢ᠎ᠳᠦ ᠣᠷᠣᠱᠢᠨ᠎ᠠ᠃

ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠤᠨ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠶ᠋ᠢ ᠲᠣᠭ᠍ᠲᠠᠭᠠᠵᠤ᠂ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠢᠯᠠᠯᠲᠠ᠎ᠶ᠋ᠢ ᠲᠡᠮᠡᠴᠡᠨ ᠤᠯᠬᠤ᠎ᠳᠤ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠪᠠ᠃ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠨᠠᠰᠤ ᠪᠠᠭ᠎ᠠ ᠪᠣᠯᠪᠠᠰᠤᠷᠠᠩᠭᠤᠶ ᠪᠤᠰᠤ ᠪᠠᠢᠭ᠍ᠰᠠᠨ᠎ᠪᠦᠭᠡᠳ ᠨᠠᠷᠢᠨ ᠪᠤᠳᠤᠯᠢᠶᠠᠨᠲᠠᠶ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠪᠢᠰᠭᠠᠯᠲᠤ ᠲᠡᠮᠡᠴᠡᠯ᠎ᠦᠨ ᠣᠷᠴᠢᠨ ᠲᠣᠭᠣᠷᠢᠨ᠎ᠠᠴᠠ ᠪᠤᠯᠵᠤ᠂ ᠤᠳᠤᠷᠢᠳᠭᠤ ᠭᠣᠣᠯᠯᠠᠭ᠍ᠴᠢ ᠪᠠ ᠵᠢᠯᠣᠭᠣᠳᠭᠤ ᠦᠵᠡᠯ ᠰᠠᠨᠠᠭᠠᠨ᠎ᠤ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍ ᠴᠢᠳᠠᠭ᠍ᠰᠠᠨ ᠦᠭᠡᠢ᠂ ᠨᠠᠮ᠎ᠤᠨ ᠳᠣᠲᠣᠭᠠᠳᠤ᠎ᠳᠤ 《ᠵᠡᠭᠦᠨ》᠎ᠦ᠌ ᠪᠠ 《ᠪᠠᠷᠠᠭᠤᠨ》᠎ᠤ ᠬᠡᠯᠪᠡᠷᠢᠯ ᠭᠠᠷᠴᠤ᠌᠂ ᠨᠠᠮ᠎ᠤᠨ ᠦᠢᠯᠡᠰ᠎ᠲᠦ ᠲᠤᠢᠯ᠎ᠤᠨ ᠶᠡᠬᠡ ᠬᠣᠬᠢᠷᠠᠯ ᠤᠴᠠᠷᠠᠭᠤᠯᠤᠭ᠍ᠰᠠᠨ ᠪᠠᠢᠨ᠎ᠠ᠃ 1935 ᠣᠨ᠎ᠤ 1 ᠰᠠᠷ᠎ᠠ᠎ᠳᠤ ᠬᠤᠷᠠᠯᠳᠤᠭ᠍ᠰᠠᠨ ᠽᠦᠨ ᠢ ᠵᠢᠨ ᠬᠤᠷᠠᠯᠳᠤᠭᠠᠨ ᠨᠢ ᠪᠦᠬᠦ᠌ ᠬᠦᠴᠦ᠍᠎ᠪᠡᠨ ᠲᠥᠪᠯᠡᠷᠡᠭᠦᠯᠦᠨ ᠴᠡᠷᠢᠭ᠎ᠦᠨ ᠶᠠᠪᠤᠳᠠᠯ᠎ᠤᠨ ᠪᠠ ᠵᠣᠬᠢᠶᠠᠨ ᠪᠠᠢᠭᠤᠯᠤᠯᠲᠠ᠎ᠶ᠋ᠢᠨ ᠲᠠᠯ᠎ᠠ᠎ᠶ᠋ᠢᠨ ᠠᠯᠳᠠᠭ᠎ᠠ᠎ᠶ᠋ᠢ ᠵᠠᠯᠠᠷᠠᠭᠤᠯᠵᠤ᠂ ᠬᠡᠷᠡᠭ ᠳᠡᠭᠡᠷ᠎ᠡ᠎ᠪᠡᠨ ᠮᠠᠤ ᠽᠸ ᠳ᠋ᠦᠩ ᠨᠥᠬᠥᠷ᠎ᠦᠨ ᠨᠠᠮ᠎ᠤᠨ ᠲᠥᠪ ᠬᠣᠷᠢᠶ᠎ᠠ ᠪᠠ ᠤᠯᠠᠭᠠᠨ ᠴᠡᠷᠢᠭ᠎ᠦᠨ ᠤᠳᠤᠷᠢᠳᠭᠤ ᠪᠠᠢᠷᠢ ᠰᠠᠭᠤᠷᠢ᠎ᠶ᠋ᠢ ᠲᠣᠭ᠍ᠲᠠᠭᠠᠵᠤ᠂ ᠮᠠᠤ ᠽᠸ ᠳ᠋ᠦᠩ ᠨᠥᠬᠥᠷ᠎ᠢᠶᠡᠷ ᠭᠣᠣᠯ ᠲᠥᠯᠥᠭᠡᠯᠡᠭ᠌ᠴᠢ ᠪᠣᠯᠭᠠᠭ᠍ᠰᠠᠨ ᠮᠠᠷᠺᠰ᠎ᠤᠨ ᠦᠵᠡᠯ᠎ᠦᠨ ᠵᠥᠪ ᠱᠤᠭᠤᠮ᠎ᠤᠨ ᠨᠠᠮ᠎ᠤᠨ ᠲᠥᠪ ᠬᠣᠷᠢᠶ᠎ᠠ᠎ᠳᠠᠬᠢ ᠤᠳᠤᠷᠢᠳᠭᠤ ᠪᠠᠢᠷᠢ ᠰᠠᠭᠤᠷᠢ᠎ᠶ᠋ᠢ ᠡᠬᠢᠯᠡᠨ ᠲᠣᠭ᠍ᠲᠠᠭᠠᠵᠤ᠂ ᠳᠤᠮᠳᠠᠳᠤ ᠤᠯᠤᠰ᠎ᠤᠨ ᠬᠤᠪᠢᠰᠭᠠᠯ᠎ᠤᠨ ᠱᠢᠨ᠎ᠡ ᠪᠠᠢᠳᠠᠯ᠎ᠢ ᠨᠡᠭᠡᠭᠡᠬᠦ᠌᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠭ᠍ᠰᠠᠨ ᠪᠠᠢᠨ᠎ᠠ᠃ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠦᠶ᠎ᠡ᠎ᠳᠦ᠂ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠬᠤ᠎ᠳᠤ ᠴᠤ᠌ ᠨᠠᠷᠢᠨ ᠪᠤᠳᠤᠯᠢᠶᠠᠨᠲᠠᠢ ᠲᠡᠦᠬᠡᠨ ᠶᠠᠪᠤᠴᠠ᠎ᠶ᠋ᠢ ᠥᠩᠭᠡᠷᠡᠭᠡᠭ᠌ᠰᠡᠨ ᠶᠤᠮ᠃ ᠪᠠᠷᠠᠭᠤᠨ᠎ᠤ ᠠᠯᠳᠠᠭ᠎ᠠ᠎ᠶ᠋ᠢ ᠱᠢᠰᠲ᠋ᠧᠮ᠎ᠲᠡᠶ ᠵᠠᠯᠠᠷᠠᠭᠤᠯᠵᠤ᠂ ᠪᠦᠬᠦ᠌ ᠨᠠᠮ᠎ᠤᠨ ᠭᠡᠱᠢᠭᠦᠨ᠎ᠢ ᠬᠥᠮᠦᠵᠢᠭᠦᠯᠦᠨ᠂ ᠪᠦᠬᠦ᠌ ᠨᠠᠮ᠎ᠤᠨ ᠦᠵᠡᠯ ᠰᠠᠨᠠᠭ᠎ᠠ᠎ᠶ᠋ᠢ ᠨᠢᠭᠡᠳᠭᠡᠬᠦ᠌᠎ᠶ᠋ᠢᠨ ᠲᠥᠯᠥᠭᠡ ᠂ 1938 ᠣᠨ᠎ᠤ 9 ᠰᠠᠷ᠎ᠠ᠎ᠳᠤ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠢ ᠬᠤᠷᠠᠯᠳᠤᠭᠤᠯᠵᠤ ᠂ 1942 ᠣᠨ᠎ᠤ ᠬᠠᠪᠤᠷ ᠰᠤᠷᠲᠠᠯ ᠴᠡᠭ᠌ᠴᠡᠯᠡᠬᠦ᠌ ᠬᠥᠳᠡᠯᠭᠡᠭᠡᠨ᠎ᠢ ᠡᠬᠢᠯᠡᠭᠦᠯᠵᠦ᠍ ᠂ 1945 ᠣᠨ᠎ᠤ 4 ᠰᠠᠷ᠎ᠠ᠎ᠳᠤ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠣᠯᠣᠳᠤᠭᠠᠷ ᠪᠥᠬᠥᠳᠡ ᠬᠤᠷᠠᠯ᠎ᠠᠴᠠ 《ᠲᠡᠦᠬᠡᠨ ᠠᠰᠠᠭᠤᠳᠠᠯ᠎ᠤᠳ᠎ᠤᠨ ᠲᠤᠬᠠᠶ ᠱᠢᠶ᠋ᠳᠪᠦᠷᠢ》᠎ᠶ᠋ᠢ ᠵᠠᠷᠴᠢᠮ ᠳᠡᠭᠡᠷ᠎ᠡ᠎ᠪᠡᠨ ᠪᠠᠲᠤᠯᠠᠭ᠍ᠰᠠᠨ᠎ᠠᠴᠠ ᠰᠠᠶᠢ ᠪᠦᠬᠦ᠌ ᠨᠠᠮ᠎ᠤᠨ ᠦᠵᠡᠯ ᠰᠠᠨᠠᠭ᠎ᠠ᠎ᠶ᠋ᠢ ᠦᠨᠡᠨ ᠬᠦ᠌ ᠨᠢᠭᠡᠳᠭᠡᠭ᠌ᠰᠡᠨ ᠪᠠᠢᠨ᠎ᠠ᠃ ᠨᠠᠮ᠎ᠤᠨ ᠵᠢᠷᠭᠤᠳᠤᠭᠠᠷ ᠶᠡᠬᠡ ᠬᠤᠷᠠᠯ ᠬᠤᠷᠠᠯᠳᠤᠭ᠍ᠰᠠᠨ 17 ᠵᠢᠯ᠎ᠦᠨ ᠲᠠᠷᠠᠭ᠎ᠠ᠂1945 ᠣᠨ᠎ᠤ 4 ᠰᠠᠷ᠎ᠠ᠎ᠳᠤ᠂ ᠨᠠᠮ᠎ᠤᠨ ᠳᠣᠯᠣᠳᠤᠭᠠᠷ ᠶᠡᠬᠡ ᠬᠤᠷᠠᠯ ᠢᠯᠠᠯᠲᠠ᠎ᠲᠠᠶ᠎ᠪᠠᠷ ᠬᠤᠷᠠᠯᠳᠤᠪᠠ ᠂ ᠨᠠᠮ᠎ᠤᠨ ᠳᠣᠯᠣᠳᠤᠭᠠᠷ ᠶᠡᠬᠡ ᠬᠤᠷᠠᠯ᠎ᠤᠨ ᠲᠡᠦᠬᠡᠲᠦ ᠴᠢᠨᠠᠷᠲᠠᠢ ᠬᠤᠪᠢ ᠨᠡᠮᠡᠷᠢ ᠪᠣᠯ ᠳᠠᠷᠤᠢ ᠮᠠᠤ ᠽᠸ ᠳ᠋ᠦᠩ᠎ᠦᠨ ᠦᠵᠡᠯ ᠰᠠᠨᠠᠭ᠎ᠠ᠎ᠶ᠋ᠢ ᠨᠠᠮ᠎ᠤᠨ ᠵᠢᠯᠣᠭᠣᠳᠭᠤ ᠦᠵᠡᠯ ᠰᠠᠨᠠᠭ᠎ᠠ ᠪᠣᠯᠭᠠᠬᠤ᠎ᠶ᠋ᠢᠨ ᠬᠠᠮᠲᠤ ᠨᠠᠮ᠎ᠤᠨ ᠲᠦᠷᠢᠮ᠎ᠳᠦ ᠪᠢᠴᠢᠨ ᠣᠷᠣᠭᠤᠯᠵᠤ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠪᠠ ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠪᠦᠬᠥ᠌ ᠤᠯᠤᠰ᠎ᠲᠤ ᠢᠯᠠᠯᠲᠠ ᠤᠯᠬᠤ᠎ᠳᠤ ᠬᠦᠴᠦᠷᠬᠡᠭ ᠶᠡᠬᠡ ᠤᠯᠤᠰ ᠲᠦᠷᠤ᠎ᠶ᠋ᠢᠨ ᠰᠠᠭᠤᠷᠢ ᠪᠠ ᠦᠵᠡᠯ ᠰᠠᠨᠠᠭᠠᠨ᠎ᠤ ᠰᠠᠭᠤᠷᠢ᠎ᠶ᠋ᠢ ᠲᠠᠯᠪᠢᠭ᠍ᠰᠠᠨ ᠶᠠᠪᠤᠳᠠᠯ ᠪᠣᠯᠤᠨ᠎ᠠ᠃

ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠤᠨ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ᠎ᠶ᠋ᠢ ᠲᠣᠭ᠍ᠲᠠᠭᠠᠵᠤ ᠂ ᠮᠠᠨ᠎ᠤ ᠤᠯᠤᠰ᠎ᠤᠨ ᠥᠭᠡᠷᠡᠴᠢᠯᠡᠯᠲᠡ ᠨᠡᠬᠡᠬᠡᠯᠳᠡ᠎ᠶ᠋ᠢᠨ ᠠᠭᠤᠤ ᠶᠡᠬᠡ ᠠᠬᠢᠴᠠ᠎ᠶ᠋ᠢ ᠬᠦᠴᠦᠲᠡᠢ ᠠᠬᠢᠭᠤᠯᠤᠭ᠍ᠰᠠᠨ ᠪᠥᠭᠡᠳ ᠪᠠᠲᠤᠯᠠᠪᠠ᠃ 《ᠰᠣᠶᠣᠯ᠎ᠤᠨ ᠶᠡᠬᠡ ᠬᠤᠪᠢᠰᠭᠠᠯ 》 ᠳᠠᠭᠤᠰᠤᠭ᠍ᠰᠠᠨ᠎ᠤ ᠳᠠᠷᠠᠭ᠎ᠠ ᠂ 《 ᠳᠤᠮᠳᠠᠳᠤ ᠤᠯᠤᠰ ᠬᠠᠮᠢᠭᠠᠰᠢ᠎ᠪᠠᠨ ᠶᠠᠪᠤᠬᠤ 》 ᠨᠢ ᠪᠠᠰᠠ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ ᠲᠠᠯᠪᠢᠭ᠍ᠳᠠᠵᠤ ᠪᠠᠢᠭ᠎ᠠ ᠴᠢᠬᠤᠯᠠ ᠠᠰᠠᠭᠤᠳᠠᠯ ᠪᠣᠯᠵᠠᠶ᠃ ᠳ᠋ᠧᠩ ᠱᠢᠶᠤᠤ ᠫᠢᠩ ᠨᠥᠬᠥᠷ᠎ᠢᠶᠡᠷ ᠭᠣᠣᠯ ᠲᠥᠯᠥᠭᠡᠯᠡᠭ᠌ᠴᠢ᠎ᠪᠡᠨ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ ᠦᠵᠡᠯ ᠰᠠᠨᠠᠭ᠎ᠠ᠎ᠪᠠᠨ ᠴᠢᠯᠥᠭᠡᠯᠡᠨ᠂ ᠪᠠᠴᠢᠮ ᠪᠠᠢᠳᠠᠯ᠎ᠢ ᠬᠤᠪᠢᠷᠠᠭᠤᠯᠤᠨ᠂ ᠳᠤᠭ ᠳᠡᠮᠳᠡᠭ ᠲᠣᠳᠣᠷᠬᠠᠢ᠎ᠪᠠᠷ 《ᠬᠣᠶᠠᠷ ᠪᠦᠬᠦᠨ》 ᠭᠡᠬᠦ᠌ ᠪᠤᠷᠤᠭᠤ ᠦᠵᠡᠯᠲᠡ᠎ᠶ᠋ᠢ ᠡᠰᠡᠷᠭᠦᠴᠡᠬᠦ᠌᠂ ᠦᠨᠡᠨ ᠶᠣᠰᠣᠨ᠎ᠤ ᠪᠠᠷᠢᠮᠵᠢᠶ᠎ᠠ᠎ᠶ᠋ᠢᠨ ᠠᠰᠠᠭᠤᠳᠠᠯ᠎ᠤᠨ ᠲᠤᠬᠠᠢ ᠶᠠᠷᠢᠯᠴᠠᠭ᠎ᠠ᠎ᠶ᠋ᠢ ᠵᠣᠬᠢᠶᠠᠨ ᠪᠠᠢᠭᠤᠯᠵᠦ ᠥᠷᠨᠢᠭᠦᠯᠬᠦ᠌᠂ ᠡᠯ᠎ᠡ ᠲᠠᠯ᠎ᠠ᠎ᠶ᠋ᠢᠨ ᠬᠢᠨ᠎ᠦ ᠰᠠᠮᠠᠭᠤᠷᠠᠯ᠎ᠢ ᠵᠠᠰᠠᠨ ᠵᠦᠭ᠌ᠰᠢᠷᠡᠭᠦᠯᠬᠦ᠌᠎ᠶ᠋ᠢ ᠠᠬᠢᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ ᠳᠡᠭᠡᠷ᠎ᠡ ᠡᠴᠦᠰ᠎ᠲᠡᠬᠡᠨ ᠪᠦᠬᠦ᠌ ᠨᠠᠮ᠎ᠤᠨ ᠠᠵᠢᠯ᠎ᠤᠨ ᠭᠣᠣᠯᠳᠠᠯᠭ᠎ᠠ᠎ᠶ᠋ᠢᠨ ᠱᠢᠯᠵᠢᠯᠲᠡ᠎ᠶ᠋ᠢ ᠲᠣᠭ᠍ᠲᠠᠭᠠᠭ᠍ᠰᠠᠨ ᠪᠥᠭᠡᠳ ᠥᠭᠡᠷᠡᠴᠢᠯᠡᠯᠲᠡ ᠨᠡᠭᠡᠭᠡᠯᠳᠡ᠎ᠬᠢᠬᠦ ᠴᠢᠬᠤᠯᠠ ᠶᠡᠬᠡ ᠱᠢᠢᠳᠪᠦᠷᠢᠲᠦ ᠪᠤᠳᠤᠯᠭ᠎ᠠ᠎ᠶ᠋ᠢ ᠲᠣᠭ᠍ᠲᠠᠭᠠᠵᠤ᠂ ᠨᠠᠮ᠎ᠤᠨ ᠲᠡᠦᠬᠡᠨ ᠳᠡᠭᠡᠷᠡᠬᠢ ᠠᠯᠤᠰ ᠬᠡᠳᠤ᠎ᠶ᠋ᠢᠨ ᠠᠴᠢ ᠬᠣᠯᠪᠣᠭ᠍ᠳᠠᠯ ᠪᠦᠬᠦᠢ ᠠᠭᠤᠤ ᠶᠡᠬᠡ ᠡᠷᠭᠢᠯᠲᠡ᠎ᠶ᠋ᠢ ᠪᠡᠶᠡᠯᠡᠭᠦᠯᠪᠡ᠃ ᠳ᠋ᠧᠩ ᠱᠢᠶᠤᠤ ᠫᠢᠩ᠎ᠨᠥᠬᠥᠷ᠎ᠢᠶᠡᠷ ᠭᠣᠣᠯ ᠲᠥᠯᠥᠭᠡᠯᠡᠭ᠌ᠴᠢ᠎ᠪᠡᠨ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ ᠶᠠᠭᠤ᠎ᠶ᠋ᠢ ᠨᠡᠢᠭᠡᠮ ᠵᠢᠷᠤᠮ ᠭᠡᠬᠦ᠌᠂ ᠨᠡᠢᠭᠡᠮ ᠵᠢᠷᠤᠮ᠎ᠢ ᠬᠡᠷᠬᠢᠨ ᠪᠦᠳᠦᠭᠡᠨ ᠪᠠᠢᠭᠤᠯᠬᠤ ᠡᠨᠡ ᠬᠦ᠌ ᠦᠨᠳᠦᠰᠦᠨ ᠠᠰᠠᠭᠤᠳᠠᠯ᠎ᠢᠶᠠᠷ ᠭᠣᠣᠯᠯᠠᠭᠤᠯᠤᠨ᠂ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠥᠪ ᠪᠤᠷᠤᠭᠤ ᠬᠣᠶᠠᠷ ᠲᠠᠯ᠎ᠠ᠎ᠶ᠋ᠢᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠵᠦ᠍᠂ ᠳᠡᠯᠡᠬᠡᠢ᠎ᠶ᠋ᠢᠨ ᠨᠡᠢᠭᠡᠮ ᠵᠢᠷᠤᠮ᠎ᠤᠨ ᠲᠡᠦᠬᠡᠨ ᠲᠤᠷᠱᠢᠯᠭ᠎ᠠ᠎ᠪᠠᠷ ᠯᠠᠪᠯᠠᠯᠲᠠ ᠪᠣᠯᠭᠠᠭ᠍ᠰᠠᠨ ᠰᠠᠭᠤᠷᠢᠨ ᠳᠡᠭᠡᠷ᠎ᠡ ᠳ᠋ᠧᠩ ᠱᠢᠶᠤᠤ ᠫᠢᠩ᠎ᠦᠨ ᠤᠨᠤᠯ᠎ᠢ ᠡᠭᠦᠳᠦᠨ ᠪᠠᠢᠭᠤᠯᠵᠤ᠂ ᠨᠠᠮ᠎ᠤᠨ ᠠᠷᠪᠠᠨ ᠲᠠᠪᠤᠳᠤᠭᠠᠷ ᠶᠡᠬᠡ ᠬᠤᠷᠠᠯ᠎ᠠᠴᠠ ᠳ᠋ᠧᠩ ᠱᠢᠶᠤᠤ ᠫᠢᠩ᠎ᠦᠨ ᠤᠨᠤᠯ᠎ᠢ ᠨᠠᠮ᠎ᠤᠨ ᠵᠢᠯᠣᠭᠣᠳᠭᠤ ᠦᠵᠡᠯ ᠰᠠᠨᠠᠭ᠎ᠠ ᠪᠣᠯᠭᠠᠨ ᠲᠣᠭ᠍ᠲᠠᠭᠠᠭ᠍ᠰᠠᠨ ᠪᠥᠭᠡᠳ ᠨᠠᠮ᠎ᠤᠨ ᠲᠦᠷᠢᠮ᠎ᠳᠦ ᠪᠢᠴᠢᠵᠦ᠍ ᠣᠷᠣᠭᠤᠯᠪᠠ᠃

《ᠬᠣᠶᠠᠷ᠎ᠢ ᠲᠣᠭ᠍ᠲᠠᠭᠠᠬᠤ 》 ᠎ᠶ᠋ᠢᠨ ᠭᠦᠨ ᠵᠤᠵᠠᠭᠠᠨ ᠠᠸ᠋ᠭ᠎ᠠ ᠬᠦᠴᠦᠨ᠎ᠢ ᠦᠨᠡᠨ ᠎ᠬᠦ ᠣᠢᠯᠠᠭᠠᠬᠤ ᠭᠡᠷᠡᠭᠳᠡᠢ

ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠦᠨᠳᠦᠰᠦᠯᠡᠵᠦ᠍᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠪᠠ᠃ ᠪᠢᠳᠡ ᠲᠡᠦᠬᠡᠨ ᠲᠤᠷᠱᠢᠯᠭ᠎ᠠ᠂ ᠤᠨᠤᠯ᠎ᠤᠨ ᠬᠥᠭ᠌ᠵᠢᠯᠲᠡ ᠂ ᠦᠢᠯᠡᠳᠦᠯᠭᠡ᠎ᠶ᠋ᠢᠨ ᠠᠮᠵᠢᠯᠲᠠ ᠵᠡᠷᠭᠡ ᠭᠤᠷᠪᠠᠨ ᠲᠠᠯ᠎ᠠ᠎ᠠᠴᠠ 《 ᠬᠣᠶᠠᠷ᠎ᠢ ᠲᠣᠭ᠍ᠲᠠᠭᠠᠬᠤ 》 ᠵᠢᠨ ᠭᠦᠨ ᠵᠤᠵᠠᠭᠠᠨ ᠠᠤᠭ᠎ᠠ ᠬᠦᠴᠦᠨ᠎ᠢ ᠭᠦᠨᠵᠡᠭᠡᠢ ᠣᠢᠯᠠᠭᠠᠵᠤ᠂ 《ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ》 ᠡᠷᠡᠰ ᠪᠠᠲᠤ ᠪᠠᠷᠢᠮᠲᠠᠯᠠᠯ ᠪᠣᠯᠤᠨ ᠤᠷᠤᠭ᠍ᠰᠢᠯᠠᠬᠤ ᠠᠵᠢᠯᠯᠠᠭᠠᠨ᠎ᠤ ᠬᠦᠴᠦᠨ᠎ᠢ ᠴᠢᠷᠮᠠᠢᠨ ᠴᠢᠩᠭᠠᠳᠭᠠᠬᠤ ᠬᠡᠷᠡᠭ᠌ᠲᠡᠢ᠃

ᠲᠡᠦᠬᠡᠨ ᠲᠤᠷᠱᠢᠯᠭ᠎ᠠ᠎ᠠᠴᠠ ᠦᠵᠡᠪᠡᠯ ᠂ 《 ᠬᠣᠶᠠᠷ᠎ᠢ ᠲᠣᠭ᠍ᠲᠠᠭᠠᠬᠤ 》 ᠪᠣᠯ ᠮᠠᠨ᠎ᠤ ᠤᠯᠤᠰ᠎ᠤᠨ ᠬᠤᠪᠢᠰᠭᠠᠯ ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠴᠢᠬᠤᠯᠠ ᠲᠡᠦᠬᠡᠨ ᠲᠤᠷᠱᠢᠯᠭ᠎ᠠ᠎ᠶ᠋ᠢᠨ ᠳᠡᠭᠡᠭ᠌ᠰᠢᠯᠡᠯᠲᠡ ᠮᠥᠨ᠃ 1921 ᠣᠨ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ᠎ᠠᠴᠠ ᠠᠪᠤᠭᠠᠳ 1935 ᠣᠨ᠎ᠳᠤ ᠽᠦᠨ ᠢ ᠵᠢᠨ ᠬᠤᠷᠠᠯᠳᠤᠭᠠᠨ᠎ᠢ ᠬᠤᠷᠠᠯᠳᠤᠭᠤᠯᠬᠤ᠎ᠠᠴᠠ ᠡᠮᠦᠨ᠎ᠡ ᠪᠣᠯᠲᠠᠯᠠᠬᠢ 14 ᠵᠢᠯ᠎ᠦᠨ ᠬᠤᠭᠤᠴᠠᠭᠠᠨ᠎ᠳᠤ ᠂ ᠨᠠᠮ᠎ᠤᠨ ᠳᠣᠲᠣᠭᠠᠳᠤ᠎ᠳᠤ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠬᠦᠴᠦᠨ ᠶᠡᠷᠦ᠍ ᠨᠢ ᠪᠦᠷᠢᠯᠳᠦᠭᠡᠳᠦᠢ ᠪᠠᠢᠵᠤ᠂ ᠱᠢᠨᠵᠢᠯᠡᠬᠦ᠌ ᠤᠬᠠᠭᠠᠨᠴᠢ ᠤᠨᠤᠯ᠎ᠤᠨ ᠬᠦᠴᠦᠲᠡᠢ ᠵᠢᠯᠤᠭᠤᠳᠤᠯᠭ᠎ᠠ ᠤᠷᠳᠤ ᠬᠤᠭᠤᠴᠠᠭ᠎ᠠ᠎ᠪᠠᠷ ᠳᠤᠲᠠᠭ᠍ᠳᠠᠵᠤ ᠂ ᠨᠠᠮ᠎ᠤᠨ ᠤᠳᠤᠷᠢᠳᠤᠭ᠍ᠰᠠᠨ ᠬᠤᠪᠢᠰᠭᠠᠯ᠎ᠤᠨ ᠦᠢᠯᠡᠰ ᠬᠦᠨᠳᠦ ᠨᠣᠴᠢᠲᠠᠢ ᠨᠤᠭᠤᠷᠠᠯ ᠪᠦᠳᠦᠷᠢᠯ᠎ᠳᠦ ᠤᠴᠠᠷᠠᠵᠠᠢ᠃ 2012 ᠣᠨ᠎ᠳᠤ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠠᠩᠬᠠᠳᠤᠭᠠᠷ ᠪᠦᠭᠦᠳᠡ ᠬᠤᠷᠠᠯ᠎ᠠᠴᠠ ᠰᠢ ᠵᠢᠨ ᠫᠢᠩ᠎ᠢ ᠲᠥᠪ ᠬᠣᠷᠢᠶᠠᠨ᠎ᠤ ᠶᠡᠷᠦᠩᠬᠡᠶ ᠱᠦᠵᠢ᠎ᠪᠡᠷ ᠰᠣᠩᠭᠣᠪᠠ᠂ 4 ᠵᠢᠯ᠎ᠦᠨ ᠳᠠᠷᠠᠭ᠎ᠠ ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠭᠦᠳᠡ ᠬᠤᠷᠠᠯ᠎ᠠᠴᠠ 《 ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ 》 ᠎ᠶ᠋ᠢ ᠲᠣᠳᠣᠷᠬᠠᠶ ᠳᠤᠷᠠᠳᠴᠤ᠌ ᠂ ᠰᠢ ᠵᠢᠨ ᠫᠢᠩ ᠨᠥᠬᠥᠷ᠎ᠦᠨ ᠭᠣᠣᠯᠯᠠᠬᠤ ᠪᠠᠢᠷᠢ ᠰᠠᠭᠤᠷᠢ᠎ᠶ᠋ᠢ ᠲᠣᠭ᠍ᠲᠠᠭᠠᠵᠠᠶ; 2017 ᠣᠨ᠎ᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠠᠴᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠲᠣᠳᠣᠷᠬᠠᠢ ᠳᠤᠷᠠᠳᠤᠭ᠍ᠰᠠᠨ ᠪᠥᠭᠡᠳ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ ᠡᠨᠡ᠎ᠬᠦ᠌ ᠦᠵᠡᠯ ᠰᠠᠨᠠᠭ᠎ᠠ᠎ᠶ᠋ᠢ ᠨᠠᠮ᠎ᠤᠨ ᠵᠢᠯᠣᠭᠣᠳᠭᠤ ᠦᠵᠡᠯ ᠰᠠᠨᠠᠭ᠎ᠠ ᠪᠣᠯᠭᠠᠨ ᠨᠠᠮ᠎ᠤᠨ ᠲᠦᠷᠢᠮ᠎ᠳᠦ ᠪᠢᠴᠢᠨ ᠣᠷᠣᠭᠤᠯᠪᠠ; 2021 ᠣᠨ᠎ᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ 《ᠬᠣᠶᠠᠷ᠎ᠢ ᠲᠣᠭ᠍ᠲᠠᠭᠠᠬᠤ 》 ᠎ᠶ᠋ᠢ ᠴᠢᠬᠤᠯᠠᠴᠢᠯᠠᠪᠠ᠃ ᠰᠢ ᠵᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ ᠪᠣᠯᠬᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠭᠦᠢᠴᠡᠳ ᠲᠤᠰᠭᠠᠭ᠍ᠰᠠᠨ᠎ᠢᠶᠠᠷ ᠪᠠᠷᠠᠬᠤ ᠦᠭᠡᠢ ᠂ ᠵᠠᠭᠤᠨ ᠵᠢᠯ᠎ᠦᠨ ᠲᠤᠮᠤ ᠨᠠᠮ᠎ᠤᠨ ᠪᠣᠯᠪᠠᠰᠤᠷᠠᠩᠭᠤᠢ ᠡᠷᠡᠰ ᠲᠠᠰᠤᠷᠬᠠᠢ ᠪᠦᠭᠡᠳ ᠲᠦᠷᠦ᠍ ᠪᠠᠷᠢᠬᠤ ᠢᠲᠡᠭᠡᠯ᠎ᠢ ᠨᠡᠩ  ᠬᠦᠴᠦᠳᠡᠢ ᠢᠯᠡᠷᠡᠬᠦᠯᠵᠡᠢ᠃

ᠤᠨᠤᠯ᠎ᠤᠨ ᠬᠥᠭ᠌ᠵᠢᠯᠲᠡ᠎ᠡᠴᠡ ᠦᠵᠡᠪᠡᠯ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠱᠢᠨ᠎ᠡ ᠦᠰᠦᠷᠦᠯᠲᠡ᠎ᠶ᠋ᠢ ᠪᠡᠶᠡᠯᠡᠭᠦᠯᠪᠡ᠃ ᠮᠠᠷᠺᠰ᠎ᠤᠨ ᠦᠵᠡᠯ ᠪᠣᠯ ᠮᠠᠨ᠎ᠤ ᠨᠠᠮ ᠪᠠᠢᠭᠤᠯᠬᠤ ᠤᠯᠤᠰ ᠪᠠᠢᠭᠤᠯᠬᠤ᠎ᠶ᠋ᠢᠨ ᠦᠨᠳᠦᠰᠦᠨ ᠵᠢᠯᠣᠭᠣᠳᠭᠤ ᠦᠵᠡᠯ ᠰᠠᠨᠠᠭ᠎ᠠ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠦᠭ ᠰᠦᠨᠡᠰᠦ ᠪᠠ ᠲᠤᠭ ᠲᠡᠮᠳᠡᠭ ᠮᠥᠨ᠃ ᠮᠠᠷᠺᠰ᠎ᠤᠨ ᠦᠵᠡᠯ᠎ᠦᠨ ᠤᠨᠤᠯ ᠪᠣᠯ ᠨᠣᠮᠯᠠᠯ ᠪᠢᠰᠢ᠂ ᠬᠠᠷᠢᠨ ᠠᠵᠢᠯᠯᠠᠭᠠᠨ᠎ᠤ ᠵᠦᠭ᠌ᠯᠡᠭᠦᠷ ᠮᠥᠨ᠂ ᠡᠨᠡ ᠪᠣᠯ ᠮᠠᠷᠺᠰ᠎ᠤᠨ ᠦᠵᠡᠯ᠎ᠦᠨ ᠠᠮᠢᠵᠢᠷᠠᠯ᠎ᠦᠨ ᠬᠦᠴᠦᠨ ᠮᠥᠨ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠬᠣᠯᠪᠣᠭ᠍ᠳᠠᠬᠤ ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠭᠦᠨᠵᠡᠭᠡᠢ ᠪᠣᠳᠣᠯᠬᠢᠯᠠᠯ ᠪᠠ ᠱᠢᠨᠵᠢᠯᠡᠬᠦ᠌ ᠤᠬᠠᠭᠠᠨᠴᠢ ᠮᠠᠭᠠᠳᠯᠠᠯᠲᠠ ᠬᠢᠵᠡᠢ᠃ ᠱᠢᠨ᠎ᠡ ᠴᠠᠭ ᠦᠶ᠎ᠡ᠎ᠳᠤ ᠶᠠᠮᠠᠷ ᠶᠠᠩᠵᠤ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠪᠤᠢ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭ᠌ᠵᠢᠭᠦᠯᠬᠦ᠌ ᠪᠤᠢ᠂ ᠶᠠᠮᠠᠷ ᠶᠠᠩᠵᠤ᠎ᠶ᠋ᠢᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠪᠤᠢ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠬᠡᠷᠬᠢᠨ ᠪᠦᠲᠦᠭᠡᠨ ᠪᠠᠢᠭᠤᠯᠬᠤ ᠪᠤᠢ᠂ ᠶᠠᠮᠠᠷ ᠶᠠᠩᠵᠤ᠎ᠶ᠋ᠢᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ ᠪᠤᠢ᠂ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠬᠡᠷᠬᠢᠨ ᠪᠠᠢᠭᠤᠯᠬᠤ ᠵᠡᠷᠭᠡ ᠴᠢᠬᠤᠯᠠ ᠶᠡᠬᠡ ᠴᠠᠭ ᠦᠶ᠎ᠡ᠎ᠶ᠋ᠢᠨ ᠰᠡᠳᠦᠪ᠎ᠦᠨ ᠲᠤᠭᠤᠷᠢᠨ᠎ᠳᠦ᠂ ᠠᠯᠢ ᠣᠯᠠᠨ ᠪᠦᠲᠦᠭᠡᠯᠴᠢ ᠴᠢᠨᠠᠷᠲᠠᠶ ᠲᠥᠷᠥ᠎ᠶ᠋ᠢ ᠵᠠᠰᠠᠬᠤ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠣᠳᠣᠯᠭ᠎ᠠ᠎ᠶ᠋ᠢ ᠳᠤᠷᠠᠳᠤᠨ ᠭᠠᠷᠭᠠᠵᠦ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣᠨ᠎ᠤ ᠲᠤᠬᠠᠶ ᠨᠠᠮ᠎ᠤᠨ ᠲᠠᠨᠢᠯᠲᠠ᠎ᠶ᠋ᠢᠨ ᠭᠦᠨᠵᠡᠭᠡᠢᠷᠡᠯᠲᠡ ᠪᠠ ᠣᠨᠣᠯ᠎ᠤᠨ ᠱᠢᠨ᠎ᠡ ᠡᠭᠦᠳᠦᠯᠲᠡ᠎ᠶ᠋ᠢ ᠭᠦᠢᠴᠡᠳ ᠬᠠᠷᠠᠭᠤᠯᠵᠠᠶ᠃

ᠦᠢᠯᠡᠳᠦᠯᠭᠡ᠎ᠶ᠋ᠢᠨ ᠠᠮᠵᠢᠯᠲᠠ ᠪᠦᠲᠦᠮᠵᠢ᠎ᠡᠴᠡ ᠦᠵᠡᠪᠡᠯ᠂ 《ᠬᠣᠶᠠᠷ᠎ᠢ ᠲᠣᠭ᠍ᠲᠠᠭᠠᠬᠤ 》 ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢ ᠠᠬᠢᠭᠤᠯᠬᠤ᠎ᠳᠤ ᠦᠨᠳᠦᠰᠦᠨ ᠪᠠᠲᠤᠯᠠᠭ᠎ᠠ ᠬᠠᠩᠭᠠᠪᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠬᠠᠮᠤᠭ᠎ᠤᠨ ᠴᠢᠬᠤᠯᠠ ᠦᠷ᠎ᠡ ᠪᠦᠲᠦᠭᠡᠯ ᠪᠣᠯ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ( ᠳᠣᠷᠣᠭ᠍ᠰᠢ 《 ᠱᠢᠶ᠋ᠳᠪᠦᠷᠢ 》 ᠭᠡᠵᠦ᠍ ᠲᠣᠪᠴᠢᠯᠠᠨ᠎ᠠ ) ᠎ᠶ᠋ᠢ ᠬᠢᠨᠠᠨ ᠵᠥᠪᠯᠡᠵᠦ᠍ ᠪᠠᠲᠤᠯᠠᠭ᠍ᠰᠠᠨ ᠶᠠᠪᠤᠳᠠᠯ ᠪᠣᠯᠤᠨ᠎ᠠ᠃ 《ᠱᠢᠶ᠋ᠳᠪᠦᠷᠢ》 ᠨᠢ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠳ᠋ᠦᠩᠨᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠬᠦ᠌᠎ᠶ᠋ᠢᠨ ᠬᠠᠮᠲᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ ᠭᠡᠬᠦ᠌ ᠭᠤᠤᠯᠳᠠᠯᠭ᠎ᠠ᠎ᠶ᠋ᠢ ᠨᠠᠩ ᠳᠣᠪᠣᠢᠯᠭᠠᠵᠤ ᠂ 13 ᠲᠠᠯ᠎ᠠ᠎ᠠᠴᠠ ᠱᠢᠨ᠎ᠡ ᠴᠠᠭ ᠦᠶ᠎ᠡ᠎ᠶ᠋ᠢᠨ ᠨᠠᠮ ᠪᠠ ᠤᠯᠤᠰ᠎ᠤᠨ ᠠᠵᠢᠯ ᠦᠶ᠋ᠯᠡᠰ᠎ᠦᠨ ᠣᠯᠤᠭ᠍ᠰᠠᠨ ᠠᠮᠵᠢᠯᠲᠠ ᠪᠦᠲᠦᠮᠵᠢ᠎ᠶ᠋ᠢ ᠱᠢᠰᠲ᠋ᠧᠮ᠎ᠲᠡᠶ ᠳ᠋ᠦᠩᠨᠡᠪᠡ᠃

《 ᠬᠣᠶᠠᠷ᠎ᠢ ᠲᠣᠭ᠍ᠲᠠᠭᠠᠬᠤ 》 ᠵᠢᠨ ᠦᠶ᠋ᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠬᠤ ᠬᠡᠷᠡᠭ᠌ᠲᠡᠶ

《 ᠬᠣᠶᠠᠷ᠎ᠢ ᠲᠣᠭ᠍ᠲᠠᠭᠠᠬᠤ 》 ᠨᠢ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠬᠤᠪᠢᠰᠤᠯᠲᠠ᠎ᠶ᠋ᠢᠨ ᠯᠣᠭᠢᠭ᠎ᠢ ᠵᠠᠯᠭᠠᠮᠵᠢᠯᠠᠵᠤ᠂ ᠲᠡᠦᠬᠡ᠂ ᠤᠳᠤ᠂ ᠢᠷᠡᠭᠡᠳᠦᠢ᠎ᠳᠦ ᠨᠡᠪᠳᠡᠷᠡᠵᠤ ᠂ ᠴᠠᠭ ᠦᠶ᠎ᠡ᠎ᠶ᠋ᠢᠨ ᠤᠷᠢᠶᠠᠯᠠᠭ᠎ᠠ ᠪᠠ ᠠᠷᠠᠳ ᠲᠦᠮᠡᠨ᠎ᠦ ᠰᠣᠩᠭᠣᠯᠲᠠ ᠪᠠᠢᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠢ ᠡᠵᠡᠮᠳᠡᠵᠦ᠍ ᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ ᠪᠠ ᠡᠭᠦᠷᠭᠡ ᠬᠠᠷᠢᠭᠤᠴᠠᠯᠭ᠎ᠠ᠎ᠶ᠋ᠢ ᠢᠮᠠᠭ᠍ᠲᠠ ᠡᠵᠡᠮᠱᠢᠬᠦ᠌᠎ᠶ᠋ᠢ ᠭᠦᠢᠴᠡᠳ ᠢᠯᠡᠷᠡᠭᠦᠯᠪᠡ᠃ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠶᠠᠨ᠎ᠳᠤ ᠂ ᠡᠷᠬᠡᠪᠰᠢ ᠡᠷᠡᠰ ᠪᠠᠲᠤ ᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶ᠋ᠢᠨ ᠤᠬᠠᠮᠰᠠᠷ᠎ᠢᠶᠠᠷ 《ᠬᠣᠶᠠᠷ᠎ᠢ ᠲᠣᠭ᠍ᠲᠠᠭᠠᠬᠤ》ᠵᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃

ᠱᠢᠰᠲ᠋ᠧᠮ᠎ᠲᠡᠶ ᠰᠤᠷᠤᠯᠴᠠᠬᠤ ᠳᠤᠮᠳᠠ 《ᠬᠣᠶᠠᠷ᠎ᠢ ᠲᠣᠭ᠍ᠲᠠᠭᠠᠬᠤ》 ᠵᠢᠨ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠬᠤ ᠬᠡᠷᠡᠭ᠌ᠲᠡᠶ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ ᠂ 《ᠱᠢᠶ᠋ᠳᠪᠦᠷᠢ 》 ᠎ᠳ᠋ᠠᠬᠢ 《 ᠬᠣᠶᠠᠷ᠎ᠢ ᠲᠣᠭ᠍ᠲᠠᠭᠠᠬᠤ 》 ᠲᠤᠬᠠᠶ ᠴᠢᠬᠤᠯᠠ ᠨᠤᠲᠠᠯᠠᠯᠲᠠ᠎ᠶ᠋ᠢ ᠭᠦᠨᠵᠡᠭᠡᠶ ᠡᠵᠡᠮᠱᠢᠬᠦ᠌ ᠬᠡᠷᠡᠭ᠌ᠲᠡᠶ᠃ 《ᠬᠣᠶᠠᠷ᠎ᠢ ᠲᠣᠭ᠍ᠲᠠᠭᠠᠬᠤ 》 ᠨᠢ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠳᠤ ᠦᠵᠡᠭᠦᠯᠬᠦ᠌ ᠣᠨᠴᠠᠭᠠᠢ ᠠᠴᠢ ᠬᠣᠯᠪᠣᠭ᠍ᠳᠠᠯ᠎ᠢ ᠲᠡᠦᠬᠡ ᠵᠢᠨ ᠭᠦᠨ ᠳᠠᠪᠬᠤᠷᠭ᠎ᠠ᠎ᠠᠴᠠ ᠭᠦᠨᠵᠡᠭᠡᠢ ᠣᠢᠯᠠᠭᠠᠵᠤ ᠂ 《ᠬᠣᠶᠠᠷ᠎ᠢ ᠲᠣᠭ᠍ᠲᠠᠭᠠᠬᠤ 》 ᠨᠢ ᠨᠠᠮ ᠪᠣᠯᠤᠨ ᠤᠯᠤᠰ᠎ᠤᠨ ᠢᠷᠡᠭᠡᠳᠦᠢ ᠵᠢᠨ ᠬᠤᠪᠢ ᠵᠠᠶᠠᠭ᠎ᠠ᠂ ᠨᠠᠮ ᠪᠣᠯᠤᠨ ᠠᠷᠠᠳ ᠲᠦᠮᠡᠨ᠎ᠦ ᠦᠢᠯᠡᠰ᠎ᠦᠨ ᠢᠯᠠᠵᠤ ᠢᠯᠠᠭ᠍ᠳᠠᠬᠤ᠎ᠳᠤ ᠦᠵᠡᠭᠦᠯᠬᠦ᠌ ᠴᠢᠬᠤᠯᠠ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ ᠲᠡᠦᠬᠡ᠎ᠶ᠋ᠢᠨ ᠵᠢᠮ᠎ᠡ ᠶᠣᠰᠣ᠎ᠶ᠋ᠢ ᠡᠵᠡᠮᠳᠡᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌ ᠬᠡᠷᠡᠭ᠌ᠲᠡᠢ᠃ 

ᠠᠵᠢᠯ᠎ᠤᠨ ᠦᠢᠯᠡᠳᠦᠯᠭᠡ ᠳᠤᠮᠳᠠ᠎ᠪᠠᠨ 《ᠬᠣᠶᠠᠷ᠎ᠢ ᠲᠣᠭ᠍ᠲᠠᠭᠠᠬᠤ 》ᠵᠢᠨ ᠠᠵᠢᠯᠯᠠᠭᠠᠨ᠎ᠦ ᠤᠬᠠᠮᠰᠠᠷ᠎ᠢᠶᠠᠨ ᠬᠦᠴᠦᠯᠡᠨ ᠴᠢᠩᠭᠠᠳᠭᠠᠬᠤ ᠬᠡᠷᠡᠭ᠌ᠲᠡᠢ᠃ ᠦᠭᠡᠭᠦᠦ ᠠᠩᠬᠢ᠎ᠶ᠋ᠢᠨ ᠲᠦᠷᠦ᠍᠎ᠶ᠋ᠢᠨ ᠨᠠᠮ᠎ᠤᠨ ᠤᠳᠤᠷᠢᠳᠭᠤ ᠭᠣᠣᠯᠯᠠᠭ᠍ᠴᠢ᠎ᠶ᠋ᠢ ᠲᠣᠭ᠍ᠲᠠᠭᠠᠨ ᠬᠠᠮᠠᠭᠠᠯᠠᠬᠤ ᠪᠣᠯ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠤᠨ ᠳᠣᠲᠣᠭᠠᠳᠤ ᠱᠠᠭᠠᠷᠳᠠᠯᠭ᠎ᠠ ᠮᠥᠨ᠃ 《ᠳᠥᠷᠪᠡᠨ ᠤᠬᠠᠮᠰᠠᠷ》 ᠎ᠵᠢᠡᠨ ᠴᠢᠩᠭᠠᠳᠭᠠᠵᠤ᠂ 《ᠳᠥᠷᠪᠡᠨ ᠢᠲᠡᠭᠡᠯ》᠎ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠪᠡᠶᠡᠯᠡᠭᠦᠯᠵᠦ᠍᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠵᠤ᠂ ᠪᠥᠬᠥ᠌ ᠨᠠᠮ᠎ᠤᠨ ᠠᠯᠬᠤᠭ᠎ᠠ ᠨᠢᠭᠡᠲᠡᠶ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠶ᠃ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠨᠠᠮ᠎ᠤᠨ ᠤᠯᠤᠰ ᠲᠦᠷᠦ᠍᠎ᠶ᠋ᠢᠨ ᠰᠠᠬᠢᠯᠭ᠎ᠠ ᠪᠠᠲᠤ ᠪᠣᠯᠤᠨ ᠤᠯᠤᠰ ᠲᠦᠷᠦ᠍᠎ᠶ᠋ᠢᠨ ᠶᠣᠰᠣ ᠲᠦᠷᠢᠮ᠎ᠢ ᠴᠢᠩᠳᠠᠯᠠᠵᠤ ᠂ 《ᠲᠤᠯᠤᠭᠠᠨ ᠪᠠᠢᠬᠤ 》 ᠵᠢ ᠡᠷᠡᠰ ᠰᠡᠷᠭᠡᠢᠯᠡᠵᠦ᠍᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ᠎ᠶ᠋ᠢ ᠠᠬᠢᠭᠤᠯᠬᠤ ᠬᠡᠷᠡᠭ᠌ᠲᠡᠢ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠭᠠᠵᠠᠷ ᠣᠷᠣᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠷᠡᠰ ᠱᠢᠭᠤᠷᠬᠠᠢ ᠠᠵᠢᠯᠯᠠᠭ᠎ᠠ ᠪᠣᠯᠤᠨ ᠯᠠᠪᠳᠠᠭᠤᠨ ᠪᠠᠲᠤᠲᠠᠢ ᠦᠷ᠎ᠡ ᠪᠦᠲᠦᠮᠵᠢ᠎ᠪᠡᠷ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠬᠠᠮᠠᠭᠠᠯᠠᠵᠤ᠂ ᠪᠦᠬᠦ᠌ ᠨᠠᠮ᠎ᠤᠨ ᠵᠠᠷᠯᠢᠭ ᠴᠠᠭᠠᠵᠠ᠎ᠶ᠋ᠢ ᠲᠠᠭᠠᠬᠤ᠎ᠶ᠋ᠢ ᠪᠠᠲᠤᠯᠠᠬᠤ ᠬᠡᠷᠡᠭ᠌ᠲᠡᠢ᠃

ᠱᠢᠨ᠎ᠡ ᠠᠶᠠᠨ ᠵᠠᠮ᠎ᠳᠤ 《ᠬᠣᠶᠠᠷ᠎ᠢ ᠲᠣᠭ᠍ᠲᠠᠭᠠᠬᠤ》 ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠬᠦ᠌ ᠬᠡᠷᠡᠭ᠌ᠲᠡᠶ᠃ ᠳᠤᠮᠳᠠᠳᠤ ᠤᠯᠤᠰ᠎ᠤᠨ ᠡᠪ ᠬᠠᠮᠲᠤ ᠨᠠᠮ ᠨᠢᠭᠡᠨᠲᠡ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢᠶᠠᠷ ᠵᠠᠮᠨᠠᠵᠦ ᠪᠠᠢᠨ᠎ᠠ᠂ ᠪᠢᠳᠡ ᠵᠠᠪᠠᠯ 《ᠬᠣᠶᠠᠷ᠎ᠢ ᠲᠣᠭ᠍ᠲᠠᠭᠠᠬᠤ》 ᠪᠠᠢᠯᠳᠤᠬᠤ ᠪᠤᠳᠤᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠬᠠᠮᠠᠭᠠᠯᠠᠬᠤ᠎ᠶ᠋ᠢ ᠪᠠᠲᠤ ᠡᠵᠡᠮᠳᠡᠵᠦ᠍ ᠂ ᠱᠢᠨ᠎ᠡ ᠠᠭᠤᠤ ᠶᠡᠬᠡ ᠠᠶᠠᠨ᠎ᠳᠠᠭᠠᠨ ᠭᠡᠷᠡᠯ ᠰᠠᠴᠤᠷᠠᠩᠭᠤᠢ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠭᠡᠭ᠌ᠴᠢ ᠶᠠᠭᠤ ᠪᠣᠯᠬᠤ ᠂ ᠶᠠᠭᠤ ᠬᠢᠬᠦ᠌ ᠪᠤᠢ ᠭᠡᠬᠦ᠌ ᠡᠨᠡ ᠬᠦ᠌ ᠦᠨᠳᠦᠰᠦᠨ ᠠᠰᠠᠭᠤᠳᠠᠯ᠎ᠢ ᠪᠠᠲᠤ ᠴᠡᠭᠡᠵᠢᠯᠡᠵᠦ᠍᠂ ᠱᠢᠨᠲᠠᠷᠠᠰᠢ ᠦᠭᠡᠢ ᠪᠠᠷᠢᠮᠲᠠᠯᠠᠯ ᠪᠠ ᠰᠡᠷᠭᠡᠭ ᠪᠠᠢᠳᠠᠯ᠎ᠢᠶᠠᠷ ᠲᠣᠭ᠍ᠲᠠᠭ᠍ᠰᠠᠨ ᠬᠠᠷᠠᠯᠲᠠ᠎ᠪᠠᠨ ᠴᠢᠷᠮᠠᠢᠨ ᠪᠡᠶᠡᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ ᠂ ᠤᠯᠤᠰ ᠲᠦᠷᠦ᠍᠎ᠶ᠋ᠢᠨ ᠬᠡᠷᠡᠭ᠌ᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠬᠡᠬᠦᠳᠡᠭ ᠴᠡᠭᠡᠵᠢᠨ᠎ᠳᠡᠭᠡᠨ 《ᠤᠯᠤᠰ᠎ᠤᠨ ᠶᠡᠬᠡ ᠲᠠᠯ᠎ᠠ》 ᠎ᠵᠢ ᠪᠠᠭ᠍ᠲᠠᠭᠠᠵᠤ᠂ ᠨᠠᠮ᠎ᠳᠠᠭᠠᠨ ᠦᠨᠡᠨᠴᠢ ᠱᠢᠳᠤᠷᠭᠤ ᠪᠠᠢᠵᠤ᠂ ᠨᠠᠮ᠎ᠤᠨ ᠵᠢᠯᠤᠭᠤᠳᠤᠯᠭ᠎ᠠ᠎ᠶ᠋ᠢ ᠳᠠᠭᠠᠵᠤ᠂ ᠨᠠᠮ᠎ᠤᠨ ᠲᠥᠯᠥᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ᠃ ᠥᠴᠥᠭᠡᠳᠦᠷ᠎ᠦᠨ ᠭᠠᠰᠠᠯᠠᠩ ᠵᠣᠪᠠᠯᠠᠩ᠂ ᠭᠡᠷᠡᠯ ᠰᠠᠴᠤᠷᠠᠩᠭᠤᠢ ᠲᠡᠣᠭᠡ ᠪᠠᠨ ᠮᠠᠷᠳᠠᠬᠣ ᠦᠬᠡᠢ᠂ ᠥᠨᠥᠳᠦᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠣᠰᠣᠯᠳᠠᠬᠤ ᠦᠭᠡᠢ᠂ ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍᠎ᠪᠡᠨ ᠬᠥᠰᠡᠷᠳᠡᠭᠦᠯᠬᠦ᠌ ᠦᠭᠡᠢ᠎ᠪᠡᠷ ᠱᠢᠷᠭᠠᠭᠤ ᠬᠠᠲᠠᠭᠤᠵᠢᠯᠲᠠᠢ ᠠᠵᠢᠯᠯᠠᠵᠤ ᠂ ᠡᠷᠡᠯᠬᠡᠭ᠌ᠯᠡᠨ ᠤᠷᠤᠭ᠍ᠰᠢᠯᠠᠵᠤ ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠲᠡᠮᠡᠴᠡᠨ ᠤᠯᠬᠤ ᠬᠡᠷᠡᠭ᠌ᠲᠡᠢ᠃

(ᠵᠣᠬᠢᠶᠠᠭ᠍ᠴᠢ ᠵᠢᠨ ᠬᠠᠶᠢᠭ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠤᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠵᠢᠭᠠᠬᠤ᠎ᠶ᠋ᠢ ᠰᠤᠳᠤᠯᠬᠤ ᠬᠡᠯᠲᠡᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠤᠨᠤᠯ᠎ᠤᠨ ᠱᠢᠰᠲᠸᠮ᠎ᠤᠨ ᠰᠤᠳᠤᠯᠭᠠᠨ᠎ᠤ ᠲᠥᠪ )

ᠣᠷᠴᠢᠭᠤᠯᠤᠭ᠍ᠴᠢ᠄
ᠨᠠᠢᠷᠠᠭᠤᠯᠤᠭ᠍ᠴᠢ᠄ ᠪᠤᠶᠠᠨ᠌ᠦ᠌ᠨᠳᠦᠰᠦ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠰᠢᠨ᠎ᠡ ᠰᠡᠳᠬᠢᠭᠳᠡᠯ ᠪᠢᠴᠢᠬᠦ᠄
ᠬᠠᠮᠤᠭ᠎ᠤᠨ ᠰᠢᠨ᠎ᠡ ᠸᠢᠳᠢᠤ᠋
ᠬᠠᠮᠤᠭ᠎ᠤᠨ ᠰᠢᠨ᠎ᠡ ᠵᠢᠷᠤᠭ

2008-2018 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635372

ᠢᠮᠧᠯ᠄tn@mgyxw.net   蒙ICP备10000005号